ᠦᠴᠤᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2020/4/13
     ᠨᠢᠭᠡ᠂ ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠤᠯᠤᠰ ᠤᠨ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠠᠷᠠᠳ ᠤᠨ ᠶᠠᠪᠤᠳᠠᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠣᠳᠤᠯᠤᠨ ᠳᠤᠷᠠᠳᠴᠤ᠂ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ ᠶᠠᠪᠤᠳᠠᠯ ᠤᠨ ᠠᠵᠢᠯ ᠤᠨ ᠥᠭᠡᠷᠡᠴᠢᠯᠡᠯᠲᠡ ᠬᠢᠭᠡᠳ ᠬᠥᠭᠵᠢᠯᠲᠡ ᠶᠢ ᠵᠢᠯᠣᠭᠤᠳᠤᠨ᠎ᠠ      ︵ᠬᠤᠶᠠᠷ︶ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ ᠪᠣᠯᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠳᠠᠩᠰᠠᠯᠠᠨ ᠬᠠᠮᠢᠶᠠᠷᠬᠤ ᠠᠵᠢᠯ ᠢ ᠡᠭᠦᠷᠭᠡᠯᠡᠨ᠎ᠡ᠃ ᠪᠦᠬᠦ ᠰᠢᠶᠠᠨ ᠤ ᠠᠷᠠᠳ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠬᠢᠨᠠᠨ ᠵᠥᠪᠰᠢᠶᠡᠷᠡᠬᠦ᠂ ᠳᠠᠩᠰᠠᠯᠠᠬᠤ᠂ ᠬᠦᠴᠦᠨ ᠦᠭᠡᠢ ᠪᠣᠯᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠡᠶᠢᠭᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃      ︵ᠭᠤᠷᠪᠠ︶ ᠪᠦᠬᠦ ᠰᠢᠶᠠᠨ ᠤ ᠨᠡᠶᠢᠭᠡᠮ ᠤᠨ ᠠᠪᠤᠷᠠᠨ ᠲᠤᠰᠠᠯᠠᠬᠤ ᠲᠥᠯᠥᠪᠵᠢᠭᠦᠯᠭᠡ ᠪᠣᠯᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠶᠢ ᠠᠰᠠᠷᠠᠨ ᠲᠡᠵᠢᠭᠡᠬᠦ᠂ ᠥᠨᠥᠴᠢᠨ ᠬᠡᠤᠬᠡᠳ ︵ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠤᠬᠡᠳ︶ ᠢ ᠠᠪᠤᠷᠠᠨ ᠲᠤᠰᠠᠯᠠᠬᠤ᠂ ᠲᠦᠷ ᠴᠠᠭ ᠠᠪᠤᠷᠠᠨ ᠲᠤᠰᠠᠯᠠᠬᠤ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃      ︵ᠳᠥᠷᠪᠡ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠠᠮᠢᠶᠠᠷᠤᠯᠲᠠ ᠪᠣᠯᠤᠨ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ᠂ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠵᠤ᠂ ᠪᠦᠬᠦ ᠰᠢᠶᠠᠨ ᠤ ᠵᠠᠰᠠᠭ ᠵᠠᠬᠢᠷᠭᠠᠨ ᠤ ᠣᠷᠣᠨ ᠤ ᠪᠠᠶᠢᠭᠤᠯᠬᠤ᠂ ᠨᠡᠷᠡᠶᠢᠳᠬᠦ᠂ ᠬᠤᠪᠢᠷᠠᠭᠤᠯᠬᠤ ᠪᠠ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠨᠡᠭᠦᠯᠲᠡ ᠶᠢ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠵᠤ᠂ ᠰᠢᠶᠠᠨ ᠤ ᠳᠣᠲᠣᠷᠠᠬᠢ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠵᠠᠷ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ᠂ ᠨᠡᠷ᠎ᠡ ᠶᠢ ᠬᠠᠰᠤᠵᠤ ᠬᠢᠨᠠᠨ ᠬᠠᠷᠭᠤᠭᠤᠯᠬᠤ ᠠᠵᠢᠯ ᠢ ᠬᠠᠷᠢᠭᠤᠴᠠᠵᠤ᠂ ᠪᠦᠬᠦ ᠰᠢᠶᠠᠨ ᠤ ᠭᠠᠵᠠᠷ ᠤᠨ ᠨᠡᠷᠡᠶᠢᠳᠦᠯ ᠤᠨ ᠲᠡᠮᠳᠡᠭ᠂ ᠵᠡᠭᠡᠯᠢ᠂ ᠵᠠᠮ᠂ ᠭᠤᠳᠤᠮᠵᠢ ᠵᠢᠴᠢ ᠡᠭᠦᠳᠡᠨ ᠫᠠᠶᠢᠰᠠ ᠶᠢᠨ ᠨᠣᠮᠧᠷ ᠪᠠᠶᠢᠷᠢᠯᠠᠭᠤᠯᠬᠤ ᠪᠠ ᠬᠠᠮᠢᠶᠠᠷᠬᠤ ᠶᠢ ᠵᠢᠯᠣᠭᠤᠳᠴᠤ᠂ ᠬᠤᠰᠢᠭᠤ ᠰᠢᠶᠠᠨ ᠲᠣᠭᠤᠷᠢᠭ ‍ᠤᠨ‌ᠮᠠᠷᠭᠤᠭᠠᠨ ᠲᠠᠢ ᠵᠠᠭᠠᠭ ᠢ ᠡᠶᠡᠳᠡᠭᠦᠯᠦᠨ ᠰᠢᠢᠳᠪᠦᠷᠢᠯᠡᠬᠦ ᠶᠢ ᠬᠠᠷᠢᠭᠤᠴᠠᠵᠤ᠂ ᠰᠢᠶᠠᠨ ᠤ ᠳᠣᠲᠣᠷᠠᠬᠢ  ᠪᠠᠷᠢᠮᠵᠢᠶᠠᠲᠤ ᠭᠠᠵᠠᠷ ᠤᠨ ᠨᠡᠷᠡᠶᠢᠳᠦᠯ ᠤᠨ ᠨᠣᠮ ᠪᠢᠴᠢᠭ ᠮᠠᠲ᠋ᠧᠷᠢᠶᠠᠯ ᠢ ᠬᠢᠨᠠᠨ ᠲᠣᠭᠲᠠᠭᠠᠬᠤ ᠶᠢ ᠬᠠᠷᠢᠭᠤᠴᠠᠨ᠎ᠠ᠃      ︵ᠲᠠᠪᠤ︶ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠲᠣᠰᠬᠤᠨ ᠤ ᠠᠷᠠᠳ ᠤᠨ ᠵᠥᠪᠯᠡᠯ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢ ᠵᠢᠯᠣᠭᠤᠳᠤᠨ ᠲᠤᠰᠬᠤᠨ ᠤ ᠠᠷᠠᠳ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠶᠢ ᠥᠷᠨᠢᠭᠦᠯᠵᠦ᠂ ᠲᠣᠰᠬᠤᠨ ᠤ ᠶᠠᠪᠤᠳᠠᠯ ᠢ ᠢᠯᠡ ᠪᠣᠯᠭᠠᠬᠤ ᠶᠢ ᠵᠢᠷᠤᠮᠵᠢᠭᠤᠯᠤᠨ ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠵᠢᠷᠭᠤᠭ᠎ᠠ︶ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ      ︵ᠳᠣᠯᠤᠭ᠎ᠠ︶ ᠪᠦᠬᠦ ᠰᠢᠶᠠᠨ ᠤ ᠨᠠᠰᠤᠵᠢᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠤᠨ ᠬᠠᠮᠢᠶ᠎ᠠ ᠪᠥᠬᠦᠢ ᠬᠦᠷᠢᠶᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠪᠥᠬᠦ ᠰᠢᠶᠠᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ ᠵᠢᠯᠣᠭᠤᠳᠴᠤ᠂ ᠬᠢᠨᠠᠨ ᠬᠠᠮᠢᠶᠠᠷᠴᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠪᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠᠭᠠᠢ ᠬᠦᠴᠢᠷᠳᠡᠯᠲᠡᠶ ᠨᠠᠰᠤᠲᠠᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃      ︵ᠨᠠᠢᠮᠠ︶ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠲᠤᠰ ᠱᠠᠲᠤᠨ ᠤ ᠠᠰᠠᠷᠠᠮᠵᠢ ᠶᠢᠨ ᠰᠠᠭᠤᠷᠢ ᠮᠥᠩᠭᠦ ᠶᠢ ᠬᠠᠮᠢᠶᠠᠷᠤᠨ᠎ᠠ︔ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠠᠰᠠᠷᠠᠮᠵᠢ ᠶᠢᠨ ᠱᠠᠩᠨᠠᠯᠲᠤ ᠰᠤᠭᠤᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠢᠶᠠᠨ ᠤ ᠲᠤᠰ ᠱᠠᠲᠤᠨ ᠤ ᠠᠰᠠᠷᠠᠮᠵᠢ ᠶᠢᠨ ᠱᠠᠩᠨᠠᠯᠲᠤ ᠰᠤᠭᠤᠯᠠᠭ᠎ᠠ  ᠶᠢᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦ ᠶᠢ ᠬᠠᠮᠢᠶᠠᠷᠤᠨ᠎ᠠ︔ ︽ᠭᠤᠷᠪᠠᠨ ᠵᠦᠢᠯ ᠤᠨ ᠠᠷᠠᠳ︾᠂ ︽ᠠᠵᠢᠯ ᠠᠴᠠ ᠪᠠᠨ ᠪᠠᠭᠤᠭᠰᠠᠳ ᠢ ᠴᠣᠮᠬᠠᠳᠬᠠᠬᠤ︾᠂ ᠥᠨᠥᠴᠢᠨ ᠬᠡᠤᠬᠡᠳ᠂ ᠵᠡᠮᠳᠡᠭᠴᠦᠳ ᠵᠡᠷᠭᠡ ᠣᠨᠴᠠᠭᠠᠢ ᠬᠥᠮᠦᠰ ᠤᠨ ᠡᠷᠬᠡ ᠠᠰᠢᠭ ᠢ ᠪᠠᠲᠤᠯᠠᠬᠤ ᠠᠵᠢᠯ ᠢ ᠵᠢᠯᠣᠭᠤᠳᠴᠤ᠂ ᠨᠠᠰᠤᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠬᠠᠷᠢᠭᠤᠴᠠᠨ ᠵᠢᠯᠣᠭᠤᠳᠴᠤ᠂ ᠠᠶᠤᠯ ᠥᠬᠡᠶ  ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃      ︵ᠶᠢᠰᠦ︶ ᠪᠦᠬᠦ ᠰᠢᠶᠠᠨ ᠤ ᠵᠡᠮᠳᠡᠭᠴᠦᠳ ‍ᠤᠨ‌ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠡᠮᠳᠡᠭᠴᠦᠳ ‍ᠤᠨ‌ᠠᠰᠠᠷᠠᠮᠵᠢ ᠶᠢᠨ ᠳᠦᠷᠢᠮ  ᠤᠨ ᠪᠠᠶᠢᠭᠤᠯᠤᠯᠲᠠ ᠪᠣᠯᠤᠨ ᠡᠷᠡᠭᠦᠯᠵᠢᠭᠦᠯᠬᠦ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠤᠨ᠎ᠠ᠃      ︵ᠠᠷᠪᠠ︶ ᠬᠡᠤᠬᠡᠳ ᠤᠨ ᠠᠰᠠᠷᠠᠮᠵᠢ᠂ ᠥᠨᠥᠴᠢᠨ ᠬᠡᠤᠬᠡᠳ ᠤᠨ ᠪᠠᠲᠤᠯᠠᠭ᠎ᠠ᠂ ᠬᠡᠤᠬᠡᠳ ᠢ ᠡᠷᠭᠦᠨ ᠲᠡᠵᠢᠭᠡᠬᠦ᠂ ᠬᠡᠣᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠪᠣᠯᠤᠨ ᠬᠦᠴᠢᠷᠳᠡᠯᠲᠡᠶ ᠬᠡᠤᠬᠡᠳ ᠢ ᠬᠠᠷᠠᠭᠠᠯᠵᠠᠨ ᠬᠠᠮᠠᠭᠠᠯᠠᠬᠤ ᠳᠦᠷᠢᠮ ᠢ ᠪᠦᠷᠢᠨᠰᠢᠭᠦᠯᠦᠨ᠎ᠡ᠃      ︵ᠠᠷᠪᠠᠨ ᠨᠢᠭᠡ︶ ᠣᠷᠤᠭ ᠳᠠᠩᠰᠠᠯᠠᠬᠤ᠂ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠋ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠣᠷᠤᠭ ᠬᠤᠷᠢᠮ ᠤᠨ ᠵᠠᠩ ᠳᠠᠳᠬᠠᠯ ᠪᠠ ᠣᠷᠣᠰᠢᠭᠤᠯᠭ᠎ᠠ ᠶᠢᠨ  ᠥᠭᠡᠷᠡᠴᠢᠯᠡᠯᠲᠡ ᠶᠢ ᠬᠠᠷᠢᠭᠤᠴᠠᠨ ᠠᠬᠢᠭᠤᠯᠵᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠪᠠ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠶᠢ ᠬᠠᠷᠢᠭᠤᠴᠠᠨ᠎ᠠ᠃ ᠤᠷᠤᠭ᠂ ᠣᠷᠣᠰᠢᠭᠤᠯᠭ᠎ᠠ᠂ ᠡᠷᠭᠦᠨ ᠲᠡᠵᠢᠭᠡᠬᠦ᠂ ᠦᠢᠯᠡᠴᠢᠯᠡᠬᠦ ᠪᠠᠶᠢᠭᠤᠯᠤᠮᠵᠢ ᠶᠢᠨ ᠬᠠᠤᠯᠢ ᠶᠣᠰᠣᠭᠠᠷ ᠠᠵᠢᠯ ᠢᠶᠠᠨ ᠥᠷᠨᠢᠭᠦᠯᠬᠦ ᠶᠢ ᠵᠢᠯᠣᠭᠤᠳᠤᠨ᠎ᠠ᠃      ︵ᠠᠷᠪᠠᠨ ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠣᠯᠤᠨ ᠬᠠᠮᠢᠶ᠎ᠠ ᠪᠦᠬᠦᠢ ᠰᠠᠶᠢᠨ ᠳᠤᠷ᠎ᠠ ᠶᠢᠨ ᠠᠵᠢᠭᠯᠠᠭᠰᠠᠳ ᠡᠩᠨᠡᠭᠡᠨ ᠤ ᠪᠠᠶᠢᠭᠤᠯᠤᠯᠲᠠ ᠶᠢ ᠬᠠᠮᠲᠤᠪᠠᠷ ᠲᠦᠯᠬᠢᠨ ᠠᠬᠢᠭᠤᠯᠤᠨ᠎ᠠ᠃      ︵ᠠᠷᠪᠠᠨ ᠭᠤᠷᠪᠠ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢ  ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠥᠬᠡᠶ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠳᠥᠷᠪᠡ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ‍ᠤᠨ‌ᠣᠷᠳᠣᠨ ᠤ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃     ᠬᠤᠶᠠᠷ᠂ ᠠᠯᠪᠠᠯᠠᠬᠤ ᠤᠲᠠᠰᠤ᠄ 0471 — 8812403      ᠭᠤᠷᠪᠠ᠂ ᠠᠵᠢᠯᠯᠠᠬᠤ ᠭᠠᠵᠠᠷ᠄ ᠦᠴᠤᠸᠠᠨ ᠰᠢᠶᠠᠨ ᠤ ᠬᠥᠬᠡ ᠡᠷᠭᠢ ᠪᠠᠯᠭᠠᠰᠤᠨ ᠤ ᠴᠢᠩ ᠱᠠᠨ ᠶᠤᠸᠠᠨ ᠬᠦᠷᠢᠶᠡᠨ ᠳᠣᠲᠣᠷ᠎ᠠ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号