︽ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠠᠷᠭ᠎ᠠ︾  ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/4/14
            ᠬᠦᠬᠡᠬᠤᠲᠠ ᠵᠠᠰᠠᠭ ᠠᠯᠪᠠᠨ ᠲᠠᠷᠬᠠᠭᠠᠭᠰᠠᠨ︹ 2019 ︺36 ᠳ᠋ᠤᠭᠠᠷ ᠲᠣᠭᠠᠲᠤ ᠡᠯ᠎ᠡ ᠬᠤᠰᠢᠭᠤ᠂ ᠰᠢᠶᠠᠨ᠂ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠄      ︽ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃          ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ          ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠠᠷᠭ᠎ᠠ      ᠨᠢᠭᠡᠳᠦᠭᠡᠷ ᠪᠦᠯᠦᠭ   ᠶᠡᠷᠦᠩᠬᠡᠶ ᠲᠦᠷᠢᠮ      ᠨᠢᠭᠡᠳᠦᠭᠡᠷ ᠵᠦᠢᠯ   ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠠᠬᠢᠭᠤᠯᠵᠤ᠂ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠲᠦᠷᠢᠮ︾᠂ ︽ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠬᠦ ᠶᠢ ᠦᠨᠡᠯᠡᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹ 2017 ︺ 49 ᠳ᠋ᠦ᠋ᠭᠡᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ︿ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠠᠷᠭ᠎ᠠ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2018 ︺ 2 ᠳ᠋ᠤᠭᠠᠷ ᠲᠣᠭᠠᠲᠤ︶ ᠵᠡᠷᠭᠡ ᠰᠤᠷᠭᠠᠨ ᠬᠥᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠯᠡᠬᠦ ᠭᠡᠳᠡᠭ ᠨᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ᠂ ᠬᠠᠮᠢᠶᠠᠷᠤᠯᠲᠠ᠂ ᠪᠠᠲᠤᠯᠠᠭ᠎ᠠ᠂ ᠲᠣᠰ ᠵᠠᠰᠠᠭ ᠵᠠᠬᠢᠷᠭᠠᠨ ᠤ ᠣᠷᠣᠨ ᠤ ᠳᠣᠲᠤᠷᠠᠬᠢ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠢ ᠲᠦᠯᠬᠢᠨ ᠠᠬᠢᠭᠤᠯᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ  ᠲᠤᠬᠠᠢ ᠦᠨᠡᠯᠡᠯᠲᠡ ᠶᠢ ᠵᠢᠭᠠᠨ᠎ᠠ᠃      ᠭᠤᠷᠪᠠᠳᠤᠭᠠᠷ ᠵᠦᠢᠯ   ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠯᠡᠬᠦ ᠠᠵᠢᠯ ᠢ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠠᠴᠠ ᠨᠢᠭᠡᠳᠦᠯᠲᠡᠶ ᠲᠥᠯᠥᠪᠯᠡᠨ ᠤᠳᠤᠷᠢᠳᠴᠤ᠂ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠳᠥᠷᠪᠡᠳᠦᠭᠡᠷ ᠵᠦᠢᠯ   ᠦᠨᠡᠯᠡᠬᠦ ᠠᠵᠢᠯ ᠨᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ ᠭᠤᠤᠯᠳᠠᠯᠭ᠎ᠠ ᠶᠢ ᠳᠣᠪᠤᠶᠢᠯᠭᠠᠵᠤ᠂ ᠪᠤᠰᠤᠳᠴᠢ ᠲᠥᠪ ᠭᠤᠤᠯᠴᠢ ᠪᠠᠶᠢᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠨᠡᠶᠢᠭᠡᠮ ᠤᠨ ᠬᠢᠨ ᠣᠷᠣᠯᠴᠠᠬᠤ ᠵᠠᠷᠴᠢᠮ ᠢ ᠵᠢᠷᠤᠮᠯᠠᠨ᠎ᠠ᠃      ᠲᠠᠪᠤᠳᠤᠭᠠᠷ ᠵᠦᠢᠯ   ᠦᠨᠡᠯᠡᠬᠦ ᠠᠵᠢᠯ ᠢ ᠵᠢᠯ ᠪᠦᠷᠢ ᠨᠢᠭᠡ ᠤᠳᠠᠭ᠎ᠠ ᠥᠷᠨᠢᠭᠦᠯᠵᠦ᠂ ᠤᠳᠠᠭ᠎ᠠ ᠪᠦᠷᠢ 3 ᠬᠤᠰᠢᠭᠤ ᠰᠢᠶᠠᠨ ᠲᠣᠭᠤᠷᠢᠭ ᠢ ᠰᠣᠩᠭᠤᠵᠤ ᠶᠠᠪᠤᠭᠳᠠᠭᠤᠯᠤᠨ᠎ᠠ᠃      ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠦᠨᠡᠯᠡᠬᠦ ᠳᠤ᠂ ᠭᠤᠷᠪᠠᠨ ᠵᠢᠯ ᠢᠶᠠᠷ ᠨᠢᠭᠡ ᠦᠶᠡᠯᠡᠬᠦ ᠬᠤᠭᠤᠴᠠᠭ᠎ᠠ ᠪᠤᠯᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠶᠡᠷᠦᠩᠬᠡᠶ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠣᠯᠤᠨ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠦᠨᠳᠦᠰᠦᠯᠡᠨ᠂ ᠵᠢᠯ ᠤᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠣᠭᠲᠠᠭᠠᠬᠤ ᠪᠠ ᠵᠠᠰᠠᠪᠤᠷᠢ ᠣᠷᠣᠭᠤᠯᠤᠨ᠎ᠠ᠃      ᠬᠤᠶᠠᠳᠤᠭᠠᠷ ᠪᠦᠯᠦᠭ   ᠦᠨᠡᠯᠡᠬᠦ ᠠᠭᠤᠯᠭ᠎ᠠ      ᠵᠢᠷᠭᠤᠳᠤᠭᠠᠷ ᠵᠦᠢᠯ  ᠦᠨᠡᠯᠡᠬᠦ ᠠᠭᠤᠯᠭ᠎ᠠ ᠳᠤ ᠭᠤᠤᠯᠳᠠᠭᠤ᠄ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ᠂ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠲᠥᠷᠥ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ᠂ ᠲᠣᠰ ᠵᠠᠰᠠᠭ ᠵᠠᠬᠢᠷᠭᠠᠨ ᠤ ᠣᠷᠣᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠦᠪᠯᠡᠨ ᠠᠬᠢᠭᠤᠯᠤᠭᠰᠠᠨ ᠪᠠᠶᠢᠳᠠᠯ᠂ ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠭᠰᠠᠨ ᠪᠠᠶᠢᠳᠠᠯ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠭᠰᠠᠨ ᠪᠠᠶᠢᠳᠠᠯ ᠪᠠᠭᠲᠠᠨ᠎ᠠ᠃      ︵ᠨᠢᠭᠡ︶ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ᠃ ᠡᠭᠦᠨ ᠳᠤ ᠭᠤᠤᠯᠳᠠᠭᠤ᠄ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠪᠠ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠭᠵᠢᠭᠦᠯᠬᠦ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠬᠦ ᠵᠡᠷᠭᠡ ᠪᠠᠭᠲᠠᠨ᠎ᠠ᠃      ︵ᠬᠤᠶᠠᠷ︶ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠃ ᠡᠭᠦᠨ ᠳᠤ ᠭᠤᠤᠯᠳᠠᠭᠤ᠄ ᠤᠯᠤᠰ ᠤᠨ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠴᠢᠬᠤᠯᠠ ᠶᠡᠭᠡ ᠲᠥᠷᠥᠯ ᠵᠦᠢᠯ ᠤᠨ ᠬᠠᠮᠢᠶ᠎ᠠ ᠪᠥᠬᠦᠶ ᠢᠵᠢ ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠨᠠᠶᠢᠳᠠᠪᠤᠷᠢᠵᠢᠭᠤᠯᠬᠤ ᠵᠡᠷᠭᠡ ᠪᠠᠭᠲᠠᠨ᠎ᠠ᠃      ︵ᠭᠤᠷᠪᠠ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ᠃ ᠡᠭᠦᠨ ᠳᠤ ᠭᠤᠤᠯᠳᠠᠭᠤ᠄ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠨᠡᠶᠢᠲᠡ ᠶᠢᠨ ᠠᠰᠠᠷᠠᠮᠵᠢ ᠶᠢᠨ ᠲᠦᠭᠡᠮᠡᠯ ᠬᠠᠷᠠᠭᠠᠯᠵᠠᠯ ᠦᠵᠡᠭᠦᠯᠬᠦ ᠬᠥᠭᠵᠢᠯᠲᠡ ᠶᠢ ᠲᠦᠯᠬᠢᠨ ᠠᠬᠢᠭᠤᠯᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠲᠥᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ᠂ ᠥᠨᠳᠥᠷ ᠳᠤᠮᠳᠠᠳᠤ ᠶᠢᠨ ᠱᠠᠲᠤᠨ ᠤ ᠰᠤᠷᠭᠠᠨ ᠬᠥᠮᠦᠵᠢᠯ ᠤᠨ ᠲᠦᠭᠡᠮᠡᠯᠵᠢᠯ ᠤᠨ ᠬᠢᠷᠢ ᠲᠥᠪᠰᠢᠨ ᠢ  ᠳᠡᠭᠡᠭᠰᠢᠯᠡᠭᠦᠯᠬᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠬᠦ ᠴᠢᠳᠠᠪᠤᠷᠢ ᠬᠢᠭᠡᠳ ᠬᠢᠷᠢ ᠲᠥᠪᠰᠢᠨ ᠢ ᠳᠡᠭᠡᠭᠰᠢᠯᠡᠭᠦᠯᠬᠦ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠤᠨ ᠵᠢᠷᠤᠮᠵᠢᠭᠤᠯᠬᠤ᠂ ᠦᠨᠳᠦᠰᠦᠲᠡᠨ ᠤ ᠰᠤᠷᠭᠠᠨ ᠬᠥᠮᠦᠵᠢᠯ ᠢ ᠲᠦᠷᠭᠡᠳᠬᠡᠨ ᠬᠥᠭᠵᠢᠭᠦᠯᠬᠦ᠂ ᠣᠨᠴᠠᠭᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠬᠦ ᠵᠡᠷᠭᠡ ᠪᠠᠭᠲᠠᠨ᠎ᠠ᠃      ︵ᠳᠦᠷᠪᠡ︶ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠭᠰᠠᠨ ᠪᠠᠶᠢᠳᠠᠯ᠃ ᠡᠭᠦᠨ ᠳᠤ ᠭᠤᠤᠯᠳᠠᠭᠤ᠄ ︽ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠨᠠᠶᠢᠳᠠᠪᠤᠷᠢᠵᠢᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠬᠤ ᠵᠡᠷᠭᠡ ᠪᠠᠭᠲᠠᠨ᠎ᠠ᠃      ︵ᠲᠠᠪᠤ︶ ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠭᠰᠠᠨ ᠪᠠᠶᠢᠳᠠᠯ᠃ ᠡᠭᠦᠨ ᠳᠤ ᠭᠤᠣᠯᠳᠠᠭᠤ᠄ ᠰᠤᠷᠭᠠᠨ ᠬᠥᠮᠦᠵᠢᠯ ᠤᠨ ᠡᠳ᠋ ᠤᠨ ᠵᠠᠰᠠᠭ ᠤᠨ ᠣᠷᠣᠭᠤᠯᠤᠯᠲᠠ ᠶᠢ ᠪᠠᠲᠤᠯᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠭᠲᠠᠨ᠎ᠠ᠃      ︵ᠵᠢᠷᠭᠤᠭ᠎ᠠ︶ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠭᠰᠠᠨ ᠪᠠᠶᠢᠳᠠᠯ᠃ ᠡᠭᠦᠨ ᠳᠤ ᠭᠤᠤᠯᠳᠠᠭᠤ᠄ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠵᠡᠷᠭᠡ ᠪᠠᠭᠲᠠᠨ᠎ᠠ᠃      ᠭᠤᠷᠪᠠᠳᠤᠭᠠᠷ ᠪᠦᠯᠦᠭ   ᠦᠨᠡᠯᠡᠯᠲᠡ ᠶᠢ ᠬᠡᠷᠡᠭᠵᠢᠭᠦᠯᠬᠦ      ᠳᠣᠯᠣᠳᠤᠭᠠᠷ ᠵᠦᠢᠯ  ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠵᠢᠯ ᠪᠦᠷᠢ ᠶᠢᠨ ᠨᠢᠭᠡᠳᠦᠭᠡᠷ ᠤᠯᠠᠷᠢᠯ ᠳᠤ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠵᠢᠯ ᠤᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠵᠢᠴᠢ ᠪᠢᠴᠢᠭ ᠤᠨ ᠮᠡᠳᠡᠭᠳᠡᠯ ᠢ ᠳᠠᠷᠤᠮᠠᠯᠯᠠᠨ ᠶᠠᠪᠤᠭᠤᠯᠤᠨ᠎ᠠ᠃      ᠨᠠᠢᠮᠠᠳᠤᠭᠠᠷ ᠵᠦᠢᠯ  ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠳᠡᠭᠡᠷ᠎ᠡ ᠨᠢᠭᠡ ᠵᠢᠯ ᠤᠨ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠥᠪᠡᠷᠲᠡᠭᠡᠨ ᠪᠠᠶᠢᠴᠠᠭᠠᠵᠤ ᠥᠪᠡᠷᠲᠡᠭᠡᠨ ᠦᠨᠡᠯᠡᠵᠦ᠂ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠬᠢᠵᠤ᠂ ᠵᠢᠯ ᠪᠦᠷᠢ ᠶᠢᠨ 4 ᠳ᠋ᠦ᠋ᠭᠡᠷ ᠰᠠᠷ᠎ᠠ ᠠᠴᠠ ᠡᠮᠦᠨ᠎ᠡ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠮᠡᠳᠡᠭᠦᠯᠦᠨ᠎ᠡ ᠃ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠪᠠ ᠬᠠᠮᠢᠶ᠎ᠠ ᠪᠦᠬᠦᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠶ᠃      ᠶᠢᠰᠦᠳᠦᠭᠡᠷ ᠵᠦᠢᠯ  ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠨᠢ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠨᠠᠶᠢᠳᠠᠯᠭ᠎ᠠ ᠪᠠᠷ᠂ ᠬᠢᠨᠠᠨ ᠵᠢᠯᠣᠭᠤᠳᠴᠤ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢ ᠦᠨᠳᠦᠰᠦᠯᠡᠨ᠂ ᠤᠯᠤᠰ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠ ᠪᠠᠶᠢᠴᠠᠭᠠᠯᠲᠠ ᠬᠢᠭᠡᠳ ᠣᠯᠤᠭᠰᠠᠨ ᠰᠢᠰᠲ᠋ᠧᠮ ᠤᠨ ᠲᠤᠭ᠎ᠠ ᠪᠠᠷᠢᠮᠲᠠ ᠶᠢ ᠠᠰᠢᠭᠯᠠᠨ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ ᠬᠡᠮᠵᠢᠯᠲᠡ ᠦᠨᠡᠯᠡᠨ ᠵᠢᠱᠢᠯᠲᠡ ᠬᠢᠵᠦ᠂ ᠨᠡᠶᠢᠭᠡᠮ᠂ ᠭᠡᠷ ᠤᠨ ᠠᠬᠠᠮᠠᠳ ᠪᠠ ᠰᠤᠷᠤᠭᠴᠢᠳ ᠲᠤ ᠬᠠᠨᠳᠤᠭᠤᠯᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠬᠢᠵᠦ᠂ ᠵᠢᠯ ᠪᠦᠷᠢ ᠶᠢᠨ 5 ᠳ᠋ᠤᠭᠠᠷ ᠰᠠᠷ᠎ᠠ ᠠᠴᠠ ᠡᠮᠦᠨ᠎ᠡ ᠵᠢᠯ ᠤᠨ ᠬᠢᠨᠠᠨ ᠬᠡᠮᠵᠢᠭᠰᠡᠨ ᠮᠡᠳᠡᠭᠦᠯᠦᠯᠲᠡ ᠶᠢ ᠪᠤᠢ ᠪᠣᠯᠭᠠᠬᠤ ᠬᠡᠷᠡᠭᠲᠡᠶ᠃      ᠠᠷᠪᠠᠳᠤᠭᠠᠷ ᠵᠦᠢᠯ  ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠰᠦᠯ ᠲᠣᠭᠲᠠᠭᠠᠵᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠨ᠎ᠠ᠃      ᠠᠷᠪᠠᠨ ᠨᠢᠭᠡᠳᠦᠭᠡᠷ ᠵᠦᠢᠯ  ᠬᠤᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠥᠪᠡᠷ ᠤᠨ ᠦᠨᠡᠯᠡᠯᠲᠡ᠂ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢᠨ ᠬᠢᠨᠠᠨ ᠬᠡᠮᠵᠢᠯᠲᠡ ᠪᠠ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠨᠡᠶᠢᠲᠡᠯᠢᠭ ᠲᠤᠷᠰᠢᠯᠭ᠎ᠠ ᠶᠢ ᠳ᠋ᠦᠩᠨᠡᠵᠦ᠂ ᠠᠰᠠᠭᠤᠳᠠᠯ ᠤᠨ ᠨᠠᠷᠢᠨ ᠬᠠᠭᠤᠳᠠᠰᠤ ᠶᠢ ᠵᠢᠭᠰᠠᠭᠠᠨ ᠭᠠᠷᠭᠠᠵᠤ᠂ ᠦᠨᠡᠯᠡᠭᠰᠡᠨ ᠰᠠᠨᠠᠯ ᠢ ᠪᠣᠶ ᠪᠣᠯᠭᠠᠵᠤ᠂ ᠪᠠᠶᠢᠴᠠᠭᠠᠯᠲᠠ ᠶᠢ ᠬᠦᠯᠢᠶᠡᠭᠰᠡᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠬᠠᠷᠢᠭᠤ ᠲᠤᠰᠬᠠᠨ᠎ᠠ᠃      ᠠᠷᠪᠠᠨ ᠬᠤᠶᠠᠳᠤᠭᠠᠷ ᠵᠦᠢᠯ  ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠬᠠᠷᠢᠭᠤ ᠲᠤᠰᠬᠠᠭᠰᠠᠨ ᠰᠠᠨᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠲᠣᠭᠲᠠᠭᠠᠭᠰᠠᠨ ᠴᠠᠭ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢᠨ ᠬᠠᠮᠲᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠮᠡᠳᠡᠭᠦᠯᠬᠦ ᠬᠡᠷᠡᠭᠲᠡᠶ᠃      ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠠᠴᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠵᠡᠵᠦ ᠳᠠᠬᠢᠨ ᠪᠠᠶᠢᠴᠠᠭᠠᠯᠲᠠ ᠬᠢᠨ᠎ᠡ᠃      ᠠᠷᠪᠠᠨ ᠭᠤᠷᠪᠠᠳᠤᠭᠠᠷ ᠵᠦᠢᠯ  ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠤᠨ ᠶᠡᠷᠦᠩᠬᠡᠶᠢᠯᠡᠭᠰᠡᠨ ᠬᠤᠰᠢᠭᠤ ᠰᠢᠶᠠᠨ ᠲᠣᠭᠤᠷᠢᠭ ᠤᠨ ᠥᠪᠡᠷᠲᠡᠭᠡᠨ ᠪᠠᠶᠢᠴᠠᠭᠠᠵᠤ ᠥᠪᠡᠷᠲᠡᠭᠡᠨ ᠦᠨᠡᠯᠡᠬᠦ᠂ ᠭᠤᠷᠪᠠᠳᠠᠬᠢ ᠡᠲᠡᠬᠡᠳ ᠤᠨ ᠲᠤᠰᠬᠠᠶ ᠪᠠᠶᠢᠭᠤᠯᠤᠮᠵᠢ ᠶᠢᠨ ᠬᠢᠨᠠᠨ ᠬᠡᠮᠵᠢᠯᠲᠡ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠳᠠᠬᠢᠨ ᠪᠠᠶᠢᠴᠠᠭᠠᠭᠰᠠᠨ ᠵᠡᠷᠭᠡ ᠪᠠᠶᠢᠳᠠᠯ ᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠦᠨᠡᠯᠡᠯᠲᠡ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠢᠯᠡ ᠪᠠᠷ ᠨᠡᠶᠢᠲᠡᠯᠡᠨ᠎ᠡ᠃      ᠳᠥᠷᠪᠡᠳᠦᠭᠡᠷ ᠪᠦᠯᠦᠭ   ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ      ᠠᠷᠪᠠᠨ ᠳᠥᠷᠪᠡᠳᠦᠭᠡᠷ ᠵᠦᠢᠯ   ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠭᠰᠡᠨ ᠦᠷ᠎ᠡ ᠳ᠋ᠦᠩ ᠢ ᠰᠢᠯᠢᠳᠡᠭ ᠂ ᠬᠢᠷᠢ ᠲᠡᠩᠴᠡᠭᠰᠡᠨ᠂ ᠬᠢᠷᠢ ᠲᠡᠩᠴᠡᠬᠦ ᠦᠭᠡᠢ ᠭᠡᠵᠦ ᠭᠤᠷᠪᠠᠨ ᠳᠡᠰ ᠬᠤᠪᠢᠶᠠᠨ᠎ᠠ᠃ ᠦᠨᠡᠯᠡᠭᠰᠡᠨ ᠦᠷ᠎ᠡ ᠳ᠋ᠦᠩ ᠢ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠤᠨ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠷᠢᠭᠤ ᠲᠤᠰᠬᠠᠵᠤ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠱᠠᠩᠨᠠᠵᠤ ᠲᠣᠷᠭᠠᠬᠤ ᠴᠢᠬᠤᠯᠠ ᠦᠨᠳᠦᠰᠦᠯᠡᠯ ᠪᠣᠯᠭᠠᠨ᠎ᠠ᠃ ᠨᠢᠭᠡ ᠦᠶᠡᠯᠡᠯ ︵ᠭᠤᠷᠪᠠᠨ ᠵᠢᠯ︶ ᠤᠨ ᠬᠤᠭᠤᠴᠠᠭ᠎ᠠ ᠶᠢᠨ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠳᠠᠭᠤᠰᠤᠭᠰᠠᠨ ᠤ ᠳᠠᠷᠠᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠯᠢᠳᠡᠭ ᠳᠡᠰ ᠣᠯᠤᠭᠰᠠᠨ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠱᠠᠩᠨᠠᠨ᠎ᠠ᠃      ᠠᠷᠪᠠᠨ ᠲᠠᠪᠤᠳᠤᠭᠠᠷ ᠵᠦᠢᠯ  ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠬᠡᠶ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ᠂ ᠰᠤᠷᠭᠠᠨ ᠬᠥᠮᠦᠵᠢᠯ ᠤᠨ ᠠᠮᠤᠷ ᠲᠦᠪᠰᠢᠨ ᠤ ᠬᠦᠨᠳᠦ ᠣᠨᠴᠠ ᠶᠡᠭᠡ ᠠᠳᠡᠯ ᠭᠠᠷᠤᠭᠰᠠᠨ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠦᠢᠯᠡ ᠠᠵᠢᠯᠯᠠᠭ᠎ᠠ ᠲᠠᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ᠂ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ ᠠᠴᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠵᠣᠬᠢᠬᠤ ᠬᠡᠯᠪᠡᠷᠢ ᠪᠠᠷ ᠬᠤᠯᠪᠣᠭᠳᠠᠯ ᠪᠥᠬᠦᠶ ᠬᠠᠷᠢᠭᠤᠴᠠᠯᠭ᠎ᠠ ᠲᠠᠢ ᠬᠥᠮᠦᠨ ᠲᠠᠢ ᠪᠣᠯᠵᠣᠨ ᠶᠠᠷᠢᠯᠴᠠᠵᠤ᠂ ᠵᠠᠷᠯᠠᠨ ᠰᠢᠭᠦᠮᠵᠢᠯᠡᠵᠦ ᠂ ᠦᠢᠯᠡ ᠠᠵᠢᠯᠯᠠᠭ᠎ᠠ ᠨᠢ ᠬᠦᠨᠳᠦ ᠨᠣᠴᠢᠲᠠᠶ ᠪᠠᠶᠢᠪᠠᠯ ᠰᠢᠢᠳᠬᠡᠯ ᠥᠭᠬᠦ ᠰᠠᠨᠠᠭᠤᠯᠭ᠎ᠠ ᠳᠤᠷᠠᠳᠤᠨ᠎ᠠ᠃      ᠲᠠᠪᠤᠳᠤᠭᠠᠷ ᠪᠦᠯᠦᠭ   ᠳᠠᠭᠠᠯᠳᠤᠭᠤᠯᠤᠯ      ᠠᠷᠪᠠᠨ ᠵᠢᠷᠭᠤᠳᠤᠭᠠᠷ ᠵᠦᠢᠯ  ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ ᠠᠷᠭ᠎ᠠ ᠶᠢ ᠦᠨᠳᠦᠰᠦᠯᠡᠨ᠂ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠮᠢᠶ᠎ᠠ ᠪᠦᠬᠦᠢ ᠠᠵᠢᠯ ᠢ ᠨᠢᠭᠡᠳᠦᠯᠲᠠᠢ ᠲᠥᠯᠥᠪᠯᠡᠨ ᠡᠮᠬᠢᠳᠬᠡᠵᠤ᠂ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠨ᠂ ᠥᠪᠡᠷᠲᠡᠭᠡᠨ ᠪᠠᠶᠢᠴᠠᠭᠠᠵᠤ ᠥᠪᠡᠷᠲᠡᠭᠡᠨ ᠦᠨᠡᠯᠡᠬᠦ ᠪᠠ ᠤᠭᠲᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠠᠷᠪᠠᠨ ᠳᠣᠯᠤᠳᠤᠭᠠᠷ ᠵᠦᠢᠯ   ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号