| | | | | | | | | ᠰᠢᠶᠠᠨ ᠤ ᠨᠠᠮ ᠤᠨ ᠬᠤᠷᠢᠶᠠᠨ ᠤ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠯᠪᠠᠨ ᠬᠡᠷ ᠤᠨ ᠨᠢᠭᠡᠳᠦᠯᠲᠡᠶ ᠲᠣᠬᠢᠷᠠᠭᠤᠯᠤᠯᠲᠠ ᠪᠠ | ᠪᠠᠶᠢᠷᠢᠯᠠᠭᠤᠯᠤᠯᠲᠠ ᠶᠣᠰᠣᠭᠠᠷ᠂ 2020 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ | ᠦᠴᠤᠸᠠᠨ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽ᠣᠭ | ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ | ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ︽ᠡᠷᠬᠢᠨ ᠬᠠᠷᠠᠬᠤ︾ | ᠵᠠᠳᠠᠯᠤᠯᠲᠠ ᠰᠤᠳᠤᠯᠤᠨ ᠮᠠᠭᠠᠳᠯᠠᠯᠲᠠ ᠶᠢᠨ ᠬᠤᠷᠠᠯ ᠬᠢᠪᠠ᠃ | ᠬᠤᠷᠠᠯ ᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠶᠣᠣ ᠨᠥᠬᠦᠷ | ᠡᠷᠬᠢᠯᠡᠵᠦ᠂ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃ | ᠬᠤᠷᠠᠯ ᠠᠴᠠ ︽ᠦᠴᠤᠸᠠᠨ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ︿ᠡᠷᠬᠢᠨ ᠬᠠᠷᠠᠬᠤ﹀ ᠠᠵᠢᠯ ᠤᠨ ᠮᠡᠳᠡᠭᠦᠯᠦᠯᠲᠡ︾ ᠶᠢ ᠵᠠᠷᠯᠠᠨ ᠨᠡᠶᠢᠲᠡᠯᠡᠵᠦ᠂ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠵᠢᠴᠢ ᠲᠤᠰᠬᠠᠢ ᠴᠡᠭᠴᠡᠯᠡᠨ ᠵᠠᠰᠠᠭᠰᠠᠨ | ᠪᠠᠶᠢᠳᠠᠯ ᠤᠨ ᠮᠡᠳᠡᠭᠦᠯᠦᠯᠲᠡ ᠶᠢ ᠰᠤᠳᠤᠯᠪᠠ᠃ | ᠤᠳᠤᠷᠢᠳᠬᠤ ᠪᠠᠭ ᠤᠨ ᠪᠦᠷᠢᠯᠳᠦᠬᠦᠨ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠭᠤᠤᠯ ᠰᠡᠳᠦᠪ ᠲᠤ ᠠᠩᠬᠠᠷᠤᠯ ᠢᠶᠠᠨ | ᠲᠥᠪᠯᠡᠷᠡᠭᠦᠯᠵᠦ᠂ ᠪᠠᠶᠢᠴᠠᠭᠠᠨ ᠢᠯᠡᠷᠡᠭᠦᠯᠦᠭᠰᠡᠨᠠᠰᠠᠭᠤᠳᠠᠯ ᠲᠠᠢ ᠬᠠᠷᠢᠴᠠᠭᠤᠯᠤᠨ᠂ ᠬᠤᠪᠢᠳᠠᠨ ᠬᠠᠮᠢᠶᠠᠷᠴᠤ ᠪᠠᠶᠢᠭ᠎ᠠ | ᠠᠵᠢᠯ ᠪᠠ ᠲᠣᠰ ᠪᠡᠶ᠎ᠡ ᠶᠢᠨ ᠪᠣᠳᠠᠲᠠᠶ ᠲᠠᠢ ᠪᠠᠨ ᠤᠶᠠᠯᠳᠤᠭᠤᠯᠤᠨ ᠥᠪᠡᠷ ᠤᠨ ᠪᠠᠶᠢᠴᠠᠭᠠᠯᠲᠠ ᠬᠢᠭᠰᠡᠨ ᠪᠥᠭᠡᠳ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠳᠤ ᠥᠪᠡᠷ ᠤᠨ ᠵᠠᠳᠠᠯᠤᠯᠲᠠ ᠪᠠ ᠰᠤᠳᠤᠯᠤᠨ ᠮᠠᠭᠠᠳᠯᠠᠯᠲᠠ | ᠬᠢᠪᠠ᠃ |