ᠶᠢᠨ ᠴᠦᠨ ᠯᠢᠶᠠᠩ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠠᠪᠤᠳᠤᠭᠠᠷ ᠤᠳᠠᠭ᠎ᠠ ᠶᠢᠨ ᠨᠠᠮ ‍ᠤᠨ‌ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/5/9
     ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠶᠢᠨ ᠴᠦᠨ ᠯᠢᠶᠠᠩ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠠᠪᠤᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠮᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ︔ 4 ᠳ᠋ᠦ᠋ᠭᠡᠷ ᠰᠠᠷ᠎ᠠ ᠶᠢᠨ 17 ᠤ ᠡᠳᠦᠷ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ︔ ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ︔ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠪᠠᠶᠢᠷᠢᠯᠠᠭᠤᠯᠤᠯᠲᠠ ᠶᠢᠨ ᠸᠢᠳᠢᠣ᠋ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠶᠠᠪᠤᠳᠠᠯ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ᠂ ᠲᠦᠩ ᠶᠦᠩ ᠪᠦᠯᠦᠭᠯᠡᠯ ᠤᠨ ᠪᠡᠯᠡ ᠮᠥᠩᠭᠦ ᠶᠢᠨ ᠬᠡᠷᠡᠭᠯᠡᠯᠲᠡ ᠪᠣᠯᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠶᠠᠪᠤᠳᠠᠯ ᠢ ᠰᠤᠳᠤᠯᠵᠠᠶ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠵᠢᠴᠢ ᠪᠠᠯᠠ ᠮᠥᠩᠭᠦ ᠶᠢ ᠰᠢᠯᠵᠢᠭᠦᠯᠦᠨ ᠥᠭᠭᠦᠭᠰᠡᠨ ᠪᠠᠶᠢᠳᠠᠯ ᠢ  ᠂  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠷᠢᠯᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠤᠰᠪᠠ᠃       ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ᠂ ᠡᠳ᠋ ᠪᠠᠶᠠᠯᠢᠭ ᠤᠨ ᠡᠬᠢ ᠰᠤᠷᠪᠤᠯᠵᠢ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠵᠤ ᠵᠢᠷᠭᠤᠭ᠎ᠠ ᠶᠢ ᠪᠠᠲᠤᠯᠠᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠴᠤᠸᠠᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠵᠢᠯ ᠣᠯᠭᠤᠯᠲᠠ ᠶᠢ ᠪᠠᠲᠤᠯᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠵᠤ ᠵᠢᠷᠭᠤᠭ᠎ᠠ ᠶᠢ ᠪᠠᠲᠤᠯᠠᠬᠤ︾ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠬᠥᠯᠥᠰᠥᠨ ᠠᠵᠢᠯᠴᠢᠨ ᠤ ᠰᠢᠯᠵᠢᠯᠲᠡ ᠶᠢᠨ ᠪᠠᠶᠢᠳᠠᠯ ᠢ ᠬᠢᠨᠠᠨ ᠬᠡᠮᠵᠢᠬᠦ ᠶᠢ ᠢᠳᠡᠪᠬᠢᠲᠡᠢ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠬᠦᠴᠢᠷᠳᠡᠯ ᠢ ᠢᠯᠡᠷᠡᠭᠦᠯᠵᠦ᠂ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠲᠠᠢ ᠤᠶᠠᠯᠳᠤᠭᠤᠯᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠣᠨᠣᠪᠴᠢᠲᠠᠢ ᠲᠣᠭᠲᠠᠭᠠᠵᠤ᠂ ᠲᠡᠳᠡᠨ ᠢ ᠬᠠᠪᠰᠤᠷᠤᠨ ᠲᠣᠭᠲᠠᠭᠤᠨ ᠢᠶᠠᠷ ᠠᠵᠢᠯ ᠣᠯᠭᠤᠬᠤ ᠶᠢ ᠪᠡᠶᠡᠯᠡᠭᠦᠯᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠦᠢᠯᠡᠰ ᠪᠤᠰᠬᠠᠬᠤ ᠶᠢ ᠲᠡᠳᠬᠦᠨ ᠠᠵᠢᠯ ᠣᠯᠭᠤᠯᠲᠠ ᠶᠢ ᠳᠠᠶᠢᠴᠢᠯᠠᠵᠤ᠂ ᠨᠡᠩ ᠤᠯᠠᠨ ᠠᠵᠢᠯ ᠤᠨ ᠪᠠᠶᠢᠷᠢ ᠶᠢ ᠡᠭᠦᠳᠴᠦ᠂ ᠨᠡᠩ ᠴᠢᠨᠠᠷ ᠰᠠᠶᠢᠲᠠᠢ ᠪᠥᠭᠡᠳ ᠨᠡᠩ ᠭᠦᠢᠴᠡᠳ ᠠᠵᠢᠯ ᠣᠯᠭᠤᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠪᠡ᠃       ᠶᠢᠨ ᠴᠦᠨ ᠯᠢᠶᠠᠩ ᠴᠢᠬᠤᠯᠠᠴᠢᠯᠠᠭᠰᠠᠨ ᠨᠢ᠂ ᠬᠡᠪ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠭᠠᠳᠠᠨ᠎ᠠ ᠠᠴᠠ ᠣᠷᠤᠵᠤ ᠢᠷᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ ᠂ ᠰᠤᠷᠭᠠᠭᠤᠯᠢ ᠪᠣᠯᠤᠨ  ᠰᠤᠷᠤᠭᠴᠢᠳ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠰᠤᠷᠭᠠᠭᠤᠯᠢ ᠡᠬᠢᠯᠡᠬᠦ ᠪᠠ ᠬᠢᠴᠢᠶᠡᠯ ᠰᠡᠷᠭᠦᠬᠦ ᠠᠮᠤᠷ ᠲᠦᠪᠰᠢᠨ ᠤᠷᠤᠭᠰᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠥᠪᠯᠡᠷᠡᠭᠦᠯᠦᠨ ᠲᠤᠰᠠᠭᠠᠷᠯᠠᠬᠤ ᠬᠥᠮᠦᠰ ᠤᠨ ᠠᠮᠤᠷ ᠲᠦᠪᠰᠢᠨ ᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠬᠥᠮᠦᠨ ᠣᠯᠠᠨ ᠴᠤᠭᠯᠠᠷᠠᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠠᠷᠠᠳ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠴᠢᠬᠤᠯᠠ ᠪᠦᠬᠦᠢ ᠬᠠᠮᠠᠭᠠᠯᠠᠯᠲᠠ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠳᠠᠬᠢᠨ ᠡᠭᠦᠰᠴᠦ ᠮᠡᠳᠡᠬᠦ ᠪᠤᠢ ᠪᠥᠬᠦᠢ ᠬᠡᠮ ᠰᠣᠭᠤᠭ ᠢ ᠡᠷᠡᠰ ᠬᠤᠷᠢᠭᠯᠠᠬᠤ ᠬᠡᠷᠡᠭᠲᠡᠶ ᠭᠡᠪᠡ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃  
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号