ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ | ︵ᠨᠢᠭᠡ︶ ᠬᠤᠮᠠᠬᠢ ᠬᠠᠮᠢᠶᠠᠷᠤᠯᠲᠠ ᠶᠢᠨ ᠶᠠᠪᠤᠳᠠᠯ ᠪᠠ ᠪᠣᠳᠠᠲᠠᠶ ᠬᠢᠨᠠᠨ ᠵᠥᠪᠰᠢᠶᠡᠷᠡᠬᠦ ᠵᠦᠢᠯᠡᠰ ᠢ | ᠪᠠᠭᠠᠰᠬᠠᠨ᠎ᠠ | 1.ᠳᠡᠭᠡᠳᠦ ᠱᠠᠲᠤᠨ ᠤ ᠠᠷᠠᠳ ᠤᠨ ᠵᠠᠰᠠᠭ ᠤᠨᠣᠷᠳᠣᠨ ᠠᠴᠠ ᠨᠢᠭᠡᠨᠲᠡ ᠨᠡᠶᠢᠲᠡᠯᠡᠵᠦ ᠬᠦᠴᠦᠨ ᠦᠭᠡᠢ | ᠪᠣᠯᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠨ᠎ᠠ᠃ | 2.ᠪᠡᠯᠡ ᠣᠷᠣᠭᠤᠯᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ | ᠲᠣᠭᠲᠠᠭᠠᠵᠤ᠂ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠡᠯᠡ ᠣᠷᠣᠭᠤᠯᠤᠯᠲᠠ ᠶᠢᠨ | ᠬᠠᠮᠢᠶᠠᠷᠤᠯᠲᠠ ᠶᠢᠨ ᠲᠠᠯ᠎ᠠ ᠪᠠᠷ ᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ | 3.ᠤᠯᠤᠰ᠂ ᠥᠪᠡᠷᠲᠡᠭᠡᠨ ᠵᠠᠰᠠᠬᠤ ᠣᠷᠣᠨ ᠪᠠ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ | ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠪᠠᠯᠠ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠭᠠᠷᠴᠠᠭ ᠢ | ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠲᠥᠷᠥᠯ ᠵᠦᠢᠯ ᠤᠨ ᠬᠡᠪᠴᠢᠶ᠎ᠡ ︵ᠬᠢᠵᠠᠭᠠᠷ ᠲᠤᠭ᠎ᠠ︶ ᠶᠢᠨ ᠪᠠᠷᠢᠮᠵᠢᠶ᠎ᠠ ᠶᠢ | ᠳᠡᠭᠡᠭᠰᠢᠯᠡᠭᠦᠯᠵᠦ᠂ ᠪᠠᠯᠠ ᠣᠷᠣᠭᠤᠯᠤᠯᠲᠠ ᠶᠢ ᠬᠢᠨᠠᠨ ᠬᠠᠷᠭᠤᠭᠤᠯᠬᠤ ᠬᠡᠪᠴᠢᠶ᠎ᠡ ᠶᠢ ᠪᠠᠭᠠᠰᠬᠠᠨ᠎ᠠ᠃ | ︵ᠬᠤᠶᠠᠷ︶ ᠬᠤᠪᠢᠶᠠᠷᠢᠯᠠᠨ ᠭᠠᠷᠭᠠᠬᠤ ᠲᠤᠰᠢᠶᠠᠯ ᠬᠠᠷᠢᠭᠤᠴᠠᠯᠭ᠎ᠠ | ᠠᠵᠤ ᠦᠢᠯᠡᠳᠪᠦᠷᠢ ᠶᠢᠨ ᠠᠵᠢᠯ ᠲᠦᠷᠦᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠤᠰᠢᠶᠠᠯ | ᠬᠠᠷᠢᠭᠤᠴᠠᠯᠭ᠎ᠠ ᠶᠢ ᠰᠢᠶᠠᠨ ᠤ ᠠᠵᠤ ᠠᠬᠤᠶ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ ᠳᠤ ᠬᠤᠪᠢᠶᠠᠷᠢᠯᠠᠨ | ᠥᠭᠭᠦᠨ᠎ᠡ᠃ ᠪᠣᠳᠠᠲᠠᠶ ᠪᠠᠷ ᠬᠡᠯᠡᠪᠡᠯ᠄ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠰᠤᠳᠤᠯᠤᠨ ᠤᠳᠤᠷᠢᠳᠴᠤ᠂ ᠠᠵᠤ ᠦᠢᠯᠡᠳᠪᠦᠷᠢ ᠶᠢᠨ ᠠᠵᠢᠯ ᠲᠥᠷᠥᠯ ᠤᠨ ᠲᠥᠯᠥᠪᠵᠢᠭᠦᠯᠭᠡ ᠪᠠ ᠠᠵᠤ | ᠦᠢᠯᠡᠰ ᠤᠨ ᠲᠥᠷᠥ ᠶᠢᠨ ᠪᠣᠳᠤᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠠᠵᠤ ᠦᠢᠯᠡᠳᠪᠦᠷᠢ ᠶᠢᠨ ᠠᠵᠢᠯ ᠲᠦᠷᠦᠯ ᠤᠨ ᠲᠧᠭᠨᠢᠭ ᠮᠡᠷᠭᠡᠵᠢᠯ ᠤᠨ ᠲᠦᠷᠢᠮ ᠲᠣᠭᠲᠠᠭᠠᠯ ᠪᠠ ᠠᠵᠢᠯ | ᠲᠦᠷᠦᠯ ᠤᠨ ᠪᠠᠷᠢᠮᠵᠢᠶ᠎ᠠ ᠶᠢ ᠲᠣᠭᠲᠠᠭᠠᠬᠤ ᠠᠵᠢᠯ ᠢ ᠵᠢᠯᠣᠭᠤᠳᠤᠨ᠎ᠠ︔ ᠲᠣᠭᠲᠠᠭᠠᠭᠰᠠᠨ ᠡᠷᠬᠡ ᠮᠡᠳᠡᠯ ᠤᠨ | ᠬᠡᠪᠴᠢᠶ᠎ᠡ ᠶᠢ ᠦᠨᠳᠦᠰᠦᠯᠡᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠰᠢᠶᠠᠨ ᠤ | ᠲᠥᠯᠥᠪᠵᠢᠭᠦᠯᠭᠡ ᠶᠢᠨ ᠳᠣᠲᠣᠷᠠᠬᠢ ᠵᠢᠴᠢ ᠣᠨ ᠤ ᠲᠥᠯᠥᠪᠯᠡᠭᠡ ᠶᠢᠨ ᠬᠡᠪᠴᠢᠶᠡᠨ ᠳᠣᠲᠣᠷᠠᠬᠢ ᠠᠵᠤ ᠦᠢᠯᠡᠳᠪᠦᠷᠢ᠂ | ᠴᠢᠮᠡᠭᠡ ᠬᠤᠯᠪᠣᠭᠠᠨ ᠤ ᠦᠢᠯᠡᠰ ᠪᠣᠯᠤᠨ ᠮᠡᠳᠡᠭᠡ ᠵᠠᠩᠬᠢᠴᠢᠯᠠᠯᠲᠠ ᠶᠢᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠨ᠎ᠡ︔ ᠤᠯᠤᠰ ᠤᠨ ᠳᠡᠭᠡᠳᠦ ᠮᠡᠷᠭᠡᠵᠢᠯ ᠤᠨ ᠠᠵᠤ | ᠦᠢᠯᠡᠰ ᠲᠠᠬᠢ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠵᠡᠷᠭᠡ ᠳᠤ ᠬᠤᠯᠪᠣᠭᠳᠠᠭᠰᠠᠨ | ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠵᠢᠴᠢ ᠵᠣᠬᠢᠶᠠᠨ | ᠪᠠᠶᠢᠭᠤᠯᠵᠤ ᠬᠡᠷᠡᠭᠵᠢᠭᠦᠯᠬᠦ ᠶᠢ ᠲᠤᠭᠤᠰᠢᠯᠠᠭᠤᠯᠤᠨ᠎ᠠ︔ ᠲᠣᠨᠣᠭᠯᠠᠯ ᠦᠢᠯᠡᠳᠬᠦ ᠦᠢᠯᠡᠰ ᠢ ᠵᠣᠬᠢᠶᠠᠨ ᠪᠠᠶᠢᠭᠤᠯᠤᠨ | ᠤᠳᠤᠷᠢᠳᠬᠤ ᠪᠠ ᠵᠣᠬᠢᠴᠠᠭᠤᠯᠤᠨ ᠬᠥᠭᠵᠢᠭᠦᠯᠵᠦ᠂ ᠰᠢᠶᠠᠨ ᠤ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠤᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠵᠣᠬᠢᠴᠠᠭᠤᠯᠤᠨ᠎ᠠ᠃ | ︵ᠭᠤᠷᠪᠠ︶ ᠬᠤᠪᠢᠶᠠᠷᠢᠯᠠᠨ ᠣᠷᠣᠭᠤᠯᠬᠤ ᠡᠭᠦᠷᠭᠡ ᠬᠠᠷᠢᠭᠤᠴᠠᠯᠭ᠎ᠠ | ᠪᠤᠳᠠᠰ ᠤᠨ ᠦᠨ᠎ᠡ ᠪᠠ ᠰᠦᠢᠳᠬᠡᠯ ᠬᠤᠷᠢᠶᠠᠬᠤ ᠬᠠᠮᠢᠶᠠᠷᠤᠯᠲᠠ᠂ ᠰᠢᠨ᠎ᠡ ᠡᠨᠧᠷᠭᠢ ᠶᠢᠨ ᠬᠠᠮᠢᠶᠠᠷᠤᠯᠲᠠ ᠶᠢ | ᠥᠭᠡᠷᠡᠴᠢᠯᠡᠯᠲᠡ ᠪᠠ ᠬᠥᠭᠵᠢᠭᠦᠯᠦᠯᠲᠡ ᠶᠢᠨ ᠵᠥᠪᠯᠡᠯ ᠳᠤ ᠬᠤᠪᠢᠶᠠᠷᠢᠯᠠᠨ ᠣᠷᠤᠭᠤᠯᠤᠨ᠎ᠠ᠃ ︵ᠲᠦᠷᠪᠡ︶ | ᠤᠶᠤᠨ ᠴᠢᠳᠠᠯ ᠢᠶᠠᠨ ᠲᠥᠪᠯᠡᠷᠡᠭᠦᠯᠦᠨ ᠬᠤᠷᠸ᠎ᠠ ᠲᠣᠬᠢᠷᠠᠭᠤᠯᠭ᠎ᠠ ᠡᠵᠡᠮᠳᠡᠯ ᠢ ᠰᠠᠶᠢᠲᠤᠷ ᠠᠳᠬᠤᠨ᠎ᠠ | ᠭᠤᠤᠯᠳᠠᠯᠭ᠎ᠠ ᠨᠢ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ᠂ ᠶᠡᠷᠦᠩᠬᠡᠶ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠠ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠯᠤᠰ ᠠᠷᠠᠳ ᠤᠨ ᠠᠵᠤ ᠠᠬᠤᠶ ᠶᠢᠨ ᠶᠡᠷᠦᠩᠬᠡᠢ ᠲᠡᠩᠴᠡᠭᠦᠷᠢ ᠶᠢ | ᠰᠠᠶᠢᠲᠤᠷ ᠬᠢᠵᠦ᠂ ᠪᠦᠬᠦ ᠰᠢᠶᠠᠨ ᠤ ᠠᠵᠤ ᠠᠬᠤᠶ ᠶᠢᠨ ᠠᠮᠤᠷ ᠲᠦᠪᠰᠢᠨ ᠢ ᠬᠠᠮᠠᠭᠠᠯᠠᠨ᠎ᠠ︔ ᠠᠵᠤ ᠠᠬᠤᠶ ᠶᠢᠨ | ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ ︔ ᠪᠡᠯᠡ ᠣᠷᠣᠭᠤᠯᠤᠯᠲᠠ ᠶᠢᠨ ᠬᠤᠷᠸ᠎ᠠ ᠬᠠᠮᠢᠶᠠᠷᠤᠯᠲᠠ ᠶᠢ | ᠴᠢᠩᠭᠠᠳᠬᠠᠵᠤ᠂ ᠪᠦᠬᠦ ᠨᠡᠶᠢᠭᠡᠮ ᠤᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠶᠢ ᠲᠣᠬᠢᠷᠠᠭᠤᠯᠤᠨ | ᠡᠵᠡᠮᠳᠡᠵᠦ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠴᠢᠩᠭᠠᠳᠬᠠᠨ᠎ᠠ︔ ᠦᠨ᠎ᠡ ᠬᠠᠩᠰᠢ ᠶᠢᠨ ᠬᠠᠮᠢᠶᠠᠷᠤᠯᠲᠠ ᠶᠢ | ᠲᠡᠭᠦᠯᠳᠡᠷᠵᠢᠭᠦᠯᠵᠦ᠂ ᠦᠨ᠎ᠡ ᠬᠠᠩᠰᠢ ᠶᠢᠨ ᠶᠡᠷᠦᠩᠬᠡᠶ ᠬᠢᠷᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠠᠵᠢᠯ ᠢ | ᠰᠠᠶᠢᠲᠤᠷ ᠬᠢᠨ᠎ᠡ︔ ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠤᠷᠢᠳᠴᠢᠯᠠᠨ ᠵᠢᠱᠢᠵᠦ | ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠮᠠᠨ ᠤ | ᠰᠢᠶᠠᠨ ᠤ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢᠨ ᠴᠢᠳᠠᠪᠤᠷᠢ ᠶᠢ ᠴᠢᠩᠭᠠᠷᠠᠭᠤᠯᠤᠨ᠎ᠠ︔ ᠣᠷᠣᠨ | ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠤ ᠬᠥᠭᠵᠢᠯᠲᠡ ᠶᠢᠨ ᠵᠥᠷᠢᠶ᠎ᠡ ᠶᠢ | ᠪᠠᠭᠠᠰᠬᠠᠬᠤ ᠶᠢ ᠠᠬᠢᠭᠤᠯᠤᠨ᠎ᠠ︔ ᠬᠥᠮᠦᠨ ᠠᠮᠠ᠂ ᠠᠵᠤ ᠠᠬᠤᠶ᠂ ᠨᠡᠶᠢᠭᠡᠮ ᠤᠨ ᠡᠬᠢ ᠪᠠᠶᠠᠯᠢᠭ᠂ ᠣᠷᠴᠢᠨ | ᠠᠬᠤᠶ ᠶᠢᠨ ᠡᠬᠢ ᠪᠠᠶᠠᠯᠢᠭ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠶᠢ ᠴᠢᠩᠭᠠᠳᠬᠠᠵᠤ᠂ ᠮᠠᠨ ᠤ ᠰᠢᠶᠠᠨ ᠤ | ᠠᠵᠤ ᠠᠬᠤᠶ ᠨᠡᠶᠢᠭᠡᠮ ᠤᠨ ᠦᠷᠬᠦᠯᠵᠢᠯᠡᠬᠦᠶᠢᠴᠡ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔ ᠠᠵᠤ | ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠵᠤ᠂ | ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ | ᠲᠥᠯᠦᠪᠵᠢᠭᠦᠯᠵᠤ᠂ ᠠᠵᠤ ᠠᠬᠤᠶ ᠶᠢᠨ ᠲᠤᠰᠬᠠᠶ ᠪᠠᠶᠢᠭᠤᠯᠤᠯ ᠤᠨ ᠥᠭᠡᠷᠡᠴᠢᠯᠡᠯᠲᠡ ᠶᠢ ᠵᠣᠬᠢᠴᠠᠭᠤᠯᠤᠨ | ᠠᠬᠢᠭᠤᠯᠤᠨ᠎ᠠ᠃ | ᠬᠤᠶᠠᠷ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠳᠡᠭᠡᠳᠦ ᠱᠠᠲᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠤᠬᠠᠶ ᠪᠠᠶᠢᠯᠳᠤᠬᠤ ᠪᠤᠳᠤᠯᠭ᠎ᠠ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ | ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠤᠷᠲᠤᠪᠲᠤᠷ ᠪᠠ ᠤᠷᠳᠤ | ᠬᠤᠭᠤᠴᠠᠭᠠᠨ ᠤ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ | ᠂ ᠬᠤᠳᠠ ᠶᠢᠨ ᠳᠣᠲᠣᠨ᠎ᠠ ᠭᠠᠳᠠᠨᠠᠬᠢ ᠠᠵᠤ ᠠᠬᠤᠶ ᠶᠢᠨ ᠪᠠᠶᠢᠳᠠᠯ ᠢ ᠰᠤᠳᠤᠯᠤᠨ ᠵᠠᠳᠠᠯᠵᠤ᠂ ᠪᠦᠬᠦ ᠰᠢᠶᠠᠨ ᠤ | ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ᠂ ᠦᠨ᠎ᠡ ᠬᠠᠩᠰᠢ ᠶᠢ ᠲᠣᠬᠢᠷᠠᠭᠤᠯᠤᠨ | ᠡᠵᠡᠮᠳᠡᠬᠦ ᠪᠠ ᠠᠵᠤ ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ᠂ ᠲᠦᠷᠦ ᠶᠢᠨ ᠪᠤᠳᠤᠯᠭ᠎ᠠ ᠶᠢᠨ | ᠰᠠᠨᠠᠭᠤᠯᠭ᠎ᠠ ᠵᠢᠴᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ︔ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ | ᠪᠠᠶᠢᠯᠭᠠᠬᠤ᠂ ᠬᠥᠭᠵᠢᠯᠲᠡ ᠶᠢᠨ ᠬᠤᠷᠳᠤᠴᠠ᠂ ᠪᠦᠲᠦᠴᠡ ᠶᠢ ᠲᠠᠬᠢᠷᠠᠭᠤᠯᠬᠤ ᠬᠠᠷᠠᠯᠲᠠ ᠵᠢᠴᠢ ᠲᠥᠷᠥ ᠶᠢᠨ | ᠪᠣᠳᠣᠯᠭ᠎ᠠ ᠶᠢ ᠬᠠᠷᠢᠭᠤᠴᠠᠨ ᠳᠤᠷᠠᠳᠤᠨ᠎ᠠ᠃ ᠠᠵᠤ ᠠᠬᠤᠶ ᠶᠢᠨ ᠬᠥᠭᠵᠢᠯᠲᠡ ᠳᠠᠬᠢ ᠴᠢᠬᠤᠯᠠ ᠶᠡᠭᠡ ᠬᠠᠷᠢᠴᠠᠯ ᠤᠨ | ᠬᠠᠷᠢᠴᠠᠭ᠎ᠠ ᠶᠢ ᠵᠣᠬᠢᠴᠠᠭᠤᠯᠤᠨ᠎ᠠ᠃ ᠰᠢᠶᠠᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢᠨ ᠮᠡᠳᠡᠭᠦᠯᠦᠯᠲᠡ ᠶᠢ ᠳᠡᠪᠰᠢᠭᠦᠯᠦᠨ᠎ᠡ᠃ | ︵ᠬᠤᠶᠠᠷ︶ ᠪᠦᠬᠦ ᠰᠢᠶᠠᠨ ᠤ ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠬᠢᠨᠠᠨ | ᠬᠡᠮᠵᠢᠵᠤ᠂ ᠤᠷᠢᠳᠴᠢᠯᠠᠨ ᠵᠢᠱᠢᠵᠦ ᠲᠥᠰᠦᠭᠡᠯᠡᠵᠤ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ | ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ ᠰᠢᠶᠠᠨ ᠤ ᠠᠵᠤ ᠠᠬᠤᠶ ᠶᠢᠨ ᠡᠷᠭᠢᠯᠲᠡ᠂ ᠶᠡᠷᠦᠩᠬᠡᠶ | ᠬᠡᠮᠵᠢᠶ᠎ᠡ ᠶᠢ ᠲᠡᠩᠴᠡᠭᠦᠷᠢᠲᠠᠢ ᠪᠠᠶᠢᠯᠭᠠᠬᠤ᠂ ᠠᠵᠤ ᠠᠬᠤᠶ ᠶᠢᠨ ᠠᠮᠤᠷ ᠲᠦᠪᠰᠢᠨ ᠪᠠ ᠠᠵᠤ ᠦᠢᠯᠡᠰ ᠤᠨ ᠠᠮᠤᠷ | ᠲᠦᠪᠰᠢᠨ ᠵᠡᠷᠭᠡ ᠴᠢᠬᠤᠯᠠ ᠠᠰᠠᠭᠤᠳᠠᠯ ᠢ ᠰᠤᠳᠤᠯᠬᠤ ᠶᠢᠨ ᠬᠠᠮᠲᠤ ᠲᠣᠬᠢᠷᠠᠭᠤᠯᠤᠨ ᠡᠵᠡᠮᠳᠡᠬᠦ ᠲᠦᠷᠦ ᠶᠢᠨ | ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠠᠵᠤ ᠠᠬᠤᠶ ᠶᠢᠨ ᠠᠵᠢᠯᠯᠠᠭᠠᠨ ᠢ | ᠲᠣᠬᠢᠷᠠᠭᠤᠯᠵᠤ᠂ ᠴᠢᠬᠤᠯᠠ ᠡᠳ᠋ ᠪᠣᠳᠠᠰ ᠢ ᠪᠠᠴᠢᠮ ᠲᠣᠬᠢᠷᠠᠭᠤᠯᠬᠤ ᠪᠠ ᠵᠠᠮ ᠬᠠᠷᠢᠯᠴᠠᠭ᠎ᠠ ᠲᠡᠭᠡᠭᠡᠪᠦᠷᠢ ᠶᠢ | ᠵᠣᠬᠢᠴᠠᠭᠤᠯᠬᠤ ᠶᠢ ᠬᠠᠷᠢᠭᠤᠴᠠᠨ ᠵᠣᠬᠢᠶᠠᠨ ᠪᠠᠶᠢᠭᠤᠯᠤᠨ᠎ᠠ᠃ | ︵ᠭᠤᠷᠪᠠ︶ ᠤᠯᠤᠰ ᠤᠨ ᠦᠨ᠎ᠡ ᠬᠠᠩᠰᠢ ᠰᠦᠢᠳᠬᠡᠯ ᠬᠤᠷᠢᠶᠠᠬᠤ ᠲᠦᠷᠦ ᠶᠢᠨ ᠪᠤᠳᠤᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ | ᠬᠠᠷᠠᠯᠲᠠ ᠶᠢ ᠳᠤᠷᠠᠳᠤᠨ᠎ᠠ︔ ᠬᠤᠲᠠ ᠶᠢᠨ ᠬᠠᠮᠢᠶᠠᠷᠴᠤ ᠪᠥᠬᠦᠢ ᠲᠠᠸᠠᠷ ᠤᠨ ᠦᠢᠯᠡᠴᠢᠯᠡᠭᠡ ᠪᠠ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠲᠣᠬᠢᠷᠠᠭᠤᠯᠤᠨ᠎ᠠ︔ ᠦᠨ᠎ᠡ ᠬᠠᠩᠰᠢ ᠶᠢᠨ | ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠪᠦᠬᠦ | ᠰᠢᠶᠠᠨ ᠤ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠦᠨ᠎ᠡ ᠬᠠᠩᠰᠢ ᠶᠢ | ᠭᠠᠭᠴᠠᠭᠠᠷ ᠡᠵᠡᠮᠰᠢᠬᠦ ᠦᠢᠯᠡ ᠠᠵᠢᠯᠯᠠᠭ᠎ᠠ ᠵᠡᠷᠭᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠲᠦᠷᠪᠡ︶ ᠪᠦᠬᠦ ᠰᠢᠶᠠᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠢᠯᠤᠭᠤᠳᠬᠤ ᠪᠠ | ᠶᠡᠷᠦᠩᠬᠡᠶᠢᠯᠡᠨ ᠵᠣᠬᠢᠴᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠶ ᠶᠢᠨ ᠪᠠᠶᠢᠭᠤᠯᠤᠯ ᠤᠨ | ᠥᠭᠡᠷᠡᠴᠢᠯᠡᠯᠲᠡ ᠪᠠ ᠭᠠᠳᠠᠭᠠᠳᠤ ᠨᠡᠭᠡᠭᠡᠯᠲᠡ ᠶᠢᠨ ᠴᠢᠬᠤᠯᠠ ᠶᠡᠭᠡ ᠠᠰᠠᠭᠤᠳᠠᠯ ᠢ ᠰᠤᠳᠤᠯᠤᠨ᠎ᠠ︔ ᠶᠡᠷᠦᠩᠬᠡᠶᠢᠯᠡᠭᠰᠡᠨ | ᠴᠢᠨᠠᠷᠲᠠᠶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ | ᠲᠤᠭᠤᠷᠪᠢᠵᠤ᠂ ᠬᠤᠯᠪᠣᠭᠳᠠᠯ ᠪᠦᠬᠦᠢ ᠲᠤᠰᠬᠠᠶ ᠵᠦᠢᠯ ᠤᠨ ᠠᠵᠤ ᠠᠬᠤᠶ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠲᠥᠰᠦᠯ ᠢ ᠵᠣᠬᠢᠴᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠲᠤᠰᠬᠠᠶ ᠵᠦᠢᠯ ᠤᠨ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠭᠤᠷᠣᠨᠳᠣᠬᠢ ᠵᠣᠯᠭᠠᠯᠴᠠᠭ᠎ᠠ ᠶᠢ | ᠰᠠᠶᠢᠲᠤᠷ ᠬᠢᠨ᠎ᠡ︔ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠪᠠ | ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠠᠵᠢᠯ ᠢ ᠵᠢᠯᠣᠭᠤᠳᠤᠨ᠎ᠠ᠃ | ︵ᠲᠠᠪᠤ︶ ᠪᠦᠬᠦ ᠰᠢᠶᠠᠨ ᠤ ᠴᠢᠬᠤᠯᠠ ᠶᠡᠭᠡ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ ᠪᠠ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯ ᠢ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠵᠦ᠂ ᠪᠦᠬᠦ | ᠨᠡᠶᠢᠭᠡᠮ ᠤᠨ ᠲᠣᠭᠲᠠᠮᠠᠯ ᠬᠥᠷᠦᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠠ ᠪᠡᠯᠡ | ᠣᠷᠣᠭᠤᠯᠤᠯᠲᠠ ᠶᠢᠨ ᠪᠦᠲᠦᠴᠡ ᠶᠢᠨ ᠲᠣᠬᠢᠷᠠᠭᠤᠯᠤᠨ ᠡᠵᠡᠮᠳᠡᠬᠦ ᠬᠠᠷᠠᠯᠲᠠ᠂ ᠲᠦᠷᠦ ᠶᠢᠨ ᠪᠤᠳᠤᠯᠭ᠎ᠠ ᠵᠢᠴᠢ ᠠᠷᠭ᠎ᠠ | ᠬᠡᠮᠵᠢᠶ᠎ᠡ ᠶᠢ ᠲᠣᠭᠲᠠᠭᠠᠵᠤ᠂ ᠵᠠᠰᠠᠭ ᠤᠨ ᠣᠷᠳᠣᠨ ᠤ ᠲᠣᠬᠢᠷᠠᠭᠤᠯᠬᠤ ᠴᠢᠬᠤᠯᠠᠲᠠᠢ ᠪᠡᠯᠡ ᠣᠷᠣᠭᠤᠯᠤᠯᠲᠠ ᠪᠠ | ᠴᠢᠬᠤᠯᠠ ᠶᠡᠭᠡ ᠪᠦᠳᠦᠭᠡᠨ ᠪᠠᠶᠢᠭᠤᠯᠤᠯᠲᠠ ᠶᠢᠨ ᠲᠥᠷᠦᠯ ᠵᠦᠢᠯ ᠳᠤ ᠬᠤᠯᠪᠣᠭᠳᠠᠬᠤ ᠲᠤᠰᠬᠠᠶ ᠲᠥᠯᠥᠪᠵᠢᠭᠦᠯᠭᠡ ᠶᠢ | ᠵᠣᠯᠭᠠᠭᠤᠯᠤᠨ ᠲᠡᠩᠴᠡᠭᠦᠷᠢᠰᠢᠭᠦᠯᠦᠨ᠎ᠡ︔ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠬᠢᠨᠠᠨ | ᠵᠥᠪᠰᠢᠶᠡᠷᠡᠭᠰᠡᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠬᠠᠷᠭᠤᠭᠤᠯᠬᠤ ᠶᠢ | ᠬᠠᠷᠢᠭᠤᠴᠠᠨ᠎ᠠ︔ ᠲᠥᠪ ᠤᠨ᠂ ᠥᠪᠡᠷᠲᠡᠭᠡᠨ ᠵᠠᠰᠠᠬᠤ ᠣᠷᠣᠨ ᠪᠠ ᠬᠤᠲᠠ ᠰᠢᠶᠠᠨ ᠤ ᠱᠠᠲᠤᠨ ᠤ ᠡᠳ᠋ ᠤᠨ | ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠬᠠᠷᠢᠭᠤᠴᠠᠨ ᠳᠣᠭᠢᠷᠠᠭᠤᠯᠤᠨ᠎ᠠ︔ | ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷ᠎ᠠ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ᠂ ᠭᠠᠷᠭᠤᠭᠤᠯᠬᠤ᠂ ᠬᠢᠨᠠᠬᠤ᠂ ᠳᠡᠭᠡᠭᠰᠢ ᠮᠡᠳᠡᠭᠦᠯᠬᠦ᠂ ᠴᠢᠬᠤᠯᠠ ᠶᠡᠭᠡ ᠪᠥᠲᠦᠭᠡᠨ | ᠪᠠᠶᠢᠭᠤᠯᠤᠯᠲᠠ ᠶᠢᠨ ᠲᠥᠷᠦᠯ ᠵᠦᠢᠯ ᠢ ᠳᠠᠩᠰᠠᠯᠠᠬᠤ᠂ ᠪᠦᠬᠦ ᠰᠢᠶᠠᠨ ᠤ ᠤᠯᠤᠰ ᠤᠨ ᠭᠠᠳᠠᠨᠠᠬᠢ ᠵᠢᠭᠡᠯᠡᠯᠭᠡ ᠶᠢᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠬᠡᠷᠡᠭᠯᠡᠬᠦ ᠶᠢ ᠵᠢᠯᠣᠭᠤᠳᠬᠤ ᠪᠠ ᠬᠢᠨᠠᠯᠲᠠ ᠲᠠᠯᠪᠢᠵᠤ᠂ ᠠᠷᠠᠳ ᠤᠨ | ᠳᠤᠮᠳᠠᠬᠢ ᠪᠡᠯᠡ ᠣᠷᠣᠭᠤᠯᠤᠯᠲᠠ ᠶᠢᠨ ᠴᠢᠭᠯᠡᠯ ᠢ ᠬᠥᠲᠥᠯᠥᠨ ᠵᠢᠯᠣᠭᠤᠳᠴᠤ᠂ ᠭᠠᠳᠠᠭᠠᠳᠤ ᠪᠡᠯᠡ ᠶᠢ ᠠᠰᠢᠭᠯᠠᠬᠤ ᠪᠠ | ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠥᠯᠥᠪᠵᠢᠭᠦᠯᠪᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ | ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠵᠢᠴᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠤᠨ᠎ᠠ᠃ ᠪᠦᠬᠦ ᠰᠢᠶᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠯᠠᠪᠯᠠᠯᠭ᠎ᠠ | ᠥᠭᠴᠦ ᠬᠢᠨᠠᠨ ᠲᠣᠭᠲᠠᠭᠠᠬᠤ ᠠᠵᠢᠯ ᠢ ᠵᠢᠯᠣᠭᠤᠳᠤᠨ᠎ᠠ︔ ᠪᠦᠬᠦ ᠰᠢᠶᠠᠨ ᠤ ᠪᠦᠲᠦᠭᠡᠨ ᠪᠠᠶᠢᠭᠤᠯᠤᠯᠲᠠ ᠶᠢᠨ | ᠬᠦᠷᠢᠶᠡᠨ ᠳᠠᠬᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ᠪᠦᠬᠦ ᠰᠢᠶᠠᠨ ᠤ ᠴᠢᠬᠤᠯᠠ ᠶᠡᠭᠡ ᠵᠦᠢᠯᠡᠰ ᠢ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠤᠨ ᠠᠵᠤ ᠠᠬᠤᠶ ᠶᠢᠨ | ᠬᠥᠭᠵᠢᠯᠲᠡ ᠶᠢᠨ ᠬᠤᠷᠳᠤᠴᠠ᠂ ᠪᠦᠲᠦᠴᠡ ᠶᠢᠨ ᠲᠤᠬᠢᠷᠡᠭᠤᠯᠦᠯᠳᠠ ᠪᠠ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯ ᠤᠨ ᠬᠠᠷᠠᠯᠲᠠ ᠵᠢᠴᠢ ᠲᠦᠷᠦ ᠶᠢᠨ ᠪᠤᠳᠦᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ | ᠪᠦᠬᠦ ᠰᠢᠶᠠᠨ ᠤ ᠲᠠᠷᠢᠶᠠᠯᠠᠩ ᠤᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠮᠢᠶᠠᠷᠤᠯᠲᠠ ᠳᠤ ᠣᠷᠣᠯᠴᠠᠬᠤ ᠶᠢᠨ | ᠬᠠᠮᠲᠤ ᠲᠥᠯᠥᠪᠯᠡᠭᠡᠲᠦ ᠵᠢᠯᠤᠭᠤᠳᠤᠯᠭ᠎ᠠ ᠶᠢ ᠬᠡᠷᠡᠭᠵᠢᠭᠦᠯᠦᠨ᠎ᠡ᠃ | ︵ᠲᠤᠯᠤᠭ᠎ᠠ︶ ᠪᠦᠬᠦ ᠰᠢᠶᠠᠨ ᠤ ᠠᠵᠤ ᠠᠬᠤᠶ ᠶᠢᠨ ᠪᠦᠲᠦᠴᠡ ᠳᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ | ᠲᠣᠬᠢᠷᠠᠭᠤᠯᠤᠯᠲᠠ ᠬᠢᠬᠦ ᠶᠢ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠦᠷᠦ ᠶᠢᠨ | ᠪᠤᠳᠤᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ︔ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ | ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢ ᠬᠠᠷᠢᠭᠤᠴᠠᠬᠤ ᠶᠢᠨ ᠬᠠᠮᠲᠤ | ᠬᠤᠯᠪᠣᠭᠳᠠᠯ ᠪᠦᠬᠦᠢ ᠬᠥᠭᠵᠢᠯᠲᠡ ᠶᠢᠨ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠵᠣᠯᠭᠠᠭᠤᠯᠵᠤ᠂ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ᠂ ᠲᠥᠯᠥᠪᠯᠡᠭᠡ ᠯᠦᠭᠡ ᠵᠣᠯᠭᠠᠯᠳᠤᠭᠤᠯᠤᠨ ᠲᠡᠩᠴᠡᠭᠦᠷᠢᠰᠢᠭᠦᠯᠬᠦ ᠶᠢ ᠰᠠᠶᠢᠲᠤᠷ ᠬᠢᠨ᠎ᠡ︔ | ᠲᠠᠷᠢᠶᠠᠯᠠᠩ ᠮᠠᠯ ᠠᠵᠤ ᠠᠬᠤᠶ ᠪᠠ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ᠂ ᠨᠡᠶᠢᠭᠡᠮ ᠤᠨ | ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ︔ ᠪᠦᠬᠦ ᠰᠢᠶᠠᠨ ᠤ ᠦᠢᠯᠡᠴᠢᠯᠡᠭᠡᠨ ᠤ ᠦᠢᠯᠡᠰ᠂ | ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ | ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ | ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠦᠢᠯᠡᠴᠢᠯᠡᠭᠡᠨ ᠤ ᠦᠢᠯᠡᠰ ᠢ ᠬᠢᠨᠠᠨ | ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠳᠡᠭᠡᠳᠦ ᠮᠡᠷᠭᠡᠵᠢᠯ ᠤᠨ ᠠᠵᠤ | ᠦᠢᠯᠡᠰ ᠤᠨ ᠬᠥᠭᠵᠢᠯᠲᠡ᠂ ᠠᠵᠤ ᠦᠢᠯᠡᠰ ᠤᠨ ᠮᠡᠷᠭᠡᠵᠢᠯ ᠤᠨ ᠳᠠᠪᠰᠢᠯᠲᠠ᠂ ᠠᠵᠤ ᠦᠢᠯᠡᠰ ᠤᠨ ᠳᠡᠰ ᠳᠡᠪᠰᠢᠬᠦ | ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ | ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠨᠠᠢᠮᠠ︶ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ | ᠪᠠᠶᠢᠳᠠᠯ ᠢ ᠵᠠᠳᠠᠯᠤᠨ ᠰᠤᠳᠤᠯᠵᠤ᠂ ᠲᠤᠰ ᠰᠢᠶᠠᠨ ᠤ ᠳᠣᠲᠣᠭᠠᠳᠤ ᠭᠠᠳᠠᠭᠠᠳᠤ ᠶᠢᠨ ᠠᠷᠠᠯᠵᠢᠶᠠᠨ ᠤ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠪᠠ ᠲᠥᠯᠥᠪᠵᠢᠭᠦᠯᠭᠡ ᠶᠢ ᠵᠢᠯᠣᠭᠤᠳᠤᠨ᠎ᠠ︔ ᠭᠠᠳᠠᠭᠠᠳᠤ ᠪᠡᠯᠡ ᠶᠢᠨ ᠲᠥᠷᠥᠯ ᠵᠦᠢᠯ ᠢ | ᠳᠡᠭᠡᠭᠰᠢ ᠮᠡᠳᠡᠭᠦᠯᠬᠦ ᠶᠢ ᠬᠠᠷᠢᠭᠤᠴᠠᠨ᠎ᠠ︔ ᠪᠦᠬᠦ ᠰᠢᠶᠠᠨ ᠤ ᠭᠦᠢᠯᠭᠡᠭᠡᠨ ᠤ ᠵᠠᠬ᠎ᠠ ᠳᠡᠯᠭᠡᠭᠦᠷ ᠤᠨ ᠪᠦᠳᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠪᠠ ᠶᠡᠷᠦᠩᠬᠡᠢ ᠪᠠᠶᠢᠷᠢᠯᠠᠭᠤᠯᠤᠯᠲᠠ ᠶᠢ ᠵᠢᠯᠣᠭᠤᠳᠤᠨ᠎ᠠ︔ ᠴᠢᠬᠤᠯᠠ ᠲᠠᠸᠠᠷ᠂ | ᠡᠳ᠋ ᠪᠣᠳᠠᠰ᠂ ᠡᠨᠧᠷᠭᠢ ᠶᠢᠨ ᠰᠤᠷᠪᠤᠯᠵᠢ ᠶᠢᠨ ᠶᠡᠷᠦᠩᠬᠡᠶ ᠬᠡᠮᠵᠢᠶ᠎ᠡ ᠶᠢ ᠰᠠᠶᠢᠲᠤᠷ ᠲᠡᠩᠴᠡᠭᠦᠷᠢᠰᠢᠭᠦᠯᠦᠨ᠎ᠡ︔ | ︵ᠶᠢᠰᠦ︶ ᠪᠦᠬᠦ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠰᠣᠶᠣᠯ ᠪᠣᠯᠪᠠᠰᠤᠷᠠᠯ | ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠷᠠᠳᠢᠣ᠋ ᠲᠧᠯᠸᠢᠰ᠂ ᠨᠡᠶᠢᠭᠡᠮ ᠤᠨ ᠪᠠᠲᠤᠯᠠᠭ᠎ᠠ ᠵᠡᠷᠭᠡ ᠨᠡᠶᠢᠭᠡᠮ ᠤᠨ | ᠦᠢᠯᠡᠰ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ | ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠠᠵᠤ ᠠᠬᠤᠶ ᠪᠣᠯᠤᠨ ᠨᠡᠶᠢᠭᠡᠮ ᠤᠨ ᠵᠣᠬᠢᠴᠠᠩᠭᠤᠶ | ᠬᠥᠭᠵᠢᠯᠲᠡ᠂ ᠬᠠᠷᠢᠯᠴᠠᠨ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠨᠡᠶᠢᠭᠡᠮ ᠤᠨ | ᠡᠯ᠎ᠡ ᠵᠦᠢᠯ ᠤᠨ ᠠᠵᠢᠯ ᠦᠢᠯᠡᠰ ᠪᠣᠯᠤᠨ ᠠᠵᠤ ᠠᠬᠤᠶ ᠶᠢᠨ ᠬᠥᠭᠵᠢᠯᠲᠡ ᠶᠢᠨ ᠳᠤᠮᠳᠠᠬᠢ ᠬᠠᠷᠢᠴᠠᠭᠠᠨ ᠤ | ᠠᠰᠠᠭᠤᠳᠠᠯ ᠢ ᠵᠣᠬᠢᠴᠠᠭᠤᠯᠵᠤ᠂ ᠨᠡᠶᠢᠭᠡᠮ ᠤᠨ ᠠᠵᠢᠯ ᠦᠢᠯᠡᠰ ᠤᠨ ᠠᠵᠤ ᠦᠶᠢᠯᠡᠰᠵᠢᠯᠲᠡ ᠶᠢ ᠲᠦᠯᠬᠢᠨ | ᠠᠬᠢᠭᠤᠯᠤᠨ᠎ᠠ︔ ᠨᠡᠶᠢᠭᠡᠮ ᠤᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ | ᠲᠣᠭᠲᠠᠭᠠᠬᠤ ᠳᠤ ᠣᠷᠤᠯᠴᠠᠨ᠎ᠠ᠃ | ︵ᠠᠷᠪᠠ︶ ᠪᠦᠬᠦ ᠰᠢᠶᠠᠨ ᠤ ᠤᠯᠤᠰ ᠠᠷᠠᠳ ᠤᠨ ᠠᠵᠤ ᠠᠬᠤᠶ ᠶᠢᠨ ᠲᠡᠶᠢᠴᠢᠯᠡᠯᠳᠠ ᠶᠢᠨ ᠠᠵᠢᠯ ᠢ | ᠬᠠᠷᠢᠭᠤᠴᠠᠵᠤ᠂ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠡᠶᠢᠴᠢᠯᠡᠯᠳᠠ ᠶᠢᠨ ᠺᠣᠮᠢᠰ ᠪᠠ ᠳᠡᠭᠡᠳᠦ | ᠱᠠᠲᠤᠨ ᠤ ᠤᠯᠤᠰ ᠠᠷᠠᠳ ᠤᠨ ᠠᠵᠤ ᠠᠬᠤᠶ ᠶᠢᠨ ᠲᠡᠶᠢᠴᠢᠯᠡᠯᠳᠠ ᠶᠢᠨ ᠠᠯᠪᠠᠨ ᠭᠡᠷ ᠤᠨ ᠲᠤᠰᠢᠶᠠᠭᠰᠠᠨ | ᠬᠤᠯᠪᠣᠭᠳᠠᠯ ᠪᠦᠬᠦᠢ ᠠᠵᠢᠯ ᠢ ᠳᠠᠭᠠᠭᠠᠨ ᠠᠪᠴᠤ ᠭᠦᠢᠴᠡᠳᠬᠡᠨ᠎ᠡ᠃ | ︵ᠠᠷᠪᠠᠨ ᠨᠢᠭᠡ︶ ᠪᠥᠬᠦ ᠰᠢᠶᠠᠨ ᠤ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠪᠥᠬᠦ ᠰᠢᠶᠠᠨ ᠤ ᠣᠷᠴᠢᠯ ᠠᠵᠤ | ᠠᠬᠤᠶ ᠶᠢ ᠬᠥᠭᠵᠢᠭᠦᠯᠬᠦ᠂ ᠪᠥᠬᠦ ᠨᠡᠶᠢᠭᠡᠮ ᠤᠨ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ | ᠠᠰᠢᠭᠯᠠᠬᠤ ᠲᠥᠯᠥᠪᠵᠢᠭᠦᠯᠭᠡ ᠵᠢᠴᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ | ᠪᠠᠶᠢᠭᠤᠯᠤᠨᠲ᠋ᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠠᠮᠢ | ᠠᠬᠤᠶ ᠶᠢᠨ ᠪᠦᠳᠦᠭᠡᠨ ᠪᠠᠶᠢᠭᠤᠯᠤᠯᠲᠠ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠲᠥᠯᠦᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠤ ᠣᠷᠣᠯᠴᠠᠵᠤ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ᠂ ᠡᠨᠧᠷᠭᠢ ᠶᠢᠨ | ᠰᠤᠷᠪᠤᠯᠵᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠲᠠᠯ᠎ᠠ ᠪᠠᠷ ᠬᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠵᠤ᠂ ᠪᠦᠬᠦ ᠰᠢᠶᠠᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ ᠪᠠ | ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ | | ︵ᠠᠷᠪᠠᠨ ᠬᠤᠶᠠᠷ︶ ᠪᠦᠬᠦ ᠰᠢᠶᠠᠨ ᠤ ᠭᠤᠣᠯ ᠴᠣᠭᠴᠠ ᠪᠥᠬᠦᠢ ᠴᠢᠳᠠᠮᠵᠢᠳᠤ ᠣᠷᠣᠨ ᠤ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠬᠦ | ᠪᠠ ᠬᠢᠨᠠᠨ ᠬᠡᠮᠵᠢᠵᠦ ᠦᠨᠡᠯᠡᠨ ᠵᠢᠱᠢᠬᠦ ᠬᠠᠷᠢᠭᠤᠴᠠᠯᠭ᠎ᠠ ᠵᠢᠡᠭᠦᠷᠭᠡᠯᠡᠨᠡ︔ ᠪᠦᠬᠦ ᠰᠢᠶᠠᠨ ᠤ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ ᠪᠠ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ | ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠤᠲᠠ | ᠪᠠᠯᠭᠠᠰᠤᠵᠢᠯᠲᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠷᠦ ᠶᠢᠨ ᠪᠣᠳᠤᠯᠭ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠤᠨ᠎ᠠ︔ ᠪᠦᠬᠦ ᠰᠢᠶᠠᠨ ᠤ ᠭᠠᠳᠠᠭᠠᠳᠤ ᠨᠡᠭᠡᠭᠡᠯᠲᠡ ᠶᠢᠨ ᠠᠵᠢᠯ ᠢ ᠡᠭᠦᠷᠭᠡᠯᠡᠵᠦ᠂ ᠪᠦᠬᠦ ᠰᠢᠶᠠᠨ ᠤ | ᠨᠡᠭᠡᠭᠡᠨ ᠬᠥᠭᠵᠢᠭᠦᠯᠬᠦ ᠣᠷᠣᠨ ᠤ ᠲᠥᠯᠥᠪᠵᠢᠭᠦᠯᠭᠡ ᠪᠠ ᠬᠥᠭᠵᠢᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ | ᠃ | ︵ᠠᠷᠪᠠᠨ ᠭᠤᠷᠪᠠ﹀ ᠤᠯᠤᠰ ᠤᠨᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠲᠥᠷᠥ ᠶᠢᠨ | ᠪᠣᠳᠣᠯᠭ᠎ᠠ᠂ ᠲᠥᠯᠦᠪᠵᠢᠭᠦᠯᠭᠡ ᠲᠥᠯᠦᠪᠯᠡᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ | ᠠᠷᠭ᠎ᠠ ᠠᠪᠴᠠᠯ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠰᠢᠶᠠᠨ ᠤ ᠤᠯᠤᠰ ᠠᠷᠠᠳ ᠤᠨ ᠠᠵᠤ | ᠠᠬᠤᠢ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠳᠦᠷᠪᠡ︶ ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠠᠵᠤ | ᠠᠬᠤᠶ ᠶᠢᠨ ᠲᠠᠯ᠎ᠠ ᠪᠠᠷ ᠬᠠᠮᠵᠢᠯᠴᠠᠬᠤ ᠪᠣᠳᠠᠲᠠᠶ ᠲᠦᠷᠦ ᠶᠢᠨ ᠪᠤᠳᠤᠯᠭ᠎ᠠ ᠠᠷᠭ᠎ᠠ ᠪᠠ ᠢᠵᠢ ᠪᠦᠷᠢᠳᠦᠭᠦᠯᠬᠦ ᠠᠷᠭ᠎ᠠ | ᠬᠡᠮᠵᠢᠶ᠎ᠡ ᠶᠢ ᠰᠣᠳᠤᠯᠤᠨ ᠲᠣᠭᠲᠠᠭᠠᠨ᠎ᠠ︔ ᠪᠦᠬᠦ ᠰᠢᠶᠠᠨ ᠤ ᠠᠵᠤ ᠠᠬᠤᠶ ᠶᠢᠨ ᠬᠠᠮᠵᠢᠯᠴᠠᠭᠠᠨ ᠤ ᠳᠤᠮᠳᠠ ᠤᠷᠳᠤ | ᠬᠤᠭᠤᠴᠠᠭᠠᠨ ᠤ ᠲᠥᠯᠥᠪᠵᠢᠭᠦᠯᠭᠡ ᠪᠠ ᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ︔ ᠠᠵᠤ ᠠᠬᠤᠶ ᠶᠢᠨ | ᠬᠠᠮᠵᠢᠯᠴᠠᠭ᠎ᠠ ᠰᠣᠯᠢᠯᠴᠠᠭ᠎ᠠ ᠶᠢ ᠴᠢᠩᠭᠠᠳᠬᠠᠬᠤ᠂ ᠭᠠᠳᠠᠭᠰᠢ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠶᠢ | ᠨᠢᠭᠡᠳᠦᠯᠲᠡᠶ ᠲᠥᠯᠥᠪᠯᠡᠬᠦ ᠲᠤᠬᠠᠶ ᠰᠠᠨᠠᠯ᠂ ᠰᠠᠨᠠᠭᠤᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠶᠢᠨ ᠬᠠᠮᠲᠤ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠᠨ ᠲᠠᠪᠤ︶ ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠨᠢᠭᠡᠳᠦᠯᠲᠡᠶ | ᠲᠥᠯᠥᠪᠵᠢᠭᠦᠯᠬᠦ ᠪᠠ ᠠᠵᠤ ᠠᠬᠤᠶ ᠶᠢᠨ ᠲᠠᠯ᠎ᠠ ᠪᠠᠷ ᠬᠠᠮᠵᠢᠯᠴᠠᠬᠤ ᠠᠵᠢᠯ ᠢ ᠬᠠᠷᠢᠭᠤᠴᠠᠨ᠎ᠠ︔ ᠪᠦᠬᠦ ᠰᠢᠶᠠᠨ ᠤ | ᠲᠤᠮᠤ ᠬᠡᠯᠪᠡᠷᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢᠨ ᠲᠥᠰᠦᠯ ᠢ ᠲᠣᠭᠲᠠᠭᠠᠨ᠎ᠠ︔ | ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠠᠵᠤ ᠠᠬᠤᠶ ᠶᠢᠨ ᠲᠠᠯ᠎ᠠ ᠪᠠᠷ ᠬᠠᠮᠵᠢᠯᠴᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ︔ ᠬᠤᠳᠠᠯᠳᠤᠭᠠᠴᠢᠨ ᠤᠷᠢᠬᠤ ᠵᠢᠴᠢ ᠠᠵᠤ ᠠᠬᠤᠶ ᠶᠢᠨ | ᠬᠠᠮᠵᠢᠯᠴᠠᠭ᠎ᠠ ᠶᠢᠨ ᠵᠦᠢᠯᠡᠰ ᠢ ᠴᠤᠭᠯᠠᠭᠤᠯᠬᠤ᠂ ᠡᠮᠬᠢᠯᠡᠬᠦ᠂ ᠰᠢᠭᠰᠢᠨ ᠰᠣᠩᠭᠤᠬᠤ ᠪᠠ ᠮᠡᠳᠡᠭᠡ ᠵᠠᠩᠭᠢ ᠨᠡᠶᠢᠲᠡᠯᠡᠬᠦ | ᠠᠵᠢᠯ ᠢ ᠬᠠᠷᠢᠭᠤᠴᠠᠨ᠎ᠠ︔ ᠠᠷᠠᠯᠵᠢᠶᠠᠴᠢᠨ ᠤᠷᠢᠵᠤ ᠪᠠᠯᠠ ᠲᠠᠲᠠᠬᠤ ᠪᠠ ᠭᠤᠤᠯᠳᠠᠯᠭ᠎ᠠ ᠲᠠᠢ ᠲᠥᠷᠥᠯ ᠵᠦᠢᠯ ᠢ | ᠲᠠᠨᠢᠯᠴᠠᠭᠤᠯᠬᠤ᠂ ᠵᠥᠪᠳᠡᠯᠴᠡᠬᠦ ᠪᠠ ᠵᠣᠬᠢᠴᠠᠭᠤᠯᠬᠤ ᠠᠵᠢᠯ ᠢ ᠵᠣᠬᠢᠶᠠᠨ ᠪᠠᠶᠢᠭᠤᠯᠤᠨ᠎ᠠ︔ ᠰᠢᠶᠠᠨ ᠤ ᠭᠠᠳᠠᠨᠠᠬᠢ᠂ | ᠬᠢᠯᠢ ᠶᠢᠨ ᠭᠠᠳᠠᠨᠠᠬᠢ᠂ ᠠᠵᠤ ᠠᠬᠤᠶᠢᠯᠠᠯ ᠪᠤᠶᠤ ᠬᠤᠪᠢ ᠬᠥᠮᠦᠨ ᠤ ᠦᠴᠤᠸᠠᠨ ᠰᠢᠶᠠᠨ ᠳᠤ ᠢᠷᠡᠵᠦ ᠪᠠᠯᠠ | ᠣᠷᠣᠭᠤᠯᠤᠨ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ︔ ᠪᠦᠬᠦ ᠰᠢᠶᠠᠨ ᠤ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠤᠭ᠎ᠠ ᠪᠠᠷᠢᠮᠲᠠ ᠶᠢ ᠪᠦᠷᠢᠳᠬᠡᠬᠦ᠂ ᠵᠠᠳᠠᠯᠬᠤ ᠪᠠ | ᠨᠠᠶᠢᠷᠠᠭᠤᠯᠤᠨ ᠮᠡᠳᠡᠭᠦᠯᠬᠦ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ | ᠦᠢᠯᠡᠰ ᠤᠨ ᠤᠳᠤᠷᠢᠳᠤᠮᠵᠢ ᠶᠢ ᠬᠠᠷᠢᠭᠤᠴᠠᠨ ᠲᠤᠭᠤᠷᠪᠢᠵᠤ᠂ ᠠᠵᠤ ᠦᠢᠯᠡᠳᠪᠦᠷᠢ ᠶᠢᠨ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠪᠦᠬᠦ ᠰᠢᠶᠠᠨ ᠤ ᠪᠡᠯᠡ ᠣᠷᠣᠭᠤᠯᠬᠤ | ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠠᠰᠠᠭᠤᠳᠠᠯ ᠢ ᠰᠤᠳᠤᠯᠵᠤ᠂ ᠪᠦᠬᠦ | ᠰᠢᠶᠠᠨ ᠤ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶ ᠶᠢᠨ | ᠬᠠᠮᠵᠢᠯᠴᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵ᠠᠷᠪᠠᠨ ᠳᠣᠯᠤᠭ᠎ᠠ︶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ | ᠵᠥᠪᠳᠡᠯᠴᠡᠬᠡᠷᠤᠨ ᠬᠤᠷᠠᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠳᠡᠯᠭᠡᠨ ᠪᠣᠷᠣᠯᠠᠭᠤᠯᠬᠤ ᠴᠤᠭᠯᠠᠭᠠᠨ᠂ | ᠦᠵᠡᠰᠬᠦᠯᠡᠩ ᠵᠡᠷᠭᠡ ᠠᠵᠤ ᠠᠬᠤᠶ ᠠᠷᠠᠯᠵᠢᠶᠠᠨ ᠤ ᠠᠵᠢᠯᠯᠠᠭ᠎ᠠ ᠳᠤ ᠣᠷᠣᠯᠴᠠᠬᠤ ᠶᠢᠨ ᠬᠠᠮᠲᠤ ᠵᠣᠬᠢᠴᠠᠭᠤᠯᠬᠤ | ᠦᠢᠯᠡᠴᠢᠯᠡᠭᠡ ᠬᠠᠩᠭᠠᠨ᠎ᠠ︔ | ︵ᠠᠷᠪᠠᠨ ᠨᠠᠢᠮᠠ︶ ᠲᠤᠰ ᠰᠢᠶᠠᠨ ᠤ ᠪᠠᠨ ᠪᠤᠰᠤᠳ ᠭᠠᠵᠠᠷ ᠣᠷᠣᠨ ᠲᠠᠢ ᠬᠠᠷᠢᠯᠴᠠᠬᠤ᠂ ᠰᠣᠯᠢᠯᠴᠠᠬᠤ ᠪᠠ | ᠠᠵᠤ ᠠᠬᠤᠢ ᠶᠢᠨ ᠲᠠᠯ᠎ᠠ ᠪᠠᠷ ᠬᠠᠮᠲᠤᠷᠠᠨ ᠠᠵᠢᠯᠯᠠᠬᠤ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠲᠦᠯᠬᠢᠨ | ᠠᠬᠢᠭᠤᠯᠤᠨ᠎ᠠ︔ ᠭᠠᠵᠠᠷ ᠣᠷᠣᠨ ᠠᠯᠤᠰᠯᠠᠭᠰᠠᠨ ᠠᠵᠤ ᠠᠬᠤᠶ ᠶᠢᠨ ᠬᠠᠮᠲᠤᠷᠠᠭᠰᠠᠨ ᠭᠤᠤᠯᠳᠠᠯᠭ᠎ᠠ ᠲᠠᠢ ᠵᠦᠢᠯᠡᠰ ᠢ | ᠵᠣᠬᠢᠴᠠᠭᠤᠯᠬᠤ᠂ ᠦᠢᠯᠡᠴᠢᠯᠡᠬᠦ ᠠᠵᠢᠯ ᠢ ᠬᠠᠷᠢᠭᠤᠴᠠᠨ᠎ᠠ︔ ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ | ︵ᠠᠷᠪᠠ ᠶᠢᠰᠦ︶ ᠭᠠᠳᠠᠨ᠎ᠠ ᠠᠴᠠ ᠢᠷᠡᠭᠰᠡᠨ ᠪᠠᠯᠠ ᠣᠷᠣᠭᠤᠯᠤᠭᠴᠢᠳ ᠲᠤ ᠪᠠᠶᠢᠳᠠᠯ ᠢ ᠲᠠᠨᠢᠯᠴᠠᠭᠤᠯᠬᠤ᠂ | ᠲᠥᠷᠥ ᠶᠢᠨ ᠪᠣᠳᠤᠯᠭ᠎ᠠ ᠶᠢᠨ ᠯᠠᠪᠯᠠᠯᠭ᠎ᠠ ᠥᠭᠬᠦ᠂ ᠲᠥᠷᠥᠯ ᠵᠦᠢᠯ ᠢ ᠲᠠᠨᠢᠯᠴᠠᠭᠤᠯᠬᠤ ᠵᠡᠷᠭᠡ ᠪᠥᠬᠦ ᠶᠠᠪᠤᠴᠠ ᠶᠢᠨ | ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠭᠠᠳᠠᠨ᠎ᠠ ᠠᠴᠠ ᠢᠷᠡᠭᠰᠡᠨ ᠪᠠᠯᠠ ᠣᠷᠣᠭᠤᠯᠤᠯᠲᠠ ᠶᠢᠨ ᠠᠵᠤ | ᠠᠬᠤᠶᠢᠯᠠᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠪᠠ | ᠲᠥᠷᠥᠯ ᠵᠦᠢᠯ ᠤᠨ ᠪᠠᠯᠠ ᠣᠷᠤᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ︔ ᠭᠠᠳᠠᠨ᠎ᠠ ᠠᠴᠠ ᠢᠷᠡᠭᠰᠡᠨ ᠪᠡᠯᠡ ᠣᠷᠣᠭᠤᠯᠤᠭᠴᠢ ᠶᠢᠨ ᠵᠠᠭᠠᠯᠳᠤᠯᠭ᠎ᠠ ᠶᠢ ᠬᠦᠯᠢᠶᠡᠨ ᠠᠪᠴᠤ | ᠰᠢᠢᠳᠪᠦᠷᠢᠯᠡᠨ᠂ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃ | | ︵ᠬᠤᠷᠢ︶ ᠰᠢᠶᠠᠨ ᠤ ᠵᠠᠰᠠᠭ ᠤᠨ ᠣᠷᠳᠣᠨ ᠪᠣᠯᠤᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠰᠠᠯᠠᠭ᠎ᠠ ᠮᠦᠴᠢᠷ ᠤᠨ ᠲᠤᠰᠢᠶᠠᠭᠰᠠᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃ | ᠭᠤᠷᠪᠠ᠂ ᠠᠯᠪᠠᠯᠠᠬᠤ ᠤᠲᠠᠰᠤ᠄ 0471 — 8812401 | ᠳᠦᠷᠪᠡ᠂ ᠠᠵᠢᠯᠯᠠᠬᠤ ᠭᠠᠵᠠᠷ᠄ ᠦᠴᠤᠸᠠᠨ ᠰᠢᠶᠠᠨ ᠤ ᠬᠥᠬᠡ ᠡᠷᠭᠢ ᠪᠠᠯᠭᠠᠰᠤᠨ ᠤ ᠶᠢᠩ ᠪᠢᠨ ᠵᠠᠮ ᠪᠣᠯᠤᠨ | ᠲᠧᠩ ᠹᠸᠢ ᠶᠡᠭᠡ ᠵᠠᠮ ᠤᠨ ᠠᠭᠤᠯᠵᠠᠷ ᠬᠡᠰᠡᠭ | |