ᠶᠦᠨ ᠬᠠᠢ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/4/23
     ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠣᠯᠤᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ︽ᠬᠤᠶᠠᠷ ᠬᠠᠯᠬᠠᠪᠴᠢ︾ ᠶᠢᠨ ᠪᠠᠶᠢᠯᠳᠤᠬᠤ ᠪᠤᠳᠤᠯᠭ᠎ᠠ ᠶᠢᠨ ᠮᠠᠨ ᠤ ᠰᠢᠶᠠᠨ ᠳᠤ ᠨᠠᠶᠢᠳᠠᠪᠤᠷᠢᠵᠢᠭᠤᠯᠬᠤ ᠶᠢ ᠭᠦᠨᠵᠡᠭᠡᠢ ᠠᠬᠢᠭᠤᠯᠬᠤ ᠶᠢᠨ ᠲᠤᠰᠠᠲᠠ᠂ ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠤ ᠣᠷᠣᠯᠴᠠᠭᠰᠠᠨ ᠨᠥᠬᠦᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠠᠳᠬᠤᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ      ᠶᠦᠨ ᠬᠠᠢ ᠵᠢᠭᠠᠵᠤ ᠭᠠᠷᠭᠠᠭᠰᠠᠨ ᠨᠢ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠰᠠᠭᠤᠷᠢ ᠴᠢᠨᠠᠷᠲᠠᠢ ᠢᠨᠵᠧᠨᠧᠷᠢᠩ ᠮᠥᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠠᠶᠢᠲᠤᠷ ᠬᠢᠬᠦ ᠨᠢ ᠤᠯᠤᠰ ᠤᠨ ᠠᠮᠤᠷ ᠲᠦᠪᠰᠢᠨ ᠢ  ᠬᠠᠮᠠᠭᠠᠯᠠᠬᠤ ᠳᠤ ᠰᠢᠭᠤᠳ ᠬᠤᠯᠪᠣᠭᠳᠠᠵᠤ᠂ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠬᠠᠮᠠᠭᠠᠯᠠᠬᠤ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ ᠴᠡᠷᠢᠭ ᠵᠠᠰᠠᠭ᠂ ᠴᠡᠷᠢᠭ ᠠᠷᠠᠳ ᠤᠨ ᠪᠦᠯᠬᠦᠮᠳᠡᠯ ᠪᠣᠯ ᠶᠡᠷᠦ ᠠᠴᠠ ᠤᠯᠤᠰ ᠣᠷᠣᠨ ᠤ ᠠᠮᠤᠷ ᠲᠦᠪᠰᠢᠨ ᠢ ᠬᠠᠮᠠᠭᠠᠯᠠᠬᠤ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠬᠤ ᠶᠢᠨ ᠴᠢᠬᠤᠯᠠ ᠬᠦᠴᠦᠨ ᠵᠦᠢᠯ ᠪᠣᠯᠤᠭᠰᠠᠭᠠᠷ ᠢᠷᠡᠪᠡ᠂ ︽ᠬᠤᠶᠠᠷ ᠢ ᠬᠦᠷᠢᠶᠡᠯᠡᠬᠦ︾ ᠠᠵᠢᠯ ᠢ ᠰᠠᠶᠢᠲᠤᠷ ᠬᠢᠬᠦ ᠪᠣᠯ ᠤᠯᠤᠰ ᠣᠷᠣᠨ ᠪᠠ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ ᠴᠢᠬᠤᠯᠠ ᠢᠯᠡᠷᠡᠯ ᠮᠥᠨ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠲᠣᠭᠲᠠᠭᠤᠨ ᠪᠠᠶᠢᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠠᠬᠢᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠤᠢᠢᠷ᠎ᠠ ᠶᠢᠨ ᠵᠢᠯ ᠤᠳ ᠲᠤ᠂ ᠳᠤᠮᠳᠠᠳᠤ ᠤᠯᠤᠰ ᠤᠨ ᠵᠡᠭᠦᠳᠦ᠂ ᠴᠡᠷᠢᠭ ᠢ ᠬᠦᠴᠦᠷᠬᠡᠭᠵᠢᠭᠦᠯᠬᠦ ᠵᠡᠭᠦᠳᠦ ᠶᠢ ᠪᠡᠶᠡᠯᠡᠭᠦᠯᠬᠦ ᠶᠢᠨ ᠲᠣᠭᠤᠷᠢᠨ ᠳᠤ᠂ ᠲᠥᠪ ᠤᠨ ᠪᠠ ᠡᠯ᠎ᠡ ᠭᠠᠵᠠᠷ ᠤᠨ ᠬᠢᠨ ᠡᠬᠡ ᠣᠷᠣᠨᠴᠢ ᠦᠵᠡᠯ ᠢᠶᠠᠷ ᠭᠤᠣᠯ ᠪᠣᠯᠭᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠶᠡᠬᠡᠪᠡᠷ ᠥᠷᠨᠢᠭᠦᠯᠵᠦ᠂ ᠬᠤᠶᠠᠷ ᠢ ᠬᠦᠷᠢᠶᠡᠯᠡᠬᠦ ᠠᠵᠢᠯ ᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠷᠨᠢᠨ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢᠯᠡᠷᠡᠪᠡ᠃ ᠦᠴᠤᠸᠠᠨ ᠰᠢᠶᠠᠨ ᠨᠢ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ᠂ ᠤᠤᠯ ᠠᠴᠠ ᠪᠠᠨ ᠴᠡᠷᠢᠭ ᠢᠶᠠᠨ ᠬᠦᠷᠢᠶᠡᠯᠡᠵᠤ ᠴᠡᠷᠢᠭ ᠤᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠵᠦ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠲᠠᠢ ᠪᠠᠶᠢᠵᠤ ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠪᠣᠯᠤᠭᠰᠠᠨ ᠤ ᠬᠤᠪᠢ ᠳᠤ᠂ ᠡᠬᠡ ᠣᠷᠣᠨᠴᠢ ᠦᠵᠡᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠮᠠᠨ ᠤ ᠪᠠᠶᠢᠩᠭᠤᠵᠢᠭᠤᠯᠤᠨ ᠥᠷᠨᠢᠭᠦᠯᠬᠦ ᠠᠵᠢᠯ ᠪᠣᠯᠭᠠᠵᠤ᠂ ᠪᠦᠬᠦ ᠰᠢᠶᠠᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠠᠷᠠᠳ ᠤᠯᠠᠨ ᠤ ᠠᠵᠢᠯ ᠠᠮᠢᠳᠤᠷᠠᠯ ᠳᠤ ᠠᠭᠤᠰᠤᠨ ᠣᠷᠤᠪᠠ᠃ ᠢᠯᠠᠩᠭᠤᠶ᠎ᠠ ᠤᠢᠢᠷ᠎ᠠ ᠶᠢᠨ ᠵᠢᠯ ᠤᠳ ᠲᠤ᠂ ᠴᠡᠷᠢᠭ ᠠᠩᠬᠢ ᠪᠠ ᠣᠷᠣᠨ ᠨᠤᠲᠤᠭ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠠᠭ᠎ᠠ ᠪᠠᠷ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠲᠡᠤᠬᠡᠲᠦ ᠴᠢᠨᠠᠷᠲᠠᠶ ᠠᠮᠵᠢᠯᠲᠠ ᠣᠯᠵᠤ᠂ ᠶᠠᠳᠠᠭᠤ ᠬᠦᠴᠢᠷᠳᠡᠯᠲᠡᠶ ᠰᠢᠶᠠᠨ ᠤ ᠮᠠᠯᠠᠭᠠᠶ ᠶᠢ ᠠᠪᠴᠤ  ᠬᠠᠶᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠥᠷᠨᠢᠭᠦᠯᠬᠦ ᠶᠢᠨ ᠵᠠᠶᠢᠯᠠᠰᠢ ᠦᠭᠡᠢ ᠴᠢᠨᠠᠷ ᠪᠠ ᠴᠢᠬᠤᠯᠠ ᠴᠢᠨᠠᠷ ᠢ ᠨᠡᠩ ᠭᠦᠢᠴᠡᠳ ᠲᠣᠳᠤᠷᠬᠠᠶᠢᠯᠠᠪᠠ᠃      ᠬᠤᠷᠠᠯ ᠳᠡᠭᠡᠷ᠎ᠡ᠂ ᠶᠦᠨ ᠬᠠᠶ ᠲᠠᠷᠠᠭᠠᠴᠢ ᠶᠢᠨ ᠠᠯᠬᠤᠮ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠣᠯᠤᠨ ᠬᠤᠶᠠᠷ ᠢ ᠬᠦᠷᠢᠶᠡᠯᠡᠬᠦ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠴᠢᠬᠤᠯᠠᠴᠢᠯᠠᠭᠰᠠᠨ ᠨᠢ᠂ ᠪᠥᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠨᠢᠭᠡ ᠳᠤ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠣᠯᠤᠨ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠤᠯᠤᠰ ᠤᠨ ᠠᠮᠤᠷ ᠲᠦᠪᠰᠢᠨ ᠪᠣᠯᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠶᠢ ᠬᠠᠮᠠᠭᠠᠯᠠᠬᠤ᠂ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠬᠦᠰᠡᠯ ᠢ ᠪᠡᠶᠡᠯᠡᠭᠦᠯᠬᠦ ᠤᠯᠤᠰ ᠲᠥᠷᠥ ᠶᠢᠨ ᠥᠨᠳᠥᠷᠴᠡ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠪᠤᠰᠤᠳᠴᠢ ᠱᠠᠭᠠᠷᠳᠠᠯᠭ᠎ᠠ᠂ ᠦᠴᠤᠸᠠᠨ ᠤ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠪᠣᠳᠠᠲᠤ ᠬᠡᠷᠡᠭᠴᠡᠭᠡ ᠠᠴᠠ ᠡᠭᠦᠰᠴᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠬᠤ ᠬᠡᠷᠡᠭᠲᠡᠶ᠃ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠪᠠᠷᠢᠮᠵᠢᠶ᠎ᠠ ᠲᠠᠢ ᠨᠢᠭᠡᠳᠦᠯᠲᠡᠶ ᠪᠠᠶᠢᠯᠭᠠᠬᠤ᠂ ᠴᠢᠩᠭ᠎ᠠ ᠮᠥᠷᠳᠡᠨ ᠳᠠᠭᠠᠬᠤ᠂ ᠭᠤᠤᠯᠯᠠᠭᠴᠢ ᠶᠢ ᠬᠠᠮᠠᠭᠠᠯᠠᠬᠤ᠂ ᠨᠠᠮ ᠤᠨ ᠵᠢᠯᠣᠭᠤᠳᠣᠯᠭ᠎ᠠ ᠶᠢ ᠳᠠᠭᠠᠬᠤ᠂ ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠰᠠᠨᠠᠭᠠᠰᠢᠷᠠᠬᠤ ᠤᠬᠠᠮᠰᠠᠷ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠤᠨ ᠬᠤᠶᠠᠷ ᠢ ᠬᠦᠷᠢᠶᠡᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂  ᠵᠡᠪᠰᠡᠭᠲᠦ ᠬᠦᠴᠦᠨ ᠢ ᠨᠠᠮ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ ᠪᠠ  ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠬᠤᠶᠠᠷ ᠲᠤ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠰᠢᠨ᠎ᠡ  ᠪᠠᠶᠢᠳᠠᠯ ᠳᠣᠣᠷᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢ ᠪᠠᠶᠢᠭᠤᠯᠬᠤ ᠪᠠ ᠪᠠᠬᠢᠵᠢᠭᠦᠯᠬᠦ ᠶᠢᠨ ᠴᠢᠬᠤᠯᠠ ᠰᠠᠭᠤᠷᠢ ᠮᠥᠨ᠂ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠬᠤ᠂ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠠᠷᠭ᠎ᠠ ᠵᠠᠮ ᠮᠥᠨ᠃ ᠪᠦᠬᠦ ᠰᠢᠶᠠᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠲᠤᠬᠠᠶᠢᠯᠠᠭᠰᠠᠨ ᠠᠵᠢᠯ ᠤᠨ ᠤᠬᠠᠮᠰᠠᠷ ᠪᠣᠯᠤᠨ ᠬᠠᠮᠲᠤᠷᠠᠯᠴᠠᠭᠠᠨ ᠤ ᠤᠬᠠᠮᠰᠠᠷ ᠢᠶᠠᠨ ᠪᠠᠲᠤ ᠪᠤᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠪᠠᠨ ᠲᠤᠪᠤᠶᠢᠯᠭᠠᠨ᠂  ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠡᠳᠦᠷ ᠳᠤᠳᠤᠮ ᠳᠤ ᠠᠭᠤᠰᠤᠯᠴᠠᠭᠤᠯᠵᠤ᠂ ᠡᠩ ᠤᠨ ᠪᠠᠶᠢᠳᠠᠯ ᠳᠤ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠨᠠᠮ ᠤᠨ  ᠬᠤᠷᠢᠶ᠎ᠠ  ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠴᠡᠷᠢᠭ ᠠᠩᠬᠢ ᠣᠷᠣᠨ ᠨᠤᠲᠤᠭ ᠨᠢᠭᠲᠠ ᠬᠠᠮᠵᠢᠯᠴᠠᠭᠰᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠡᠮᠵᠢᠭᠰᠡᠨ᠂ ᠪᠦᠬᠦ ᠠᠷᠠᠳ ᠢᠶᠠᠷ ᠢᠶᠠᠨ ᠬᠠᠮᠲᠤ ᠪᠠᠷ ᠣᠷᠣᠯᠴᠠᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠮᠢᠳᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠭᠤᠷᠪᠠ ᠳᠤ ᠴᠡᠷᠢᠭ ᠠᠷᠠᠳ ᠰᠡᠳᠬᠢᠯ ᠨᠢᠭᠡᠳᠦᠨ ᠴᠡᠷᠢᠭ ᠠᠩᠭᠢ ᠪᠠ ᠣᠷᠣᠨ ᠨᠤᠲᠤᠭ ᠬᠦᠴᠦ ᠪᠠᠨ ᠬᠠᠮᠲᠤᠳᠬᠠᠵᠤ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠰᠢᠨ᠎ᠡ ᠪᠠᠶᠢᠳᠠᠯ ᠳᠣᠣᠷ᠎ᠠ᠂ ᠬᠤᠶᠠᠷ ᠢ ᠬᠦᠷᠢᠶᠡᠯᠡᠬᠦ ᠠᠵᠢᠯ ᠢ ᠴᠢᠩᠭᠠᠳᠬᠠᠬᠤ ᠠᠴᠠ ᠪᠢᠰᠢ ᠪᠠᠭᠤᠷᠠᠭᠤᠯᠵᠤ ᠪᠣᠯᠬᠤ ᠦᠭᠡᠢ᠃  ᠴᠡᠷᠢᠭ ᠵᠠᠰᠠᠭ ᠴᠡᠷᠢᠭ ᠠᠷᠠᠳ ᠤᠨ ᠬᠠᠳᠠ ᠴᠢᠯᠠᠭᠤ ᠮᠡᠲᠦ ᠪᠠᠲᠤ ᠪᠠᠬᠢ ᠪᠦᠯᠬᠦᠮᠳᠡᠯ ᠪᠣᠯ  ᠪᠢᠳᠡᠨ ᠤ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠢᠯᠠᠯᠲᠠ ᠠᠴᠠ ᠢᠯᠠᠯᠲᠠ ᠵᠦᠭ ᠲᠠᠰᠤᠷᠠᠯᠲᠠ ᠦᠭᠡᠢ ᠤᠷᠤᠭᠰᠢᠯᠠᠬᠤ ᠶᠢᠨ ᠴᠢᠬᠤᠯᠠ ᠡᠷᠳᠡᠨᠢ ᠮᠥᠨ᠃ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ︽ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ︾ ᠰᠢᠯᠢᠳᠡᠭ ᠤᠯᠠᠮᠵᠢᠯᠠᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠬᠤᠯᠪᠣᠭᠳᠠᠯ ᠪᠦᠬᠦᠢ ᠳᠦᠷᠢᠮ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ  ᠨᠠᠶᠢᠳᠠᠪᠤᠷᠢᠵᠢᠭᠤᠯᠤᠨ᠂ ᠬᠤᠶᠠᠷ ᠢ ᠬᠦᠷᠢᠶᠡᠯᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠬᠤ᠂ ᠣᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠶᠢ ᠠᠪᠴᠤ᠂ ᠬᠤᠶᠠᠷ ᠢ ᠬᠦᠷᠢᠶᠡᠯᠡᠬᠦ ᠤᠬᠠᠭᠤᠯᠭ᠎ᠠ ᠶᠢ ᠥᠷᠭᠡᠨ ᠳᠡᠯᠭᠡᠷ ᠥᠷᠨᠢᠭᠦᠯᠵᠦ᠂ ᠥᠷᠭᠡᠨ ᠣᠯᠠᠨ ᠲᠦᠮᠡᠨ ᠢ ᠳᠠᠶᠢᠴᠢᠯᠠᠨ ᠬᠥᠲᠥᠯᠥᠨ ᠵᠢᠯᠣᠭᠤᠳᠴᠤ ᠪᠠᠶᠢᠭᠠᠳ ᠡᠭᠦᠳᠦᠨ ᠪᠠᠶᠢᠭᠤᠯᠬᠤ  ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠶ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠭᠤᠯᠭ᠎ᠠ ᠪᠠ ᠬᠡᠯᠪᠡᠷᠢ ᠶᠢ ᠤᠯᠠᠮ ᠨᠢᠭᠡ ᠠᠯᠬᠤᠮ ᠠᠮᠢᠳᠤᠯᠢᠭ ᠪᠣᠯᠭᠠᠵᠤ᠂ ᠢᠯᠡ ᠲᠣᠳᠣ ᠣᠨᠴᠠᠯᠢᠭ ᠲᠠᠢ᠂ ᠨᠢᠭᠡ ᠪᠦᠯᠦᠭ ᠬᠢᠯᠠᠰ ᠴᠡᠭ ᠲᠤᠪᠤᠶᠢᠮ᠎ᠠ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠲᠦᠷᠦᠯ ᠲᠡᠮᠳᠡᠭ ᠢ ᠬᠦᠴᠦᠯᠡᠨ ᠪᠠᠶᠢᠭᠤᠯᠵᠤ᠂ ᠪᠦᠬᠦ ᠰᠢᠶᠠᠨ ᠤ ᠬᠤᠶᠠᠷ ᠢ ᠬᠦᠷᠢᠶᠡᠯᠡᠵᠦ  ᠬᠠᠮᠲᠤ ᠪᠠᠷ ᠪᠠᠶᠢᠭᠤᠯᠬᠤ ᠠᠭᠤᠯᠤᠭᠳᠠᠬᠤᠨ ᠢ ᠨᠡᠮᠡᠭᠳᠡᠭᠦᠯᠬᠦ ᠬᠡᠷᠡᠭᠲᠡᠶ᠃ ᠬᠤᠶᠠᠷ ᠢ ᠬᠦᠷᠢᠶᠡᠯᠡᠬᠦ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠰᠡᠳᠬᠢᠯ ᠰᠠᠨᠠᠭ᠎ᠠ ᠪᠠᠨ ᠨᠢᠭᠡᠳᠬᠡᠬᠦ᠂ ᠬᠤᠪᠢ ᠵᠠᠶᠠᠭ᠎ᠠ ᠪᠠᠨ ᠬᠠᠮᠲᠤᠳᠬᠠᠬᠤ᠂ ᠰᠡᠳᠬᠢᠯ ᠵᠢᠷᠦᠬᠡ ᠪᠠᠨ ᠬᠤᠯᠪᠣᠬᠤ ᠶᠡᠭᠡ ᠰᠠᠶᠢᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠠᠭᠤᠰᠤᠯᠴᠠᠨ ᠬᠥᠭᠵᠢᠬᠦ ᠶᠢ ᠬᠦᠴᠦᠲᠡᠶ ᠲᠦᠯᠬᠢᠨ ᠠᠬᠢᠭᠤᠯᠵᠤ᠂ ᠴᠡᠷᠢᠭ ᠠᠷᠠᠳ ᠤᠨ ᠵᠢᠭᠠᠰᠤ ᠤᠰᠤᠨ ᠤ ᠪᠠᠶᠢᠳᠠᠯ ᠤᠨ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠨ᠎ᠡ ᠪᠠᠶᠢᠳᠠᠯ ᠤᠨ ᠳᠣᠤᠷᠠᠬᠢ ᠬᠤᠶᠠᠷ ᠢ ᠬᠦᠷᠢᠶᠡᠯᠡᠬᠦ ᠠᠵᠢᠯ ᠢ ᠨᠡᠩ ᠠᠮᠵᠢᠯᠲᠠ ᠪᠥᠲᠦᠮᠵᠢᠲᠠᠢ ᠪᠣᠯᠭᠠᠬᠤ ᠶᠢ ᠠᠬᠢᠭᠤᠯᠬᠤ ᠬᠡᠷᠡᠭᠲᠡᠶ ᠭᠡᠪᠡ᠃      ᠶᠦᠨ ᠬᠠᠢ ᠵᠢᠭᠠᠵᠤ ᠭᠠᠷᠭᠠᠭᠰᠠᠨ‌ᠨᠢ᠂ ᠠᠷᠠᠳ ᠤᠨ ᠵᠡᠪᠰᠡᠭᠲᠦ ᠬᠦᠴᠦᠨ ᠤ ᠰᠠᠯᠠᠭ᠎ᠠ ᠮᠥᠴᠢᠷ ᠤᠨ ᠬᠢᠨ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢᠨ ᠪᠦᠬᠦ ᠲᠠᠯ᠎ᠠ ᠶᠢ ᠢᠳᠡᠪᠬᠢᠲᠡᠢ ᠳᠡᠮᠵᠢᠵᠦ᠂ ᠰᠠᠭᠤᠭ᠎ᠠ ᠭᠠᠵᠠᠷ ᠤᠨ ᠴᠡᠷᠢᠭ ᠠᠩᠬᠢ ᠶᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠵᠢᠱᠢᠶᠡᠴᠢ ᠪᠠᠷ ᠬᠡᠷᠡᠭᠵᠢᠭᠦᠯᠵᠦ᠂ ᠤᠯᠤᠰ ᠤᠨ ᠦᠨᠳᠦᠰᠦᠨ ᠬᠠᠤᠯᠢ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠢ ᠬᠦᠨᠳᠦᠳᠬᠡᠵᠦ᠂ ᠣᠷᠣᠨ ᠨᠤᠲᠤᠭ ᠤᠨ ᠠᠵᠢᠯ ᠢ ᠳᠡᠮᠵᠢᠵᠦ᠂ ᠨᠡᠶᠢᠭᠡᠮ ᠤᠨ ᠡᠮᠬᠢ ᠳᠢᠭᠯᠢᠮ ᠢ ᠬᠠᠮᠠᠭᠠᠯᠠᠵᠤ᠂ ᠴᠡᠷᠢᠭ ᠠᠩᠬᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ ᠠᠬᠤᠢ ᠨᠡᠶᠢᠭᠡᠮ ᠤᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠲᠣᠭᠤᠷᠢᠨ ᠳᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠭᠤᠰᠤᠯᠴᠠᠬᠤ ᠤᠢᠢᠯᠠᠭᠠᠭᠳᠠᠬᠤᠨ ᠢ ᠴᠢᠩᠭᠠᠳᠬᠠᠵᠤ᠂ ᠪᠦᠬᠦ ᠰᠢᠶᠠᠨ ᠤ ᠭᠤᠣᠯ ᠶᠡᠭᠡ ᠲᠠᠯ᠎ᠠ ᠳᠤ ᠢᠳᠡᠪᠬᠢᠲᠡᠢ ᠦᠢᠯᠡᠴᠢᠯᠡᠵᠦ᠂ ᠰᠢᠯᠢᠳᠡᠭ ᠤᠯᠠᠮᠵᠢᠯᠠᠯ ᠪᠣᠯᠤᠨ ᠬᠠᠲᠠᠭᠤ ᠴᠢᠩᠭ᠎ᠠ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠦᠴᠤᠸᠠᠨ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠪᠣᠯᠤᠨ ᠬᠤᠶᠠᠷ ᠢ ᠬᠦᠷᠢᠶᠡᠯᠡᠬᠦ ᠠᠵᠢᠯ ᠢ ᠬᠠᠮᠤᠭ ᠤᠨ ᠰᠠᠶᠢᠨ ᠬᠢᠬᠦ ᠬᠡᠷᠡᠭᠲᠡᠢ ᠭᠡᠪᠡ᠃ ︵ᠯᠢᠦᠢ ᠫᠢᠩ ᠫᠢᠩ  ᠵᠧᠨ ᠶᠤᠸᠠᠨ ᠪᠥᠸᠧ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号