| | | ᠵᠣᠴᠢᠨ᠄ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠤᠨ | ᠱᠦᠵᠢ᠂ ᠲᠣᠪᠴᠢᠶᠠᠨ ᠳᠠᠷᠤᠭ᠎ᠠ ᠦ᠋ ᠴᠧᠩ ᠢ ᠨᠠᠮ ᠪᠠ ᠣᠯᠠᠨ ᠲᠦᠮᠡᠨ ᠤ ᠠᠯᠪᠠᠨ ᠭᠡᠷ ᠤᠨ ᠡᠷᠬᠢᠯᠡᠭᠴᠢ ᠳ᠋ᠦᠩ | ᠷᠦᠢ ᠺᠠᠩ ᠵᠠᠰᠠᠮᠠᠯ ᠵᠠᠮ ᠤᠨ ᠰᠠᠯᠠᠭ᠎ᠠ ᠶᠢᠨ ᠳᠠᠷᠤᠭ᠎ᠠ ᠬᠤ᠋ ᠸᠧᠢ ᠬᠤᠸᠠ ᠲᠡᠭᠡᠭᠡᠪᠦᠷᠢ ᠶᠢᠨ ᠰᠠᠯᠠᠭ᠎ᠠ ᠶᠢᠨ ᠳᠠᠷᠤᠭ᠎ᠠ | ᠰᠢᠤᠸᠠᠢ ᠵᠧᠩ ᠴᠢ ᠠᠯᠪᠠᠨ ᠭᠡᠷ ᠤᠨ ᠡᠷᠬᠢᠯᠡᠭᠴᠢ ᠭᠡᠰᠢᠭᠦᠨ ᠯᠢ ᠷᠦᠢ ᠮᠢᠩ ᠵᠠᠮ ᠬᠠᠷᠢᠯᠴᠠᠭ᠎ᠠ ᠶᠢᠨ ᠶᠡᠷᠦᠩᠬᠡᠢ | ᠮᠡᠳᠡᠭᠡ ᠵᠠᠩᠭᠢ ᠶᠢᠨ ᠲᠥᠪ ᠤᠨ ᠡᠷᠬᠢᠯᠡᠭᠴᠢ ᠰᠢᠶᠧ ᠸᠧᠨ ᠶᠦᠨ | 1. ᠬᠠᠮᠢᠶᠠᠷᠤᠭᠴᠢ | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠦᠬᠡᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ | ᠪᠣᠯᠣᠨ ᠬᠦᠬᠡᠬᠤᠳᠠ ᠶᠢᠨ ᠷᠠᠳᠢᠤ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠨᠡᠪᠳᠡᠷᠡᠭᠦᠯᠭᠡ ᠶᠢᠨ | ᠬᠠᠮᠳᠤᠷᠠᠭᠰᠠᠨ ᠲᠤᠰᠬᠠᠢ ᠰᠤᠷᠪᠤᠯᠵᠢᠯᠠᠭ᠎ᠠ ᠪᠤᠯᠤᠨ᠎ᠠ᠂ ᠰᠦᠯᠵᠢᠶᠡᠨ ᠨᠦᠭᠦᠳ ᠦᠭᠡ ᠦᠯᠡᠳᠡᠭᠡᠵᠦ ᠵᠤᠴᠢᠨ ᠲᠠᠢ | ᠶᠠᠷᠢᠯᠴᠠᠵᠤ ᠪᠤᠯᠤᠨ᠎ᠠ᠂ ᠢᠳᠡᠪᠬᠢᠳᠡᠢ ᠤᠷᠤᠯᠴᠠᠬᠤ ᠶᠢ ᠴᠢᠨᠢ ᠪᠠᠶᠠᠷᠯᠠᠨ ᠤᠭᠳᠤᠵᠤ ᠪᠠᠶᠢᠨ᠎ᠠ᠃ | 2. ᠬᠥᠲᠥᠯᠥᠭᠴᠢ | ᠲᠨ ᠬᠡᠷᠪᠡ ᠮᠠᠨ ᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠵᠢᠯ ᠳᠤ ᠶᠠᠮᠠᠷ ᠰᠠᠨᠠᠯ ᠰᠠᠨᠠᠭᠤᠯᠭ᠎ᠠ | ᠡᠰᠡᠬᠦᠯ᠎ᠡ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ | ᠲᠠᠯ᠎ᠠ ᠪᠠᠷ ᠶᠠᠮᠠᠷ ᠠᠰᠠᠭᠤᠯᠲᠠ ᠪᠠᠶᠢᠪᠠᠯ ᠰᠦᠯᠵᠢᠶᠡᠨ ᠳᠡᠭᠡᠷ᠎ᠡ ᠦᠭᠡ ᠦᠯᠡᠳᠡᠭᠡᠵᠦ᠂ ᠵᠣᠴᠢᠨ ᠲᠠᠢ ᠶᠠᠷᠢᠯᠴᠠᠵᠤ | ᠪᠣᠯᠣᠨ᠎ᠠ᠃ | 3. ᠬᠥᠲᠥᠯᠥᠭᠴᠢ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠨᠠᠮ ᠤᠨ | ᠲᠥᠪ ᠬᠤᠷᠢᠶ᠎ᠠ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠪᠯᠡᠷᠡᠭᠰᠡᠨ ᠨᠢᠭᠡᠳᠦᠯᠲᠡᠢ | ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠨᠢ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠮ | ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ ᠪᠣᠯᠣᠭᠰᠠᠨ ᠤ ᠬᠤᠪᠢ ᠳᠤ ᠵᠠᠮ ᠤᠨ ᠪᠣᠭᠤᠮᠲᠠ᠂ ︽ᠨᠢᠭᠡ | ᠪᠠᠭᠤᠳᠠᠯ ᠬᠤᠶᠠᠷ ᠥᠷᠲᠡᠭᠡ︾᠂ ᠨᠠᠮ ᠤᠨ ᠭᠡᠰᠢᠭᠦᠨ ᠤ ᠬᠤᠰᠢᠭᠤᠴᠢ ᠠᠩᠭᠢ ᠳᠡᠭᠡᠷ᠎ᠡ ᠴᠥᠮ ᠰᠠᠶᠢᠨ ᠦᠢᠯᠡᠳᠦᠯ | ᠦᠵᠡᠭᠦᠯᠪᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠶᠡᠷᠦᠩᠬᠡᠢ ᠠᠵᠢᠯ ᠢ ᠶᠠᠷᠢᠵᠤ ᠥᠭᠬᠦ ᠪᠣᠯᠪᠠ ᠦᠦ | ︖ | 4. ᠦ᠋ ᠴᠧᠩ ᠢ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠮᠠᠨ ᠤ | ᠲᠣᠪᠴᠢᠶ᠎ᠠ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ | ᠰᠠᠶᠢᠲᠤᠷ ᠠᠳᠬᠤᠵᠤ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠠᠵᠢᠯ ᠤᠨ | ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠲᠥᠰᠥᠯ︾ ᠢ ᠲᠣᠭᠲᠠᠭᠠᠵᠤ᠂ ᠵᠠᠮ ᠬᠠᠷᠢᠯᠴᠠᠭ᠎ᠠ ᠶᠢ ᠪᠠᠲᠤᠯᠠᠬᠤ ᠳᠤᠭᠤᠶᠢᠯᠠᠩ ᠤᠨ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠤᠨ᠂ ᠠᠵᠢᠯ ᠤᠨ ᠲᠣᠭᠲᠠᠴᠠ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠤᠬᠢ ᠬᠠᠮᠲᠤᠷᠠᠯᠴᠠᠭ᠎ᠠ ᠶᠢ ᠴᠢᠩᠭᠠᠳᠬᠠᠨ᠂ ᠬᠤᠲᠠ ᠳᠤ | ᠣᠷᠣᠬᠤ ᠨᠢᠭᠡᠳᠦᠭᠡᠷ ᠪᠣᠭᠤᠮᠲᠠ ᠶᠢ ᠴᠢᠩᠭ᠎ᠠ ᠰᠠᠬᠢᠵᠤ᠂ ᠬᠤᠲᠠ ᠶᠢᠨ ᠢᠷᠭᠡᠳ ᠤᠨ ᠶᠠᠪᠤᠵᠤ ᠰᠠᠭᠤᠬᠤ | ᠱᠠᠭᠠᠷᠳᠠᠯᠭ᠎ᠠ ᠶᠢ ᠪᠠᠲᠤᠯᠠᠨ᠂ ᠪᠠᠴᠢᠮ ᠪᠠᠶᠢᠳᠠᠯ ᠢ ᠠᠷᠭᠠᠴᠠᠭᠠᠬᠤ ᠵᠥᠭᠡᠭᠡᠪᠦᠷᠢ ᠶᠢᠨ ᠬᠦᠴᠦᠨ ᠢ ᠵᠣᠬᠢᠶᠠᠨ | ᠪᠠᠶᠢᠭᠤᠯᠤᠨ ᠠᠮᠢᠳᠤᠷᠠᠯ ᠤᠨ ᠡᠳ᠋ ᠪᠣᠳᠠᠰ᠂ ᠰᠡᠷᠭᠡᠶᠢᠯᠡᠨ ᠡᠵᠡᠮᠳᠡᠬᠦ ᠡᠮ ᠲᠠᠩ᠂ ᠲᠣᠨᠤᠭ ᠲᠥᠬᠦᠭᠡᠷᠦᠮᠵᠢ | ᠵᠡᠷᠭᠡ ᠶᠢᠨ ᠵᠥᠭᠡᠭᠡᠪᠦᠷᠢ ᠶᠢᠨ ᠬᠡᠷᠡᠭᠴᠡᠭᠡ ᠶᠢ ᠪᠠᠲᠤᠯᠠᠪᠠ᠃ ᠵᠣᠬᠢᠶᠠᠨ ᠪᠠᠶᠢᠭᠤᠯᠤᠨ ᠤᠳᠤᠷᠢᠳᠬᠤ ᠪᠠᠨ | ᠴᠢᠩᠭᠠᠳᠬᠠᠨ᠂ ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠪᠠᠶᠢᠭᠤᠯᠤᠭᠰᠠᠨ ᠨᠢ ᠣᠷᠣᠭᠤᠯᠤᠯᠲᠠ ᠶᠢᠨ | ᠴᠢᠨᠠᠷᠲᠠᠢ ᠬᠢᠵᠢᠭ ᠤᠨ ᠪᠠᠶᠢᠳᠠᠯ ᠤᠨ ᠬᠤᠲᠠ ᠳᠤ ᠣᠷᠣᠬᠤ ᠶᠢ ᠰᠡᠷᠭᠡᠶᠢᠯᠡᠬᠦ ᠨᠢᠭᠡᠳᠦᠭᠡᠷ ᠬᠤᠷᠢᠭᠯᠠᠯᠲᠠ ᠶᠢᠨ | ᠱᠤᠭᠤᠮ ᠤᠨ ᠭᠤᠣᠯᠯᠠᠭᠴᠢ ᠬᠦᠴᠦᠨ ᠪᠣᠯᠪᠠ᠃ | 5. ᠬᠥᠲᠥᠯᠥᠭᠴᠢ | ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤ ᠦᠶ᠎ᠡ ᠳᠤ ᠣᠷᠣᠵᠤ᠂ ︽ᠭᠠᠳᠠᠨ᠎ᠠ ᠪᠠᠨ ᠣᠷᠣᠵᠤ ᠢᠷᠡᠬᠦ ᠪᠠ | ᠭᠠᠷᠬᠤ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠳᠡᠯᠭᠡᠷᠡᠨ ᠲᠠᠷᠬᠠᠭᠠᠬᠤ ᠶᠢ ᠰᠡᠷᠭᠡᠶᠢᠯᠡᠬᠦ︾ ᠵᠠᠷᠴᠢᠮ ᠶᠣᠰᠣᠭᠠᠷ᠂ | ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢ ᠰᠡᠷᠭᠦᠭᠡᠬᠦ ᠬᠤᠶᠠᠷ ᠲᠠᠯ᠎ᠠ ᠶᠢᠨ ᠠᠵᠢᠯ ᠢ ᠬᠠᠪᠰᠤᠷᠭᠠᠬᠤ ᠲᠠᠯ᠎ᠠ ᠪᠠᠷ | ᠳᠠᠷᠠᠭᠠᠴᠢ ᠶᠢᠨ ᠠᠯᠬᠤᠮ ᠳᠤ ᠶᠠᠮᠠᠷ ᠶᠠᠮᠠᠷ ᠠᠵᠢᠯ ᠬᠢᠬᠦ ᠲᠤᠬᠠᠢ ᠶᠠᠷᠢᠵᠤ ᠥᠭᠭᠦᠨ᠎ᠡ ᠦᠦ︖ | 6.ᠦ᠋ ᠴᠧᠩ ᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ | ᠬᠠᠮᠢᠶ᠎ᠠ ᠪᠦᠬᠦᠢ ᠠᠷᠭ᠎ᠠ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠦᠨ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠬᠦ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ | ᠠᠵᠢᠯ ᠤᠨ ᠵᠠᠮ ᠬᠠᠷᠢᠯᠴᠠᠭᠠᠨ ᠤ ᠪᠠᠲᠤᠯᠠᠭ᠎ᠠ ᠶᠢ ᠰᠠᠶᠢᠲᠤᠷ ᠬᠢᠬᠦ ᠶᠢᠨ ᠲᠥᠯᠥᠭᠡ᠂ ︽ᠵᠠᠮ ᠬᠠᠷᠢᠯᠴᠠᠭ᠎ᠠ | ᠲᠡᠭᠡᠭᠡᠪᠦᠷᠢ ᠶᠢᠨ ᠦᠢᠯᠡᠴᠢᠯᠡᠭᠡ ᠶᠢᠨ ᠪᠠᠲᠤᠯᠠᠭ᠎ᠠ ᠶᠢ ᠰᠡᠷᠭᠦᠭᠡᠬᠦ ᠠᠵᠢᠯ ᠤᠨ ᠲᠥᠰᠥᠯ︾ ︵ᠳᠣᠷᠣᠭᠰᠢ ︽ᠲᠥᠰᠥᠯ | ︾ ᠭᠡᠵᠦ ᠲᠣᠪᠴᠢᠯᠠᠨ᠎ᠠ︶ ᠢ ᠲᠣᠭᠲᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ ᠶᠢᠨ | ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ᠂ ᠴᠢᠨᠠᠭᠰᠢᠳᠠ ᠳᠣᠣᠷᠠᠬᠢ ᠬᠡᠳᠦᠨ ᠲᠠᠯ᠎ᠠ ᠶᠢ ᠰᠠᠶᠢᠲᠤᠷ | ᠬᠢᠨ᠎ᠡ᠄ ᠨᠢᠭᠡ ᠳᠤ᠂ ᠪᠠᠳᠤᠯᠠᠭ᠎ᠠ ᠶᠢᠨ ᠠᠵᠢᠯ ᠢ ᠪᠤᠳᠠᠳᠠᠢ ᠵᠤᠬᠢᠶᠠᠨ ᠪᠠᠶᠢᠭᠤᠯᠵᠤ᠂ ᠬᠠᠷᠢᠭᠤᠴᠠᠯᠭ᠎ᠠ ᠶᠢ ᠦᠨᠡᠨᠬᠦ | ᠨᠠᠶᠢᠳᠠᠪᠤᠷᠢᠵᠢᠭᠤᠯᠤᠨ᠎ᠠ ︽ᠨᠢᠭᠡ ᠶᠢ ᠲᠠᠰᠤᠯᠵᠤ ᠭᠤᠷᠪᠠ ᠶᠢ ᠲᠠᠰᠤᠯᠬᠤ ᠦᠭᠡᠢ︾ ᠶᠡᠷᠦᠩᠬᠡᠢ ᠱᠠᠭᠠᠷᠳᠠᠯᠭ᠎ᠠ ᠶᠢᠨ | ᠶᠣᠰᠣᠭᠠᠷ᠂ ᠰᠡᠷᠭᠡᠶᠢᠯᠡᠨ ᠡᠵᠡᠮᠳᠡᠬᠦ ᠪᠠ ᠲᠡᠭᠡᠭᠡᠪᠦᠷᠢ ᠶᠢᠨ ᠠᠵᠢᠯ ᠢ ᠬᠠᠮᠲᠤ ᠳᠤᠨᠢ ᠰᠠᠶᠢᠨ ᠬᠢᠬᠦ᠂ ᠲᠥᠷᠥᠯ | ᠬᠤᠪᠢᠶᠠᠨ ᠵᠢᠯᠣᠭᠤᠳᠬᠤ᠂ ᠭᠤᠣᠯᠳᠠᠯᠭ᠎ᠠ ᠶᠢ ᠳᠣᠪᠤᠶᠢᠯᠭᠠᠬᠤ᠂ ᠨᠠᠷᠢᠨ ᠨᠢᠭᠲᠠ ᠪᠠᠶᠢᠷᠢᠰᠢᠭᠤᠯᠬᠤ ᠵᠠᠷᠴᠢᠮ ᠢ | ᠪᠠᠷᠢᠮᠲᠠᠯᠠᠨ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠨᠡᠶᠢᠲᠡ ᠶᠢᠨ ᠵᠠᠮ ᠬᠠᠷᠢᠯᠴᠠᠭᠠᠨ ᠤ | ᠺᠣᠮᠫᠠᠨᠢ᠂ ᠵᠢᠮᠲᠦ ᠵᠠᠮ ᠤᠨ ᠺᠣᠮᠫᠠᠨᠢ᠂ ᠡᠯ᠎ᠡ ᠬᠤᠰᠢᠭᠤ ᠰᠢᠶᠠᠨ ᠲᠣᠭᠤᠷᠢᠭ ᠤᠨ ᠵᠢᠯᠣᠭᠤᠳᠬᠤ ᠭᠠᠵᠠᠷ ᠢᠶᠠᠷ | ᠪᠦᠷᠢᠯᠳᠦᠭᠰᠡᠨ ᠠᠵᠢᠯ ᠤᠨ ᠳᠤᠭᠤᠶᠢᠯᠠᠩ ᠪᠠᠶᠢᠭᠤᠯᠵᠤ᠂ ᠲᠡᠭᠡᠭᠡᠪᠦᠷᠢ ᠶᠢᠨ ᠦᠢᠯᠡᠴᠢᠯᠡᠭᠡ ᠢ ᠰᠡᠷᠭᠦᠭᠡᠬᠦ ᠠᠵᠢᠯ ᠢ | ᠬᠠᠮᠲᠤᠷᠠᠨ ᠠᠬᠢᠭᠤᠯᠵᠤ᠂ ᠦᠢᠯᠡᠴᠢᠯᠡᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠭᠤᠣᠯᠲᠤ ᠲᠡᠶᠢᠰᠢ ᠪᠠᠨ | ᠦᠵᠦᠭᠦᠷ ᠬᠦᠷᠴᠦ ᠬᠥᠨᠳᠡᠯᠡᠨ ᠲᠡᠶᠢᠰᠢ ᠪᠠᠨ ᠬᠥᠪᠡᠭᠡ ᠬᠦᠷᠬᠦ ᠶᠢ ᠪᠠᠲᠤᠯᠠᠨ᠎ᠠ᠃ ᠬᠤᠶᠠᠷ ᠲᠤ᠂ ᠲᠡᠭᠡᠭᠡᠪᠦᠷᠢ ᠶᠢᠨ | ᠦᠢᠯᠡᠴᠢᠯᠡᠭᠡ ᠶᠢ ᠰᠡᠷᠭᠦᠭᠡᠵᠦ᠂ ᠠᠵᠢᠯ ᠢᠶᠠᠨ ᠰᠡᠷᠭᠦᠭᠡᠬᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠳᠥᠭᠦᠮ | ᠦᠵᠡᠭᠦᠯᠦᠨ᠎ᠡ ︵1︶ ᠠᠶᠠᠨᠴᠢᠳ ᠤᠨ ᠡᠭᠡᠯᠵᠢ ᠶᠢᠨ ᠲᠡᠷᠭᠡ ᠶᠢᠨ ᠡᠵᠡᠩᠨᠡᠯᠲᠡ ᠶᠢ ᠰᠡᠷᠭᠦᠭᠡᠨ᠎ᠡ᠃ 2 ᠳ᠋ᠤᠭᠠᠷ | ᠰᠠᠷ᠎ᠠ ᠶᠢᠨ 24 ᠤ ᠡᠳᠦᠷ ᠠᠴᠠ ᠡᠬᠢᠯᠡᠨ ᠬᠤᠲᠠ ᠶᠢᠨ ᠲᠣᠭᠤᠷᠢᠭ ᠤᠨ 3 ᠠᠶᠠᠨᠴᠢᠳ ᠤᠨ ᠲᠡᠷᠭᠡᠨ ᠥᠷᠲᠡᠭᠡ ᠪᠠ | ᠬᠤᠰᠢᠭᠤ ᠰᠢᠶᠠᠨ ᠤ ᠲᠡᠷᠭᠡᠨ ᠥᠷᠲᠡᠭᠡ ᠶᠢᠨ ᠡᠵᠡᠩᠨᠡᠯᠲᠡ ᠶᠢ ᠰᠡᠷᠭᠦᠭᠡᠵᠦ᠂ ᠬᠥᠬᠡᠬᠤᠲᠠ ᠪᠣᠯᠣᠨ ᠣᠶᠢᠷ᠎ᠠ | ᠣᠷᠴᠢᠮ ᠤᠨ ᠠᠶᠢᠮᠠᠭ ᠬᠤᠲᠠ ᠶᠢᠨ ᠬᠤᠭᠤᠷᠣᠨᠳᠤ᠂ ᠬᠤᠲᠠ ᠶᠢᠨ ᠲᠣᠭᠤᠷᠢᠭ ᠪᠣᠯᠣᠨ ᠬᠤᠰᠢᠭᠤ ᠰᠢᠶᠠᠨ ᠤ | ᠬᠤᠭᠤᠷᠣᠨᠳᠤ ᠶᠢᠨ ᠠᠶᠠᠨᠴᠢᠨ ᠤ ᠲᠡᠷᠭᠡ ᠶᠢᠨ ᠵᠠᠮ ᠱᠤᠭᠤᠮ ᠢ ᠪᠦᠬᠦᠨ ᠢ ᠨᠡᠭᠡᠭᠡᠨ᠎ᠡ᠃ ᠠᠵᠢᠯ ᠳᠠᠭᠠᠨ ᠪᠤᠴᠠᠬᠤ | ᠰᠤᠷᠭᠠᠭᠤᠯᠢ ᠳᠠᠭᠠᠨ ᠪᠤᠴᠠᠬᠤ ᠱᠠᠭᠠᠷᠳᠠᠯᠭ᠎ᠠ ᠪᠠᠷ ᠲᠡᠷᠭᠡ ᠬᠥᠯᠥᠰᠦᠯᠡᠭᠦᠯᠬᠦ ᠠᠵᠢᠯ ᠡᠷᠬᠢᠯᠡᠪᠡ᠃ ᠬᠥᠬᠡᠬᠤᠲᠠ ᠶᠢᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠲᠡᠷᠭᠡᠨ ᠥᠷᠲᠡᠭᠡ᠂ | ᠠᠶᠠᠨᠴᠢᠨ ᠤ ᠲᠡᠭᠡᠭᠡᠪᠦᠷᠢ ᠶᠢᠨ ᠠᠵᠤ ᠠᠬᠤᠶᠢᠯᠠᠯ ᠤᠳ ᠲᠡᠷᠭᠡ ᠨᠡᠪᠲᠡᠷᠡᠭᠡ ᠦᠭᠡᠢ ᠮᠤᠵᠢ ᠶᠢᠨ ᠬᠤᠭᠤᠷᠣᠨᠳᠤᠬᠢ | ᠡᠭᠡᠯᠵᠢ ᠶᠢᠨ ᠲᠡᠷᠭᠡ ᠶᠢᠨ ᠡᠴᠦᠰ ᠤᠨ ᠥᠷᠲᠡᠭᠡ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠨᠥᠬᠦᠴᠡᠯ ᠳᠤ | ᠨᠡᠶᠢᠴᠡᠭᠰᠡᠨ ᠢ ᠳᠣᠣᠷ᠎ᠠ ᠨᠢ ᠰᠡᠷᠭᠦᠭᠡᠵᠦ᠂ ᠡᠷᠲᠡ ᠨᠢᠭᠡᠨ ᠡᠳᠦᠷ ᠬᠢᠵᠢᠭ ᠤᠨ ᠪᠠᠶᠢᠳᠠᠯ ᠠᠴᠠ ᠡᠮᠦᠨᠡᠬᠢ ᠬᠢᠷᠢ | ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃ ︵2︶ ᠲᠦᠷᠢᠶᠡᠰᠦᠨ ᠮᠠᠰᠢᠨ ᠤ ᠠᠵᠢᠯ ᠲᠦᠷᠦᠯ ᠤᠨ | ᠦᠢᠯᠡᠴᠢᠯᠡᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠤᠭᠤᠴᠠᠭᠠᠨ ᠳᠤ᠂ ᠬᠥᠬᠡᠬᠤᠲᠠ ᠶᠢᠨ ᠲᠦᠷᠢᠶᠡᠰᠦᠨ ᠮᠠᠰᠢᠨ ᠡᠳᠦᠷ ᠪᠦᠷᠢ ᠪᠠᠷᠤᠭ 2800 ᠭᠠᠷᠤᠢ ᠲᠡᠷᠭᠡ | ᠠᠵᠢᠯᠯᠠᠵᠤ᠂ ᠨᠡᠶᠢᠲᠡ 35.01 ᠬᠥᠮᠥᠨ ᠤᠳᠠᠭ᠎ᠠ ᠵᠥᠭᠡᠭᠡᠪᠦᠷᠢᠯᠡᠵᠦ᠂ ᠬᠤᠲᠠ ᠶᠢᠨ ᠢᠷᠭᠡᠳ ᠤᠨ ᠦᠨᠳᠦᠰᠦᠨ | ᠱᠠᠭᠠᠷᠳᠠᠯᠭ᠎ᠠ ᠶᠢ ᠬᠠᠩᠭᠠᠪᠠ᠃ ︽ᠲᠥᠰᠥᠯ︾ ᠤᠨ ᠪᠠᠶᠢᠷᠢᠯᠠᠭᠤᠯᠤᠯᠲᠠ ᠶᠣᠰᠣᠭᠠᠷ᠂ 24 ᠤᠨ ᠡᠳᠦᠷ ᠠᠴᠠ | ᠬᠤᠶᠢᠰᠢ᠂ ᠬᠤᠲᠠ ᠶᠢᠨ ᠡᠯ᠎ᠡ ᠲᠣᠭᠤᠷᠢᠭ ᠤᠨ ᠲᠦᠷᠢᠶᠡᠰᠦᠨ ᠮᠠᠰᠢᠨ ᠤ ᠺᠣᠮᠫᠠᠨᠢ᠂ ᠰᠦᠯᠵᠢᠶᠡᠨ ᠳᠡᠭᠡᠷ᠎ᠡ ᠪᠣᠯᠵᠣᠬᠤ | ᠲᠡᠷᠭᠡ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠵᠥᠭᠡᠭᠡᠪᠦᠷᠢ ᠶᠢᠨ ᠬᠦᠴᠦᠨ ᠢᠶᠠᠨ ᠨᠡᠮᠡᠭᠳᠡᠭᠦᠯᠬᠦ ᠶᠢ | ᠵᠣᠷᠢᠭᠵᠢᠭᠤᠯᠤᠨ᠂ ᠡᠯ᠎ᠡ ᠬᠤᠰᠢᠭᠤ ᠰᠢᠶᠠᠨ ᠤ ᠲᠦᠷᠢᠶᠡᠰᠦᠨ ᠮᠠᠰᠢᠨ ᠤ ᠡᠵᠡᠩᠨᠡᠯᠲᠡ ᠶᠢ ᠵᠢᠯᠣᠭᠤᠳᠤᠨ ᠰᠡᠷᠭᠦᠭᠡᠨ᠎ᠡ᠃ | ︵3︶ ᠨᠡᠶᠢᠲᠡ ᠶᠢᠨ ᠮᠠᠰᠢᠨ ᠤ ᠡᠵᠡᠩᠨᠡᠯᠲᠡ ᠶᠢ ᠠᠯᠬᠤᠮ ᠠᠯᠬᠤᠮ ᠢᠶᠠᠷ ᠰᠡᠷᠭᠦᠭᠡᠨ᠎ᠡ᠃ ᠭᠤᠷᠪᠠ ᠳᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠴᠢᠩᠭᠠᠳᠬᠠᠨ᠂ ᠠᠷᠢᠭᠤᠨ ᠴᠡᠪᠡᠷ ᠤᠨ | ᠠᠶᠤᠯᠭᠦᠢ ᠶᠢ ᠪᠠᠲᠤᠯᠠᠨ᠎ᠠ᠃ ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ᠂ ᠲᠡᠷᠭᠡᠨ ᠥᠷᠲᠡᠭᠡ᠂ ᠨᠡᠶᠢᠲᠡ ᠶᠢᠨ ᠵᠠᠮ | ᠬᠠᠷᠢᠯᠴᠠᠭᠠᠨ ᠤ ᠺᠣᠮᠫᠠᠨᠢ ᠵᠢᠴᠢ ᠲᠦᠷᠢᠶᠡᠰᠦᠨ ᠮᠠᠰᠢᠨ ᠤ ᠠᠵᠤ ᠠᠬᠤᠶᠢᠯᠠᠯ ᠤᠳ ᠱᠠᠭᠠᠷᠳᠠᠯᠭ᠎ᠠ ᠶᠣᠰᠣᠭᠠᠷ | ᠰᠡᠷᠭᠡᠶᠢᠯᠡᠨ ᠡᠵᠡᠮᠳᠡᠬᠦ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠨ᠂ ᠲᠠᠯᠠᠪᠠᠢ ᠥᠷᠲᠡᠭᠡ᠂ | ᠲᠡᠷᠭᠡ ᠤᠨᠤᠭ᠎ᠠ ᠶᠢ ᠠᠷᠢᠭᠤᠳᠬᠠᠬᠤ᠂ ᠰᠠᠯᠬᠢ ᠨᠡᠪᠲᠡᠷᠡᠭᠦᠯᠬᠦ᠂ ᠴᠡᠪᠡᠷᠯᠡᠬᠦ᠂ ᠠᠵᠢᠯᠲᠠᠳ ᠢ ᠬᠠᠮᠠᠭᠠᠯᠠᠬᠤ ᠵᠢᠴᠢ | ᠠᠶᠠᠨᠴᠢᠳ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ | 7. ᠬᠥᠲᠥᠯᠥᠭᠴᠢ | ᠵᠠᠰᠠᠮᠠᠯ ᠵᠠᠮ ᠤᠨ ᠲᠠᠯ᠎ᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠵᠢᠯ | ᠬᠢᠪᠡ︖ | 8. ᠬᠤ᠋ ᠸᠧᠢ ᠬᠤᠸᠠ | 2020 ᠣᠨ ᠤ 1 ᠳ᠋ᠦ᠋ᠭᠡᠷ ᠰᠠᠷ᠎ᠠ ᠶᠢᠨ 23 ᠤ ᠡᠳᠦᠷ ᠤᠨ ᠣᠷᠣᠢ᠂ ᠸᠠᠩ ᠯᠢ ᠰᠢᠶᠠ ᠱᠦᠵᠢ ᠶᠢᠨ | ᠵᠢᠭᠠᠪᠤᠷᠢ ᠪᠠᠷ ᠬᠤᠲᠠ ᠶᠢᠨ ᠵᠠᠰᠠᠭ ᠤᠨ ᠣᠷᠳᠣᠨ ᠲᠡᠷᠡ ᠳᠠᠷᠤᠢ ᠬᠤᠲᠠ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ | ᠬᠤᠷᠠᠯ ᠢ ᠬᠤᠷᠠᠯᠳᠤᠭᠤᠯᠪᠠ᠃ ᠬᠤᠷᠠᠯ ᠤᠨ ᠱᠠᠭᠠᠷᠳᠠᠯᠭ᠎ᠠ ᠶᠣᠰᠣᠭᠠᠷ 1 ᠳ᠋ᠦ᠋ᠭᠡᠷ ᠰᠠᠷ᠎ᠠ ᠶᠢᠨ 24 ᠤ ᠡᠳᠦᠷ ᠠᠴᠠ | ᠡᠬᠢᠯᠡᠨ ᠬᠥᠬᠡᠬᠤᠲᠠ ᠣᠷᠣᠨ ᠤ ᠵᠠᠰᠠᠮᠠᠯ ᠵᠠᠮ ᠤᠨ ᠪᠣᠭᠤᠮᠲᠠ ᠬᠠᠭᠠᠬᠤ ᠳᠠᠶᠢᠯᠠᠯᠳᠤᠭᠠᠨ ᠢ ᠡᠬᠢᠯᠡᠭᠦᠯᠪᠡ᠃ | ᠬᠤᠲᠠ ᠶᠢ ᠲᠣᠭᠤᠷᠢᠭᠰᠠᠨ ᠲᠦᠷᠭᠡᠨ ᠤ ᠵᠠᠮ ᠪᠠ G6 ᠲᠦᠷᠭᠡᠨ ᠵᠠᠮ ᠤᠨ ᠬᠤᠲᠠ ᠳᠤ ᠣᠷᠣᠬᠤ 6 ᠠᠮᠠᠰᠠᠷ | ᠲᠡᠭᠡᠷ᠎ᠡ ᠪᠡᠶ᠎ᠡ ᠶᠢᠨ ᠬᠠᠯᠠᠭᠤᠨ ᠢ ᠬᠡᠮᠵᠢᠵᠦ ᠳᠠᠩᠰᠠᠯᠠᠬᠤ ᠠᠵᠢᠯ ᠢ ᠡᠬᠢᠯᠡᠭᠦᠯᠬᠦ ᠶᠢᠨ ᠬᠠᠮᠲᠤ ᠡᠯ᠎ᠡ ᠬᠤᠰᠢᠭᠤ ᠰᠢᠶᠠᠨ | ᠲᠣᠭᠤᠷᠢᠭ ᠤᠨ ᠵᠠᠮ ᠬᠠᠷᠢᠯᠴᠠᠭ᠎ᠠ ᠶᠢᠨ ᠰᠠᠯᠠᠭ᠎ᠠ ᠮᠥᠴᠢᠷ ᠢ ᠳᠠᠷᠦ᠋ᠢᠬᠠᠨ ᠬᠥᠳᠡᠯᠦᠯᠴᠡᠵᠦ ᠬᠥᠬᠡᠬᠤᠲᠠ ᠣᠷᠣᠨ ᠤ | ᠣᠷᠣᠵᠤ ᠭᠠᠷᠬᠤ ᠵᠠᠮ ᠢ ᠬᠠᠮᠢᠶᠠᠷᠤᠨ ᠡᠵᠡᠮᠳᠡᠬᠦ ᠶᠢ ᠮᠡᠳᠡᠭᠳᠡᠪᠡ᠃ 1 ᠳ᠋ᠦ᠋ᠭᠡᠷ ᠰᠠᠷ᠎ᠠ ᠶᠢᠨ 24 ᠤ ᠡᠳᠦᠷ | ᠬᠢᠵᠢᠭ ᠤᠨ ᠪᠠᠶᠢᠳᠠᠯ ᠢ ᠪᠠᠶᠢᠴᠠᠭᠠᠬᠤ ᠴᠡᠭ ᠭᠠᠷᠭᠠᠭᠰᠠᠨ ᠠᠴᠠ ᠰᠡᠭᠦᠯ ᠤᠨ ᠬᠢᠵᠢᠭ ᠤᠨ ᠪᠠᠶᠢᠳᠠᠯ ᠢ ᠬᠡᠮᠵᠢᠨ | ᠪᠠᠶᠢᠴᠠᠭᠠᠬᠤ ᠥᠷᠲᠡᠭᠡ ᠭᠠᠷᠭᠠᠭᠰᠠᠨ ᠪᠣᠯᠲᠠᠯ᠎ᠠ᠂ ᠮᠠᠨ ᠤ ᠬᠤᠲᠠ ᠬᠠᠮᠤᠭ ᠤᠨ ᠣᠯᠠᠨ ᠦᠶ᠎ᠡ ᠳᠡᠭᠡᠨ 58 ᠵᠠᠰᠠᠮᠠᠯ | ᠵᠠᠮ ᠤᠨ ᠬᠡᠮᠵᠢᠨ ᠪᠠᠶᠢᠴᠠᠭᠠᠬᠤ ᠥᠷᠲᠡᠭᠡ ᠭᠠᠷᠭᠠᠵᠤ᠂ ᠬᠤᠲᠠ ᠶᠢᠨ ᠭᠤᠣᠯ ᠲᠣᠭᠤᠷᠢᠭ ᠲᠤ ᠣᠷᠣᠬᠤ ᠵᠡᠮ ᠳᠡᠭᠡᠷ᠎ᠡ | 13 ᠭᠤᠣᠯᠳᠠᠯᠭ᠎ᠠ ᠲᠠᠢ ᠬᠢᠵᠢᠭ ᠤᠨ ᠪᠠᠶᠢᠳᠠᠯ ᠢ ᠬᠡᠮᠵᠢᠨ ᠪᠠᠶᠢᠴᠠᠭᠠᠬᠤ ᠥᠷᠲᠡᠭᠡ ᠪᠠ ᠡᠯ᠎ᠡ ᠬᠤᠰᠢᠭᠤ ᠰᠢᠶᠠᠨ | ᠲᠣᠭᠤᠷᠢᠭ ᠲᠤ 45 ᠬᠡᠮᠵᠢᠨ ᠪᠠᠶᠢᠴᠠᠭᠠᠬᠤ ᠥᠷᠲᠡᠭᠡ ᠲᠣᠬᠢᠷᠠᠭᠤᠯᠪᠠ᠃ 2 ᠳ᠋ᠤᠭᠠᠷ ᠰᠠᠷ᠎ᠠ ᠶᠢᠨ 10 ᠤ ᠡᠳᠦᠷ | ᠬᠤᠲᠠ ᠠᠴᠠ ᠭᠠᠷᠬᠤ ᠠᠮᠠᠰᠠᠷ ᠲᠤ ᠬᠡᠮᠵᠢᠨ ᠪᠠᠶᠢᠴᠠᠭᠠᠬᠤ ᠥᠷᠲᠡᠭᠡ ᠭᠠᠷᠭᠠᠭᠰᠠᠨ ᠠᠴᠠ 2 ᠳ᠋ᠤᠭᠠᠷ ᠰᠠᠷ᠎ᠠ ᠶᠢᠨ | 22 ᠤᠨ ᠲᠡᠭ ᠴᠠᠭ ᠪᠣᠯᠲᠠᠯ᠎ᠠ᠂ ᠨᠡᠶᠢᠲᠡ ᠬᠤᠲᠠ ᠠᠴᠠ ᠭᠠᠷᠬᠤ 54907 ᠲᠡᠷᠭᠡ ᠂ 82573 ᠬᠥᠮᠥᠨ ᠢ | ᠬᠡᠮᠵᠢᠨ ᠪᠠᠶᠢᠴᠠᠭᠠᠪᠠ᠃ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ | ᠨᠡᠶᠢᠭᠡᠮ ᠤᠨ ᠰᠡᠷᠭᠡᠶᠢᠯᠡᠨ ᠡᠵᠡᠮᠳᠡᠬᠦ ᠲᠤᠭᠤᠶᠢᠯᠠᠩ ᠳᠤ ᠬᠦᠷᠭᠡᠭᠰᠡᠨ ᠭᠠᠳᠠᠨ᠎ᠠ ᠣᠷᠣᠨ ᠠᠴᠠ ᠬᠥᠬᠡᠬᠤᠲᠠ ᠳᠤ | ᠢᠷᠡᠭᠰᠡᠨ ᠬᠥᠮᠥᠨ ᠤ ᠮᠡᠳᠡᠭᠡ ᠵᠠᠩᠭᠢ 20 ᠲᠦᠮᠡᠨ ᠵᠣᠷᠪᠣᠰ ᠬᠦᠷᠪᠡ᠃ ᠠᠵᠢᠯ ᠳᠤ ᠭᠠᠷᠤᠭᠰᠠᠨ ᠬᠥᠮᠥᠨ ᠨᠡᠶᠢᠲᠡ | 34631 ᠬᠥᠮᠥᠨ ᠤᠳᠠᠭ᠎ᠠ ᠳᠤ ᠬᠦᠷᠪᠡ᠃ ︽ᠲᠠᠪᠤ ᠶᠢ ᠨᠢᠭᠡᠳᠦᠭᠦᠯᠬᠦ︾ ᠬᠡᠮᠵᠢᠨ ᠪᠠᠶᠢᠴᠠᠭᠠᠬᠤ ᠪᠠᠷᠢᠮᠵᠢᠶ᠎ᠠ | ᠲᠣᠭᠲᠠᠭᠠᠨ᠂ ᠬᠡᠮᠵᠢᠨ ᠪᠠᠶᠢᠴᠠᠭᠠᠬᠤ ᠠᠵᠢᠯ ᠢ ᠵᠢᠷᠤᠮᠵᠢᠭᠤᠯᠪᠠ᠃ ᠬᠤᠪᠢ ᠬᠥᠮᠥᠨ ᠤ ᠥᠪᠡᠷᠲᠡᠭᠡᠨ ᠳᠠᠩᠰᠠᠯᠠᠭᠤᠯᠬᠤ | APP ᠶᠢ ᠬᠡᠷᠡᠭᠯᠡᠵᠦ᠂ ᠴᠢᠨᠠᠭᠰᠢᠳᠠ ᠪᠦᠬᠦ ᠬᠤᠲᠠ ᠶᠢᠨ ᠬᠡᠪᠴᠢᠶᠡᠨ ᠳᠤ ᠲᠦᠭᠡᠮᠡᠯᠵᠢᠭᠦᠯᠦᠨ ᠬᠡᠷᠡᠭᠯᠡᠵᠦ᠂ ᠲᠤᠭ᠎ᠠ | ᠪᠠᠷᠢᠮᠲᠠ ᠶᠢᠨ ᠣᠨᠣᠪᠴᠢ ᠶᠢ ᠪᠠᠲᠤᠯᠠᠬᠤ᠂ ᠲᠡᠷᠭᠡ ᠨᠡᠪᠲᠡᠷᠡᠬᠦ ᠶᠢ ᠰᠢᠯᠤᠭᠤᠳᠬᠠᠬᠤ᠂ ᠲᠤᠭ᠎ᠠ ᠪᠠᠷᠢᠮᠲᠠ ᠶᠢ | ᠨᠡᠶᠢᠳᠬᠡᠬᠦ ᠳᠤ ᠶᠡᠬᠡᠬᠡᠨ ᠲᠤᠰᠠ ᠪᠣᠯᠵᠤ ᠠᠵᠢᠯ ᠤᠨ ᠠᠰᠢᠭᠯᠠᠮᠵᠢ ᠶᠢ ᠳᠡᠭᠡᠭᠰᠢᠯᠡᠭᠦᠯᠪᠡ᠃ 2 ᠳ᠋ᠤᠭᠠᠷ ᠰᠠᠷ᠎ᠠ ᠶᠢᠨ | 22 ᠤᠨ ᠡᠳᠦᠷ ᠪᠣᠯᠬᠤ ᠳᠤ᠂ ᠮᠠᠨ ᠤ ᠬᠤᠲᠠ ᠶᠢᠨ ᠡᠯ᠎ᠡ ᠵᠠᠰᠠᠮᠠᠯ ᠵᠠᠮ ᠤᠨ ᠬᠢᠵᠢᠭ ᠤᠨ ᠪᠠᠶᠢᠳᠠᠯ ᠢ ᠬᠡᠮᠵᠢᠨ | ᠪᠠᠶᠢᠴᠠᠭᠠᠬᠤ ᠥᠷᠲᠡᠭᠡ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠦᠢᠯ ᠤᠨ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ︽ᠵᠠᠰᠠᠮᠠᠯ ᠵᠠᠮ ᠤᠨ ᠪᠣᠭᠤᠮᠲᠠ ᠪᠣᠯ ᠬᠢᠵᠢᠭ ᠢ ᠪᠠᠶᠢᠳᠠᠯ ᠢ ᠰᠡᠷᠭᠡᠶᠢᠯᠡᠨ ᠡᠵᠡᠮᠳᠡᠬᠦ | ᠨᠢᠭᠡᠳᠦᠭᠡᠷ ᠪᠣᠭᠤᠮᠲᠠ᠂ ᠰᠡᠷᠭᠡᠶᠢᠯᠡᠨ ᠡᠵᠡᠮᠳᠡᠬᠦ ᠳᠤ ᠣᠭᠲᠣᠬᠠᠨ ᠴᠦ ᠣᠰᠣᠯ ᠭᠠᠷᠭᠠᠵᠤ ᠪᠣᠯᠬᠤ ᠦᠭᠡᠢ︾ | ᠠᠵᠢᠯ ᠤᠨ ᠱᠠᠭᠠᠷᠳᠠᠯᠭ᠎ᠠ ᠳᠤ ᠬᠦᠷᠪᠡ᠃ 2 ᠳ᠋ᠤᠭᠠᠷ ᠰᠠᠷ᠎ᠠ ᠶᠢᠨ 22 ᠤᠨ ᠡᠳᠦᠷ ᠤᠨ 18 ᠴᠠᠭ ᠲᠤ᠂ ᠳᠡᠭᠡᠳᠦ | ᠱᠠᠲᠤᠨ ᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠪᠦᠬᠦ ᠬᠤᠲᠠ ᠶᠢᠨ 58 ᠬᠡᠮᠵᠢᠨ ᠪᠠᠶᠢᠴᠠᠭᠠᠬᠤ | ᠥᠷᠲᠡᠭᠡ ᠶᠢ ᠪᠠᠭᠤᠯᠭᠠᠵᠤ᠂ ᠪᠦᠬᠦ ᠬᠤᠲᠠ ᠶᠢᠨ ᠬᠡᠪᠴᠢᠶᠡᠨ ᠳᠠᠬᠢ ᠲᠦᠷᠭᠡᠨ ᠤ ᠵᠠᠮ᠂ ᠡᠩ ᠤᠨ ᠤᠯᠤᠰ ᠮᠤᠵᠢ | ᠰᠢᠶᠠᠨ ᠰᠢᠶᠠᠩ ᠲᠣᠰᠬᠤᠨ ᠤ ᠵᠠᠮ ᠳᠡᠭᠡᠷᠡᠬᠢ ᠬᠢᠵᠢᠭ ᠤᠨ ᠪᠠᠶᠢᠳᠠᠯ ᠢ ᠬᠡᠮᠵᠢᠨ ᠪᠠᠶᠢᠴᠠᠭᠠᠬᠤ ᠥᠷᠲᠡᠭᠡ ᠶᠢ | ᠪᠦᠬᠦᠨ ᠢ ᠪᠠᠭᠤᠯᠭᠠᠪᠠ᠃ | 9. ᠬᠥᠲᠥᠯᠥᠭᠴᠢ | ︽ᠨᠢᠭᠡ ᠪᠠᠭᠤᠳᠠᠯ ᠬᠤᠶᠠᠷ ᠥᠷᠲᠡᠭᠡ︾ ᠶᠢᠨ ᠬᠠᠮᠢᠶᠠᠷᠤᠨ ᠡᠵᠡᠮᠳᠡᠬᠦ ᠲᠠᠯ᠎ᠠ ᠶᠢᠨ ᠠᠵᠢᠯ ᠤᠨ ᠪᠠᠶᠢᠳᠠᠯ ᠠᠴᠠ | ᠶᠠᠷᠢᠵᠤ ᠥᠭᠭᠦᠨ᠎ᠡ ᠦᠦ︖ | 10. ᠰᠢᠤᠸᠠᠢ ᠵᠧᠩ ᠴᠢ | 8 ᠤ ᠡᠳᠦᠷ ᠤᠨ ᠣᠷᠣᠢ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ | ᠭᠠᠵᠠᠷ ᠤᠨ ᠵᠠᠮ ᠬᠠᠷᠢᠯᠴᠠᠭ᠎ᠠ ᠶᠢᠨ ᠪᠠᠲᠤᠯᠠᠭ᠎ᠠ ᠶᠢᠨ ᠳᠤᠭᠤᠶᠢᠯᠠᠩ ᠤᠨ ᠳᠠᠷᠤᠭ᠎ᠠ᠂ ᠬᠤᠲᠠ ᠶᠢᠨ ᠳᠡᠳ᠋ ᠳᠠᠷᠤᠭ᠎ᠠ | ᠸᠠᠩ ᠵᠢᠢ ᠫᠢᠩ ᠵᠠᠮ ᠬᠠᠷᠢᠯᠴᠠᠭ᠎ᠠ ᠶᠢᠨ ᠪᠠᠲᠤᠯᠠᠭ᠎ᠠ ᠶᠢᠨ ᠳᠤᠭᠤᠶᠢᠯᠠᠩ ᠤᠨ ᠠᠵᠢᠯ ᠤᠨ ᠲᠣᠬᠢᠷᠠᠭᠤᠯᠤᠯᠲᠠ ᠶᠢᠨ | ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠮ ᠤᠨ ᠣᠷᠣᠵᠤ ᠭᠠᠷᠬᠤ ᠡᠭᠦᠳᠡ᠂ ︽ᠨᠢᠭᠡ ᠪᠠᠭᠤᠳᠠᠯ ᠬᠤᠶᠠᠷ | ᠥᠷᠲᠡᠭᠡ︾ ᠶᠢᠨ ᠵᠢᠯᠣᠭᠤᠴᠢ ᠠᠶᠠᠨᠴᠢᠨ ᠤ ᠮᠡᠳᠡᠭᠡ ᠵᠠᠩᠭᠢ ᠶᠢ ᠳᠠᠩᠰᠠᠯᠠᠬᠤ APP ᠶᠢ ᠨᠡᠭᠡᠭᠡᠨ ᠠᠰᠢᠭᠯᠠᠬᠤ | ᠵᠡᠷᠭᠡ ᠤᠴᠢᠷ ᠶᠠᠪᠤᠳᠠᠯ ᠢ ᠰᠤᠳᠤᠯᠪᠠ᠃ 9 ᠤ ᠡᠳᠦᠷ ᠠᠴᠠ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ | ᠲᠣᠭᠤᠷᠢᠭ ᠠᠴᠠ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠭᠠᠯᠲᠤ ᠲᠡᠷᠭᠡᠨ ᠤ ᠵᠡᠭᠦᠨ ᠥᠷᠲᠡᠭᠡ ᠳᠤ | 300 ᠭᠠᠷᠤᠢ ᠬᠥᠮᠥᠨ ᠲᠣᠮᠢᠯᠠᠨ ᠰᠠᠭᠤᠯᠭᠠᠵᠤ᠂ ᠶᠠᠪᠤᠵᠤ ᠰᠠᠭᠤᠬᠤ ᠬᠥᠮᠥᠨ ᠤ ᠮᠡᠳᠡᠭᠡ ᠵᠠᠩᠭᠢ ᠶᠢ ᠳᠠᠩᠰᠠᠯᠠᠨ᠂ | ᠬᠥᠮᠥᠰ ᠤᠨ ᠥᠪᠡᠷᠲᠡᠭᠡᠨ ᠭᠡᠷ ᠲᠡᠭᠡᠨ ᠲᠤᠰᠠᠭᠠᠷᠯᠠᠬᠤ ᠪᠠ ᠵᠣᠴᠢᠳ ᠤᠨ ᠪᠠᠭᠤᠳᠠᠯ ᠳᠤ 14 ᠡᠳᠦᠷ ᠲᠤᠰᠠᠭᠠᠷᠯᠠᠬᠤ | ᠠᠵᠢᠯ ᠢ ᠵᠢᠯᠣᠭᠤᠳᠪᠠ᠃ | 11. ᠬᠥᠲᠥᠯᠥᠭᠴᠢ | ᠲᠦᠷᠢᠶᠡᠰᠦᠨ ᠮᠠᠰᠢᠨ ᠢ ᠬᠠᠮᠢᠶᠠᠷᠤᠨ ᠡᠵᠡᠮᠳᠡᠬᠦ ᠲᠠᠯ᠎ᠠ ᠪᠠᠷ ᠲᠠᠨᠢᠯᠴᠠᠭᠤᠯᠵᠤ ᠥᠭᠭᠦᠨ᠎ᠡ ᠦᠦ︖ | 12. ᠰᠢᠤᠸᠠᠢ ᠵᠧᠩ ᠴᠢ | ᠡᠮᠦᠨ᠎ᠡ ᠨᠢᠭᠡ ᠬᠡᠰᠡᠭ ᠬᠤᠭᠤᠴᠠᠭᠠᠨ ᠳᠤ᠂ ᠠᠶᠠᠨᠴᠢᠨ ᠤ ᠡᠭᠡᠯᠵᠢ ᠶᠢᠨ ᠲᠡᠷᠭᠡ᠂ ᠨᠡᠶᠢᠲᠡ ᠶᠢᠨ ᠮᠠᠰᠢᠨ | ᠲᠡᠷᠭᠡ᠂ ᠮᠧᠳ᠋ᠷᠤ᠋ ᠴᠥᠮ ᠵᠣᠭᠰᠣᠭᠰᠠᠨ ᠤ ᠳᠠᠷᠠᠭ᠎ᠠ᠂ ᠬᠤᠲᠠ ᠶᠢᠨ ᠵᠠᠮ ᠬᠠᠷᠢᠯᠴᠠᠭ᠎ᠠ ᠶᠢᠨ ᠡᠷᠭᠢᠯᠲᠡ ᠪᠠ ᠣᠯᠠᠨ | ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠦᠨᠳᠦᠰᠦᠨ ᠳᠡᠭᠡᠨ ᠲᠦᠷᠢᠶᠡᠰᠦᠨ ᠮᠠᠰᠢᠨ ᠳᠠᠭᠠᠭᠠᠭᠰᠠᠨ ᠪᠠᠶᠢᠨ᠎ᠠ᠃ | ᠡᠶᠢᠮᠦ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠭᠤᠣᠯᠳᠠᠯᠭ᠎ᠠ ᠪᠠᠷᠤᠭ ᠪᠦᠬᠦᠨ ᠢᠶᠠᠷ ᠢᠶᠠᠨ ᠲᠦᠷᠢᠶᠡᠰᠦᠨ ᠮᠠᠰᠢᠨ ᠤ ᠠᠵᠢᠯ ᠲᠥᠷᠥᠯ ᠳᠡᠭᠡᠷ᠎ᠡ ᠰᠢᠯᠵᠢᠭᠰᠡᠨ | ᠪᠠᠶᠢᠨ᠎ᠠ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ ᠳᠣᠣᠷᠠᠬᠢ ᠠᠵᠢᠯ ᠤᠳ ᠢ ᠠᠳᠬᠤᠪᠠ᠄ ᠨᠢᠭᠡ ᠳᠤ᠂ ᠠᠵᠤ | ᠠᠬᠤᠶᠢᠯᠠᠯ ᠤᠳ ᠲᠤ ᠬᠡᠰᠡᠭ ᠺᠠᠳ᠋ᠷ ᠠᠵᠢᠯᠲᠠᠨ ᠲᠣᠮᠢᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠵᠢᠯᠣᠭᠤᠳᠤᠨ ᠨᠠᠶᠢᠳᠠᠪᠤᠷᠢᠵᠢᠭᠤᠯᠪᠠ᠃ ᠬᠤᠶᠠᠷ ᠲᠤ᠂ ᠠᠷᠢᠭᠤᠳᠬᠠᠬᠤ ᠠᠵᠢᠯ ᠢ ᠴᠢᠩᠭᠠᠳᠬᠠᠵᠤ᠂ ᠲᠡᠷᠭᠡᠨ ᠳᠤ | ᠰᠠᠭᠤᠬᠤ ᠠᠶᠤᠯᠭᠦᠢ ᠣᠷᠴᠢᠨ ᠢ ᠬᠠᠩᠭᠠᠪᠠ᠃ ᠭᠤᠷᠪᠠ ᠳᠤ᠂ ᠲᠡᠷᠭᠡᠨ ᠳᠤ ᠭᠠᠷᠴᠤ ᠪᠠᠭᠤᠭᠰᠠᠨ ᠮᠡᠳᠡᠭᠡ ᠵᠠᠩᠭᠢ ᠶᠢ | ᠳᠠᠩᠰᠠᠯᠠᠬᠤ ᠠᠵᠢᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠠᠩᠬᠠᠨ ᠤ ᠲᠤᠭ᠎ᠠ | ᠪᠠᠷᠢᠮᠲᠠ ᠬᠠᠩᠭᠠᠪᠠ᠃ ᠳᠥᠷᠪᠡ ᠳᠤ᠂ ᠤᠬᠠᠭᠤᠯᠭ᠎ᠠ ᠰᠤᠷᠲᠠᠯᠴᠢᠯᠠᠭ᠎ᠠ ᠶᠢᠨ ᠬᠦᠴᠦᠨ ᠢᠶᠠᠨ ᠴᠢᠩᠭᠠᠳᠬᠠᠵᠤ᠂ | ᠴᠢᠬᠤᠯᠠᠴᠢᠯᠠᠨ ᠦᠵᠡᠬᠦ ᠬᠡᠮᠵᠢᠶ᠎ᠡ ᠶᠢ ᠳᠡᠭᠡᠭᠰᠢᠯᠡᠭᠦᠯᠪᠡ᠃ ᠲᠠᠪᠤ ᠳᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠬᠠᠷᠠᠭᠤᠯ ᠤᠨ ᠲᠤᠰᠢᠶᠠᠯ ᠢ ᠡᠭᠦᠷᠭᠡᠯᠡᠪᠡ᠃ ᠵᠢᠷᠭᠤᠭ᠎ᠠ᠂ | ᠬᠠᠤᠯᠢ ᠬᠡᠷᠡᠭᠵᠢᠭᠦᠯᠬᠦ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ︽ᠬᠠᠷ᠎ᠠ ᠲᠡᠷᠭᠡ︾ ᠪᠠᠷ ᠳᠠᠮᠵᠢᠭᠳᠠᠬᠤ ᠶᠢ | ᠬᠤᠷᠢᠭᠯᠠᠪᠠ᠃ | 13. ᠬᠥᠲᠥᠯᠥᠭᠴᠢ | ᠨᠡᠶᠢᠲᠡ ᠶᠢᠨ ᠮᠠᠰᠢᠨ ᠢ ᠰᠡᠷᠭᠦᠭᠡᠬᠦ ᠲᠠᠯ᠎ᠠ ᠪᠠᠷ ᠲᠠᠨᠢᠯᠴᠠᠭᠤᠯᠵᠤ ᠥᠭᠭᠦᠨ᠎ᠡ ᠦᠦ︖ | 14. ᠰᠢᠤᠸᠠᠢ ᠵᠧᠩ ᠴᠢ | ᠬᠥᠬᠡᠬᠤᠲᠠ ᠣᠷᠣᠨ ᠤ ᠠᠶᠠᠨᠴᠢᠨ ᠤ ᠲᠡᠭᠡᠭᠡᠪᠦᠷᠢ᠂ ᠲᠦᠷᠢᠶᠡᠰᠦᠨ ᠮᠠᠰᠢᠨ ᠪᠣᠯᠣᠨ ᠨᠡᠶᠢᠲᠡ ᠶᠢᠨ ᠮᠠᠰᠢᠨ ᠤ | ᠵᠠᠮ ᠱᠤᠭᠤᠮ ᠢ ᠵᠠᠯᠭᠠᠭ᠎ᠠ ᠪᠠᠷ ᠰᠡᠷᠭᠦᠭᠡᠬᠦ ᠲᠤᠬᠠᠢ ᠨᠠᠷᠢᠯᠢᠭ ᠪᠠᠶᠢᠷᠢᠯᠠᠭᠤᠯᠤᠯᠲᠠ ᠬᠢᠪᠡ᠃ ᠨᠢᠭᠡ ᠳᠤ᠂ 24 ᠤ | ᠡᠳᠦᠷ ᠠᠴᠠ ᠡᠬᠢᠯᠡᠨ ᠬᠤᠲᠠ ᠶᠢᠨ ᠲᠣᠭᠤᠷᠢᠭ ᠤᠨ 3 ᠠᠶᠠᠨᠴᠢᠨ ᠤ ᠲᠡᠷᠭᠡᠨ ᠥᠷᠲᠡᠭᠡ ᠪᠠ ᠬᠤᠰᠢᠭᠤ ᠰᠢᠶᠠᠨ ᠤ | ᠲᠡᠷᠭᠡᠨ ᠥᠷᠲᠡᠭᠡ ᠶᠢᠨ ᠡᠵᠡᠩᠨᠡᠯᠲᠡ ᠶᠢ ᠰᠡᠷᠭᠦᠭᠡᠵᠦ᠂ ᠬᠥᠬᠡᠬᠤᠲᠠ ᠪᠣᠯᠣᠨ ᠣᠶᠢᠷ᠎ᠠ ᠣᠷᠴᠢᠮ ᠤᠨ ᠬᠡᠰᠡᠭ ᠠᠶᠢᠮᠠᠭ | ᠬᠤᠲᠠ ᠶᠢᠨ ᠬᠤᠭᠤᠷᠣᠨᠳᠤ᠂ ᠬᠤᠲᠠ ᠶᠢᠨ ᠲᠣᠭᠤᠷᠢᠭ ᠪᠣᠯᠣᠨ ᠬᠤᠰᠢᠭᠤ ᠰᠢᠶᠠᠨ ᠤ ᠬᠤᠭᠤᠷᠣᠨᠳᠤ ᠶᠢᠨ | ᠠᠶᠠᠨᠴᠢᠨ ᠤ ᠲᠡᠷᠭᠡ ᠶᠢᠨ ᠵᠠᠮ ᠱᠤᠭᠤᠮ ᠢ ᠪᠦᠬᠦᠨ ᠢ ᠨᠡᠭᠡᠭᠡᠪᠡ᠃ ᠲᠡᠷᠭᠡ ᠨᠡᠪᠲᠡᠷᠡᠭᠡ ᠦᠭᠡᠢ ᠮᠤᠵᠢ ᠶᠢᠨ | ᠬᠤᠭᠤᠷᠣᠨᠳᠤᠬᠢ ᠡᠭᠡᠯᠵᠢ ᠶᠢᠨ ᠲᠡᠷᠭᠡ ᠶᠢᠨ ᠡᠴᠦᠰ ᠤᠨ ᠥᠷᠲᠡᠭᠡ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ | ᠨᠥᠬᠦᠴᠡᠯ ᠳᠤ ᠨᠡᠶᠢᠴᠡᠭᠰᠡᠨ ᠢ ᠡᠷᠲᠡᠬᠡᠨ ᠨᠡᠭᠡᠭᠡᠬᠦ ᠪᠠᠷ ᠴᠢᠷᠮᠠᠶᠢᠵᠤ ᠪᠠᠶᠢᠨ᠎ᠠ᠂ ᠠᠶᠠᠨᠴᠢᠨ ᠣᠯᠠᠨ ᠲᠦᠮᠡᠨ | ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠵᠢᠷᠭᠢᠭᠡ ᠶᠢ | ᠠᠩᠬᠠᠷᠤᠨ ᠬᠠᠶᠢᠨ ᠦᠵᠡᠬᠦ ᠪᠤᠶᠤ ᠨᠡᠶᠢᠲᠡᠯᠡᠭᠰᠡᠨ ᠤᠲᠠᠰᠤ ᠪᠠᠷ ᠠᠰᠠᠭᠤᠨ ᠯᠠᠪᠯᠠᠵᠤ ᠪᠣᠯᠣᠨ᠎ᠠ᠃ ᠬᠤᠶᠠᠷ ᠲᠤ᠂ | ᠲᠦᠷᠢᠶᠡᠰᠦᠨ ᠮᠠᠰᠢᠨ ᠤ ᠠᠵᠤ ᠠᠬᠤᠶᠢᠯᠠᠯ ᠤᠳ ᠢ ᠵᠢᠯᠣᠭᠤᠳᠤᠨ ᠲᠡᠭᠡᠭᠡᠪᠦᠷᠢ ᠶᠢᠨ ᠬᠦᠴᠦᠨ ᠢ ᠳᠡᠭᠡᠭᠰᠢᠯᠡᠭᠦᠯᠦᠨ᠎ᠡ᠃ | ᠭᠤᠷᠪᠠ ᠳᠤ᠂ ᠨᠡᠶᠢᠲᠡ ᠶᠢᠨ ᠮᠠᠰᠢᠨ ᠤ ᠵᠠᠮ ᠱᠤᠭᠤᠮ ᠢ ᠠᠯᠬᠤᠮ ᠠᠯᠬᠤᠮ ᠢᠶᠠᠷ ᠰᠡᠷᠭᠦᠭᠡᠨ᠎ᠡ᠃ 24 ᠤ | ᠡᠳᠦᠷ ᠠᠴᠠ ᠡᠬᠢᠯᠡᠨ ᠣᠳᠣ ᠪᠣᠯᠲᠠᠯ᠎ᠠ 30 ᠵᠣᠷᠪᠣᠰ ᠭᠤᠣᠯ ᠵᠠᠮ ᠱᠤᠭᠤᠮ ᠤᠨ ᠨᠡᠶᠢᠲᠡ ᠶᠢᠨ ᠮᠠᠰᠢᠨ ᠢ | ᠰᠡᠷᠭᠦᠭᠡᠵᠦ᠂ ᠬᠢᠩᠭᠠᠨ ᠵᠠᠮ᠂ ᠤᠯᠠᠭᠠᠨᠴᠠᠪ ᠵᠠᠮ᠂ ᠰᠢᠨᠬᠤᠸᠠ ᠶᠡᠭᠡ ᠵᠡᠭᠡᠯᠢ᠂ ᠴᠢᠩᠭᠢᠰ ᠬᠠᠭᠠᠨ ᠶᠡᠭᠡ ᠵᠡᠭᠡᠯᠢ ᠵᠡᠷᠭᠡ | 30 ᠭᠤᠣᠯ ᠵᠠᠮ ᠱᠤᠭᠤᠮ᠂ 800 ᠭᠠᠷᠤᠢ ᠥᠷᠲᠡᠭᠡ ᠶᠢ ᠪᠠᠭᠲᠠᠭᠠᠪᠠ᠃ ᠮᠠᠨ ᠤ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠡᠬᠢᠯᠡᠬᠦ ᠴᠠᠭ ᠢ ᠦᠨᠳᠦᠰᠦᠯᠡᠨ 25 ᠰᠤᠷᠭᠠᠭᠤᠯᠢ ᠶᠢᠨ ᠲᠡᠷᠭᠡ ᠶᠢᠨ ᠵᠠᠮ | ᠱᠤᠭᠤᠮ ᠶᠢ ᠰᠡᠷᠭᠦᠭᠡᠬᠦ ᠪᠣᠯᠣᠨ᠎ᠠ᠃ ᠡᠯ᠎ᠡ ᠬᠤᠰᠢᠭᠤ ᠰᠢᠶᠠᠨ ᠤ ᠨᠡᠶᠢᠲᠡ ᠶᠢᠨ ᠮᠠᠰᠢᠨ ᠢ ᠰᠡᠷᠭᠦᠭᠡᠬᠦ ᠠᠵᠢᠯ ᠢ ᠶᠠᠭ | ᠪᠡᠯᠡᠳᠬᠡᠵᠦ ᠪᠠᠶᠢᠨ᠎ᠠ᠃ | 15. ᠬᠥᠲᠥᠯᠥᠭᠴᠢ | ᠡᠳ᠋ ᠪᠣᠳᠠᠰ ᠤᠨ ᠬᠠᠩᠭᠠᠯᠭ᠎ᠠ ᠶᠢᠨ ᠲᠠᠯ᠎ᠠ ᠪᠠᠷ ᠬᠢ ᠠᠵᠢᠯ ᠠᠴᠠ ᠲᠠᠨᠢᠯᠴᠠᠭᠤᠯᠵᠤ ᠥᠭᠭᠦᠨ᠎ᠡ ᠦᠦ︖ | 16. ᠰᠢᠤᠸᠠᠢ ᠵᠧᠩ ᠴᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠭᠤᠣᠯᠳᠠᠯᠭ᠎ᠠ ᠲᠠᠢ ᠡᠳ᠋ ᠪᠣᠳᠠᠰ᠂ | ᠬᠥᠮᠥᠨ ᠢ ᠴᠠᠭ ᠲᠤᠬᠠᠢ ᠳᠤᠨᠢ ᠬᠦᠷᠦᠯᠴᠡᠬᠦ᠋ᠢᠴᠡ ᠵᠥᠭᠡᠭᠡᠪᠦᠷᠢᠯᠡᠬᠦ ᠶᠢ ᠪᠠᠲᠤᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠬᠤᠯᠪᠣᠭᠳᠠᠬᠤ ᠵᠥᠭᠡᠭᠡᠪᠦᠷᠢ ᠶᠢᠨ ᠱᠠᠭᠠᠷᠳᠠᠯᠭ᠎ᠠ ᠶᠢ ᠬᠠᠩᠭᠠᠵᠤ᠂ ᠥᠷᠭᠡᠨ ᠣᠯᠠᠨ | ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠶᠢᠨ ᠲᠤᠰᠠᠳᠠ᠂ ᠨᠡᠪᠲᠡᠷᠡᠬᠦ ᠭᠡᠷᠡᠴᠢ ᠲᠠᠷᠬᠠᠭᠠᠨ | ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠵᠥᠭᠡᠭᠡᠪᠦᠷᠢ ᠶᠢᠨ ᠬᠦᠴᠦᠨ ᠢ ᠪᠠᠶᠢᠭᠤᠯᠬᠤ ᠵᠡᠷᠭᠡ ᠠᠷᠭ᠎ᠠ | ᠬᠡᠮᠵᠢᠶ᠎ᠡ ᠠᠪᠤᠨ ᠠᠷᠠᠳ ᠤᠨ ᠠᠮᠢᠳᠤᠷᠠᠯ ᠤᠨ ᠬᠠᠩᠭᠠᠯᠭ᠎ᠠ ᠶᠢ ᠪᠠᠲᠤᠯᠠᠪᠠ᠃ ︵1︶ ᠲᠡᠷᠭᠡ ᠬᠦᠡᠭᠡ ᠨᠡᠪᠲᠡᠷᠡᠬᠦ | ᠭᠡᠷᠡᠴᠢ ᠣᠯᠭᠤᠬᠤ ᠲᠦᠷᠢᠮ ᠢ ᠬᠡᠷᠡᠭᠵᠢᠭᠦᠯᠪᠡ ᠠᠮᠢᠳᠤᠷᠠᠯ ᠤᠨ ᠡᠳ᠋ ᠪᠣᠳᠠᠰ᠂ ᠡᠮ ᠲᠠᠩ᠂ ᠪᠡᠯᠡᠳᠬᠡᠮᠵᠢ ᠲᠣᠨᠤᠭ | ᠲᠥᠬᠦᠭᠡᠷᠦᠮᠵᠢ ᠬᠦᠷᠭᠡᠬᠦ ᠲᠡᠷᠭᠡ ᠤᠨᠤᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠲᠡᠭᠡᠭᠡᠪᠦᠷᠢ ᠶᠢᠨ ᠠᠵᠤ | ᠠᠬᠤᠶᠢᠯᠠᠯ ᠤᠳ ᠲᠤ ᠲᠡᠷᠭᠡ ᠬᠦᠰᠬᠡ ᠨᠡᠪᠲᠡᠷᠡᠬᠦ ᠭᠡᠷᠡᠴᠢ ᠣᠯᠭᠤᠪᠠ᠃ ︵2︶ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢᠨ 4 ᠲᠡᠷᠭᠡᠨ ᠠᠩᠭᠢ ᠪᠠᠶᠢᠭᠤᠯᠪᠠ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ | ᠲᠦᠷᠢᠶᠡᠰᠦᠨ ᠮᠠᠰᠢᠨ᠂ ᠠᠶᠠᠨᠴᠢᠨ ᠤ ᠲᠡᠭᠡᠭᠡᠪᠦᠷᠢ᠂ ᠡᠳ᠋ ᠪᠠᠷᠠᠭ᠎ᠠ ᠶᠢᠨ ᠲᠡᠭᠡᠭᠡᠪᠦᠷᠢ ᠪᠠ ᠨᠡᠶᠢᠲᠡ ᠶᠢᠨ ᠮᠠᠰᠢᠨ ᠢᠶᠠᠷ | ᠪᠦᠷᠢᠯᠳᠦᠭᠰᠡᠨ 843 ᠲᠡᠷᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠵᠥᠭᠡᠭᠡᠪᠦᠷᠢ ᠶᠢᠨ | ᠬᠦᠴᠦᠨ ᠢ ᠪᠠᠶᠢᠭᠤᠯᠪᠠ᠃ | 17. ᠬᠥᠲᠥᠯᠥᠭᠴᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠪᠠᠶᠢᠭᠤᠯᠵᠤ᠂ ᠶᠡᠭᠡ ᠬᠡᠮᠵᠢᠶᠡᠨ ᠤ ᠠᠵᠢᠯ ᠬᠢᠪᠡ᠂ | ᠡᠭᠦᠨ ᠤ ᠲᠤᠬᠠᠢ ᠲᠠᠨᠢᠯᠴᠠᠭᠤᠯᠵᠤ ᠥᠭᠭᠦᠨ᠎ᠡ ᠦᠦ︖ | 18. ᠳ᠋ᠦᠩ ᠷᠦᠢ ᠺᠠᠩ | ᠴᠠᠭᠠᠨ ᠬᠤᠯᠤᠭᠠᠨ᠎ᠠ ᠵᠢᠯ ᠤᠨ ᠴᠠᠭᠠᠨ ᠰᠠᠷ᠎ᠠ ᠪᠣᠯᠬᠤ ᠳᠤ᠂ ᠬᠤᠪᠧᠢ ᠮᠤᠵᠢ ᠶᠢᠨ ᠦᠬᠠᠨ ᠵᠡᠷᠭᠡ ᠭᠠᠵᠠᠷ | ᠣᠷᠣᠨ ᠨᠤᠭᠤᠳ ᠢᠶᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠠᠯᠭᠠᠭ᠎ᠠ ᠪᠠᠷ | ᠳᠡᠯᠭᠡᠷᠡᠵᠦ᠂ ᠮᠠᠨ ᠤ ᠬᠤᠲᠠ ᠳᠤ ᠴᠦ ᠵᠠᠯᠭᠠᠭ᠎ᠠ ᠪᠠᠷ ᠢᠯᠡᠷᠡᠭᠰᠡᠨ ᠮᠥᠷᠲᠡᠭᠡᠨ ᠦᠷᠭᠦᠯᠵᠢᠯᠡᠨ ᠳᠡᠯᠭᠡᠷᠡᠬᠦ ᠬᠠᠨᠳᠤᠰᠢ | ᠭᠠᠷᠪᠠ᠃ ᠬᠢᠵᠢᠭ ᠤᠨ ᠪᠠᠶᠢᠳᠠᠯ ᠲᠦᠢᠯ ᠤᠨ ᠬᠦᠨᠳᠦ ᠨᠣᠴᠢᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠬᠤᠷᠢᠭᠯᠠᠬᠤ ᠨᠢ ᠮᠠᠰᠢ ᠪᠠᠴᠢᠮ ᠲᠤᠯᠭᠠᠮ᠎ᠠ ᠪᠤᠯᠤᠭᠰᠠᠨ ᠶᠤᠮ᠃ ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ | ᠡᠵᠡᠮᠳᠡᠬᠦ ᠪᠣᠯ ᠬᠠᠷᠢᠭᠤᠴᠠᠯᠭ᠎ᠠ᠃ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠦᠨᠡᠨ ᠬᠦ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠲᠥᠯᠥᠭᠡ᠂ 1 ᠳ᠋ᠦ᠋ᠭᠡᠷ ᠰᠠᠷ᠎ᠠ ᠶᠢᠨ 28 ᠤ ᠡᠳᠦᠷ᠂ ᠬᠤᠲᠠ ᠶᠢᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠳᠦᠯᠲᠡᠢ ᠪᠠᠶᠢᠷᠢᠯᠠᠭᠤᠯᠤᠯᠲᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 1 ᠳ᠋ᠦ᠋ᠭᠡᠷ ᠰᠠᠷ᠎ᠠ ᠶᠢᠨ 26 ᠤ ᠡᠳᠦᠷ ᠤᠨ ᠲᠧᠯᠸᠢᠰ ᠤᠲᠠᠰᠤᠲᠤ | ᠬᠤᠷᠠᠯ ᠤᠨ ᠵᠣᠷᠢᠭ ᠰᠠᠨᠠᠭ᠎ᠠ ᠵᠢᠴᠢ ᠸᠠᠩ ᠯᠢ ᠰᠢᠶᠠ ᠨᠥᠬᠦᠷ ᠤᠨ ᠳᠤᠷᠠᠳᠤᠭᠰᠠᠨ ︽ᠵᠠᠰᠠᠮᠠᠯ ᠵᠠᠮ ᠤᠨ ᠪᠣᠭᠤᠮᠲᠠ | ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠪᠣᠭᠤᠮᠲᠠ ᠪᠣᠯᠣᠨ᠎ᠠ᠂ ᠰᠡᠷᠭᠡᠶᠢᠯᠡᠨ ᠡᠵᠡᠮᠳᠡᠬᠦ ᠳᠤ | ᠣᠭᠲᠣᠬᠠᠨ ᠴᠦ ᠣᠰᠣᠯ ᠭᠠᠷᠭᠠᠵᠤ ᠪᠣᠯᠬᠤ ᠦᠭᠡᠢ︾ ᠭᠡᠰᠡᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ | ᠵᠠᠩᠭᠢᠯᠠᠭ᠎ᠠ ᠶᠢ ᠠᠩᠬᠠᠷᠤᠨ ᠭᠤᠣᠯᠳᠠᠯᠭ᠎ᠠ ᠶᠢ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠨ ᠤᠷᠢᠳᠴᠢᠯᠠᠨ | ᠵᠢᠯᠣᠭᠤᠳᠴᠤ᠂ ᠲᠣᠪᠴᠢᠶ᠎ᠠ ᠶᠢᠨ ᠳᠣᠲᠣᠭᠠᠳᠤ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ | ᠰᠠᠨᠠᠭᠠᠴᠢᠯᠠᠭ᠎ᠠ ᠭᠠᠷᠭᠠᠨ᠂ ᠪᠦᠬᠦ ᠨᠠᠮ ᠤᠨ ᠭᠡᠰᠢᠭᠦᠨ ᠺᠠᠳ᠋ᠷᠴᠤᠳ ᠪᠠ ᠠᠵᠢᠯᠴᠢᠨ ᠠᠵᠢᠯᠲᠠᠳ ᠢ ᠳᠠᠶᠢᠴᠢᠯᠠᠨ | ᠨᠠᠮ ᠤᠨ ᠵᠣᠬᠢᠶᠠᠨ ᠪᠠᠶᠢᠭᠤᠯᠤᠯᠲᠠ ᠳᠣᠣᠷ᠎ᠠ ᠨᠢᠭᠲᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠨᠠᠮ ᠤᠨ ᠭᠡᠰᠢᠭᠦᠨ ᠤ ᠰᠠᠶᠢᠨ ᠳᠤᠷᠠᠴᠤᠳ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠬᠦᠴᠦᠨ ᠢ ᠵᠣᠬᠢᠶᠠᠨ | ᠪᠠᠶᠢᠭᠤᠯᠵᠤ᠂ ᠬᠢᠵᠢᠭ ᠤᠨ ᠪᠠᠶᠢᠳᠠᠯ ᠲᠠᠢ ᠲᠡᠮᠡᠴᠡᠬᠦ ᠡᠯ᠎ᠡ ᠠᠵᠢᠯ ᠤᠨ ᠪᠠᠶᠢᠷᠢ ᠶᠢᠨ ᠡᠮᠦᠨ᠎ᠡ ᠡᠩᠨᠡᠭᠡᠨ ᠳᠤ | ᠭᠠᠪᠰᠢᠭᠠᠶᠢᠯᠠᠪᠠ᠃ | 19. ᠰᠢᠤᠸᠠᠢ ᠵᠧᠩ ᠴᠢ | ᠰᠦᠯᠵᠢᠶᠡᠨ ᠨᠠᠶᠢᠵᠠ ᠶᠢᠨ ᠳᠤᠷᠠᠳᠤᠭᠰᠠᠨ ᠲᠦᠷᠢᠶᠡᠰᠦᠨ ᠮᠠᠰᠢᠨ ᠢ ᠳᠠᠭᠠᠭᠠᠴᠢᠯᠠᠬᠤ ᠬᠥᠯᠥᠰᠦ ᠮᠥᠩᠭᠦ ᠶᠢᠨ | ᠲᠤᠬᠠᠢ᠄ ᠬᠤᠲᠠ ᠶᠢᠨ ᠲᠣᠭᠤᠷᠢᠭ ᠤᠨ ᠨᠡᠶᠢᠲᠡ ᠶᠢᠨ ᠮᠠᠰᠢᠨ ᠢ ᠨᠡᠶᠢᠲᠡ ᠠᠴᠠ ᠡᠵᠡᠩᠨᠡᠵᠦ ᠪᠠᠶᠢᠭ᠎ᠠ 13 | ᠭᠠᠵᠠᠷ ᠤᠨ 2240 ᠲᠡᠷᠭᠡ ᠶᠢᠨ ᠬᠤᠶᠠᠳᠤᠭᠠᠷ ᠰᠠᠷ᠎ᠠ ᠶᠢᠨ ᠳᠠᠭᠠᠭᠠᠴᠢᠯᠠᠯᠲᠠ ᠶᠢᠨ ᠮᠥᠩᠭᠦ 1104 ᠲᠦᠮᠡᠨ | ᠲᠥᠭᠦᠷᠢᠭ ᠢ ᠬᠡᠯᠲᠦᠷᠢᠭᠦᠯᠪᠠ᠃ ᠦᠯᠡᠳᠡᠭᠰᠡᠨ 3960 ᠬᠤᠪᠢ ᠶᠢᠨ ᠮᠠᠰᠢᠨ ᠳᠤ᠂ ᠠᠩᠬ᠎ᠠ ᠠᠯᠬᠤᠮ ᠡᠵᠡᠮᠰᠢᠭᠰᠡᠨ | ᠪᠠᠶᠢᠳᠠᠯ ᠢᠶᠠᠷ 70% ᠶᠢᠨ ᠮᠠᠰᠢᠨ ᠤ ᠡᠵᠡᠨ ᠵᠢᠯᠣᠭᠤᠴᠢ ᠶᠢᠨ ᠬᠤᠶᠠᠳᠤᠭᠠᠷ ᠰᠠᠷ᠎ᠠ ᠶᠢᠨ ᠳᠠᠭᠠᠭᠠᠴᠢᠯᠠᠯᠲᠠ ᠶᠢᠨ | ᠮᠥᠩᠭᠦ 997 ᠲᠦᠮᠡᠨ ᠲᠥᠭᠦᠷᠢᠭ ᠢ ᠬᠡᠯᠲᠦᠷᠢᠭᠦᠯᠵᠦ᠂ 20% ᠶᠢᠨ ᠮᠠᠰᠢᠨ ᠤ ᠡᠵᠡᠨ ᠵᠢᠯᠣᠭᠤᠴᠢ ᠶᠢᠨ | ᠳᠠᠭᠠᠭᠠᠴᠢᠯᠠᠯᠲᠠ ᠶᠢᠨ ᠮᠥᠩᠭᠦ ᠶᠢ ᠬᠠᠭᠠᠰ ᠢᠶᠠᠷ ᠬᠡᠯᠲᠦᠷᠢᠭᠦᠯᠵᠦ᠂ ᠨᠡᠶᠢᠲᠡ 142 ᠲᠦᠮᠡᠨ ᠲᠥᠭᠦᠷᠢᠭ ᠬᠦᠷᠪᠡ᠃ | | 20. ᠬᠠᠮᠢᠶᠠᠷᠤᠭᠴᠢ | ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠨᠥᠬᠦᠳ ᠲᠤ ᠪᠠᠶᠠᠷᠯᠠᠯ᠎ᠠ᠂ ᠵᠠᠮ | ᠬᠠᠷᠢᠯᠴᠠᠭᠠᠨ ᠤ ᠬᠦᠮᠦᠰ ᠤᠨ ᠬᠦᠴᠦ ᠪᠠᠨ ᠡᠷᠭᠦᠭᠰᠡᠨ ᠳᠤ ᠲᠠᠯᠠᠷᠬᠠᠯ᠎ᠠ᠂ ᠰᠦᠯᠵᠢᠶᠡᠨ ᠨᠠᠶᠢᠵᠠ ᠨᠠᠷ ᠤᠨ | ᠠᠩᠬᠠᠷᠤᠯ ᠢᠶᠠᠨ ᠬᠠᠨᠳᠤᠭᠤᠯᠤᠭᠰᠠᠨ ᠳᠤ ᠲᠠᠯᠠᠷᠬᠠᠯ᠎ᠠ᠃ ᠡᠨᠡ ᠤᠳᠠᠭ᠎ᠠ ᠶᠢᠨ ᠰᠤᠷᠪᠤᠯᠵᠢᠯᠠᠭ᠎ᠠ ᠠᠳᠡ ᠬᠦᠷᠦᠭᠡᠳ | ᠦᠨᠳᠦᠷᠯᠡᠯ᠎ᠡ᠃ ᠰᠠᠯᠬᠢ ᠰᠥᠷᠦᠨ ᠤᠷᠤᠭᠰᠢᠯᠠᠭᠴᠢ ᠡᠮᠴᠢ ᠰᠤᠪᠢᠯᠠᠭᠴᠢ᠂ ᠡᠯ᠎ᠡ ᠰᠠᠯᠠᠭ᠎ᠠ ᠮᠥᠴᠢᠷ ᠤᠨ ᠨᠢᠭᠡᠳᠦᠭᠡᠷ | ᠹᠷᠣᠨᠲ ᠲᠤ ᠭᠠᠪᠰᠢᠭᠠᠶᠢᠯᠠᠵᠤ ᠪᠠᠶᠢᠭ᠎ᠠ ᠨᠥᠬᠦᠳ᠂ ᠨᠡᠶᠢᠭᠡᠮ ᠲᠣᠭᠤᠷᠢᠭ ᠢᠶᠠᠷ ᠬᠦᠨᠵᠡᠭᠡᠶᠢᠷᠡᠨ ᠠᠵᠢᠯᠯᠠᠵᠤ ᠪᠠᠶᠢᠭ᠎ᠠ | ᠨᠠᠮ ᠤᠨ ᠭᠡᠰᠢᠭᠦᠳ᠂ ᠰᠠᠶᠢᠨ ᠳᠤᠷᠠᠴᠤᠳ᠂ ᠡᠳ᠋ ᠪᠣᠳᠠᠰ ᠬᠠᠨᠳᠢᠪᠯᠠᠭᠰᠠᠨ ᠨᠢᠩᠵᠢᠨ ᠰᠡᠳᠬᠢᠯᠲᠦ ᠨᠡᠶᠢᠭᠡᠮ ᠤᠨ | ᠡᠯ᠎ᠡ ᠡᠲᠡᠭᠡᠳ ᠤᠨ ᠬᠢᠨ ᠳᠤ ᠬᠦᠨᠳᠦᠳᠭᠡᠯ ᠲᠡᠪᠰᠢᠭᠦᠯᠦᠶ᠎ᠡ︕ |