ᠦᠴᠤᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2020/4/9
     ᠨᠢᠭᠡ᠂ ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠨᠠᠮ ᠪᠠ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ  ᠲᠤᠭᠤᠰᠢᠯᠠᠭᠤᠯᠤᠨ ᠬᠡᠷᠡᠭᠵᠢᠭᠦᠯᠵᠦ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ᠂ ᠬᠥᠭᠵᠢᠯᠲᠡ ᠶᠢᠨ ᠴᠢᠭᠯᠡᠯᠲᠡ᠂ ᠲᠥᠷᠥ ᠶᠢᠨ ᠪᠣᠳᠣᠯᠭ᠎ᠠ᠂ ᠰᠠᠨᠠᠯ᠂ ᠠᠷᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ︶ ᠰᠤᠷᠭᠠᠨ ᠬᠥᠮᠦᠵᠢᠯ ᠤᠨ ᠵᠠᠷᠤᠳᠠᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠪᠠ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠲᠤᠰᠬᠠᠶ ᠵᠦᠢᠯ ᠤᠨ ᠵᠠᠷᠤᠳᠠᠯ ᠪᠣᠯᠤᠨ ᠪᠤᠰᠤᠳ ᠰᠤᠷᠭᠠᠨ ᠬᠥᠮᠦᠵᠢᠯ ᠤᠨ ᠵᠠᠷᠤᠳᠠᠯ ᠢ ᠵᠣᠬᠢᠴᠠᠭᠤᠯᠤᠨ ᠬᠠᠮᠢᠶᠠᠷᠴᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃      ︵ᠭᠤᠷᠪᠠ  ︶ ᠪᠦᠬᠦ ᠰᠢᠶᠠᠨ ᠤ ᠬᠡᠤᠬᠡᠳ ᠤᠨ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃      ︵ᠲᠦᠷᠪᠡ︶ ᠪᠦᠬᠦ ᠰᠢᠶᠠᠨ ᠤ ᠪᠠᠭᠰᠢ ᠨᠠᠷ ᠤᠨ ᠠᠵᠢᠯ ᠢ ᠡᠷᠬᠢᠯᠡᠠ ᠬᠠᠮᠢᠶᠠᠷᠤᠨ᠎ᠠ᠃ ᠪᠠᠭᠰᠢ ᠶᠢᠨ ᠪᠣᠯᠪᠠᠰᠤᠷᠠᠭᠤᠯᠤᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠠᠵᠢᠯᠲᠠᠨ ᠢ ᠰᠢᠯᠵᠢᠭᠦᠯᠦᠨ ᠲᠣᠬᠢᠷᠠᠭᠤᠯᠬᠤ᠂ ᠡᠯᠰᠡᠨ ᠬᠡᠷᠡᠭᠯᠡᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ︵ᠲᠣᠪᠴᠢᠶ᠎ᠠ ᠶᠢᠨ ᠳᠣᠤᠷ᠎ᠠ ᠪᠠᠶᠢᠭᠤᠯᠤᠭᠰᠠᠨ ᠬᠤᠶᠠᠳᠤᠭᠠᠷ ᠳᠡᠰ ᠤᠨ ᠨᠢᠭᠡᠴᠡ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠᠭᠲᠠᠨ᠎ᠠ︶ ᠶᠢᠨ ᠤᠳᠤᠷᠢᠳᠤᠯᠭ᠎ᠠ ᠲᠣᠬᠢᠷᠠᠭᠤᠯᠬᠤ᠂ ᠬᠢᠨᠠᠨ ᠰᠢᠯᠭᠠᠵᠤ ᠲᠣᠮᠢᠯᠠᠬᠤ ᠪᠠ ᠪᠠᠭᠤᠯᠭᠠᠬᠤ ᠪᠠᠭᠲᠠᠨ᠎ᠠ᠃ ᠰᠠᠯᠠᠭ᠎ᠠ ᠮᠥᠴᠢᠷ ᠤᠨ ᠬᠠᠷᠢᠶᠠᠨ ᠳᠠᠬᠢ ᠰᠠᠯᠠᠭᠠᠨ ᠤ ᠲᠡᠰ ᠤᠨ ᠨᠢᠭᠡᠴᠡ ᠶᠢᠨ ᠤᠳᠤᠷᠢᠳᠤᠯᠭ᠎ᠠ ᠳᠤ ᠲᠣᠮᠢᠯᠠᠬᠤ ᠪᠠ ᠪᠠᠭᠤᠯᠭᠠᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠣᠷᠣᠨ ᠲᠤᠭ᠎ᠠ᠂ ᠠᠵᠢᠯᠲᠠᠨ ᠤ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠰᠤᠷᠭᠠᠭᠤᠯᠢ ᠶᠢᠨ ᠠᠵᠢᠯᠲᠠᠨ ᠤ ᠣᠷᠣᠨ ᠲᠤᠭ᠎ᠠ ᠶᠢ ᠬᠢᠨᠠᠨ ᠲᠣᠭᠲᠠᠭᠠᠬᠤ ᠪᠠ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠵᠡᠷᠭᠡ ᠠᠵᠢᠯ ᠢ ᠰᠠᠶᠢᠲᠤᠷ ᠬᠢᠨ᠎ᠡ᠃      ︵ᠲᠠᠪᠤ︶ ᠪᠦᠬᠦ ᠰᠢᠶᠠᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠂ ᠣᠶᠤᠨ ᠤ ᠪᠣᠯᠪᠠᠰᠤᠨ ᠤ ᠪᠠᠶᠢᠭᠤᠯᠤᠯᠲᠠ ᠪᠣᠯᠤᠨ ᠤᠯᠤᠰ ᠲᠥᠷᠥ ᠦᠵᠡᠯ ᠰᠠᠨᠠᠭᠠᠨ ᠤ ᠠᠵᠢᠯ ᠢ ᠵᠢᠯᠣᠭᠤᠳᠴᠤ᠂ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠠᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ᠂ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠷᠭᠠᠭᠤᠯᠢ ᠶᠢᠨ ᠺᠠᠳ᠋ᠷ ᠤᠨ ᠠᠵᠢᠯ ᠢ ᠬᠠᠮᠢᠶᠠᠷᠤᠨ᠎ᠠ᠃      ︵ᠵᠢᠷᠭᠤᠭ᠎ᠠ︶ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠤᠭᠴᠢ ᠡᠯᠰᠡᠬᠦ ᠰᠢᠯᠭᠠᠯᠲᠠ ᠶᠢᠨ ᠠᠵᠢᠯ ᠢ ᠬᠠᠮᠢᠶᠠᠷᠴᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃      ︵ᠳᠣᠯᠤᠭ᠎ᠠ︶ ᠪᠦᠬᠦ ᠰᠢᠶᠠᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠪᠦᠷᠢᠳᠬᠡᠨ ᠵᠠᠳᠠᠯᠬᠤ ᠪᠠ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ᠃      ︵ᠨᠠᠢᠮᠠ︶ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠳᠠᠭᠠᠭᠠᠨ ᠠᠪᠴᠤ ᠭᠦᠢᠴᠡᠳᠬᠡᠨ᠎ᠡ᠃      ᠬᠤᠶᠠᠷ᠂ ᠠᠯᠪᠠᠯᠠᠬᠤ ᠤᠲᠠᠰᠤ᠄ 0471 — 8812512      ᠭᠤᠷᠪᠠ᠂ ᠠᠵᠢᠯᠯᠠᠬᠤ ᠭᠠᠵᠠᠷ᠄ ᠦᠴᠤᠸᠠᠨ ᠰᠢᠶᠠᠨ ᠤ ᠲᠧᠩ ᠹᠸᠢ ᠶᠡᠭᠡ ᠵᠠᠮ ᠤᠨ ᠶᠢᠩ ᠪᠢᠨ ᠵᠠᠮ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号