ᠶᠢᠨ ᠴᠦᠨ ᠯᠢᠶᠠᠩ ᠬᠠᠷ᠎ᠠ ᠬᠤᠰᠢᠭᠤ ᠰᠢᠶᠠᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠦᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/4/17
     ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠦᠴᠤᠸᠠᠨ ᠰᠢᠶᠠᠨ ᠤ ᠬᠠᠷ᠎ᠠ ᠬᠤᠰᠢᠭᠤ ᠰᠢᠶᠠᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠪᠠᠶᠢᠴᠠᠭᠠ‌‍ᠰᠤᠳᠤᠯᠤᠯᠲᠠ ᠬᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠵᠢᠨ‌‍ᠰᠢᠶᠠᠨ ᠤ ᠳᠡᠳ᠋ ᠳᠠᠷᠤᠭ᠎ᠠ ᠵᠣᠣ ᠵᠥᠩ ᠵᠢᠴᠢ ᠵᠠᠰᠠᠭ ᠤᠨ ᠣᠷᠳᠣᠨ ᠤ ᠠᠯᠪᠠᠨ ᠬᠡᠷ᠂ ᠶᠠᠳᠠᠭᠤ ᠶᠢ ᠲᠡᠳᠬᠦᠬᠦ ᠠᠯᠪᠠᠨ ᠬᠡᠷ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃       ᠶᠢᠨ ᠴᠦᠨ ᠯᠢᠶᠠᠩ ᠨᠠᠷ ᠤᠷᠢᠳ ᠬᠤᠵᠢᠳ ᠬᠠᠷ᠎ᠠ ᠬᠤᠰᠢᠭᠤ ᠰᠢᠶᠠᠩ ᠤᠨ ᠭᠦᠨ ᠬᠤᠳᠳᠤᠭ ᠲᠣᠰᠬᠤᠨ᠂ ᠣᠪᠣᠭ᠎ᠠ ᠲᠣᠰᠬᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠶᠠᠳᠠᠭᠤ ᠬᠦᠴᠢᠷᠳᠡᠯᠲᠡᠶ ᠡᠷᠦᠬᠡ ᠵᠠᠩ ᠬᠠᠶ ᠵᠥᠩ᠂ ᠷᠧᠨ ᠼᠦᠨ ᠭᠧᠨ ᠤ ᠬᠡᠷ ᠲᠤ᠂ ᠶᠢᠨ ᠴᠦᠨ ᠯᠢᠶᠠᠩ ᠶᠠᠳᠠᠭᠤ ᠬᠦᠴᠢᠷᠳᠡᠯᠲᠠᠢ ᠡᠷᠦᠬᠡ ᠶᠢᠨ ᠠᠮᠢᠳᠤᠷᠠᠯ ᠣᠷᠣᠨ ᠰᠠᠭᠤᠴᠠ ᠶᠢᠨ ᠨᠥᠬᠦᠴᠡᠯ ᠢ ᠨᠠᠷᠢᠨ ᠪᠠᠶᠢᠴᠠᠭᠠᠨ ᠦᠵᠡᠵᠦ᠂ ᠶᠠᠳᠠᠭᠤ ᠬᠦᠴᠢᠷᠳᠡᠯᠲᠠᠢ ᠣᠯᠠᠨ ᠲᠦᠮᠡᠨ ᠤ ᠪᠡᠶ᠎ᠡ ᠮᠠᠬᠠᠪᠣᠳ ᠤᠨ ᠪᠠᠶᠢᠳᠠᠯ᠂ ᠦᠢᠯᠡᠳᠪᠦᠷᠢᠯᠡᠯ ᠠᠮᠢᠳᠤᠷᠠᠯ ᠤᠨ ᠣᠳᠣᠬᠢ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠪᠣᠳᠠᠲᠤ ᠪᠠᠶᠢᠳᠠᠯ ᠳᠤ ᠴᠢᠭᠯᠡᠭᠦᠯᠦᠨ ᠪᠣᠳᠠᠲᠠᠶ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠰᠢᠶᠠᠩ ᠪᠠᠯᠭᠠᠰᠤ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠶᠠᠳᠠᠭᠤ ᠬᠦᠴᠢᠷᠳᠡᠯᠲᠡᠶ ᠡᠷᠦᠬᠡ ᠶᠢᠨ ᠣᠷᠣᠨ ᠰᠠᠭᠤᠴᠠ᠂ ᠬᠡᠷ ᠪᠦᠯᠢ ᠶᠢᠨ ᠣᠷᠤᠯᠭ᠎ᠠ ᠶᠢᠨ ᠨᠡᠮᠡᠭᠳᠡᠯ ᠪᠠ ᠡᠪᠡᠳᠴᠢᠨ ᠦᠵᠡᠭᠦᠯᠵᠦ ᠡᠮᠨᠡᠭᠦᠯᠬᠦ ᠵᠡᠷᠭᠡ ᠠᠰᠠᠭᠤᠳᠠᠯ ᠢ ᠦᠷᠭᠦᠯᠵᠢᠯᠡᠨ ᠰᠠᠶᠢᠲᠤᠷ ᠰᠢᠳᠪᠦᠷᠢᠯᠡᠵᠤ᠂ ᠡᠯ᠎ᠡ ᠵᠦᠢᠯ ᠤᠨ ᠪᠠᠲᠤᠯᠠᠭ᠎ᠠ ᠶᠢᠨ  ᠦᠢᠯᠡᠴᠢᠯᠡᠭᠡ ᠶᠢ ᠨᠠᠷᠢᠯᠢᠬᠵᠢᠭᠤᠯᠬᠤ ᠬᠡᠷᠡᠭᠲᠡᠶ ᠭᠡᠵᠦ ᠱᠠᠭᠠᠷᠳᠠᠪᠠ᠃       ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ ᠥᠷᠭᠡᠨ ᠣᠯᠠᠨ ᠲᠠᠷᠢᠶᠠᠴᠢᠨ ᠲᠦᠮᠡᠨ ᠤ ᠬᠠᠮᠤᠭ ᠤᠨ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠮᠥᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ︽ᠠᠵᠤ ᠦᠢᠯᠡᠰ ᠴᠡᠴᠡᠭᠯᠡᠨ ᠬᠥᠭᠵᠢᠵᠦ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠥᠳᠡᠭᠡ ᠲᠣᠰᠬᠤᠨ ᠤ ᠵᠠᠩ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠬᠤ ᠬᠡᠷᠡᠭᠲᠡᠶ ᠭᠡᠪᠡ᠃       ᠶᠢᠨ ᠴᠦᠨ ᠯᠢᠶᠠᠩ ᠴᠢᠬᠤᠯᠠᠴᠢᠯᠠᠭᠰᠠᠨ ᠨᠢ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ ᠲᠤᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠨᠢᠭᠡᠨ ᠴᠢᠬᠤᠯᠠ ᠶᠡᠭᠡ ᠡᠭᠦᠷᠭᠡ ᠪᠣᠯᠭᠠᠵᠤ᠂ ᠤᠯᠠᠮ ᠨᠢᠭᠡ ᠠᠯᠬᠤᠮ ᠴᠢᠩᠭ᠎ᠠ ᠪᠣᠳᠠᠲᠠᠶ ᠨᠠᠷᠢᠯᠢᠭ ᠠᠳᠬᠤᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠠᠵᠢᠯ ᠤᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠶᠢᠯ ᠲᠣᠰᠬᠤᠨ ᠤ ᠲᠥᠯᠥᠪᠵᠢᠭᠦᠯᠭᠡ᠂ ᠬᠤᠭ ᠨᠣᠪᠰᠢ ᠶᠢ ᠰᠢᠢᠳᠪᠦᠷᠢᠯᠡᠬᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠬᠤ ᠵᠡᠷᠭᠡ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ᠃ ᠲᠠᠷᠢᠶᠠᠴᠢᠨ ᠲᠦᠮᠡᠨ ᠤ ︽ᠡᠵᠡᠨ ᠬᠥᠮᠦᠨ︾ ᠤ ᠤᠬᠠᠮᠰᠠᠷ ᠢ ᠲᠠᠰᠤᠷᠠᠯᠲᠠ ᠦᠭᠡᠢ ᠨᠡᠮᠡᠭᠳᠡᠭᠦᠯᠵᠦ᠂ ᠣᠯᠠᠨ ᠲᠦᠮᠡᠨ ᠤ ᠬᠦᠳᠡᠭᠡ ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠳᠤ ᠣᠷᠣᠯᠴᠠᠬᠤ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ ᠡᠳᠦᠷ ᠲᠤᠲᠤᠮ ᠤᠨ ᠬᠠᠮᠢᠶᠠᠷᠤᠨ ᠬᠠᠮᠠᠭᠠᠯᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠵᠢᠯᠣᠭᠤᠳᠬᠤ᠂ ᠬᠢᠨᠠᠨ ᠰᠢᠯᠭᠠᠵᠤ ᠱᠠᠩᠨᠠᠬᠤ ᠲᠣᠷᠭᠠᠬᠤ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠥᠨᠳᠥᠷ ᠪᠦᠲᠦᠮᠵᠢᠲᠡᠶ ᠤᠳᠠᠭᠠᠨ ᠳᠠᠭᠠᠭᠠᠮᠠᠭᠠᠶ᠂ ᠭᠦᠨᠵᠡᠭᠡᠶ ᠥᠷᠨᠢᠬᠦ ᠶᠢ ᠲᠦᠯᠬᠢᠨ ᠠᠬᠢᠭᠤᠯᠬᠤ ᠬᠡᠷᠡᠭᠲᠡᠶ ᠭᠡᠪᠡ᠃      ᠣᠪᠣᠭ᠎ᠠ ᠲᠤᠰᠬᠤᠨ ᠤ ᠵᠥᠪᠯᠡᠯ ᠳᠤ᠂ ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠠᠵᠤ ᠠᠬᠤᠶ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠦᠷᠬᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号