ᠬᠠᠷ᠎ᠠ ᠬᠤᠰᠢᠭᠤ ᠰᠢᠶᠠᠩ ︽ᠰᠤᠷᠲᠠᠯ ᠢᠶᠠᠨ ᠬᠤᠪᠢᠷᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠤ᠂ ᠲᠡᠷᠢᠭᠦᠨ ᠤ ᠬᠢ ᠶᠢ ᠡᠭᠦᠳᠬᠦ︾ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/4/27
     4 ᠳ᠋ᠦ᠋ᠭᠡᠷ ᠰᠠᠷ᠎ᠠ ᠶᠢᠨ 21 ᠤ ᠡᠳᠦᠷ᠂ ᠬᠠᠷ᠎ᠠ ᠬᠤᠰᠢᠭᠤ ᠰᠢᠶᠠᠩ ︽ᠰᠤᠷᠲᠠᠯ ᠢᠶᠠᠨ ᠬᠤᠪᠢᠷᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠤ᠂ ᠲᠡᠷᠢᠭᠦᠨ ᠤ ᠬᠢ ᠶᠢ ᠡᠭᠦᠳᠬᠦ︾ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠬᠤᠲᠠ ᠶᠢᠨ ᠪᠠ ᠰᠢᠶᠠᠨ ᠤ ᠭᠤᠤᠯᠳᠠᠯᠭ᠎ᠠ ᠲᠠᠢ ᠠᠵᠢᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠰᠢᠶᠠᠩ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠶᠠᠳᠠᠭᠤ ᠠᠴᠠ ᠠᠩᠭᠢᠵᠢᠷᠠᠭᠤᠯᠬᠤ ᠪᠠᠶᠢᠴᠠᠭᠠᠯᠲᠠ ᠶᠢ ᠤᠭᠲᠤᠬᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ ᠪᠠᠶᠢᠯᠭᠠᠬᠤ᠂ ᠭᠤᠷᠪᠠᠨ ᠶᠠᠪᠤᠳᠠᠯ ᠢ ᠢᠯᠡ ᠪᠣᠯᠭᠠᠬᠤ᠂ ᠰᠠᠬᠢᠯᠭ᠎ᠠ ᠪᠠᠲᠤ ᠣᠪᠣᠷ ᠰᠤᠷᠲᠠᠯ᠂ ᠠᠶᠤᠯ ᠥᠬᠡᠶ ᠦᠶ᠋ᠯᠡᠳᠪᠦᠷᠢᠯᠡᠯ ᠵᠡᠷᠭᠡ ᠪᠣᠳᠠᠲᠠᠶ ᠠᠵᠢᠯ ᠢ ᠳᠣᠭᠢᠷᠠᠭᠤᠯᠪᠠ᠃ ᠬᠤᠷᠠᠯ ᠳᠡᠭᠡᠷ᠎ᠡ ᠰᠢᠶᠠᠩ ᠤᠨ ᠨᠠᠮ ᠤᠨ ᠬᠤᠷᠢᠶᠠᠨ ᠤ ᠱᠦᠵᠢ ᠨᠠᠮ ᠤᠨ ᠬᠢᠴᠢᠶᠡᠯ ᠣᠷᠣᠵᠤ᠂ ᠨᠠᠮ ᠤᠨ ᠬᠤᠷᠢᠶ᠎ᠠ ᠵᠠᠰᠠᠭ ᠤᠨ ᠣᠷᠳᠣᠨ ᠡᠯ᠎ᠡ ᠵᠠᠰᠠᠭ ᠵᠠᠬᠢᠷᠭᠠᠨ ᠤ ᠲᠣᠰᠬᠤᠨ ᠲᠠᠢ ︽ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ︾᠂ ︽ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠠᠷᠢᠭᠤᠨ ᠴᠡᠪᠡᠷ︾  ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠪᠥᠬᠦ ᠰᠢᠶᠠᠩ ᠤᠨ ᠺᠠᠳ᠋ᠷ᠂ ᠲᠣᠰᠬᠤᠨ ᠤ ᠬᠤᠶᠠᠷ ᠵᠥᠪᠯᠡᠯ ᠤᠨ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠬᠤᠷᠠᠯ ᠳᠤ ᠣᠷᠣᠯᠴᠠᠵᠠᠶ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号