ᠶᠦᠨ ᠬᠠᠢ ᠬᠢᠴᠢᠶᠡᠯ ᠢᠶᠠᠨ ᠰᠡᠷᠭᠦᠭᠡᠬᠦ ᠰᠤᠷᠤᠯᠭ᠎ᠠ ᠪᠠᠨ ᠰᠡᠷᠭᠦᠭᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠬᠡ ᠡᠷᠭᠢ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020/4/7
     4 ᠳ᠋ᠦ᠋ᠭᠡᠷ ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠬᠢᠴᠢᠶᠡᠯ ᠰᠡᠷᠭᠦᠭᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠥᠬᠡ ᠡᠷᠭᠢ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ᠣᠨᠣᠪᠴᠢᠲᠠᠶ ᠪᠠᠷ  ᠶᠠᠳᠠᠭᠤ ᠠᠴᠠ ᠠᠩᠭᠢᠵᠢᠷᠠᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃ ᠰᠢᠶᠠᠨ ᠤ ᠤᠳᠤᠷᠢᠳᠤᠯᠭ᠎ᠠ ᠬᠠᠳᠠ᠂ ᠵᠣᠣ ᠵᠥᠩ᠂ ᠫᠧᠩ ᠱᠣᠤ ᠴᠥᠩ᠂ ᠯᠢ ᠶᠢᠩ ᠴᠦᠨ ᠵᠢᠴᠢ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ ᠳᠤ᠂ ᠶᠦᠨ ᠬᠠᠶ ᠨᠠᠷ ᠰᠤᠷᠭᠠᠭᠤᠯᠢ ᠶᠢᠨ ᠬᠦᠷᠢᠶᠡᠨ ᠳᠤ ᠣᠷᠤᠵᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠲᠠᠰᠤᠭ᠂ ᠲᠤᠰᠠᠭᠠᠷᠯᠠᠬᠤ ᠲᠠᠰᠤᠭ ᠵᠡᠷᠭᠡ ᠭᠠᠵᠠᠷ ᠢᠶᠠᠷ ᠬᠦᠷᠴᠦ᠂ ᠡᠯ᠎ᠡ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠥᠨᠳᠥᠷ ᠳᠤᠮᠳᠠᠳᠤ ᠶᠢᠨ ᠭᠤᠷᠪᠠᠳᠤᠭᠠᠷ ᠣᠨ᠂ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠤᠨ ᠰᠤᠷᠤᠯᠭ᠎ᠠ ᠪᠠᠨ ᠰᠡᠷᠭᠦᠭᠡᠬᠦ ᠬᠢᠴᠢᠶᠡᠯ ᠰᠡᠷᠭᠦᠭᠡᠬᠦ ᠠᠵᠢᠯ ᠢ ᠨᠠᠷᠢᠨ ᠣᠶᠢᠯᠠᠭᠠᠪᠠ᠃ ᠶᠦᠨ ᠬᠠᠢ ᠵᠢᠭᠠᠵᠤ ᠭᠠᠷᠭᠠᠭᠰᠠᠨ ᠨᠢ᠂ ᠡᠯ᠎ᠡ ᠰᠤᠷᠭᠠᠭᠤᠯᠢ ᠶᠢᠨ ᠬᠢᠴᠢᠶᠡᠯ ᠤᠨ ᠭᠡᠷ᠂ ᠬᠤᠭᠤᠯᠠᠨ ᠭᠡᠷ ᠵᠡᠷᠭᠡ ᠭᠤᠣᠯᠳᠠᠯᠭ᠎ᠠ ᠲᠠᠢ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠠᠵᠢᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠂ ᠶᠠᠭᠠᠬᠢᠭᠰᠠᠨ ᠴᠤ ᠪᠣᠯᠭᠤᠮᠵᠢ ᠦᠭᠡᠢ ᠪᠠᠶᠢᠵᠤ ᠪᠣᠯᠬᠤ ᠦᠭᠡᠢ ᠭᠡᠪᠡ᠃      ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠳᠤ ᠴᠢᠭᠯᠡᠭᠦᠯᠦᠨ᠂ ᠶᠦᠨ ᠬᠠᠢ ᠱᠠᠭᠠᠷᠳᠠᠭᠰᠠᠨ ᠨᠢ ᠬᠦᠴᠦᠨ ᠢᠶᠠᠨ ᠲᠥᠪᠯᠡᠷᠡᠭᠦᠯᠵᠦ᠂ ᠪᠥᠬᠦ ᠠᠷᠠᠳ ᠢ ᠳᠠᠶᠢᠴᠢᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠵᠤ᠂ ᠪᠥᠬᠦ ᠰᠢᠶᠠᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠷᠬᠠᠭ ᠬᠡᠮ ᠢ ᠪᠥᠬᠦ ᠬᠦᠴᠦᠨ ᠢᠶᠠᠷ ᠢᠶᠠᠨ ᠦᠨᠳᠦᠰᠦᠨ ᠠᠴᠠ ᠨᠢ ᠵᠠᠰᠠᠵᠤ᠂ ᠢᠯᠠᠩᠭᠤᠶ᠎ᠠ ᠵᠠᠮ ᠳᠠᠭᠠᠤ᠂ ᠠᠶᠢᠯ ᠲᠣᠰᠬᠤᠨ᠂ ᠵᠡᠭᠡᠯᠢ ᠳᠠᠭᠠᠭᠰᠠᠨ ᠵᠢᠵᠢᠭ ᠭᠤᠳᠤᠮᠵᠢ ᠪᠠᠷ ᠭᠤᠤᠯᠳᠠᠯᠭ᠎ᠠ ᠪᠣᠯᠭᠠᠬᠤ ᠬᠡᠷᠡᠭᠲᠡᠶ ᠭᠡᠪᠡ᠃      ᠳᠠᠷᠠᠭ᠎ᠠ ᠨᠢ᠂ ᠶᠦᠨ ᠬᠠᠢ ᠨᠠᠷ ᠲᠡᠭᠡᠷᠡᠮᠡᠲᠦ ᠲᠣᠰᠬᠤᠨ ᠳᠤ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠠᠶᠢᠭᠤᠯᠤᠯᠲᠠ ᠶᠢᠨ ᠠᠵᠢᠯ ᠤᠨ ᠲᠤᠬᠠᠢ ᠶᠠᠷᠢᠯᠴᠠᠬᠤ ᠬᠤᠷᠠᠯ ᠬᠢᠪᠡ᠃ ᠶᠦᠨ ᠬᠠᠢ ᠴᠢᠬᠤᠯᠠᠴᠢᠯᠠᠭᠰᠠᠨ ᠨᠢ᠂ ᠵᠢᠱᠢᠶ᠎ᠡ ᠦᠵᠡᠭᠦᠯᠬᠦ ᠰᠢᠶᠠᠩ ᠪᠠᠯᠭᠠᠰᠤ᠂ ᠵᠢᠱᠢᠶ᠎ᠡ ᠦᠵᠡᠭᠦᠯᠬᠦ ᠲᠣᠰᠬᠤᠨ ᠢᠶᠠᠷ ᠭᠠᠷᠳᠠᠴᠠ ᠪᠣᠯᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠲᠣᠰ ᠰᠢᠶᠠᠩ ᠪᠠᠯᠭᠠᠰᠤ᠂ ᠲᠣᠰ ᠲᠣᠰᠬᠤᠨ ᠳᠤ ᠨᠡᠶᠢᠴᠡᠬᠦ ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠬᠡᠷᠡᠭᠲᠡᠶ᠃ ᠠᠰᠢᠭ ᠲᠤᠰᠠ ᠶᠢ ᠬᠤᠯᠪᠣᠬᠤ ᠲᠣᠭᠲᠠᠴᠠ ᠶᠢ ᠴᠢᠨᠠᠭᠰᠢᠳᠠ ᠴᠢᠩᠭᠠᠳᠬᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠬᠡᠷᠡᠭᠲᠡᠢ᠃ ᠠᠵᠤ ᠦᠢᠯᠡᠰ ᠢ ᠬᠥᠭᠵᠢᠭᠦᠯᠬᠦ ᠳᠤ ᠤᠢᠢᠷ᠎ᠠ ᠬᠠᠪᠢ ᠳᠠᠭᠠᠨ ᠬᠥᠳᠡᠯᠮᠦᠷᠢ ᠬᠦᠴᠦᠨ ᠢ ᠰᠢᠳᠪᠦᠷᠢᠯᠡᠵᠤ᠂ ᠲᠠᠷᠢᠶᠠᠴᠢᠳ ᠤᠨ ᠢᠳᠡᠪᠬᠢᠵᠢᠯ ᠢ ᠭᠦᠢᠴᠡᠳ ᠲᠠᠶᠢᠴᠢᠯᠠᠨ᠂ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠬᠡᠷᠡᠭᠲᠡᠶ᠃ ᠡᠯ᠎ᠡ ᠲᠦᠷᠦᠯ ᠤᠨ ᠠᠰᠠᠭᠤᠳᠠᠯ ᠢ ᠦᠨᠡᠨ ᠬᠦ ᠲᠤᠭᠤᠰᠢᠲᠠᠢ ᠴᠡᠭᠴᠡᠯᠡᠨ ᠰᠠᠶᠢᠵᠢᠷᠠᠭᠤᠯᠵᠤ᠂ ︽ᠲᠦᠷᠪᠡ ᠲᠣᠳᠤᠷᠬᠠᠢ︾ ᠪᠠᠶᠢᠬᠤ᠂ ︽ᠠᠷᠪᠠᠨ ᠵᠠᠭᠤᠨ ᠤ ᠵᠠᠭᠤ︾ ᠶᠢ ᠪᠡᠶᠡᠯᠡᠭᠦᠯᠬᠦ ᠬᠡᠷᠡᠭᠲᠡᠢ᠃ ︽ᠬᠠᠮᠤᠭ ᠤᠨ ᠭᠤᠶᠤ ᠬᠥᠳᠡᠭᠡ ᠲᠣᠰᠬᠤᠨ ᠤ ᠭᠡᠷ ᠪᠦᠯᠢ︾ ᠪᠠ ︽ᠬᠠᠮᠤᠭ ᠤᠨ ᠭᠤᠶᠤ ᠬᠥᠳᠡᠭᠡ ᠲᠣᠰᠬᠤᠨ ᠤ ᠬᠥᠮᠦᠨ︾ ᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠭᠡᠪᠡ᠃ ︵ᠭᠦᠸᠧ ᠯᠢ    ᠵᠧᠨ ᠶᠤᠸᠠᠨ ᠪᠥᠸᠧ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号