ᠦᠴᠤᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2020/4/13
ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ ︵ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠨᠢᠭᠡᠨᠲᠡ ᠨᠡᠶᠢᠲᠡᠯᠡᠵᠦ ᠬᠦᠴᠦᠨ ᠦᠭᠡᠢ ᠪᠣᠯᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠨ᠎ᠠ᠃ ︵ᠬᠤᠶᠠᠷ︶ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠵᠢᠯᠣᠭᠤᠳᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠡᠮᠡᠭᠳᠡᠭᠦᠯᠦᠨ᠎ᠡ᠃ ︵ᠭᠤᠷᠪᠠ︶ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠵᠢᠭᠠᠨ ᠵᠢᠯᠣᠭᠤᠳᠴᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠎ᠠ᠃ ᠬᠤᠶᠠᠷ᠂ ᠭᠤᠤᠯ ᠡᠭᠦᠷᠭᠡ ᠬᠠᠷᠢᠭᠤᠴᠠᠯᠭ᠎ᠠ ︵ᠨᠢᠭᠡ︶ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠲᠤᠬᠠᠶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ᠂ ᠲᠦᠷᠦ ᠶᠢᠨ ᠪᠤᠳᠤᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︵ᠬᠤᠶᠠᠷ︶ ᠪᠦᠬᠦ ᠰᠢᠶᠠᠨ ᠤ ᠬᠠᠤᠯᠢ ᠳᠦᠷᠢᠮ ᠤᠨ ᠤᠬᠠᠭᠤᠯᠭ᠎ᠠ ᠪᠣᠯᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠭᠤᠷᠪᠠ︶ ᠪᠦᠬᠦ ᠰᠢᠶᠠᠨ ᠤ ᠬᠠᠤᠯᠢᠴᠢ᠂ ᠠᠯᠪᠠᠨ ᠭᠡᠷᠡᠴᠢᠯᠡᠭᠡ ᠶᠢᠨ ᠠᠵᠢᠯ ᠢ ᠬᠠᠷᠢᠭᠤᠴᠠᠨ ᠬᠢᠨᠠᠨ ᠬᠠᠮᠢᠶᠠᠷᠬᠤ ᠶᠢᠨ ᠬᠠᠮᠲᠤ ᠵᠣᠬᠢᠴᠠᠩᠭᠤᠶ ᠬᠠᠷᠢᠭᠤᠴᠠᠯᠭ᠎ᠠ ᠡᠭᠦᠷᠭᠡᠯᠡᠨ᠎ᠡ᠃ ︵ᠳᠦᠷᠪᠡ︶ ᠪᠦᠬᠦ ᠰᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠬᠢᠨᠠᠵᠤ ᠬᠠᠮᠢᠶᠠᠷᠤᠨ᠎ᠠ᠃ ︵ᠲᠠᠪᠤ︶ ᠪᠦᠬᠦ ᠰᠢᠶᠠᠨ ᠤ ᠦᠨᠳᠦᠰᠦᠨ ᠱᠠᠲᠤᠨ ᠤ ᠬᠠᠤᠯᠢ ᠪᠠᠷᠢᠬᠤ ᠭᠠᠵᠠᠷ ᠤᠨ ᠪᠠᠶᠢᠭᠤᠯᠤᠯᠲᠠ ᠪᠠ ᠠᠷᠠᠳ ᠤᠨ ᠡᠶᠡᠳᠡᠭᠦᠯᠭᠡ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡ ᠪᠠ ᠲᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ᠵᠢᠷᠭᠤᠭ᠎ᠠ︶ ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠪᠠᠭᠠᠵᠢ ᠬᠡᠷᠡᠭᠰᠡᠯ᠂ ᠬᠤᠪᠴᠠᠰᠤ ᠬᠤᠨᠠᠷ ᠪᠣᠯᠤᠨ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠦᠬᠦ ᠰᠢᠶᠠᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠲᠥᠯᠦᠪᠯᠡᠭᠡ ᠡᠳ᠋ ᠤᠨ ᠶᠠᠪᠤᠳᠠᠯ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ᠲᠤᠯᠤᠭ᠎ᠠ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠶᠠᠪᠤᠳᠠᠯ ᠤᠳ ᠢ ᠳᠠᠭᠠᠭᠠᠨ ᠠᠪᠴᠤ ᠭᠦᠢᠴᠡᠳᠬᠡᠨ᠎ᠡ᠃ ᠬᠤᠶᠠᠷ᠂ ᠠᠯᠪᠠᠯᠠᠬᠤ ᠤᠲᠠᠰᠤ᠄ 0471 — 8820498 ᠭᠤᠷᠪᠠ᠂ ᠠᠵᠢᠯᠯᠠᠬᠤ ᠬᠠᠶ᠋ᠢᠭ ᠄ ᠦᠴᠤᠸᠠᠨ ᠰᠢᠶᠠᠨ ᠤ ᠬᠥᠬᠡ ᠡᠷᠭᠢ ᠪᠠᠯᠭᠠᠰᠤᠨ ᠤ ᠫᠢᠩ ᠠᠨ ᠪᠠᠷᠠᠭᠤᠨ ᠵᠡᠭᠡᠯᠢ ᠶᠢᠨ 3 ᠳ᠋ᠤᠭᠠᠷ ᠨᠣᠮᠧᠷ  
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号