| | | 2020 ᠣᠨ ᠤ 3 ᠳ᠋ᠤᠭᠠᠷ ᠰᠠᠷ᠎ᠠ ᠶᠢᠨ 6 ᠤ ᠡᠳᠦᠷ | ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ | ᠵᠢᠩ ᠰᠢᠶᠠᠨ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠶᠢᠨ ᠠᠵᠢᠯᠲᠠᠨ ᠯᠢ ᠰᠢᠶᠣᠣ ᠢᠦᠢ | 1. ᠬᠠᠮᠢᠶᠠᠷᠤᠭᠴᠢ | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠰᠦᠯᠵᠢᠶ᠎ᠡ ᠪᠣᠯᠣᠨ ᠬᠦᠬᠡᠬᠤᠳᠠ ᠶᠢᠨ ᠷᠠᠳᠢᠤ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠨᠡᠪᠳᠡᠷᠡᠭᠦᠯᠭᠡ ᠶᠢᠨ | ᠬᠠᠮᠳᠤᠷᠠᠭᠰᠠᠨ ᠲᠤᠰᠬᠠᠢ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠨᠦᠭᠦᠳ ᠦᠭᠡ ᠦᠯᠡᠳᠡᠭᠡᠵᠦ ᠵᠤᠴᠢᠨ ᠲᠠᠢ | ᠶᠠᠷᠢᠯᠴᠠᠵᠤ ᠪᠤᠯᠤᠨ᠎ᠠ᠂ ᠢᠳᠡᠪᠬᠢᠳᠡᠢ ᠤᠷᠤᠯᠴᠠᠬᠤ ᠶᠢ ᠴᠢᠨᠢ ᠪᠠᠶᠠᠷᠯᠠᠨ ᠤᠭᠳᠤᠵᠤ ᠪᠠᠶᠢᠨ᠎ᠠ᠃ | 2. ᠬᠥᠲᠥᠯᠥᠭᠴᠢ | ᠡᠪᠡᠳᠴᠢᠨ ᠤ ᠸᠢᠷᠦ᠋ᠰ ᠲᠠᠭᠠᠷᠢᠵᠤ ᠢᠷᠡᠬᠦ ᠳᠤ ᠤᠯᠤᠰ ᠳᠠᠶᠠᠭᠠᠷ ᠢᠶᠠᠨ ᠡᠰᠡᠷᠭᠦᠴᠡᠨ ᠬᠤᠷᠢᠭᠯᠠᠪᠠ᠃ | 2020 ᠣᠨ ᠳᠤ ᠪᠣᠯᠣᠭᠰᠠᠨ ᠨᠢᠭᠡ ᠤᠳᠠᠭᠠᠨ ᠤ ᠭᠡᠨᠡᠳᠲᠡ ᠶᠢᠨ ᠬᠢᠵᠢᠭ ᠤᠨ ᠪᠠᠶᠢᠳᠠᠯ ᠨᠢ ᠬᠥᠮᠦᠰ ᠤᠨ ᠬᠥᠯ ᠢ | ᠨᠠᠶᠢᠷ ᠴᠤᠭᠯᠠᠭᠠᠨ ᠠᠴᠠ ᠲᠠᠲᠠᠵᠤ᠂ ᠬᠤᠲᠠ ᠶᠢᠨ ᠤᠤᠯ ᠤᠨ ᠬᠥᠭᠵᠢᠯ ᠪᠠᠳᠠᠷᠠᠯ ᠳᠤ ᠰᠡᠭᠦᠳᠡᠷ ᠲᠠᠲᠠᠪᠠ᠃ ᠭᠡᠪᠡᠴᠦ | ᠡᠪᠡᠳᠴᠢᠨ ᠡᠮᠭᠡᠭ ᠤᠨ ᠡᠮᠦᠨ᠎ᠡ ᠡᠷᠡᠯᠬᠡᠭ ᠪᠠᠭᠠᠲᠤᠷᠯᠢᠭ ᠬᠥᠮᠦᠰ ᠨᠤᠭᠤᠷᠠᠭᠰᠠᠨ ᠦᠭᠡᠢ᠃ ᠬᠥᠬᠡᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠦᠨ᠂ | ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠰᠢᠨᠵᠢᠯᠡᠬᠦ | ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠠᠷᠭ᠎ᠠ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠦᠨᠡᠨ ᠠᠳᠬᠤᠨ ᠪᠣᠳᠠᠲᠠᠶ ᠠᠵᠢᠯᠯᠠᠵᠤ᠂ ᠴᠠᠭ ᠬᠤᠭᠤᠴᠠᠭ᠎ᠠ ᠲᠠᠢ ᠤᠷᠤᠯᠳᠤᠨ᠂ ᠡᠪᠡᠳᠴᠢᠨ | ᠡᠮᠭᠡᠭ ᠲᠠᠢ ᠦᠵᠡᠯᠴᠡᠵᠦ᠂ ᠬᠢᠵᠢᠭ ᠲᠠᠢ ᠲᠡᠮᠡᠴᠡᠬᠦ ᠳᠠᠶᠢᠯᠠᠯᠳᠤᠭᠠᠨ ᠤ ᠪᠥᠬᠦ ᠲᠠᠯ᠎ᠠ ᠶᠢᠨ ᠬᠦᠴᠦᠷᠬᠡᠭ ᠶᠡᠭᠡ | ᠬᠦᠴᠦᠨ ᠢ ᠨᠢᠭᠲᠠᠷᠠᠭᠤᠯᠤᠨ᠂ ᠬᠢᠵᠢᠭ ᠤᠨ ᠪᠠᠶᠢᠳᠠᠯ ᠤᠨ ᠦᠷᠭᠦᠯᠵᠢᠯᠡᠨ ᠲᠠᠷᠬᠠᠬᠤ ᠬᠠᠨᠳᠤᠰᠢ ᠶᠢ ᠬᠤᠷᠢᠭᠯᠠᠨ᠂ | ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠳᠤ ᠡᠷᠡᠰ ᠢᠯᠠᠯᠲᠠ ᠣᠯᠵᠤ᠂ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠡᠷᠡᠰ ᠬᠠᠮᠠᠭᠠᠯᠠᠬᠤ ᠪᠠᠷ ᠴᠢᠷᠮᠠᠶᠢᠪᠠ᠃ | 3. ᠬᠥᠲᠥᠯᠥᠭᠴᠢ | ᠶᠠᠭᠤᠨ ᠤ ᠤᠷᠢᠳ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠢᠷᠮᠠᠶᠢᠭᠰᠠᠨ ᠶᠡᠷᠦᠩᠬᠡᠢ ᠪᠠᠶᠢᠳᠠᠯ ᠢ | ᠲᠠᠨᠢᠯᠴᠠᠭᠤᠯᠵᠤ ᠥᠭᠭᠦᠨ᠎ᠡ ᠦᠦ︖ | 4. ᠯᠢ ᠵᠢᠩ ᠰᠢᠶᠠᠨ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠠᠷᠤᠢ | ᠲᠦᠷᠭᠡᠨ ᠬᠥᠳᠡᠯᠦᠯᠴᠡᠨ᠂ ᠤᠷᠢᠳᠴᠢᠯᠠᠨ ᠵᠢᠯᠣᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠳᠠᠶᠢᠯᠠᠯᠳᠤᠭᠠᠨ ᠤ ᠢᠯᠠᠯᠲᠠ ᠶᠢ ᠣᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠵᠤ᠂ | ᠡᠷᠡᠰ ᠴᠢᠩᠭ᠎ᠠ ᠬᠦᠴᠦᠨ ᠲᠡᠭᠦᠯᠳᠡᠷ ᠠᠵᠢᠯᠯᠠᠭ᠎ᠠ ᠪᠠᠷ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠵᠦ᠂ ᠴᠠᠭ ᠲᠤᠬᠠᠢ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ︽ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾ ᠢ ᠲᠣᠭᠲᠠᠭᠠᠵᠤ᠂ | ᠬᠠᠷᠢᠭᠤᠴᠠᠯᠭ᠎ᠠ ᠶᠢ ᠦᠳᠲᠡᠷ ᠲᠦᠷᠭᠡᠨ ᠨᠠᠶᠢᠳᠠᠪᠤᠷᠢᠵᠢᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ᠂ ᠨᠢᠭᠡᠴᠡ ᠶᠢᠨ ᠬᠤᠭᠤᠷᠣᠨᠳᠣᠬᠢ | ᠬᠠᠮᠲᠤᠷᠠᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠪᠦᠲᠦᠮᠵᠢᠲᠡᠶ ᠠᠵᠢᠯ ᠤᠨ ᠲᠣᠭᠲᠠᠴᠠ ᠶᠢ ᠪᠦᠷᠢᠯᠳᠦᠭᠦᠯᠪᠡ᠃ ᠡᠭᠦᠨ ᠤ ᠵᠡᠷᠭᠡ ᠪᠠᠷ᠂ ᠪᠥᠬᠦ ᠨᠠᠮ ᠤᠨ ᠭᠡᠰᠢᠭᠦᠳ ᠢ | ᠬᠠᠮᠤᠭ ᠤᠨ ᠡᠮᠦᠨ᠎ᠡ ᠭᠠᠪᠰᠢᠭᠠᠶᠢᠯᠠᠨ ᠠᠵᠢᠯᠯᠠᠬᠤ ᠶᠢ ᠤᠷᠢᠶᠠᠯᠠᠨ᠂ ᠺᠠᠳ᠋ᠷ ᠠᠵᠢᠯᠲᠠᠨ ᠠᠵᠢᠯᠴᠢᠨ ᠢ ᠵᠣᠬᠢᠶᠠᠨ | ᠪᠠᠶᠢᠭᠤᠯᠵᠤ ᠨᠡᠶᠢᠭᠡᠮ ᠲᠣᠭᠤᠷᠢᠭ᠂ ᠬᠤᠷᠢᠶᠠᠯᠠᠯ ᠳᠤ ᠬᠦᠷᠴᠦ᠂ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠨᠠᠷᠢᠯᠢᠭ | ᠥᠷᠨᠢᠭᠦᠯᠪᠡ᠃ | 5. ᠬᠥᠲᠥᠯᠥᠭᠴᠢ | ᠲᠡᠭᠡᠪᠡᠯ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠶᠢᠷᠢᠯᠠᠭᠤᠯᠤᠯᠲᠠ ᠶᠢ ᠬᠡᠷᠬᠢᠨ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠨᠢᠭᠡᠴᠡ ᠪᠠᠨ ᠵᠣᠬᠢᠴᠠᠭᠤᠯᠤᠨ ᠵᠣᠬᠢᠶᠠᠨ | ᠪᠠᠶᠢᠭᠤᠯᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠣᠷᠣᠯᠴᠠᠭᠰᠠᠨ ᠪᠤᠢ︖ | 6. ᠯᠢ ᠵᠢᠩ ᠰᠢᠶᠠᠨ | ᠮᠠᠨ ᠤ ᠲᠣᠪᠴᠢᠶ᠎ᠠ ᠴᠠᠭ ᠳᠠᠷᠤᠢ ᠳᠤᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠤᠳᠤᠷᠢᠳᠬᠤ ᠳᠤᠭᠤᠶᠢᠯᠠᠩ ᠪᠠᠶᠢᠭᠤᠯᠤᠨ᠂ ᠳᠣᠣᠷ᠎ᠠ ᠨᠢ ᠵᠠᠷᠤᠳᠠᠯ ᠤᠨ ᠪᠠᠲᠤᠯᠠᠭ᠎ᠠ ᠶᠢᠨ ᠳᠤᠭᠤᠶᠢᠯᠠᠩ᠂ ᠶᠡᠷᠦᠩᠬᠡᠢ | ᠵᠣᠬᠢᠴᠠᠭᠤᠯᠬᠤ ᠳᠤᠭᠤᠶᠢᠯᠠᠩ᠂ ᠰᠡᠷᠭᠡᠶᠢᠯᠡᠨ ᠡᠵᠡᠮᠳᠡᠬᠦ ᠵᠢᠯᠣᠭᠤᠳᠬᠤ ᠳᠤᠭᠤᠶᠢᠯᠠᠩ᠂ ᠶᠠᠷᠢᠶ᠎ᠠ ᠬᠡᠯᠡᠯᠴᠡᠭᠡᠨ ᠤ | ᠤᠬᠠᠭᠤᠯᠭ᠎ᠠ ᠶᠢᠨ ᠳᠤᠭᠤᠶᠢᠯᠠᠩ ᠪᠠ ᠪᠠᠶᠢᠭᠤᠯᠭ᠎ᠠ ᠶᠢᠨ ᠪᠠᠲᠤᠯᠠᠭ᠎ᠠ ᠶᠢᠨ ᠳᠤᠭᠤᠶᠢᠯᠠᠩ ᠢ ᠪᠠᠭᠲᠠᠭᠠᠭᠰᠠᠨ 5 | ᠠᠵᠢᠯ ᠤᠨ ᠳᠤᠭᠤᠶᠢᠯᠠᠩ ᠲᠣᠬᠢᠷᠠᠭᠤᠯᠵᠤ᠂ ᠨᠢᠭᠡᠳᠦᠯᠲᠡᠢ ᠤᠳᠤᠷᠢᠳᠤᠨ ᠵᠣᠬᠢᠶᠠᠨ ᠪᠠᠶᠢᠭᠤᠯᠤᠨ ᠵᠣᠬᠢᠴᠠᠭᠤᠯᠵᠤ | ᠨᠠᠶᠢᠳᠠᠪᠤᠷᠢᠵᠢᠭᠤᠯᠬᠤ ᠶᠢ ᠠᠳᠬᠤᠪᠠ᠃ ᠨᠢᠭᠡᠳᠦᠭᠡᠷ ᠳᠤᠭᠤᠶᠢᠯᠠᠩ ᠪᠣᠯ ᠵᠠᠷᠤᠳᠠᠯ ᠤᠨ ᠪᠠᠲᠤᠯᠠᠭ᠎ᠠ ᠶᠢᠨ ᠳᠤᠭᠤᠶᠢᠯᠠᠩ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠨᠣᠰᠢᠯᠠᠨ ᠵᠠᠰᠠᠬᠤ ᠡᠯ᠎ᠡ ᠵᠦᠢᠯ ᠤᠨ ᠠᠵᠢᠯ ᠳᠤ | ᠱᠠᠭᠠᠷᠳᠠᠭᠳᠠᠬᠤ ᠵᠠᠷᠤᠳᠠᠯ ᠢ ᠪᠠᠲᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠮᠴᠢᠯᠡᠬᠦ᠂ | ᠠᠷᠢᠭᠤᠳᠬᠠᠬᠤ ᠵᠡᠷᠭᠡ ᠶᠢᠨ ᠡᠮ ᠲᠠᠩ᠂ ᠤᠷᠪᠠᠯᠵᠢ᠂ ᠲᠣᠨᠤᠭ ᠲᠥᠬᠦᠭᠡᠷᠦᠮᠵᠢ ᠵᠡᠷᠭᠡ ᠦᠨᠳᠦᠰᠦᠨ ᠬᠡᠷᠡᠭᠯᠡᠭᠡᠨ ᠤ | ᠵᠠᠷᠤᠳᠠᠯ ᠢ ᠪᠠᠲᠤᠯᠠᠬᠤ᠂ ᠠᠪᠤᠷᠠᠨ ᠵᠠᠰᠠᠬᠤ᠂ ᠰᠡᠷᠭᠡᠶᠢᠯᠡᠨ ᠡᠵᠡᠮᠳᠡᠬᠦ᠂ ᠪᠠᠶᠢᠴᠠᠭᠠᠯᠲᠠ ᠬᠢᠬᠦ ᠵᠢᠴᠢ ᠬᠢᠵᠢᠭ ᠤᠨ | ᠪᠠᠶᠢᠳᠠᠯ ᠤᠨ ᠬᠤᠭᠤᠴᠠᠭᠠᠨ ᠳᠠᠬᠢ ᠨᠡᠶᠢᠭᠡᠮ ᠤᠨ ᠬᠥᠭᠵᠢᠯᠲᠡ ᠶᠢᠨ ᠲᠣᠭᠲᠠᠭᠤᠨ ᠳᠤ ᠱᠠᠭᠠᠷᠳᠠᠭᠳᠠᠬᠤ ᠪᠤᠰᠤᠳ | ᠦᠨᠳᠦᠰᠦᠨ ᠡᠳ᠋ ᠪᠣᠳᠠᠰ ᠤᠨ ᠵᠠᠷᠤᠳᠠᠯ ᠢ ᠪᠠᠲᠤᠯᠠᠬᠤ ᠶᠢ ᠬᠠᠷᠢᠭᠤᠴᠠᠪᠠ᠃ ᠡᠭᠦᠨ ᠤ ᠬᠠᠮᠲᠤ᠂ ᠬᠤᠲᠠ ᠶᠢᠨ ᠲᠤᠰ | ᠱᠠᠲᠤᠨ ᠤ ᠰᠠᠩ ᠤᠨ ᠵᠣᠭᠤᠰ ᠮᠥᠩᠭᠦ ᠶᠢ ᠬᠢᠨᠠᠨ ᠡᠵᠡᠮᠳᠡᠵᠦ᠂ ᠬᠤᠰᠢᠭᠤ ᠰᠢᠶᠠᠨ ᠲᠣᠭᠤᠷᠢᠭ ᠤᠨ ᠰᠠᠩ ᠤᠨ | ᠵᠣᠭᠤᠰ ᠮᠥᠩᠭᠦ ᠶᠢᠨ ᠪᠠᠶᠢᠳᠠᠯ ᠢ ᠬᠢᠨᠠᠨ ᠡᠵᠡᠮᠳᠡᠵᠦ ᠵᠣᠬᠢᠴᠠᠭᠤᠯᠬᠤ ᠠᠵᠢᠯ ᠢ ᠬᠠᠷᠢᠭᠤᠴᠠᠪᠠ᠃ 3 ᠳ᠋ᠤᠭᠠᠷ | ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ ᠶᠢᠨ 11 ᠴᠠᠭ ᠪᠣᠯᠲᠠᠯ᠎ᠠ᠂ ᠮᠠᠨ ᠤ ᠬᠤᠲᠠ ᠶᠢᠨ ᠲᠤᠰ ᠱᠠᠲᠤ | ᠪᠠ ᠬᠤᠰᠢᠭᠤ ᠰᠢᠶᠠᠨ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡ ᠮᠥᠩᠭᠦ ᠨᠡᠶᠢᠲᠡ | 12416.38 ᠲᠦᠮᠡᠨ ᠲᠥᠭᠦᠷᠢᠭ ᠪᠠᠭᠤᠯᠭᠠᠪᠠ᠃ ᠡᠭᠦᠨ ᠳᠤ᠂ ᠬᠤᠲᠠ ᠶᠢᠨ ᠲᠤᠰ ᠱᠠᠲᠤ 2546.51 | ᠲᠦᠮᠡᠨ ᠲᠥᠭᠦᠷᠢᠭ᠂ ᠬᠤᠰᠢᠭᠤ ᠰᠢᠶᠠᠨ ᠲᠣᠭᠤᠷᠢᠭ 9869.87 ᠲᠦᠮᠡᠨ ᠲᠥᠭᠦᠷᠢᠭ ᠪᠠᠭᠤᠯᠭᠠᠪᠠ᠃ ᠡᠭᠦᠨ ᠤ | ᠳᠣᠲᠣᠷ᠎ᠠ᠂ ᠪᠡᠯᠡᠳᠬᠡᠮᠵᠢ ᠪᠠ ᠰᠡᠷᠭᠡᠶᠢᠯᠡᠨ ᠡᠵᠡᠮᠳᠡᠬᠦ ᠡᠳ᠋ ᠪᠣᠳᠠᠰ ᠲᠤ 5703.71 ᠲᠦᠮᠡᠨ ᠲᠥᠭᠦᠷᠢᠭ᠂ | ᠰᠡᠷᠭᠡᠶᠢᠯᠡᠨ ᠡᠵᠡᠮᠳᠡᠬᠦ ᠠᠵᠢᠯᠲᠠᠳ ᠤᠨ ᠨᠥᠬᠦᠪᠦᠷᠢ ᠳᠤ 197.82 ᠲᠦᠮᠡᠨ ᠲᠥᠭᠦᠷᠢᠭ᠂ ᠡᠮᠴᠢᠯᠡᠭᠡᠨ ᠤ ᠠᠪᠤᠷᠠᠨ | ᠵᠠᠰᠠᠬᠤ ᠳᠤ 23.2 ᠲᠦᠮᠡᠨ ᠲᠥᠭᠦᠷᠢᠭ ᠵᠠᠷᠤᠴᠠᠭᠤᠯᠵᠤ᠂ ᠪᠤᠰᠤᠳ ᠤᠴᠢᠷ ᠲᠤ 2408.74 ᠲᠥᠭᠦᠷᠢᠭ | ᠵᠠᠷᠤᠴᠠᠭᠤᠯᠪᠠ᠃ ᠬᠤᠶᠠᠳᠤᠭᠠᠷ ᠨᠢ ᠶᠡᠷᠦᠩᠬᠡᠢ ᠵᠣᠬᠢᠴᠠᠭᠤᠯᠬᠤ ᠳᠤᠭᠤᠶᠢᠯᠠᠩ᠂ ᠪᠦᠬᠦ ᠬᠤᠲᠠ ᠶᠢᠨ ᠰᠡᠷᠭᠡᠶᠢᠯᠡᠨ | ᠡᠵᠡᠮᠳᠡᠬᠦ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠤᠯᠠᠮᠵᠢᠯᠠᠵᠤ᠂ ᠮᠠᠨ ᠤ ᠲᠣᠪᠴᠢᠶ᠎ᠠ ᠶᠢᠨ ᠰᠡᠷᠭᠡᠶᠢᠯᠡᠨ ᠡᠵᠡᠮᠳᠡᠬᠦ | ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠨ᠂ ᠪᠢᠴᠢᠭ ᠮᠠᠲ᠋ᠧᠷᠢᠶᠠᠯ ᠤᠨ ᠴᠠᠭ ᠲᠠᠭᠠᠨ ᠡᠷᠭᠢᠯᠳᠦᠬᠦ ᠶᠢ | ᠪᠠᠲᠤᠯᠠᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ | ᠳᠤᠭᠤᠶᠢᠯᠠᠩ ᠲᠠᠢ ᠠᠵᠢᠯ ᠵᠣᠬᠢᠴᠠᠭᠤᠯᠤᠨ ᠬᠠᠮᠵᠢᠯᠴᠠᠬᠤ ᠪᠠ ᠮᠡᠳᠡᠭᠡ ᠵᠠᠩᠭᠢ ᠰᠣᠯᠢᠯᠴᠠᠬᠤ ᠵᠡᠷᠭᠡ ᠠᠵᠢᠯ ᠢ | ᠭᠤᠣᠯᠳᠠᠯᠭ᠎ᠠ ᠲᠠᠢ ᠬᠠᠷᠢᠭᠤᠴᠠᠪᠠ᠃ ᠭᠤᠷᠪᠠᠳᠤᠭᠠᠷ ᠨᠢ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠳᠤᠭᠤᠶᠢᠯᠠᠩ᠂ | ᠠᠯᠪᠠᠨ ᠰᠦᠯᠵᠢᠶ᠎ᠡ᠂ ᠵᠢᠷᠭᠢᠭᠡ᠂ ᠵᠠᠰᠠᠭ ᠤᠨ ᠶᠠᠪᠤᠳᠠᠯ ᠤᠨ ᠪᠢᠴᠢᠯ ᠪᠦᠷᠭᠡ ᠪᠣᠯᠣᠨ LED ᠳᠡᠯᠭᠡᠴᠡ ᠵᠡᠷᠭᠡ | ᠵᠠᠭᠤᠴᠢᠯᠠᠭᠤᠷ ᠢ ᠠᠰᠢᠭᠯᠠᠨ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠨᠡᠶᠢᠲᠡᠯᠡᠨ᠂ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠴᠠᠭ | ᠲᠤᠬᠠᠢ ᠳᠤᠨᠢ ᠤᠯᠠᠮᠵᠢᠯᠠᠵᠤ᠂ ᠡᠳ᠋ ᠤᠨ ᠵᠠᠰᠠᠭ ᠤᠨ ᠠᠵᠢᠯ ᠤᠨ ᠪᠠᠶᠢᠳᠠᠯ ᠳᠤ ᠬᠠᠷᠢᠭᠤ ᠲᠤᠰᠬᠠᠬᠤ ᠠᠵᠢᠯ ᠢ | ᠬᠠᠷᠢᠭᠤᠴᠠᠪᠠ᠃ ᠳᠥᠷᠪᠡᠳᠦᠭᠡᠷ ᠨᠢ ᠰᠡᠷᠭᠡᠶᠢᠯᠡᠨ ᠡᠵᠡᠮᠳᠡᠬᠦ ᠵᠢᠯᠣᠭᠤᠳᠬᠤ ᠳᠤᠭᠤᠶᠢᠯᠠᠩ᠂ ᠲᠣᠪᠴᠢᠶ᠎ᠠ ᠶᠢᠨ | ᠥᠪᠡᠷ ᠤᠨ ᠠᠵᠢᠯᠲᠠᠨ ᠤ ᠬᠠᠮᠢᠶᠠᠷᠤᠯᠲᠠ ᠡᠵᠡᠮᠳᠡᠯ ᠢ ᠰᠠᠶᠢᠲᠤᠷ ᠬᠢᠵᠦ᠂ ᠴᠠᠭᠠᠨ ᠰᠠᠷ᠎ᠠ ᠶᠢᠨ ᠠᠮᠠᠷᠠᠯᠲᠠ ᠳᠤ | ᠭᠠᠳᠠᠭᠰᠢ ᠭᠠᠷᠤᠭᠰᠠᠨ ᠬᠥᠮᠥᠨ ᠤ ᠪᠠᠶᠢᠭ᠎ᠠ ᠭᠠᠵᠠᠷ ᠤᠨ ᠶᠡᠷᠦᠩᠬᠡᠢ ᠪᠠᠶᠢᠳᠠᠯ᠂ ᠬᠤᠪᠢ ᠬᠥᠮᠥᠨ ᠤ ᠭᠡᠷ ᠲᠡᠭᠡᠨ | ᠰᠢᠨᠵᠢᠯᠡᠬᠦ ᠪᠠᠶᠢᠳᠠᠯ᠂ ᠬᠤᠪᠧᠢ ᠶᠢᠨ ᠬᠥᠮᠥᠨ ᠲᠠᠢ ᠣᠶᠢᠷᠠᠲᠤᠭᠰᠠᠨ ᠪᠠᠶᠢᠳᠠᠯ ᠵᠢᠴᠢ ᠪᠡᠶ᠎ᠡ ᠮᠠᠬᠠᠪᠤᠳ ᠤᠨ ᠪᠠᠶᠢᠳᠠᠯ ᠢ | ᠣᠨᠣᠪᠴᠢᠲᠠᠢ ᠡᠵᠡᠮᠰᠢᠬᠦ᠂ ᠭᠠᠳᠠᠭᠰᠢ ᠭᠠᠷᠤᠭᠰᠠᠨ ᠬᠥᠮᠥᠨ ᠤ ᠪᠤᠴᠠᠵᠤ ᠢᠷᠡᠬᠦ ᠴᠠᠭ᠂ ᠵᠠᠮ ᠬᠠᠷᠢᠯᠴᠠᠭᠠᠨ ᠤ | ᠪᠠᠭᠠᠵᠢ ᠵᠡᠷᠭᠡ ᠶᠢ ᠡᠵᠡᠮᠰᠢᠬᠦ ᠶᠢ ᠬᠠᠷᠢᠭᠤᠴᠠᠪᠠ᠃ ᠲᠠᠪᠤᠳᠤᠭᠠᠷ ᠨᠢ ᠪᠠᠶᠢᠭᠤᠯᠭ᠎ᠠ ᠶᠢᠨ ᠪᠠᠲᠤᠯᠠᠭ᠎ᠠ ᠶᠢᠨ ᠳᠤᠭᠤᠶᠢᠯᠠᠩ | ᠂ ᠪᠠᠶᠢᠭᠤᠯᠭ᠎ᠠ ᠶᠢᠨ ᠬᠠᠩᠭᠠᠯᠭ᠎ᠠ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ᠂ ᠠᠳᠠᠯ ᠠᠬᠤᠢ ᠶᠢᠨ ᠠᠵᠢᠯᠲᠠᠨ ᠤ ᠵᠢᠵᠢᠭᠦᠷ ᠤᠨ | ᠠᠵᠢᠯ ᠢ ᠲᠣᠬᠢᠷᠠᠭᠤᠯᠤᠨ ᠵᠣᠬᠢᠴᠠᠭᠤᠯᠬᠤ ᠶᠢ ᠬᠠᠷᠢᠭᠤᠴᠠᠪᠠ᠃ | 7. ᠬᠥᠲᠥᠯᠥᠭᠴᠢ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠦᠢᠯᠡᠴᠢᠯᠡᠭᠰᠡᠨ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠬᠡᠷᠡᠭᠯᠡᠭᠰᠡᠨ ᠪᠤᠢ︖ | | 8. ᠯᠢ ᠵᠢᠩ ᠰᠢᠶᠠᠨ | ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠢ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠬᠦᠯᠢᠶᠡᠭᠰᠡᠨ ᠤ ᠳᠠᠷᠠᠭ᠎ᠠ᠂ ᠪᠢᠳᠠᠨ ᠢᠳᠡᠪᠬᠢᠲᠡᠢ ᠬᠥᠳᠡᠯᠦᠯᠴᠡᠵᠦ᠂ ᠲᠡᠷᠡ ᠳᠠᠷᠤᠢ ᠪᠦᠬᠦ | ᠲᠣᠪᠴᠢᠶ᠎ᠠ ᠶᠢᠨ ᠨᠠᠮ ᠤᠨ ᠭᠡᠰᠢᠭᠦᠨ ᠺᠠᠳ᠋ᠷᠴᠤᠳ 184 ᠬᠥᠮᠥᠨ ᠢ ᠵᠣᠬᠢᠶᠠᠨ ᠪᠠᠶᠢᠭᠤᠯᠤᠨ᠂ ᠬᠤᠲᠣᠩ ᠠᠷᠠᠳ ᠤᠨ | ᠲᠣᠭᠤᠷᠢᠭ ᠤᠨ ᠬᠤᠸᠠᠢ ᠾᠧ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ᠂ ᠠᠵᠢᠯ ᠤᠨ ᠪᠠᠶᠢᠷᠢᠨ ᠳᠠᠭᠠᠨ | ᠪᠠᠶᠢᠭ᠎ᠠ ᠨᠠᠮ ᠤᠨ ᠭᠡᠰᠢᠭᠦᠨ ᠤ ᠰᠠᠭᠤᠭ᠎ᠠ ᠨᠡᠶᠢᠭᠡᠮ ᠲᠣᠭᠤᠷᠢᠭ ᠪᠣᠯᠣᠨ ᠰᠠᠶᠢᠬᠠᠨ ᠲᠣᠭᠤᠷᠢᠭ ᠤᠨ ᠴᠢᠶᠥᠥ ᠬᠤᠸᠠ | ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ 2900 ᠬᠥᠮᠥᠨ ᠤᠳᠠᠭ᠎ᠠ | ᠪᠦᠬᠦ ᠬᠦᠴᠦᠨ ᠢᠶᠠᠷ ᠲᠤᠰᠠᠯᠠᠵᠤ᠂ ᠵᠣᠬᠢᠶᠠᠨ ᠪᠠᠶᠢᠭᠤᠯᠤᠨ ᠤᠳᠤᠷᠢᠳᠬᠤ᠂ ᠨᠡᠶᠢᠭᠡᠮ ᠲᠣᠭᠤᠷᠢᠭ ᠤᠨ ᠰᠡᠷᠭᠡᠶᠢᠯᠡᠨ | ᠡᠵᠡᠮᠳᠡᠬᠦ᠂ ᠨᠢᠭᠡᠳᠦᠭᠡᠷ ᠹᠷᠣᠨᠲ ᠢ ᠲᠤᠰᠠᠯᠠᠬᠤ᠂ ᠤᠬᠠᠭᠤᠯᠤᠨ ᠵᠢᠯᠣᠭᠤᠳᠬᠤ᠂ ᠦᠨᠳᠦᠰᠦᠨ ᠱᠠᠲᠤᠨ ᠤ | ᠵᠠᠰᠠᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠨᠠᠷᠢᠯᠢᠭ ᠮᠥᠷᠲᠡᠭᠡᠨ ᠪᠣᠳᠠᠲᠠᠢ ᠬᠢᠪᠡ᠃ ᠨᠢᠭᠡ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠭᠰᠠᠨ ᠲᠠᠯ᠎ᠠ ᠪᠠᠷ ᠨᠢᠭᠡ ᠳᠤ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ | ᠬᠤᠶᠠᠷ ᠲᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠠᠷᠤᠢ ᠲᠦᠷᠭᠡᠨ ᠲᠦᠷ ᠴᠠᠭ ᠤᠨ ᠨᠠᠮ ᠤᠨ ᠡᠭᠦᠷ | ᠪᠠᠶᠢᠭᠤᠯᠪᠠ᠃ ᠭᠤᠷᠪᠠ ᠳᠤ᠂ ᠥᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠣᠯᠣᠨ᠂ ᠤᠳᠤᠷᠢᠳᠬᠤ ᠪᠠᠭ ᠤᠨ | ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠪᠡ᠃ ᠬᠤᠶᠠᠷ᠂ ᠰᠢᠯᠢᠳᠡᠭ ᠬᠦᠴᠦᠨ ᠢ ᠪᠠᠭᠤᠯᠭᠠᠵᠤ᠂ | ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠲᠠᠯ᠎ᠠ ᠪᠠᠷ ᠨᠢᠭᠡ ᠳᠤ᠂ ᠬᠤᠰᠢᠭᠤᠴᠢ ᠶᠢᠨ ᠦᠢᠯᠡᠳᠦᠯ ᠢ | ᠪᠠᠳᠠᠷᠠᠭᠤᠯᠵᠤ᠂ ᠠᠵᠢᠯ ᠤᠨ ᠪᠠᠶᠢᠷᠢᠨ ᠳᠠᠭᠠᠨ ᠪᠠᠶᠢᠭ᠎ᠠ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠨᠡᠶᠢᠭᠡᠮ | ᠲᠣᠭᠤᠷᠢᠭ ᠲᠤ ᠨᠡᠷ᠎ᠡ ᠮᠡᠳᠡᠭᠦᠯᠪᠡ᠃ ᠬᠤᠶᠠᠷ ᠲᠤ᠂ ᠺᠠᠳ᠋ᠷᠴᠤᠳ ᠢ ᠵᠣᠬᠢᠶᠠᠨ ᠪᠠᠶᠢᠭᠤᠯᠤᠨ ᠠᠶᠢᠯ ᠡᠷᠦᠬᠡ ᠳᠤ | ᠣᠷᠣᠵᠤ ᠪᠠᠶᠢᠳᠠᠯ ᠢ ᠣᠶᠢᠯᠠᠭᠠᠨ᠂ ᠮᠡᠳᠡᠭᠡ ᠵᠠᠩᠭᠢ ᠶᠢᠨ ᠴᠠᠭ ᠲᠤᠬᠠᠶᠢᠴᠢ ᠣᠨᠣᠪᠴᠢᠲᠠᠢ ᠪᠠᠶᠢᠬᠤ ᠶᠢ ᠪᠠᠲᠤᠯᠠᠪᠠ᠃ | ᠭᠤᠷᠪᠠ ᠳᠤ᠂ ᠦᠢᠯᠡᠴᠢᠯᠡᠬᠦ ᠬᠦᠴᠦᠨ ᠢᠶᠠᠨ ᠴᠢᠩᠭᠠᠳᠬᠠᠵᠤ᠂ ᠺᠠᠳ᠋ᠷ ᠨᠡᠮᠡᠨ ᠵᠢᠵᠢᠭᠦᠷᠯᠡᠨ ᠰᠠᠬᠢᠪᠠ᠃ ᠳᠥᠷᠪᠡ ᠳᠤ᠂ | ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠡᠶᠢᠭᠡᠮ ᠲᠣᠭᠤᠷᠢᠭ ᠤᠨ ᠬᠢᠵᠢᠭ ᠤᠨ | ᠪᠠᠶᠢᠳᠠᠯ ᠤᠨ ᠬᠤᠷᠢᠭᠯᠠᠯᠲᠠ ᠶᠢᠨ ᠱᠤᠭᠤᠮ ᠢ ᠪᠠᠬᠢᠵᠢᠭᠦᠯᠪᠡ᠃ ᠲᠠᠪᠤ ᠳᠤ᠂ ᠡᠷᠡᠭᠦᠯ ᠬᠠᠮᠠᠭᠠᠯᠠᠯ ᠤᠨ | ᠪᠠᠶᠢᠴᠠᠭᠠᠯᠲᠠ ᠶᠢ ᠴᠢᠩᠭᠠᠳᠬᠠᠵᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠪᠠ᠃ ᠭᠤᠷᠪᠠ᠂ ᠡᠳ᠋ | ᠪᠣᠳᠠᠰ ᠤᠨ ᠬᠠᠩᠭᠠᠯᠭ᠎ᠠ ᠶᠢ ᠪᠠᠲᠤᠯᠠᠵᠤ᠂ ᠨᠢᠭᠡᠳᠦᠭᠡᠷ ᠹᠷᠣᠨᠲ ᠢ ᠲᠤᠰᠠᠯᠠᠬᠤ ᠪᠠᠨ ᠴᠢᠩᠭᠠᠳᠬᠠᠪᠠ᠃ ᠨᠢᠭᠡ ᠳᠤ᠂ | ᠪᠠᠴᠢᠮ ᠬᠡᠷᠡᠭᠯᠡᠭᠳᠡᠬᠦ ᠡᠳ᠋ ᠪᠣᠳᠠᠰ ᠢ ᠪᠦᠬᠦ ᠬᠦᠴᠦ ᠪᠠᠷ ᠢᠶᠠᠨ ᠴᠤᠭᠯᠠᠭᠤᠯᠵᠤ᠂ ᠬᠠᠩᠭᠠᠯᠭ᠎ᠠ ᠶᠢᠨ ᠱᠠᠭᠠᠷᠳᠠᠯᠭ᠎ᠠ ᠶᠢ | ᠪᠠᠲᠤᠯᠠᠪᠠ᠃ ᠬᠤᠶᠠᠷ ᠲᠤ᠂ ᠠᠵᠢᠯᠲᠠᠨ ᠤ ᠠᠵᠢᠯᠯᠠᠵᠤ ᠠᠮᠠᠷᠠᠬᠤ ᠣᠷᠣᠨ ᠪᠠᠶᠢᠷᠢ ᠶᠢ ᠰᠢᠢᠳᠪᠦᠷᠢᠯᠡᠵᠦ᠂ | ᠵᠢᠵᠢᠭᠦᠷᠯᠡᠨ ᠰᠠᠬᠢᠬᠤ ᠶᠢ ᠡᠮᠬᠢ ᠵᠢᠷᠤᠮᠵᠢᠭᠤᠯᠪᠠ᠃ ᠳᠥᠷᠪᠡ᠂ ᠰᠠᠶᠢᠨ ᠰᠠᠶᠢᠬᠠᠨ ᠠᠭᠤᠷ ᠠᠮᠢᠰᠬᠤᠯ ᠢ | ᠪᠦᠷᠢᠯᠳᠦᠭᠦᠯᠵᠦ᠂ ᠤᠬᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠪᠡ᠃ ᠲᠠᠪᠤ᠂ ᠬᠠᠮᠢᠶᠠᠷᠤᠯᠲᠠ ᠶᠢᠨ ᠰᠠᠶᠢᠨ | ᠠᠷᠭ᠎ᠠ ᠶᠢ ᠬᠠᠮᠲᠤ ᠪᠠᠷ ᠰᠦᠪᠡᠭᠴᠢᠯᠡᠨ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠪᠠ᠃ 9. | ᠬᠥᠲᠥᠯᠥᠭᠴᠢ ᠣᠷᠴᠢᠮᠬᠠᠨ᠂ ᠶᠡᠷᠦᠩᠬᠡᠢ ᠱᠦᠵᠢ ᠰᠢ ᠶᠢᠨ ᠫᠢᠩ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠨ ᠲᠦᠯᠬᠢᠨ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠵᠤ ᠴᠢᠬᠤᠯᠠ | ᠶᠠᠷᠢᠶ᠎ᠠ ᠲᠠᠯᠪᠢᠬᠤ ᠳᠠᠭᠠᠨ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠡᠭᠦᠷᠭᠡ ᠶᠢ ᠡᠷᠡᠰ ᠪᠡᠶᠡᠯᠡᠭᠦᠯᠵᠦ᠂ ᠬᠢᠵᠢᠭ ᠤᠨ ᠪᠠᠶᠢᠳᠠᠯ ᠤᠨ ᠨᠥᠯᠥᠭᠡ ᠶᠢ ᠴᠢᠷᠮᠠᠶᠢᠨ ᠲᠡᠪᠴᠢᠵᠦ᠂ ᠡᠷᠬᠡᠪᠰᠢ | ᠦᠷᠭᠦᠯᠵᠢᠯᠡᠨ ᠴᠢᠷᠮᠠᠶᠢᠨ᠂ ᠪᠣᠭᠤᠮᠲᠠ ᠰᠢᠪᠲᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ | ᠬᠡᠷᠡᠭᠲᠡᠢ ᠭᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠳᠤ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠬᠠᠷᠢᠭᠤᠴᠠᠯᠭ᠎ᠠ ᠪᠠᠨ ᠬᠡᠷᠬᠢᠨ ᠱᠠᠲᠤ ᠱᠠᠲᠤ ᠪᠠᠷ | ᠪᠣᠳᠠᠲᠠᠶᠢᠵᠢᠭᠤᠯᠤᠨ᠂ ᠠᠵᠢᠯ ᠢᠶᠠᠨ ᠪᠠᠶᠢᠷᠢᠯᠠᠭᠤᠯᠤᠭᠰᠠᠨ ᠪᠤᠢ︖ | 10. ᠯᠢ ᠰᠢᠶᠣᠣ ᠢᠦᠢ | 2020 ᠣᠨ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ | ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠪᠦᠬᠦ ᠲᠠᠯ᠎ᠠ ᠪᠠᠷ ᠣᠯᠵᠤ᠂ ᠴᠢᠨᠡᠭᠡᠯᠢᠭ ᠨᠡᠶᠢᠭᠡᠮ ᠢ ᠪᠠᠶᠢᠭᠤᠯᠬᠤ | ᠰᠡᠭᠦᠯ ᠬᠤᠷᠢᠶᠠᠬᠤ ᠵᠢᠯ ᠪᠣᠯᠣᠨ᠎ᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ | ᠦᠷᠭᠦᠯᠵᠢᠯᠡᠨ ᠰᠠᠶᠢᠨ ᠬᠢᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠶᠠᠳᠠᠭᠤ ᠶᠢ ᠪᠠᠭᠠᠰᠬᠠᠵᠤ ᠪᠠᠶᠠᠵᠢᠬᠤ ᠶᠢ | ᠳᠠᠶᠢᠴᠢᠯᠠᠬᠤ ᠦᠢᠯᠡᠳᠦᠯ ᠢ ᠨᠡᠩ ᠭᠦᠢᠴᠡᠳ ᠪᠠᠳᠠᠷᠠᠭᠤᠯᠬᠤ ᠨᠢ᠂ ᠣᠳᠣᠬᠠᠨ ᠤ ᠡᠳ᠋ ᠤᠨ ᠵᠠᠰᠠᠭ ᠤᠨ ᠶᠠᠳᠠᠭᠤ ᠶᠢ | ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠭᠤᠣᠯᠳᠠᠯᠭ᠎ᠠ ᠲᠠᠢ ᠡᠭᠦᠷᠭᠡ ᠮᠥᠨ᠃ ᠡᠭᠦᠨ ᠤ ᠲᠤᠰᠠᠳᠠ᠂ | ᠡᠳ᠋ ᠤᠨ ᠵᠠᠰᠠᠭ ᠤᠨ ᠲᠣᠪᠴᠢᠶ᠎ᠠ ᠨᠢ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠩᠭᠠᠯᠭ᠎ᠠ ᠶᠢᠨ ᠰᠢᠰᠲ᠋ᠧᠮᠵᠢ ᠶᠢ | ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠳᠤ ᠲᠣᠬᠢᠷᠠᠭᠤᠯᠤᠯᠲᠠ | ᠬᠢᠵᠦ᠂ ᠲᠥᠪᠯᠡᠷᠡᠭᠰᠡᠨ ᠡᠳ᠋ ᠤᠨ ᠬᠦᠴᠦᠨ ᠢᠶᠠᠷ ᠳᠤᠲᠠᠭᠤᠳᠠᠯ ᠢᠶᠠᠨ ᠨᠥᠬᠦᠪᠦᠷᠢᠯᠡᠨ᠂ ᠪᠠᠭᠤᠷᠠᠢ ᠪᠠᠨ | ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢᠨ ᠵᠠᠯᠭᠠᠮᠵᠢ ᠬᠦᠭᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢᠨ ᠲᠣᠭᠲᠠᠭᠰᠠᠨ ᠬᠤᠭᠤᠴᠠᠭᠠᠨ ᠳᠠᠭᠠᠨ ᠪᠦᠬᠦ | ᠲᠠᠯ᠎ᠠ ᠪᠠᠷ ᠪᠡᠶᠡᠯᠡᠭᠳᠡᠬᠦ ᠶᠢ ᠪᠠᠲᠤᠯᠠᠪᠠ᠃ ᠨᠢᠭᠡ᠂ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠪᠠᠨ | ᠦᠷᠭᠦᠯᠵᠢᠯᠡᠨ ᠨᠡᠮᠡᠭᠳᠡᠭᠦᠯᠪᠡ᠃ ︽ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠪᠠᠨ ᠪᠠᠭᠤᠷᠠᠭᠤᠯᠬᠤ | ᠦᠭᠡᠢ︾ ᠠᠵᠢᠯ ᠤᠨ ᠵᠠᠷᠴᠢᠮ ᠢ ᠪᠠᠷᠢᠮᠲᠠᠯᠠᠨ᠂ 2020 ᠣᠨ ᠤ ᠬᠤᠲᠠ ᠶᠢᠨ ᠲᠡᠰ ᠤᠨ ᠶᠠᠳᠠᠭᠤ ᠶᠢ ᠲᠡᠳᠬᠦᠬᠦ | ᠲᠥᠷᠥᠯ ᠵᠦᠢᠯ ᠤᠨ ᠲᠥᠰᠥᠪ ᠲᠤ 3.3 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠵᠠᠰᠠᠭ ᠤᠨ ᠣᠷᠳᠣᠨ ᠤ | ᠣᠷᠣᠭᠤᠯᠤᠯᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠠᠬᠢ ᠵᠢᠯᠣᠭᠤᠳᠬᠤ ᠪᠠᠶᠢᠷᠢ | ᠰᠠᠭᠤᠷᠢ ᠶᠢ ᠢᠳᠡᠪᠬᠢᠲᠡᠢ ᠪᠠᠳᠠᠷᠠᠭᠤᠯᠪᠠ᠃ ᠬᠤᠶᠠᠷ᠂ ᠪᠡᠯᠡ ᠮᠥᠩᠭᠦ ᠶᠢᠨ ᠣᠷᠣᠭᠤᠯᠤᠯᠲᠠ ᠶᠢ ᠶᠠᠳᠠᠭᠤ | ᠬᠦᠴᠢᠷᠳᠡᠯᠲᠡᠢ ᠭᠠᠵᠠᠷ ᠣᠷᠣᠨ ᠤᠷᠤᠭᠤ ᠬᠡᠯᠪᠠᠶᠢᠯᠭᠡᠬᠦ ᠶᠢ ᠪᠠᠷᠢᠮᠲᠠᠯᠠᠪᠠ᠃ ᠭᠤᠷᠪᠠ᠂ ᠪᠡᠯᠡ ᠮᠥᠩᠭᠦ ᠶᠢ | ᠨᠢᠭᠡᠳᠦᠯᠲᠡᠢ ᠲᠥᠯᠥᠪᠵᠢᠭᠦᠯᠦᠨ ᠬᠡᠷᠡᠭᠯᠡᠬᠦ ᠶᠢ ᠴᠢᠩᠭᠠᠳᠬᠠᠪᠠ᠃ ᠳᠥᠷᠪᠡ᠂ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ | 11. ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠪᠠᠶᠢᠴᠠᠭᠠᠨ ᠰᠤᠳᠤᠯᠤᠭᠴᠢ ᠯᠢ ᠵᠢᠩ ᠰᠢᠶᠠᠨ | ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠶᠢᠨ ᠠᠵᠢᠯᠲᠠᠨ ᠯᠢ ᠰᠢᠶᠣᠣ ᠢᠦᠢ ᠳᠤ ᠲᠠᠯᠠᠷᠬᠠᠯ᠎ᠠ᠂ ᠰᠦᠯᠵᠢᠶᠡᠨ | ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠤᠭᠰᠠᠨ ᠳᠤ ᠲᠠᠯᠠᠷᠬᠠᠯ᠎ᠠ᠃ ᠡᠨᠡ ᠤᠳᠠᠭ᠎ᠠ ᠶᠢᠨ ᠰᠤᠷᠪᠤᠯᠵᠢᠯᠠᠭ᠎ᠠ | ᠠᠳᠡ ᠬᠦᠷᠦᠭᠡᠳ ᠦᠨᠳᠦᠷᠯᠡᠯ᠎ᠡ᠃ | |