| 2020 ᠣᠨ ᠤ 4 ᠳ᠋ᠦ᠋ᠭᠡᠷ ᠰᠠᠷ᠎ᠠ ᠶᠢᠨ 22 ᠤᠨ ᠡᠳᠦᠷ ᠬᠥᠬᠡᠬᠤᠲᠠ ᠶᠢᠨ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠳᠡᠭᠡᠷ᠎ᠡ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠠᠩ ᠪᠠᠢ ᠴᠧᠩ | | ᠲᠥᠯᠥᠭᠡᠯᠡᠭᠴᠢᠳ ᠡ᠄ | | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠠ᠂ ᠬᠢᠨᠠᠨ ᠵᠦᠪᠯᠡᠬᠦ ᠪᠣᠯᠪᠠᠤ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ | ᠳᠤᠷᠠᠳᠬᠤ ᠪᠣᠯᠪᠠᠤ᠃ | ᠨᠢᠭᠡ᠂ 2019 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠠᠵᠤ ᠠᠬᠤᠶ ᠪᠠᠭᠤᠷᠠᠬᠤ ᠳᠠᠷᠤᠯᠲᠠ ᠨᠡᠮᠡᠭᠳᠡᠵᠦ ᠪᠠᠶᠢᠭ᠎ᠠ ᠪᠠ ᠬᠦᠴᠢᠷᠳᠡᠯ | ᠵᠥᠷᠢᠴᠡᠯ ᠨᠡᠮᠡᠭᠳᠡᠵᠦ ᠪᠠᠶᠢᠭ᠎ᠠ ᠪᠠᠶᠢᠳᠠᠯ ᠤᠨ ᠡᠮᠦᠨ᠎ᠡ᠂ ᠪᠢᠳᠡ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠵᠦ᠂ ᠬᠦᠴᠢᠷ ᠢ ᠰᠦᠷᠦᠨ ᠤᠷᠤᠭᠰᠢᠯᠠᠵᠤ᠂ ᠡᠷᠡᠮᠡᠬᠡᠶᠢᠯᠡᠨ ᠤᠷᠤᠭᠰᠢᠯᠠᠵᠤ᠂ ᠪᠥᠬᠦ ᠬᠤᠲᠠ ᠶᠢᠨ | ᠡᠯ᠎ᠡ ᠵᠦᠢᠯ ᠤᠨ ᠠᠵᠢᠯ ᠦᠢᠯᠡᠰ ᠰᠢᠨ᠎ᠡ ᠰᠢᠪᠲᠤᠯᠤᠯᠲᠠ᠂ ᠰᠢᠨ᠎ᠡ ᠠᠮᠵᠢᠯᠲᠠ ᠪᠦᠲᠦᠮᠵᠢ ᠤᠯᠪᠠ᠃ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ 5.5% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠦᠷᠳᠡᠭ 2.3% ᠪᠠᠷ ᠨᠡᠮᠡᠭᠳᠡᠵᠦ᠂ ᠲᠣᠭᠲᠠᠮᠠᠯ ᠬᠦᠷᠦᠩᠭᠡ ᠶᠢᠨ ᠪᠡᠯᠡ | ᠣᠷᠤᠭᠤᠯᠤᠯᠲᠠ 5.2% ᠢᠶᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ | ᠶᠡᠷᠦᠩᠬᠡᠢ ᠲᠤᠭ᠎ᠠ 2.7% ᠪᠠᠷ ᠨᠡᠮᠡᠭᠳᠡᠵᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠴᠠ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠭᠰᠠᠨ ᠠᠳᠠᠯᠢᠳᠬᠠᠵᠤ ᠪᠤᠯᠣᠰᠢ ᠦᠭᠡᠢ ᠬᠦᠴᠦᠨ ᠵᠦᠢᠯ ᠢ | ᠬᠠᠰᠤᠭᠠᠳ 9.5% ᠪᠠᠷ ᠨᠡᠮᠡᠭᠳᠡᠵᠦ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 6.1% ᠪᠠ 10.4% ᠪᠠᠷ ᠨᠡᠮᠡᠭᠳᠡᠪᠡ᠃ | ︵ᠨᠢᠭᠡ︶ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | ᠠᠵᠤ ᠠᠬᠤᠢ ᠶᠢᠨ ᠠᠵᠢᠯᠯᠠᠭ᠎ᠠ ᠶᠢ ᠪᠦᠬᠦ ᠬᠦᠴᠦᠨ ᠢᠶᠠᠷ ᠲᠣᠭᠲᠠᠪᠤᠷᠢᠵᠢᠭᠤᠯᠪᠠ᠃ ᠤᠯᠤᠰ ᠤᠨ ᠶᠡᠭᠡ ᠬᠡᠪᠴᠢᠶ᠎ᠡ ᠪᠠᠷ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠪᠠᠷ | 65 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠪᠠ᠃ ︽ᠲᠤᠰᠠᠯᠠᠨ | ᠪᠠᠲᠤᠯᠠᠬᠤ ᠵᠢᠭᠡᠯᠡᠯᠭᠡ︾ ᠵᠡᠷᠭᠡ ᠪᠡᠯᠡ ᠬᠤᠷᠠᠮᠳᠤᠭᠤᠯᠬᠤ ᠠᠷᠭ᠎ᠠ ᠵᠠᠮ ᠢ ᠥᠷᠭᠡᠳᠬᠡᠵᠦ᠂ 409 ᠳᠤᠮᠳᠠ ᠵᠢᠵᠢᠭ | ᠠᠵᠤ ᠠᠬᠤᠶᠢᠯᠠᠯ ᠳᠤ 5000 ᠭᠠᠷᠤᠢ ᠲᠦᠮᠡᠨ ᠲᠥᠭᠦᠷᠢᠭ ᠤᠨ ᠪᠡᠯᠡ ᠬᠤᠷᠠᠮᠳᠤᠭᠤᠯᠬᠤ ᠥᠪᠡᠷ ᠤᠨ ᠥᠷᠲᠡᠭ ᠢ | ᠠᠷᠪᠢᠯᠠᠵᠤ ᠥᠭᠪᠡ᠃ ᠴᠠᠬᠢᠯᠭᠠᠨ ᠬᠦᠴᠦᠨ ᠤ ᠣᠯᠠᠨ ᠲᠠᠯ᠎ᠠ ᠶᠢᠨ ᠠᠷᠠᠯᠵᠢᠶᠠᠨ ᠤ 69 ᠠᠵᠤ ᠠᠬᠤᠶᠢᠯᠠᠯ ᠳᠤ | ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 6.2 ᠳ᠋ᠦᠩᠰᠢᠭᠤᠷ ᠲᠥᠭᠦᠷᠢᠭ ᠠᠷᠪᠢᠯᠠᠪᠠ᠃ ᠵᠠᠬ᠎ᠠ ᠳᠡᠯᠭᠡᠭᠦᠷ ᠤᠨ | ᠭᠤᠤᠯ ᠴᠣᠭᠴᠠ 55834 ᠡᠷᠦᠬᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ | 42 ᠡᠷᠦᠬᠡ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠠᠵᠤ ᠠᠬᠤᠶᠢᠯᠠᠯ 130 ᠡᠷᠦᠬᠡ ᠰᠢᠨ᠎ᠡ ᠪᠠᠷ | ᠨᠡᠮᠡᠭᠳᠡᠪᠡ᠃ | ᠠᠵᠤ ᠦᠢᠯᠡᠰ ᠤᠨ ᠲᠡᠰ ᠳᠡᠪᠰᠢᠬᠦ ᠠᠯᠬᠤᠴᠠ ᠲᠦᠷᠭᠡᠳᠪᠡ᠃ ᠰᠦ ᠰᠠᠭᠠᠯᠢ ᠶᠢᠨ ᠦᠢᠯᠡᠰ ᠢ ᠲᠠᠰ | ᠳᠡᠪᠰᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠢᠯᠢ᠂ ᠮᠧᠩ ᠨᠢᠤ ᠬᠤᠶᠠᠷ ᠰᠦ | ᠰᠠᠭᠠᠯᠢ ᠶᠢᠨ ᠠᠵᠤ ᠠᠬᠤᠶᠢᠯᠠᠯ ᠵᠢᠱᠢᠯᠲᠡ ᠪᠠᠷ 1700 ᠳ᠋ᠦᠩᠰᠢᠭᠤᠷ ᠲᠥᠭᠦᠷᠢᠭ ᠤᠨ ᠪᠣᠷᠣᠯᠠᠭᠤᠯᠭ᠎ᠠ ᠶᠢᠨ | ᠣᠷᠣᠯᠭ᠎ᠠ ᠶᠢ ᠪᠡᠶᠡᠯᠡᠭᠦᠯᠬᠦ ᠪᠣᠯᠣᠨ᠎ᠠ᠃ ᠵᠦᠩ ᠬᠤᠸᠠᠨ ᠭᠡᠷᠡᠯ ᠸᠣᠯᠲ ᠤᠨ ᠳᠥᠷᠪᠡᠳᠦᠭᠡᠷ ᠬᠤᠭᠤᠴᠠᠭ᠎ᠠ ᠶᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠲᠠᠪᠤᠳᠤᠭᠠᠷ ᠬᠤᠭᠤᠴᠠᠭᠠᠨ ᠤ ᠲᠥᠬᠦᠭᠡᠷᠦᠮᠵᠢ ᠶᠢ | ᠤᠭᠰᠠᠷᠠᠪᠠ᠃ ᠵᠢᠤ ᠲᠠᠢ ᠰᠢᠨ᠎ᠡ ᠮᠠᠲ᠋ᠧᠷᠢᠶᠠᠯ ᠤᠨ ᠵᠢᠯ ᠤᠨ ᠭᠠᠷᠤᠯᠲᠠ 100 ᠲᠦᠮᠡᠨ ᠲᠣᠨ ᠤ ᠨᠡᠭᠦᠷᠡᠰᠦ ᠪᠠᠷ | ᠡᠲ᠋ᠡ ᠬᠤᠶᠠᠷᠴᠢ ᠠᠯᠺᠦᠦᠯ ᠦᠢᠯᠡᠳᠪᠦᠷᠢᠯᠡᠬᠦ ᠲᠥᠷᠥᠯ ᠵᠦᠢᠯ ᠢ ᠲᠦᠷᠭᠡᠳᠬᠡᠨ ᠪᠦᠲᠦᠭᠡᠨ ᠪᠠᠶᠢᠭᠤᠯᠵᠤ᠂ ᠰᠢᠤᠢ | ᠶᠠᠩ ᠵᠦᠩ ᠷᠠᠨ ᠬᠡᠦᠷᠰᠢᠭᠦᠯᠬᠦ ᠣᠷᠴᠢᠯ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠳᠠᠬᠢᠨ ᠵᠣᠬᠢᠶᠠᠨ | ᠪᠠᠶᠢᠭᠤᠯᠵᠤ ᠦᠢᠯᠡᠳᠪᠦᠷᠢᠯᠡᠯ ᠰᠡᠷᠭᠦᠭᠡᠪᠡ᠃ ᠶᠢᠨ ᠢᠦᠶ ᠪᠦᠯᠦᠭᠯᠡᠯ ᠪᠥᠬᠦ ᠪᠥᠮᠪᠥᠷᠴᠡᠭ ᠤᠨ ᠬᠠᠮᠤᠭ ᠤᠨ ᠲᠣᠮᠣ | ᠰᠢᠯᠦᠬᠡᠶ ᠡᠪᠡᠳᠴᠢᠨ ᠤ ᠸᠠᠺᠼᠢᠨ ᠤ ᠣᠶᠤᠨᠴᠢ ᠦᠢᠯᠡᠳᠪᠦᠷᠢᠯᠡᠬᠦ ᠰᠠᠭᠤᠷᠢᠨ ᠭᠠᠵᠠᠷ ᠢ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠢᠶᠠᠷ ᠮᠠᠭᠠᠳᠯᠠᠨ ᠲᠣᠭᠲᠠᠭᠠᠪᠠ᠃ | ᠴᠤᠸᠠᠩ ᠸᠧᠶ ᠤᠶᠤᠨᠴᠢ ᠬᠡᠷ ᠤᠨ ᠴᠠᠬᠢᠯᠭᠠᠨ ᠬᠡᠷᠡᠭᠰᠡᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ | ᠤᠷᠤᠭᠰᠢᠲᠠᠢ ᠬᠡᠷᠡᠭᠵᠢᠭᠦᠯᠪᠡ᠃ ᠤᠯᠤᠰ ᠤᠨ ᠲᠠᠰ ᠤᠨ ᠢᠨᠲ᠋ᠧᠷ ᠰᠦᠯᠵᠢᠶᠡᠨ ᠤ ᠰᠢᠭᠤᠳ ᠬᠤᠯᠪᠣᠯᠳᠤᠬᠤ | ᠭᠤᠤᠯᠯᠠᠭᠴᠢ ᠴᠡᠭ ᠢ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠶᠠᠮᠤᠨ ᠠᠴᠠ ᠴᠣᠬᠤᠯᠠᠪᠤᠷᠢᠯᠠᠨ | ᠵᠥᠪᠰᠢᠶᠡᠷᠡᠪᠡ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠦᠬᠦ ᠲᠠᠯ᠎ᠠ ᠪᠠᠷ ᠬᠥᠭᠵᠢᠪᠡ᠃ ᠫᠢᠩ ᠠᠨ ᠪᠠᠩᠬᠢ᠂ | ᠵᠧᠵᠢᠶᠠᠩ ᠤᠨ ᠬᠤᠳᠠᠯᠳᠤᠭᠠᠨ ᠤ ᠪᠠᠩᠬᠢ ᠬᠥᠬᠡᠬᠤᠲᠠ ᠳᠤ ᠬᠤᠪᠢᠶᠠᠷᠢ ᠪᠠᠶᠢᠭᠤᠯᠤᠮᠵᠢ ᠪᠠᠶᠢᠭᠤᠯᠤᠨ ᠰᠠᠭᠤᠷᠢᠰᠢᠵᠤ᠂ | ᠮᠥᠩᠭᠦᠨ ᠭᠦᠢᠯᠭᠡᠭᠡᠨ ᠤ ᠪᠠᠶᠢᠭᠤᠯᠤᠮᠵᠢ 11 ᠰᠢᠨ᠎ᠡ ᠪᠠᠷ ᠨᠡᠮᠡᠭᠳᠡᠪᠡ᠃ ᠠᠷᠠᠯᠵᠢᠶ᠎ᠠ ᠬᠤᠳᠠᠯᠳᠤᠭᠠᠨ ᠤ | ᠦᠢᠯᠡᠴᠢᠯᠡᠭᠡᠨ ᠤ ᠦᠢᠯᠡᠰ ᠢ ᠲᠡᠰ ᠳᠡᠪᠰᠢᠭᠦᠯᠵᠦ᠂ ᠵᠧᠨ ᠬᠤᠸᠠ ᠲᠠᠯᠠᠪᠠᠢ ᠵᠡᠷᠭᠡ ᠠᠷᠠᠯᠵᠢᠶ᠎ᠠ ᠬᠤᠳᠠᠯᠳᠤᠭᠠᠨ ᠤ | ᠲᠥᠪ ᠢ ᠪᠠᠶᠢᠭᠤᠯᠤᠨ ᠡᠵᠡᠩᠨᠡᠯᠲᠡ ᠳᠤ ᠣᠷᠣᠭᠤᠯᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ | ᠲᠤᠭ᠎ᠠ 18% ᠪᠠᠷ ᠨᠡᠮᠡᠭᠳᠡᠵᠦ᠂ ᠶᠢᠨ ᠴᠢᠶᠣᠣ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ | ᠬᠦᠷᠢᠶᠡᠯᠡᠩ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ | ᠰᠣᠩᠭᠤᠭᠳᠠᠪᠠ᠃ ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠭᠤᠤᠯ | ᠴᠣᠭᠴᠠ ᠶᠢᠨ ᠪᠠᠷᠢᠯᠭ᠎ᠠ ᠳᠠᠭᠤᠰᠴᠤ᠂ ᠣᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ ᠢ | ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠵᠢᠭᠤᠯᠴᠢᠯᠠᠯ ᠤᠨ ᠬᠦᠯᠢᠶᠡᠨ ᠠᠪᠤᠭᠰᠠᠨ ᠬᠥᠮᠦᠨ ᠤ | ᠲᠤᠭ᠎ᠠ᠂ ᠵᠢᠭᠤᠯᠴᠢᠯᠠᠯ ᠤᠨ ᠣᠷᠣᠯᠭ᠎ᠠ ᠲᠤᠰ ᠲᠤᠰ 10.3% ᠪᠠ 12.6% ᠪᠠᠷ ᠨᠡᠮᠡᠭᠳᠡᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠬᠥᠳᠡᠯᠭᠡᠭᠴᠢ ᠬᠦᠴᠦᠨ | ᠴᠢᠩᠭᠠᠷᠠᠪᠠ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ18 ᠲᠥᠷᠥᠯ ᠵᠦᠢᠯ᠂ ᠬᠡᠷᠡᠭᠯᠡᠭᠡᠨ ᠤ | ᠰᠤᠳᠤᠯᠤᠨ ᠨᠡᠭᠡᠭᠡᠯᠲᠡ ᠶᠢᠨ 54ᠲᠥᠷᠥᠯ ᠵᠦᠢᠯ ᠢ ᠬᠡᠷᠡᠭᠵᠢᠭᠦᠯᠪᠡ᠃ ᠬᠥᠬᠡᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ 11᠂ ᠰᠤᠳᠤᠯᠤᠨ ᠨᠡᠭᠡᠭᠡᠬᠦ ᠪᠠᠶᠢᠭᠤᠯᠤᠮᠵᠢ 26 | ᠰᠢᠨ᠎ᠡ ᠪᠠᠷ ᠨᠡᠮᠡᠭᠳᠡᠪᠡ᠃ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 7.25 ᠳ᠋ᠦᠩᠰᠢᠭᠤᠷ | ᠲᠥᠭᠦᠷᠢᠭ ᠲᠤ ᠬᠦᠷᠴᠦ᠂ 30.4% ᠪᠠᠷ ᠨᠡᠮᠡᠭᠳᠡᠪᠡ᠃ ︽ᠴᠢᠳᠠᠪᠤᠷᠢᠲᠠᠨ ᠤ ᠰᠢᠨ᠎ᠡ ᠲᠦᠷᠦ ᠶᠢᠨ ᠪᠤᠳᠤᠯᠭ᠎ᠠ 9 | ᠵᠦᠢᠯ︾ ᠢ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ ᠨᠢᠭᠡᠴᠡ ᠳᠤ 516 ᠴᠢᠳᠠᠪᠤᠷᠢᠲᠠᠨ ᠢ ᠣᠷᠣᠭᠤᠯᠤᠨ | ᠠᠪᠴᠢᠷᠠᠪᠠ᠃ | ︵ᠬᠤᠶᠠᠷ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠠᠬᠢᠴᠠ ᠲᠠᠢ ᠪᠣᠯᠪᠠ᠃ | ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠳᠠᠩᠰᠠᠨ ᠵᠣᠭᠤᠰ ᠢ ᠲᠥᠯᠥᠬᠦ ᠡᠭᠦᠷᠭᠡ ᠬᠠᠷᠠᠯᠲᠠ ᠶᠢ ᠳᠠᠪᠠᠭᠤᠯᠤᠨ ᠪᠡᠶᠡᠯᠡᠭᠦᠯᠵᠦ᠂ ︽ᠠᠷᠪᠠ ᠶᠢ | ᠪᠦᠷᠬᠦᠭᠦᠯᠬᠦ︾ ᠳᠤ ᠰᠢᠭᠤᠳ ᠬᠤᠯᠪᠣᠭᠳᠠᠬᠤ ᠢᠨᠵᠧᠨᠧᠷᠢᠩ ᠤᠨ ᠲᠥᠷᠥᠯ ᠤᠨ ᠥᠷᠢ ᠥᠭᠴᠡᠭᠡ ᠶᠢ ᠪᠦᠬᠦᠨ ᠢ | ᠢᠯᠭᠠᠷᠠᠭᠤᠯᠪᠠ᠃ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ | ᠦᠴᠤᠸᠠᠨ ᠰᠢᠶᠠᠨ᠂ ᠴᠢᠩ ᠱᠦᠢ ᠾᠧ ᠰᠢᠶᠠᠨ ᠶᠠᠳᠠᠭᠤ ᠬᠦᠴᠢᠷᠳᠡᠯᠲᠡᠢ ᠰᠢᠶᠠᠨ ᠤ ᠡᠩᠨᠡᠭᠡ ᠠᠴᠠ ᠤᠬᠤᠷᠢᠨ | ᠭᠠᠷᠪᠠ᠃ ᠰᠢᠲᠠᠭᠠᠬᠤ ᠶᠢ ᠴᠠᠭᠠᠵᠠᠯᠠᠬᠤ ᠣᠷᠣᠨ ᠳᠣᠲᠣᠷᠠᠬᠢ 35 ᠠᠭᠤᠷ ᠲᠣᠨ ᠵᠢᠴᠢ ᠲᠡᠭᠦᠨ ᠠᠴᠠ ᠳᠣᠷᠣᠭᠰᠢᠬᠢ | ᠨᠡᠭᠦᠷᠡᠰᠦ ᠰᠢᠲᠠᠭᠠᠬᠤ ᠭᠦᠸᠧᠯᠦ ᠶᠢ 26 ᠰᠠᠭᠤᠷᠢ ᠨᠤᠷᠠᠭᠠᠵᠤ᠂ ᠡᠰᠢ ᠰᠦᠷᠡᠯ ᠢ ᠵᠠᠳᠠᠭᠠᠢ ᠰᠢᠲᠠᠭᠠᠬᠤ ᠶᠢ ᠪᠦᠬᠦ | ᠲᠠᠯ᠎ᠠ ᠪᠠᠷ ᠴᠠᠭᠠᠵᠠᠯᠠᠵᠤ᠂ ᠠᠭᠠᠷ ᠤᠨ ᠴᠡᠪᠡᠷᠴᠠ ᠣᠨᠴᠠ ᠴᠡᠪᠡᠷ ᠪᠠ ᠴᠡᠪᠡᠷ ᠡᠳᠦᠷ ᠤᠨ ᠲᠤᠭ᠎ᠠ ᠶᠢᠨ ᠬᠠᠷᠢᠴᠠᠯ ᠢ | 83.2% ᠲᠤ ᠬᠦᠷᠭᠡᠪᠡ᠃ ᠬᠡᠲᠦ ᠮᠠᠯᠲᠠᠯᠲᠠ ᠶᠢᠨ ᠣᠷᠣᠨ ᠤ ᠥᠪᠡᠷᠲᠡᠭᠡᠨ ᠪᠡᠯᠡᠳᠬᠡᠭᠰᠡᠨ 74 ᠬᠤᠳᠳᠤᠭ ᠢ | ᠪᠢᠲᠡᠭᠦᠮᠵᠢᠯᠡᠵᠦ᠂ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠮᠠᠭᠤ V ᠲᠥᠷᠥᠯ ᠤᠨ | ᠤᠰᠤᠨ ᠴᠣᠭᠴᠠ ᠶᠢ ᠪᠦᠬᠦᠨ ᠢ ᠠᠷᠢᠯᠭᠠᠪᠠ᠃ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠳᠣᠲᠣᠷᠠᠬᠢ 100 ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠤᠬᠤᠷᠢᠨ | ᠭᠠᠷᠪᠠ᠃ ᠤᠯᠤᠰ ᠤᠨ ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ ᠶᠢ 55.5 ᠲᠦᠮᠡᠨ ᠮᠥ ᠪᠡᠶᠡᠯᠡᠭᠦᠯᠪᠡ᠃ | ︵ᠭᠤᠷᠪᠠ︶ ᠣᠷᠣᠨ ᠪᠦᠰᠡ ᠶᠢᠨ ᠴᠢᠨᠠᠷᠲᠠᠶ ᠭᠤᠤᠯ ᠬᠤᠲᠠ ᠶᠢᠨ ᠪᠦᠲᠦᠭᠡᠨ ᠪᠠᠶᠢᠭᠤᠯᠤᠯᠲᠠ ᠴᠢᠬᠤᠯᠠ | ᠰᠢᠪᠲᠤᠯᠤᠯᠲᠠ ᠲᠠᠢ ᠪᠣᠯᠪᠠ᠃ ᠤᠳᠤ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮᠵᠢ ᠶᠢ ᠲᠦᠷᠭᠡᠨ | ᠪᠠᠶᠢᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢ ᠤᠯᠠᠮ ᠨᠢᠭᠡ ᠠᠯᠬᠤᠮ ᠳᠣᠪᠣᠶᠢᠯᠭᠠᠪᠠ᠃ ᠰᠢᠨ᠎ᠡ ᠨᠢᠰᠬᠡᠯ ᠤᠨ | ᠪᠠᠭᠤᠳᠠᠯ ᠤᠨ ᠶᠡᠷᠦᠩᠬᠡᠶ ᠲᠥᠯᠥᠪᠵᠢᠭᠦᠯᠭᠡ ᠨᠢ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ | ᠲᠣᠪᠴᠢᠶ᠎ᠠ ᠶᠢᠨ ᠴᠣᠬᠤᠯᠠᠪᠤᠷᠢ ᠶᠢ ᠣᠯᠵᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠯ ᠢ ᠬᠦᠯᠢᠶᠡᠬᠦ ᠱᠠᠲᠤᠨ ᠳᠤ | ᠤᠷᠤᠪᠠ᠃ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠲᠣᠭᠲᠠᠭᠰᠠᠨ ᠬᠤᠭᠤᠴᠠᠭᠠᠨ ᠳᠠᠭᠠᠨ | ᠨᠡᠪᠲᠡᠷᠡᠪᠡ᠃ ᠮᠧᠲᠷᠣ᠋ ᠶᠢᠨ1 ᠳ᠋ᠦ᠋ᠭᠡᠷ ᠱᠤᠭᠤᠮ ᠡᠬᠢᠨ ᠤ ᠬᠤᠭᠤᠴᠠᠭᠠᠨ ᠤ ᠡᠵᠡᠩᠨᠡᠯᠲᠡ ᠳᠡᠭᠡᠨ ᠤᠷᠤᠵᠤ᠂ 2 | ᠳ᠋ᠤᠭᠠᠷ ᠱᠤᠭᠤᠮ ᠤᠨ ᠨᠦᠭᠡᠨ ᠵᠠᠮ ᠢ ᠨᠡᠪᠳᠡᠷᠡᠭᠦᠯᠵᠦ ᠵᠢᠮᠳᠤ ᠵᠠᠮ ᠢ ᠲᠡᠪᠢᠰᠴᠦ ᠪᠠᠷᠠᠪᠠ᠃ ᠶᠢᠨ ᠬᠠᠢ ᠵᠠᠮ ᠤᠨ | ᠥᠨᠳᠥᠷ ᠬᠥᠭᠦᠷᠭᠡ ᠶᠢᠨ ᠱᠤᠭᠤᠮ ᠳᠡᠭᠡᠷᠡᠬᠢ ᠭᠤᠤᠯ ᠬᠡᠰᠡᠭ᠂ ᠪᠠᠶᠠᠨ ᠵᠠᠮ ᠤᠨ ᠥᠨᠳᠥᠷ ᠬᠥᠭᠦᠷᠭᠡ ᠶᠢᠨ ᠬᠡᠰᠡᠭ | ᠵᠠᠮ ᠲᠤᠷᠰᠢᠨ ᠲᠡᠷᠭᠡ ᠨᠡᠪᠲᠡᠷᠡᠵᠦ᠂ ᠵᠣᠣ ᠤᠳᠠ ᠵᠠᠮ ᠵᠢᠷᠢᠮ ᠵᠠᠮ ᠢ ᠰᠠᠶᠢᠵᠢᠷᠠᠭᠤᠯᠤᠨ ᠥᠭᠡᠷᠡᠴᠢᠯᠡᠬᠦ | ᠢᠨᠵᠧᠨᠧᠷᠢᠩ ᠤᠨ ᠭᠤᠤᠯ ᠴᠣᠭᠴᠠ ᠶᠢᠨ ᠪᠠᠷᠢᠯᠭ᠎ᠠ ᠳᠠᠭᠤᠰᠴᠤ᠂ ︽ᠤᠯᠤᠰ ᠤᠨ ᠨᠡᠶᠢᠲᠡ ᠶᠢᠨ ᠵᠠᠮ | ᠬᠠᠷᠢᠯᠴᠠᠭᠠᠨ ᠤ ᠲᠣᠮᠣ ᠬᠤᠲᠠ ᠶᠢᠨ ᠵᠢᠱᠢᠶ᠎ᠡ ᠦᠵᠡᠭᠦᠯᠬᠦ ᠬᠤᠲᠠ︾ ᠶᠢᠨ ᠢᠷᠠᠭᠤ ᠠᠯᠳᠠᠷ ᠢ ᠭᠥᠷᠳᠡᠪᠡ᠃ 94.4 | ᠺᠢᠯᠣᠮᠧᠲᠷ ᠤᠨ ᠬᠠᠭᠤᠴᠢᠨ ᠰᠢᠲᠠᠮᠠᠬᠠᠶ ᠬᠡᠢ ᠶᠢᠨ ᠬᠤᠭᠤᠯᠠᠶ ᠶᠢᠨ ᠲᠣᠤᠷ᠂ 92.1 ᠺᠢᠯᠣᠮᠧᠲᠷ ᠤᠨ ᠢᠯᠴᠢ | ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠵᠦ᠂ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠢ ᠶᠢ 1700 | ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ ᠬᠤᠳᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢᠨ ᠲᠤᠷᠰᠢᠯᠲᠠ ᠶᠢ ᠡᠮᠬᠢ ᠵᠢᠷᠤᠮ ᠲᠠᠢ ᠠᠬᠢᠭᠤᠯᠵᠤ᠂ 32 ᠵᠦᠢᠯ ᠤᠨ ᠬᠤᠳᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠪᠡ᠃ ᠤᠯᠤᠰ ᠤᠨ ᠡᠷᠡᠭᠦᠯ | ᠬᠠᠮᠠᠭᠠᠯᠠᠯ ᠤᠨ ᠬᠤᠳᠠ ᠶᠢᠨ ᠡᠭᠦᠳᠦᠨ ᠪᠠᠶᠢᠭᠤᠯᠤᠯᠲᠠ ᠮᠡᠷᠭᠡᠵᠢᠯ ᠤᠨ ᠦᠨᠡᠯᠡᠨ ᠵᠢᠱᠢᠯᠲᠡ ᠶᠢᠨ ᠱᠠᠲᠤᠨ ᠳᠤ | ᠣᠷᠣᠪᠠ᠃ | ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠪᠡ᠃ ᠠᠮᠤ ᠪᠤᠳᠠᠭᠠᠨ ᠤ ᠶᠡᠷᠦᠩᠬᠡᠶ ᠤᠨᠠᠯᠲᠠ 171.3 ᠲᠦᠮᠡᠨ ᠲᠣᠨ ᠳᠤ ᠬᠦᠷᠪᠡ᠃ ᠰᠠᠭᠠᠯᠢ ᠶᠢᠨ | ᠦᠨᠢᠶᠡᠨ ᠤ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢ 32 ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ | ᠪᠠᠶᠢᠭᠤᠯᠵᠤ᠂ 1.1 ᠲᠦᠮᠡᠨ ᠰᠠᠭᠠᠯᠢ ᠶᠢᠨ ᠦᠨᠢᠶ᠎ᠡ ᠴᠡᠪᠡᠷ ᠨᠡᠮᠡᠭᠳᠡᠪᠡ᠃ ᠬᠤᠲᠠ ᠶᠢᠨ ᠲᠡᠰ ᠠᠴᠠ ᠳᠡᠭᠡᠭᠰᠢᠬᠢ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠣᠯᠣᠭᠠᠶᠢᠯᠠᠭᠴᠢ ᠠᠵᠤ ᠠᠬᠤᠶᠢᠯᠠᠯ 22᠂ | ᠲᠠᠷᠢᠶᠠᠴᠢᠳ ᠤᠨ ᠲᠤᠰᠬᠠᠶ ᠬᠤᠷᠰᠢᠶ᠎ᠠ 120᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 294 | ᠰᠢᠨ᠎ᠡ ᠪᠠᠷ ᠨᠡᠮᠡᠭᠳᠡᠪᠡ᠃ ᠲᠠᠷᠢᠶᠠᠯᠠᠩ ᠤᠨ ᠰᠢᠨ᠎ᠡ ᠮᠡᠷᠭᠡᠵᠢᠯ ᠢ 372 ᠵᠦᠢᠯ᠂ ᠰᠢᠨ᠎ᠡ ᠡᠭᠦᠯᠳᠡᠷ ᠢ 224 | ᠳᠡᠯᠭᠡᠷᠡᠭᠦᠯᠪᠡ᠃ ︽ᠶᠣᠣ ᠱᠠᠩ ᠲᠢᠶᠠᠨ︾ ︽ᠪᠠᠶᠢᠭᠠᠯᠢᠯᠢᠭ ᠦᠨᠦᠷ ᠠᠮᠲᠠᠲᠤ ᠦᠴᠤᠸᠠᠨ︾ ᠵᠡᠷᠭᠡ | ᠲᠠᠷᠢᠶᠠᠯᠠᠩ ᠤᠨ ᠪᠦᠲᠦᠬᠡᠭᠳᠡᠬᠦᠨ ᠤ ᠣᠷᠣᠨ ᠪᠦᠰᠡ ᠶᠢᠨ ᠣᠯᠠᠨ ᠨᠡᠶᠢᠲᠡ ᠶᠢᠨ ᠲᠥᠷᠥᠯ ᠲᠡᠮᠳᠡᠭᠲᠦ ᠶᠢ | ᠪᠤᠶᠢᠵᠢᠭᠤᠯᠵᠤ᠂ ᠵᠠᠬ᠎ᠠ ᠳᠡᠯᠭᠡᠭᠦᠷ ᠲᠤ ᠮᠡᠳᠡᠷᠡᠭᠳᠡᠬᠦ ᠬᠡᠮᠵᠢᠶ᠎ᠡ ᠪᠠ ᠠᠵᠤ ᠠᠬᠤᠶ ᠶᠢᠨ ᠦᠷ᠎ᠡ ᠠᠰᠢᠭ ᠠᠯᠬᠤᠮ | ᠠᠯᠬᠤᠮ ᠢᠶᠠᠷ ᠳᠡᠭᠡᠭᠰᠢᠯᠡᠪᠡ᠃ 790 ᠵᠠᠰᠠᠭ ᠵᠠᠬᠢᠷᠭᠠᠨ ᠤ ᠲᠣᠰᠬᠤᠨ ᠳᠤ ᠬᠥᠮᠦᠨ ᠠᠮᠠ ᠶᠢᠨ ᠣᠷᠣᠰᠢᠨ ᠰᠠᠭᠤᠬᠤ | ᠣᠷᠴᠢᠨ ᠨᠥᠬᠦᠴᠡᠯ ᠤᠨ ᠴᠡᠭᠴᠡᠯᠡᠨ ᠵᠠᠰᠠᠯᠲᠠ ᠬᠡᠷᠡᠭᠵᠢᠭᠦᠯᠪᠡ᠃ | ︵ᠲᠠᠪᠤ︶ ᠥᠭᠡᠷᠡᠴᠢᠯᠡᠯᠲᠡ ᠨᠡᠭᠡᠭᠡᠯᠲᠡ ᠤᠯᠠᠮ ᠨᠢᠭᠡ ᠠᠯᠬᠤᠮ ᠭᠦᠨᠵᠡᠭᠡᠶᠢᠷᠡᠪᠡ᠃ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ᠪᠥᠬᠦ ᠣᠷᠣᠨ ᠳᠤ ︽ᠭᠡᠷᠡᠴᠢ ᠦᠨᠡᠮᠯᠡᠯ ᠢ | ᠰᠠᠯᠭᠠᠬᠤ︾ ᠥᠭᠡᠷᠡᠴᠢᠯᠡᠯᠲᠡ ᠪᠠ ᠪᠥᠬᠦ ᠶᠠᠪᠤᠴᠠ ᠶᠢᠨ ᠡᠯᠧᠺᠲᠷᠤᠨᠴᠢᠯᠡᠭᠰᠡᠨ ᠦᠨᠡᠮᠯᠡᠯ ᠭᠦᠢᠴᠡᠳᠬᠡᠬᠦ ᠶᠢ | ᠤᠷᠢᠳᠠᠪᠠᠷ ᠬᠡᠷᠡᠭᠵᠢᠭᠦᠯᠪᠡ᠃ ︽ᠨᠢᠭᠡ ᠯᠡ ᠲᠠᠮᠠᠭ᠎ᠠ ᠪᠠᠷ ᠬᠢᠨᠠᠨ ᠵᠥᠪᠰᠢᠶᠡᠷᠡᠬᠦ︾ ᠴᠣ ᠰᠢᠨ᠎ᠡ ᠬᠢᠨᠠᠨ ᠵᠥᠪᠰᠢᠶᠡᠷᠡᠬᠦ | ᠵᠠᠭᠪᠤᠷ ᠢ ᠪᠠᠶᠢᠭᠤᠯᠪᠠ᠃ ᠭᠤᠶᠤᠴᠢᠯᠠᠯ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠦᠯᠵᠢᠶᠡᠨ | ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠶᠢ 31% ᠪᠠᠶᠢᠭᠰᠠᠨ ᠠᠴᠠ 85% ᠪᠣᠯᠭᠠᠨ ᠳᠡᠭᠡᠭᠰᠢᠯᠡᠭᠦᠯᠪᠡ᠃ ᠠᠵᠤ | ᠦᠢᠯᠡᠳᠪᠦᠷᠢ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ︽ᠭᠠᠵᠠᠷ ᠠᠪᠤᠪᠠᠯ ᠳᠠᠷᠤᠶ ᠠᠵᠢᠯ ᠡᠬᠢᠯᠡᠭᠦᠯᠬᠦ︾ | ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠪᠠ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ | ᠨᠤᠲᠠᠯᠠᠨ ᠲᠣᠭᠲᠠᠭᠠᠵᠤ ᠳᠠᠩᠰᠠᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠬᠤᠷᠢᠨᠭᠡᠷ ᠰᠢᠶᠠᠨ ᠤ ᠬᠥᠳᠡᠭᠡ | ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠤᠯᠤᠰ ᠤᠨ | ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠳᠤ ᠪᠠᠲᠤᠯᠠᠭᠳᠠᠪᠠ᠃ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠲᠣᠭᠤᠷᠢᠭ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠲᠤᠬᠠᠶ ᠶᠢᠨ ᠭᠠᠵᠠᠷ ᠲᠤᠨᠢ ᠰᠢᠯᠭᠠᠨ | ᠬᠤᠷᠢᠶᠠᠬᠤ ᠳᠤ ᠪᠠᠲᠤᠯᠠᠭᠳᠠᠪᠠ᠃ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠠᠶᠠᠨᠴᠢᠨ᠂ | ᠣᠯᠠᠨ ᠤᠯᠤᠰ ᠤᠨ ᠲᠦᠷᠭᠡᠨ ᠢᠯᠡᠭᠡᠮᠵᠢ ᠶᠢᠨ ᠪᠠᠷᠠᠭ᠎ᠠ ᠣᠷᠣᠭᠤᠯᠵᠤ ᠭᠠᠷᠭᠠᠬᠤ ᠬᠡᠮᠵᠢᠶ᠎ᠡ ᠲᠣᠰ ᠲᠣᠰ 37.8% | ᠪᠠ 89.6% ᠪᠠᠷ ᠨᠡᠮᠡᠭᠳᠡᠪᠡ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ | ᠭᠠᠷᠭᠠᠬᠤ ᠶᠡᠷᠦᠩᠬᠡᠶ ᠲᠤᠭ᠎ᠠ 6.5% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠭᠰᠠᠨ 17 ᠠᠵᠤ ᠠᠬᠤᠶᠢᠯᠠᠯ ᠢ ᠰᠢᠨ᠎ᠡ ᠪᠠᠷ ᠪᠠᠶᠢᠭᠤᠯᠪᠠ᠃ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠳᠤᠮᠳᠠᠳᠤ ᠧᠦ᠋ᠷᠣᠫᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ | ᠳᠤᠮᠳᠠᠳᠤ ᠶᠢᠨ ᠲᠠᠯ᠎ᠠ ᠶᠢᠨ ᠬᠡᠷᠡᠭ ᠤᠨ ᠵᠢᠱᠢᠶ᠎ᠡ ᠶᠢᠨ ᠭᠠᠵᠠᠷ ᠣᠷᠣᠨ ᠳᠤ ᠵᠢᠭᠰᠠᠭᠠᠭᠳᠠᠪᠠ᠃ | ︵ᠵᠢᠷᠭᠤᠭ᠎ᠠ︶ ᠬᠤᠷᠢᠨᠭᠡᠷ ᠰᠢᠨ᠎ᠡ ᠲᠣᠭᠤᠷᠢᠭ ᠤᠨ ︽ᠭᠤᠷᠪᠠᠨ ᠵᠢᠯ ᠳᠤ ᠬᠡᠯᠪᠡᠷᠢᠵᠢᠬᠦ︾ ᠬᠠᠷᠠᠯᠲᠠ ᠶᠢ | ᠦᠨᠳᠦᠰᠦᠨ ᠳᠡᠭᠡᠨ ᠪᠡᠶᠡᠯᠡᠭᠦᠯᠪᠡ᠃ ᠶᠢᠨ ᠱᠧᠩ ᠵᠠᠮ ᠢ ᠰᠠᠶᠢᠵᠢᠷᠠᠭᠤᠯᠤᠨ ᠥᠭᠡᠷᠡᠴᠢᠯᠡᠬᠦ ᠢᠨᠵᠧᠨᠧᠷᠢᠩ ᠤᠨ ᠡᠮᠦᠨ᠎ᠡ | ᠬᠡᠰᠡᠭ ᠢ ᠪᠠᠶᠢᠭᠤᠯᠤᠨ ᠳᠠᠭᠤᠰᠴᠤ ᠲᠡᠷᠭᠡ ᠨᠡᠪᠲᠡᠷᠡᠵᠦ᠂ ︽ᠬᠤᠶᠠᠷ ᠭᠤᠤᠯ ᠨᠢᠭᠡ ᠬᠤᠩᠭᠢᠯ︾ ᠤᠨ ᠠᠮᠢ | ᠠᠬᠤᠢ ᠶᠢᠨ ᠵᠠᠰᠠᠯᠲᠠ᠂ ᠭᠤᠣᠯᠯᠠᠭᠴᠢ ᠣᠷᠣᠨ ᠤ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠪᠠ ᠠᠮᠢ | ᠠᠬᠤᠢ ᠶᠢᠨ ᠨᠣᠭᠤᠭᠠᠷᠠᠭᠤᠯᠤᠯᠲᠠ ᠠᠩᠬ᠎ᠠ ᠠᠯᠬᠤᠮ ᠦᠷ᠎ᠡ ᠪᠦᠲᠦᠮᠵᠢ ᠣᠯᠪᠠ᠃ 20 ᠠᠵᠤ ᠦᠢᠯᠡᠰ ᠤᠨ ᠲᠥᠷᠥᠯ | ᠵᠦᠢᠯ ᠤᠨ ᠭᠡᠷ᠎ᠡ ᠲᠣᠭᠲᠠᠵᠤ᠂ 13.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | 73 ᠲᠦᠮᠡᠨ ᠲᠤᠮᠤ ᠳ᠋ᠠᠶᠢᠲ᠋ᠠ ᠶᠢᠨ ᠦᠢᠯᠡᠴᠢᠯᠡᠭᠦᠷ ᠤᠨ ᠲᠦᠷᠦᠯ ᠵᠦᠢᠯ ᠢ ᠡᠬᠢᠯᠡᠨ ᠪᠠᠶᠢᠭᠤᠯᠵᠤ᠂ ᠳᠣᠲᠣᠭᠠᠳᠤ ᠶᠢ | ᠬᠠᠮᠠᠭᠠᠯᠠᠬᠤ ᠶᠠᠮᠤᠨ ᠤ ᠨᠢᠭᠡᠳᠦᠭᠡᠷ ᠰᠤᠳᠤᠯᠬᠤ ᠭᠠᠵᠠᠷ ᠤᠨ ᠢᠲᠡᠭᠡᠮᠵᠢᠲᠡᠢ ᠪᠡᠶ᠎ᠡ ᠬᠡᠮ ᠤᠨ ᠭᠡᠷᠡᠴᠢᠯᠡᠯ ᠤᠨ ᠲᠠᠪᠴᠠᠩ | ᠂ ᠺᠤᠸᠠᠩ ᠱᠢ ᠬᠢᠮᠡᠯ ᠣᠶᠣᠨ ᠭᠡᠳᠦ ᠪᠤᠳᠤᠯᠭ᠎ᠠ ᠶᠢᠨ ᠲᠠᠪᠴᠠᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠥᠪᠥᠷ ᠮᠣᠩᠭᠤᠯ ᠤᠨ ᠥᠨᠳᠥᠷ ᠴᠢᠳᠠᠪᠬᠢᠳᠤ ᠪᠤᠳᠤᠯᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠳᠠᠪᠴᠠᠩ ᠢ | ᠨᠠᠶᠢᠳᠠᠪᠤᠷᠢᠵᠢᠭᠤᠯᠤᠨ ᠪᠠᠶᠢᠭᠤᠯᠵᠤ᠂ ᠪᠥᠸᠧ ᠤᠣ ᠥᠪᠥᠷ ᠮᠣᠩᠭᠤᠯ ᠤᠨ ᠤᠯᠤᠰ ᠤᠨ ᠭᠧᠨ ᠢ ᠰᠢᠯᠭᠠᠨ | ᠪᠠᠶᠢᠴᠠᠭᠠᠬᠤ ᠲᠥᠪ᠂ ᠴᠢᠩᠬᠤᠸᠠ ᠲᠦᠩ ᠹᠠᠩ ᠦᠢᠯᠡᠴᠢᠯᠡᠭᠦᠷ ᠦᠢᠯᠡᠳᠪᠦᠷᠢᠯᠡᠬᠦ ᠰᠠᠭᠤᠷᠢᠨ ᠭᠠᠵᠠᠷ ᠤᠨ | ᠨᠢᠭᠡᠳᠦᠭᠡᠷ ᠬᠤᠭᠤᠴᠠᠭ᠎ᠠ ᠤᠷᠤᠭᠰᠢᠲᠠᠢ ᠪᠠᠶᠢᠭᠤᠯᠤᠭᠳᠠᠵᠤ᠂ ᠰᠢᠨ᠎ᠡ ᠲᠣᠭᠤᠷᠢᠭ ᠤᠨ ᠰᠢᠨ᠎ᠡ ᠶᠢ ᠡᠭᠦᠳᠬᠦ | ᠬᠥᠳᠡᠯᠭᠡᠭᠦᠷ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠢ ᠬᠦᠲᠦᠯᠦᠨ ᠳᠠᠭᠠᠭᠤᠯᠬᠤ ᠦᠢᠯᠡᠳᠦᠯ ᠠᠯᠬᠤᠮ | ᠠᠯᠬᠤᠮ ᠢᠶᠠᠷ ᠢᠯᠡᠷᠡᠪᠡ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠪᠠ᠃ ᠬᠤᠲᠠ | ᠪᠠᠯᠭᠠᠰᠤᠨ ᠤ ᠠᠵᠢᠯ ᠣᠯᠤᠭᠰᠠᠳ 5.3 ᠲᠦᠮᠡᠨ ᠬᠥᠮᠦᠨ ᠰᠢᠨ᠎ᠡ ᠪᠠᠷ ᠨᠡᠮᠡᠭᠳᠡᠵᠦ᠂ ᠬᠥᠳᠡᠭᠡ ᠲᠣᠰᠬᠤᠨ ᠤ | ᠬᠦᠳᠡᠯᠮᠦᠷᠢ ᠬᠦᠴᠦ 28.3 ᠲᠦᠮᠡᠨ ᠬᠥᠮᠦᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.63% ᠪᠣᠯᠪᠠ᠃ ᠰᠠᠭᠤᠭᠠᠯᠢ ᠠᠷᠠᠳ ᠤᠨ ᠬᠡᠷᠡᠭᠯᠡᠭᠡᠨ ᠤ | ᠦᠨ᠎ᠡ ᠶᠢᠨ ᠥᠰᠥᠯᠲᠡ ᠶᠢᠨ ᠬᠡᠮᠵᠢᠶ᠎ᠡ 2.6% ᠪᠣᠯᠪᠠ᠃ ᠠᠯᠪᠠᠨ ᠠᠴᠠ ᠡᠷᠬᠢᠯᠡᠭᠰᠡᠨ 9 ᠬᠡᠦᠬᠡᠳ ᠤᠨ | ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠵᠤ᠂ ᠲᠥᠪ ᠤᠨ ᠦᠨᠳᠦᠰᠦᠲᠡᠨ ᠤ ᠶᠡᠭᠡ | ᠰᠤᠷᠭᠠᠭᠤᠯᠢ ᠶᠢᠨ ᠬᠠᠷᠢᠶᠠᠲᠤ ᠲᠤᠮᠳᠠᠳᠤ ᠰᠤᠷᠭᠠᠭᠤᠯᠢ ᠶᠢ ᠣᠷᠣᠭᠤᠯᠤᠨ ᠠᠪᠴᠢᠷᠠᠵᠤ ᠬᠠᠮᠲᠤᠷᠠᠨ ᠰᠤᠷᠭᠠᠭᠤᠯᠢ | ᠡᠷᠬᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠮᠣᠩᠭᠤᠯ ᠰᠤᠷᠭᠠᠭᠤᠯᠢ | ᠡᠬᠢᠯᠡᠨ ᠰᠤᠷᠤᠭᠴᠢ ᠡᠯᠰᠡᠪᠡ᠃ ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭᠠᠨ ᠤ ᠲᠥᠯᠥᠪᠯᠡᠭᠡ ᠶᠢ | ᠨᠠᠶᠢᠳᠠᠪᠤᠷᠢᠵᠢᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ︽ᠲᠣᠮᠣ ᠭᠤᠷᠪᠠᠨ ᠵᠦᠢᠯ︾ | ︽ᠵᠢᠵᠢᠭ ᠭᠤᠷᠪᠠᠨ ᠵᠦᠢᠯ︾ ᠤᠨ ᠲᠥᠬᠦᠭᠡᠷᠦᠮᠵᠢ ᠶᠢ ᠪᠦᠷᠢᠨ ᠲᠣᠬᠢᠷᠠᠭᠤᠯᠵᠤ ᠥᠭᠪᠡ᠃ ᠪᠥᠬᠦ ᠤᠯᠤᠰ ᠤᠨ ᠬᠡᠷ | ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ | ᠳᠥᠷᠪᠡᠳᠦᠭᠡᠷ ᠪᠦᠯᠦᠭ ᠤᠨ ᠲᠤᠷᠰᠢᠯᠲᠠ ᠶᠢᠨ ᠴᠡᠭ ᠢᠶᠠᠷ ᠵᠥᠪᠰᠢᠶᠡᠷᠡᠭᠳᠡᠪᠡ᠃ ᠨᠡᠶᠢᠭᠡᠮ ᠤᠨ ᠠᠪᠤᠷᠠᠨ | ᠲᠤᠰᠠᠯᠠᠯᠲᠠ ᠶᠢ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠪᠡ᠃ ᠴᠡᠷᠢᠭ ᠠᠴᠠ | ᠬᠠᠯᠠᠭᠳᠠᠭᠰᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠪᠠ᠃ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠠ ᠪᠦᠬᠦ ᠠᠷᠠᠳ ᠤᠨ ᠪᠡᠶ᠎ᠡ ᠮᠠᠬᠠᠪᠣᠳ ᠢᠶᠠᠨ | ᠴᠢᠬᠢᠷᠠᠭᠵᠢᠭᠤᠯᠬᠤ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠭᠤᠷᠪᠠᠳᠤᠭᠠᠷ ᠪᠦᠯᠦᠭ ᠤᠨ ᠤᠯᠤᠰ ᠤᠨ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠲᠣᠭᠤᠷᠢᠭ ᠲᠤ | ᠰᠣᠩᠭᠤᠭᠳᠠᠪᠠ᠃ ︽ᠳᠡᠯᠡᠬᠡᠢ ᠶᠢᠨ ᠠᠳᠤᠭᠤᠨ ᠰᠣᠶᠣᠯ ᠤᠨ ᠲᠥᠪ︾ ᠤᠨ ᠢᠷᠠᠭᠤ ᠠᠯᠳᠠᠷ ᠢ ᠬᠦᠷᠲᠡᠪᠡ᠃ | ︵ᠨᠠᠢᠮᠠ︶ ᠠᠮᠤᠷ ᠲᠦᠪᠰᠢᠨ ᠲᠣᠭᠲᠠᠭᠤᠨ ᠪᠠᠶᠢᠳᠠᠯ ᠢ ᠨᠠᠩ ᠪᠠᠬᠢᠵᠢᠭᠦᠯᠪᠡ᠃ ᠠᠶᠤᠯᠭᠦᠶ | ᠦᠢᠯᠡᠳᠪᠦᠷᠢᠯᠡᠯ ᠤᠨ ᠡ᠊ᠨᠳᠡᠯ ᠡᠭᠦᠰᠦᠭᠰᠡᠨ ᠲᠤᠭ᠎ᠠ ᠪᠠ ᠦᠬᠦᠭᠰᠡᠨ ᠬᠥᠮᠦᠨ ᠤ ᠲᠤᠭ᠎ᠠ ᠲᠤᠰ ᠲᠤᠰ 21.1% ᠪᠠ | 22.8% ᠪᠠᠷ ᠪᠠᠭᠤᠷᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠱᠠᠲᠤ | ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠵᠤ᠂ 16 ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ | ᠡᠮᠬᠢ ᠵᠠᠮᠪᠠᠷᠠᠭ᠎ᠠ ᠥᠬᠡᠶ ᠦᠵᠡᠭᠳᠡᠯ ᠢ ᠴᠡᠭᠴᠡᠯᠡᠨ ᠵᠠᠰᠠᠬᠤ ᠶᠢ ᠵᠡᠷᠭᠡᠪᠡᠷ ᠥᠷᠨᠢᠭᠦᠯᠪᠡ᠃ ᠵᠠᠬᠢᠳᠠᠯ | ᠰᠤᠷᠪᠤᠯᠵᠢᠯᠠᠭ᠎ᠠ ᠶᠢᠨ ᠵᠥᠷᠢᠴᠡᠯ ᠢ ᠠᠷᠢᠯᠭᠠᠬᠤ ᠶᠢ ᠲᠦᠯᠬᠢᠨ ᠠᠬᠢᠭᠤᠯᠵᠤ᠂ ᠭᠡᠷ ᠭᠠᠵᠠᠷ ᠬᠥᠷᠥᠩᠭᠡ ᠶᠢᠨ ᠦᠨᠡᠮᠯᠡᠯ | ᠭᠦᠢᠴᠡᠳᠬᠡᠬᠦ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠢ ᠪᠠᠶᠢᠭ᠎ᠠ | ᠠᠰᠠᠭᠤᠳᠠᠯ ᠤᠨ 26.1 ᠲᠦᠮᠡᠨ ᠢᠵᠢ ᠶᠢ ᠰᠢᠢᠳᠪᠦᠷᠢᠯᠡᠪᠡ᠃ ᠲᠦᠷᠭᠡᠨ ᠤ ᠲᠡᠮᠦᠷ ᠵᠠᠮ ᠤᠨ ᠣᠷᠴᠢᠨ | ᠲᠤᠭᠤᠷᠢᠨ ᠤ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ | ᠠᠹᠷᠢᠺᠠ ᠲᠢᠪ ᠤᠨ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠵᠡᠷᠭᠡ ᠬᠢᠵᠢᠭ ᠤᠨ ᠪᠠᠶᠢᠳᠠᠯ ᠢ ᠪᠦᠲᠦᠮᠵᠢᠲᠡᠶ | ᠰᠡᠷᠭᠡᠶᠢᠯᠡᠨ ᠬᠢᠵᠠᠭᠠᠷᠯᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ | ᠬᠦᠴᠦᠨ ᠢᠶᠠᠷ ᠲᠦᠯᠬᠢᠨ ᠠᠬᠢᠭᠤᠯᠪᠠ᠃ ᠱᠠᠰᠢᠨ ᠰᠤᠷᠲᠠᠬᠤᠨ ᠤ ᠬᠦᠷᠢᠶᠡᠨ ᠳᠠᠬᠢ ᠠᠰᠠᠭᠤᠳᠠᠯ ᠢ ᠬᠢᠨᠠᠮᠠᠭᠠᠶ | ᠴᠡᠭᠴᠡᠯᠡᠨ ᠰᠠᠶᠢᠵᠢᠷᠠᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠷᠦᠬᠡ ᠶᠢᠨ | ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠪᠠ᠃ ᠠᠷᠠᠳ ᠤᠨ | ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠠᠮᠤ ᠪᠤᠳᠠᠭ᠎ᠠ᠂ ᠨᠢᠭᠦᠯᠡᠰᠦᠩᠭᠦᠢ᠂ ᠳᠠᠩᠰᠠ ᠡᠪᠬᠡᠮᠡᠯ᠂ ᠣᠷᠣᠨ | ᠨᠤᠲᠤᠭ ᠤᠨ ᠣᠶᠢᠯᠠᠯᠭ᠎ᠠ᠂ ᠤᠯᠠᠭᠠᠨ ᠵᠠᠭᠠᠯᠮᠠᠶᠢᠲᠠᠨ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ | ᠪᠠᠭᠠᠰᠬᠠᠬᠤ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ | ᠠᠬᠢᠴᠠ ᠲᠠᠢ ᠪᠣᠯᠵᠤ᠂ ᠠᠵᠢᠯᠴᠢᠨ ᠤᠨ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠦᠢᠯᠡᠰ ᠤᠨ ᠬᠥᠭᠵᠢᠯᠲᠡ ᠶᠢ ᠳᠡᠮᠵᠢᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠢᠮᠠᠭᠲᠠ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ | ᠡᠷᠬᠢᠮᠯᠡᠵᠦ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠥᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠨᠢᠭᠡ ᠪᠦᠯᠦᠭ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠳᠤ ᠣᠷᠣᠰᠢᠵᠤ ᠪᠠᠶᠢᠭ᠎ᠠ | ᠳᠣᠪᠤᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠦᠵᠡᠬᠦ ᠪᠠ ᠴᠡᠭᠴᠡᠯᠡᠨ ᠰᠠᠶᠢᠵᠢᠷᠠᠭᠤᠯᠵᠤ᠂ ︽ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ︾ ᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ | ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠠ ᠠᠵᠢᠯ ᠤᠨ ᠰᠤᠷᠲᠠᠯ ᠢ ᠳᠡᠭᠡᠭᠰᠢᠯᠡᠭᠦᠯᠦᠨ ᠰᠠᠶᠢᠵᠢᠷᠠᠭᠤᠯᠪᠠ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠦᠪᠡᠳᠡᠭᠰᠢ | ᠶᠡᠬᠡᠪᠡᠷ ᠶᠠᠪᠤᠭᠳᠠᠭᠤᠯᠪᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠢ | ᠪᠦᠬᠦ ᠬᠦᠴᠦᠨ ᠢᠶᠠᠷ ᠳᠡᠮᠵᠢᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ 394 ᠬᠤᠪᠢ᠂ ᠤᠯᠤᠰ | ᠲᠥᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 508 ᠬᠤᠪᠢ ᠭᠦᠢᠴᠡᠳᠬᠡᠵᠦ᠂ ᠰᠢᠢᠳᠪᠦᠷᠢᠯᠡᠭᠰᠡᠨ ᠪᠠ | ᠬᠠᠷᠢᠭᠤᠯᠲᠠ ᠥᠭᠭᠦᠭᠰᠡᠨ ᠨᠣᠷᠮ᠎ᠠ 100% ᠳᠤ ᠬᠦᠷᠪᠡ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠣᠯᠤᠭᠰᠠᠨ ᠠᠮᠵᠢᠯᠲᠠ ᠪᠦᠲᠦᠮᠵᠢ ᠪᠣᠯ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠵᠠᠯᠠᠭᠤᠷᠳᠠᠨ ᠵᠠᠮᠴᠢᠯᠠᠵᠤ᠂ ᠳᠣᠲᠣᠨᠣ ᠪᠠᠷ | ᠬᠠᠯᠠᠮᠵᠢᠯᠠᠭᠰᠠᠨ ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ | ᠪᠦᠬᠦ ᠬᠤᠲᠠ ᠶᠢᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ ᠰᠢᠷᠭᠠᠭᠤ ᠠᠵᠢᠯᠯᠠᠭᠰᠠᠨ ᠤ ᠦᠷ᠎ᠡ ᠳ᠋ᠦᠩ | ᠮᠥᠨ᠃ ᠠᠳᠡ᠂ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠲᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ | ᠬᠠᠯᠠᠮᠵᠢᠯᠠᠨ ᠳᠠᠮᠵᠢᠵᠤ ᠪᠠᠶᠢᠭ᠎ᠠ ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠪᠠ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠢᠳᠡ ᠪᠠᠰᠠ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠵᠢᠴᠢ ᠵᠠᠰᠠᠭ ᠤᠨ ᠣᠷᠳᠣᠨ ᠤ ᠠᠵᠢᠯ ᠳᠤ ᠪᠠᠰᠠ ᠴᠥᠭᠡᠨ ᠪᠤᠰᠤ ᠬᠦᠴᠢᠷᠳᠡᠯ ᠪᠣᠯᠣᠨ ᠠᠰᠠᠭᠤᠳᠠᠯ | ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠃ ᠨᠢᠭᠡ ᠳᠤ ᠲᠠᠷᠢᠶᠠᠯᠠᠩ ᠨᠠᠷᠢᠯᠢᠭ ᠪᠤᠰᠤ᠂ ᠠᠵᠤ | ᠦᠢᠯᠡᠳᠪᠦᠷᠢ ᠬᠦᠴᠦᠷᠬᠡᠭ ᠪᠤᠰᠤ᠂ ᠦᠢᠯᠡᠴᠢᠯᠡᠭᠡᠨ ᠤ ᠦᠢᠯᠡᠰ ᠰᠢᠯᠢᠳᠡᠭ ᠪᠤᠰᠤ᠂ ᠬᠦᠷᠢᠶᠡᠯᠡᠩ ᠲᠣᠭᠤᠷᠢᠭ ︽ | ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ ᠦᠷ᠎ᠡ ᠪᠦᠲᠦᠮᠵᠢ ᠳᠣᠣᠷ᠎ᠠ︾ ᠵᠡᠷᠭᠡ ᠠᠰᠠᠭᠤᠳᠠᠯ ᠳᠣᠪᠤᠶᠢᠮ᠎ᠠ | ᠪᠠᠶᠢᠵᠤ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠡᠭᠦᠷᠭᠡ ᠬᠦᠨᠳᠦ ᠵᠠᠮ ᠬᠤᠯᠠ ᠪᠠᠶᠢᠨ᠎ᠠ᠃ | ᠬᠤᠶᠠᠷ ᠲᠤ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠦᠴᠦᠨ ᠰᠤᠯᠠᠳᠠᠵᠤ᠂ ᠬᠡᠷᠡᠭᠯᠡᠭᠡᠨ ᠤ ᠬᠡᠷᠡᠭᠴᠡᠭᠡ | ᠳᠣᠣᠷᠠᠳᠠᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠭᠦᠢᠴᠡᠳ ᠪᠤᠰᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠴᠢᠩᠭ᠎ᠠ ᠪᠤᠰᠤ᠂ ᠠᠵᠤ ᠠᠬᠤᠢ ᠶᠢᠨ | ᠪᠠᠭᠤᠷᠠᠯᠲᠠ ᠶᠢᠨ ᠳᠠᠷᠤᠯᠲᠠ ᠮᠥᠨ ᠬᠦ ᠮᠠᠰᠢ ᠶᠡᠭᠡ ᠪᠠᠶᠢᠨ᠎ᠠ᠃ ᠭᠤᠷᠪᠠ ᠳᠤ ᠵᠠᠰᠠᠭ ᠤᠨ ᠣᠷᠳᠣᠨ ᠤ ᠥᠷᠢ | ᠥᠭᠴᠡᠭᠡ ᠶᠢᠨ ᠨᠤᠷᠮ᠎ᠠ ᠮᠥᠨ ᠯᠡ ᠨᠡᠯᠢᠶᠡᠳ ᠥᠨᠳᠥᠷ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ | ᠵᠥᠷᠢᠴᠡᠯ ᠲᠤᠪᠤᠶᠢᠮ᠎ᠠ ᠪᠠᠶᠢᠨ᠎ᠠ᠃ ᠳᠥᠷᠪᠡ ᠳᠤ ᠬᠤᠲᠠ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠨᠠᠷᠢᠯᠢᠭᠵᠢᠭᠤᠯᠤᠭᠰᠠᠨ ᠬᠡᠮᠵᠢᠶ᠎ᠡ ᠬᠦᠷᠦᠯᠴᠡᠬᠦ ᠦᠭᠡᠢ᠂ ᠬᠤᠲᠠ ᠶᠢᠨ ᠴᠢᠨᠠᠷ ᠳᠡᠰ ᠢ | ᠳᠡᠭᠡᠭᠰᠢᠯᠡᠭᠦᠯᠬᠦ ᠴᠢᠬᠤᠯᠠᠲᠠᠶ᠂ ᠴᠢᠳᠠᠪᠤᠷᠢ ᠶᠢ ᠪᠠᠰᠠ ᠲᠡᠭᠦᠯᠳᠡᠷᠵᠢᠭᠦᠯᠬᠦ ᠴᠢᠬᠤᠯᠠᠲᠠᠶ᠃ ᠲᠠᠪᠤ ᠳᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠬᠦᠷᠦᠯᠴᠡᠬᠦ ᠦᠭᠡᠢ᠂ ᠤᠳᠤ ᠦᠶ᠎ᠡ ᠶᠢᠨ | ᠲᠠᠷᠢᠶᠠᠯᠠᠩ ᠤᠨ ᠬᠥᠭᠵᠢᠯᠲᠡ ᠬᠤᠴᠣᠷᠤᠩᠭᠤᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠮᠥᠨ ᠬᠦ ᠬᠦᠴᠦᠯᠡᠬᠦ ᠴᠢᠬᠤᠯᠠᠲᠠᠢ ᠪᠠᠶᠢᠵᠤ᠂ ᠬᠥᠳᠡᠭᠡ ᠲᠣᠰᠬᠤᠨ ᠤ ᠳᠦᠷᠰᠦ ᠪᠠᠶᠢᠳᠠᠯ ᠤᠨ ᠬᠤᠪᠢᠷᠠᠯᠲᠠ ᠪᠠᠰᠠ | ᠢᠯᠡᠳᠲᠡ ᠪᠤᠰᠤ ᠪᠠᠶᠢᠭᠰᠠᠭᠠᠷ᠃ ᠵᠢᠷᠭᠤᠭ᠎ᠠ ᠳᠤ ᠠᠮᠢ ᠠᠬᠤᠶ ᠶᠢᠨ ᠰᠢᠰᠲ᠋ᠧᠮ ᠪᠠᠰᠠ ᠨᠡᠯᠢᠶᠡᠳ ᠬᠡᠪᠡᠷᠡᠭ ᠪᠠᠶᠢᠵᠤ᠂ | ᠪᠣᠬᠢᠷᠲᠤᠯ ᠢ ᠰᠡᠷᠭᠡᠶᠢᠯᠡᠨ ᠵᠠᠰᠠᠬᠤ ᠪᠠᠶᠢᠳᠠᠯ ᠮᠥᠨ ᠯᠡ ᠬᠦᠨᠳᠦ ᠬᠡᠴᠡᠭᠦᠤ ᠪᠠᠶᠢᠵᠤ᠂ ᠡᠭᠦᠷᠭᠡ ᠲᠦᠢᠯ ᠤᠨ ᠬᠠᠲᠠᠭᠤ | ᠪᠡᠷᠬᠡ ᠪᠠᠶᠢᠨ᠎ᠠ᠃ ᠲᠤᠯᠤᠭ᠎ᠠ ᠳᠤ ᠤᠯᠠᠨ ᠲᠦᠮᠡᠨ ᠤ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ | ᠡᠷᠡᠭᠦᠯ ᠮᠡᠨᠳᠤ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ᠂ ᠶᠠᠪᠤᠵᠤ ᠰᠠᠭᠤᠬᠤ ᠵᠡᠷᠭᠡ ᠲᠠᠯ᠎ᠠ ᠪᠠᠷ ᠪᠠᠰᠠ | ᠮᠠᠰᠢ ᠤᠯᠠᠨ ︽ᠪᠠᠴᠢᠮ ᠬᠦᠴᠢᠷ ᠵᠣᠪᠠᠭ᠋ᠤ ᠬᠦᠰᠡᠬᠦ︾ ᠠᠰᠠᠭᠤᠳᠠᠯ ᠣᠷᠣᠰᠢᠵᠤ ᠪᠠᠶᠢᠨ᠎ᠠ᠃ ᠨᠠᠢᠮᠠ ᠳᠤ ᠵᠠᠰᠠᠭ ᠤᠨ | ᠣᠷᠳᠣᠨ ᠤ ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ | ᠥᠨᠳᠥᠷ ᠪᠢᠰᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠰᠠᠶᠢᠵᠢᠷᠠᠭᠤᠯᠬᠤ ᠴᠢᠬᠤᠯᠠᠲᠠᠢ | ᠪᠠᠶᠢᠨ᠎ᠠ᠃ ᠪᠢᠳᠡ ᠡᠷᠬᠡᠪᠰᠢ ᠠᠰᠠᠭᠤᠳᠠᠯ ᠳᠤ ᠰᠢᠭᠤᠳ ᠬᠠᠨᠳᠤᠵᠤ᠂ ᠳᠤᠲᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠣᠨᠣᠪᠴᠢᠲᠠᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠶᠡᠭᠡ ᠬᠦᠴᠦ ᠣᠷᠣᠭᠤᠯᠤᠨ ᠨᠠᠷᠢᠨ ᠬᠢᠨᠠᠮᠠᠭᠠᠢ | ᠰᠢᠢᠳᠪᠦᠷᠢᠯᠡᠬᠦ ᠬᠡᠷᠡᠭᠲᠡᠢ᠃ | ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ | ᠲᠦᠢᠯ ᠤᠨ ᠴᠢᠬᠤᠯᠠ ᠶᠤᠮ᠂ ᠡᠨᠡ ᠨᠢ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠰᠠᠶᠢᠲᠤᠷ | ᠪᠡᠶᠡᠯᠡᠭᠦᠯᠵᠦ ᠴᠢᠳᠠᠬᠤ ᠡᠰᠡᠬᠦ ᠶᠢ ᠰᠢᠭᠤᠳ ᠲᠣᠭᠲᠠᠭᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠥᠭᠵᠢᠯᠲᠡ ᠪᠣᠯᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ | ᠰᠠᠶᠢᠨ ᠰᠠᠭᠤᠷᠢ ᠶᠢ ᠲᠠᠯᠪᠢᠵᠤ ᠥᠭᠬᠦ ᠶᠠᠪᠤᠳᠠᠯ ᠶᠤᠮ᠃ ᠵᠢᠯ ᠤᠨ ᠡᠬᠢᠨ ᠠᠴᠠ ᠨᠠᠭᠠᠰᠢ᠂ ᠭᠡᠨᠡᠳᠲᠡ ᠡᠭᠦᠰᠦᠭᠰᠡᠨ | ᠨᠢᠭᠡ ᠤᠳᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠮᠠᠨ ᠤ ᠬᠤᠲᠠ ᠶᠢᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠳᠠᠭᠠᠷᠢᠯᠲᠠ ᠶᠢ ᠠᠪᠴᠢᠷᠠᠵᠠᠢ᠃ | ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ | ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠵᠠᠷᠯᠢᠭ ᠢ | ᠳᠠᠭᠠᠵᠤ᠂ ᠲᠦᠷᠭᠡᠨ ᠲᠤᠰᠬᠠᠯ ᠭᠠᠷᠭᠠᠵᠤ᠂ ᠨᠠᠮ ᠤᠨ ᠭᠡᠰᠢᠭᠦᠨ ᠺᠠᠳ᠋ᠷ ᠡᠮᠦᠨ᠎ᠡ ᠨᠢ ᠭᠠᠪᠰᠢᠭᠠᠶᠢᠯᠠᠵᠤ᠂ ᠡᠮᠨᠡᠯᠭᠡ ᠶᠢᠨ | ᠠᠵᠢᠯᠲᠠᠳ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ | ᠨᠡᠶᠢᠭᠡᠮ ᠲᠣᠭᠤᠷᠢᠭ ᠤᠨ ᠠᠵᠢᠯᠲᠠᠳ ᠡᠳᠦᠷ ᠰᠥᠨᠢ ᠦᠭᠡᠢ ᠪᠠᠲᠤ ᠰᠠᠬᠢᠵᠤ᠂ ᠦᠨᠳᠦᠰᠦᠲᠡᠨ ᠨᠦᠭᠦᠳ ᠤᠨ ᠺᠠᠳ᠋ᠷ | ᠤᠯᠠᠨ ᠲᠦᠮᠡᠨ ᠪᠦᠬᠦ ᠲᠠᠯ᠎ᠠ ᠪᠠᠷ ᠣᠷᠣᠯᠴᠠᠵᠦ᠂ ᠲᠦᠮᠡᠨ ᠣᠯᠠᠨ ᠨᠢᠭᠲᠠᠷᠠᠵᠤ ᠬᠢᠵᠢᠭ ᠤᠨ ᠪᠠᠶᠢᠳᠠᠯ ᠢ ᠡᠰᠡᠷᠭᠦᠴᠡᠬᠦ᠂ | ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ | ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠠᠵᠤ ᠠᠬᠤᠶ ᠨᠡᠶᠢᠭᠡᠮ ᠤᠨ ᠠᠵᠢᠯᠯᠠᠭ᠎ᠠ | ᠠᠯᠬᠤᠮ ᠠᠯᠬᠤᠮ ᠢᠶᠠᠷ ᠬᠡᠪ ᠤᠨ ᠪᠠᠶᠢᠳᠠᠯ ᠳᠠᠭᠠᠨ ᠤᠷᠤᠵᠤ᠂ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ | ᠲᠦᠷᠭᠡᠨ ᠰᠡᠷᠭᠦᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃ | ᠡᠭᠦᠨ ᠤ ᠬᠠᠮᠲᠤ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ | ᠬᠤᠪᠢᠶᠠᠷᠢᠯᠠᠨ ᠪᠠᠭᠤᠯᠭᠠᠬᠤ ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠨᠡᠶᠢᠰᠯᠡᠯ ᠤᠨ ︽ᠬᠤᠲᠠ ᠬᠠᠮᠠᠭᠠᠯᠠᠬᠤ ᠭᠤᠤᠯ︾ ᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ | ᠦᠨᠡᠨᠬᠦ ᠡᠭᠦᠷᠭᠡᠯᠡᠪᠡ᠃ ᠦᠢᠯᠡᠳᠦᠯᠭᠡ ᠪᠠᠷ ᠪᠠᠲᠤᠯᠠᠭᠰᠠᠨ ᠨᠢ᠂ ᠵᠠᠩᠭᠢᠯᠠᠭ᠎ᠠ ᠶᠢᠨ ᠴᠠᠭ ᠮᠥᠴᠡ ᠳᠤ ᠮᠠᠨ ᠤ | ᠬᠤᠲᠠ ᠶᠢᠨ ᠺᠠᠳ᠋ᠷᠴᠤᠳ ᠪᠣᠯ ᠲᠡᠳᠡᠨ ᠭᠠᠷᠭᠠᠵᠤ ᠴᠢᠳᠠᠬᠤ᠂ ᠰᠢᠪᠲᠤᠯᠤᠨ ᠭᠠᠷᠴᠤ ᠴᠢᠳᠠᠬᠤ᠂ ᠢᠯᠠᠵᠤ ᠳᠡᠶᠢᠯᠬᠦ᠂ | ᠨᠠᠶᠢᠳᠠᠪᠤᠷᠢᠳᠠᠢ᠂ ᠠᠷᠠᠳ ᠲᠦᠮᠡᠨ ᠤ ᠲᠥᠯᠥᠭᠡ ᠦᠨᠡᠨᠴᠢ ᠰᠢᠳᠤᠷᠭᠤ ᠪᠠᠷ ᠬᠠᠷᠢᠭᠤᠴᠠᠬᠤ ᠬᠦᠴᠦᠷᠬᠡᠭ ᠶᠡᠭᠡ ᠡᠩᠨᠡᠭᠡ | ᠪᠣᠯᠣᠨ᠎ᠠ︔ ᠣᠷᠣᠨ ᠤ ᠲᠥᠪ ᠬᠤᠲᠠ ᠶᠢᠨ ᠠᠷᠠᠳ ᠲᠦᠮᠡᠨ ᠪᠣᠯ ᠶᠡᠭᠡ ᠪᠠᠶᠢᠳᠠᠯ ᠢ ᠲᠠᠨᠢᠵᠤ᠂ ᠶᠡᠭᠡ ᠲᠠᠯ᠎ᠠ ᠶᠢ | ᠬᠠᠷᠠᠭᠠᠯᠵᠠᠵᠤ᠂ ᠪᠦᠯᠬᠦᠮᠳᠡᠯ ᠢ ᠡᠷᠬᠢᠮᠯᠡᠵᠦ᠂ ᠲᠤᠷᠠᠲᠠᠶ᠎ᠠ ᠵᠣᠷᠢᠭᠤᠯᠬᠤ ᠳᠣᠲᠣᠨᠣ ᠪᠥᠭᠡᠳ ᠬᠦᠨᠳᠦᠳᠭᠡᠯᠲᠡᠢ | ᠬᠠᠶᠢᠷᠠᠯᠠᠯᠲᠠᠢ ᠪᠠᠭᠠᠲᠤᠷᠯᠢᠭ ᠠᠷᠠᠳ ᠲᠦᠮᠡᠨ ᠮᠥᠨ᠃ | ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠮᠠᠨ ᠤ ᠬᠤᠲᠠ ᠶᠢᠨ ᠵᠠᠷᠢᠮ ᠠᠵᠢᠯ ᠲᠥᠷᠥᠯ ᠤᠨ | ᠦᠢᠯᠡᠳᠪᠦᠷᠢᠯᠡᠯ ᠡᠵᠡᠩᠨᠡᠯᠲᠡ ᠳᠤ ᠨᠡᠯᠢᠶᠡᠳ ᠶᠡᠭᠡ ᠬᠦᠴᠢᠷᠳᠡᠯ ᠲᠤᠯᠭᠠᠷᠠᠵᠤ᠂ ᠮᠠᠰᠢ ᠣᠯᠠᠨ ᠭᠤᠣᠯᠳᠠᠯᠭ᠎ᠠ ᠲᠠᠢ | ᠠᠵᠢᠯ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠠᠷᠭ᠎ᠠ ᠪᠤᠰᠤ ︽ᠲᠦᠷ ᠵᠣᠭᠰᠣᠬᠤ | ᠳᠠᠷᠤᠪᠴᠢ︾ ᠶᠢ ᠳᠠᠷᠤᠵᠤ᠂ ᠬᠡᠰᠡᠭ ᠠᠵᠤ ᠠᠬᠤᠢ ᠶᠢᠨ ᠭᠦᠢᠴᠡᠳᠬᠡᠯ ᠲᠤᠭ᠎ᠠ ᠶᠡᠬᠡᠪᠡᠷ ᠪᠠᠭᠤᠷᠠᠪᠠ᠃ ᠡᠭᠦᠨ ᠤ | ᠬᠠᠮᠲᠤ᠂ ᠣᠯᠠᠨ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠥᠷᠭᠡᠵᠢᠨ ᠳᠡᠯᠭᠡᠷᠡᠵᠦ᠂ ᠭᠠᠳᠠᠭᠠᠳᠤ ᠣᠷᠴᠢᠨ | ᠨᠡᠩ ᠬᠦᠨᠳᠦ ᠨᠤᠴᠢᠳᠠᠢ ᠨᠠᠷᠢᠨ ᠪᠤᠳᠤᠯᠢᠶᠠᠨᠲᠠᠶ ᠪᠣᠯᠵᠣ᠂ ᠲᠣᠭᠲᠠᠭᠤᠨ ᠪᠤᠰᠤ ᠲᠣᠳᠤᠷᠬᠠᠢ ᠪᠤᠰᠤ ᠬᠦᠴᠦᠨ | ᠵᠦᠢᠯ ᠢᠯᠡᠳᠲᠡ ᠨᠡᠮᠡᠭᠳᠡᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ | ᠠᠬᠢᠭᠤᠯᠬᠤ ᠡᠭᠦᠷᠭᠡ ᠨᠠᠩ ᠬᠠᠲᠠᠭᠤ ᠪᠡᠷᠬᠡ ᠪᠥᠭᠡᠳ ᠪᠠᠴᠢᠮ ᠲᠤᠯᠭᠠᠮ᠎ᠠ ᠪᠣᠯᠪᠠ᠃ | ᠥᠯᠡᠮᠵᠢ ᠪᠡᠷᠬᠡ ᠶᠢ ᠲᠤᠭᠤᠯᠪᠠᠰᠤ ᠦᠢᠯᠡᠰ ᠪᠦᠲᠦᠭᠡᠬᠦᠢ ᠳᠤᠷ ᠲᠤᠰᠠᠲᠠᠢ᠃ ᠰᠢ ᠶᠢᠨ ᠫᠢᠩ ᠨᠥᠬᠦᠷ ᠢᠶᠠᠷ | ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠠᠷᠠᠳ | ᠤᠯᠠᠨ ᠢ ᠴᠢᠩᠭ᠎ᠠ ᠲᠦᠰᠢᠭᠯᠡᠪᠡᠯ ᠢᠯᠠᠬᠤ ᠦᠭᠡᠢ ᠳᠠᠶᠢᠯᠠᠯᠳᠤᠭᠠᠨ᠂ ᠳᠠᠪᠠᠵᠤ ᠳᠡᠶᠢᠯᠬᠦ ᠦᠭᠡᠢ ᠳᠠᠪᠠᠭ᠎ᠠ ᠭᠡᠵᠦ | ᠪᠠᠶᠢᠬᠤ ᠦᠭᠡᠢ᠂ ᠡᠨᠡ ᠪᠣᠯ ᠮᠠᠨ ᠤ ᠠᠯᠢᠪᠠ ᠠᠵᠢᠯ ᠢᠶᠠᠨ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ | ᠭᠡᠳᠡᠭ ᠢ ᠬᠢᠵᠢᠭ ᠤᠨ ᠪᠠᠶᠢᠳᠠᠯ ᠢ ᠡᠰᠡᠷᠭᠦᠴᠡᠬᠦ ᠱᠠᠳᠤᠴᠢ ᠴᠢᠨᠠᠷᠲᠠᠢ ᠢᠯᠠᠯᠲᠠ ᠳᠠᠬᠢᠨᠲᠠ ᠮᠠᠷᠭᠤᠰᠢ ᠦᠭᠡᠢ | ᠭᠡᠷᠡᠴᠢᠯᠡᠪᠡ᠃ ᠣᠳᠣᠬᠠᠨ ᠳᠤ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠠᠭ ᠪᠦᠬᠦ | ᠲᠠᠯ᠎ᠠ ᠪᠠᠷ ᠰᠡᠷᠭᠦᠵᠦ ᠪᠠᠶᠢᠨ᠎ᠠ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠨᠢ ᠬᠢᠵᠢᠭ ᠤᠨ | ᠪᠠᠶᠢᠳᠠᠯ ᠠᠴᠠ ᠪᠤᠯᠵᠤ ᠬᠤᠪᠢᠷᠠᠬᠤ ᠦᠭᠡᠢ ᠶᠤᠮ᠃ ᠪᠢᠳᠡ ᠬᠦᠬᠡᠬᠤᠲᠠ ᠶᠢᠨ ᠣᠯᠠᠨ ᠲᠦᠮᠡᠨ ᠤ ᠵᠣᠷᠢᠭ ᠢ | ᠦᠷᠭᠦᠯᠵᠢᠯᠡᠨ ᠨᠢᠭᠲᠠᠷᠠᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠵᠣᠷᠢᠭᠲᠠᠶ ᠪᠠᠷ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠳᠠᠭ ᠯᠠ ᠶᠤᠮ ᠪᠣᠯ ᠯᠠᠪᠲᠠᠶ ᠬᠦᠴᠢᠷ ᠪᠡᠷᠬᠡᠰᠢᠶᠡᠯ ᠬᠠᠷᠰᠢ | ᠰᠠᠭᠠᠳ ᠢ ᠢᠯᠠᠨ ᠳᠠᠪᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠨᠠᠩ ᠶᠡᠭᠡ ᠰᠢᠨ᠎ᠡ ᠬᠥᠭᠵᠢᠯᠲᠡ ᠶᠢ | ᠠᠬᠢᠭᠤᠯᠵᠤ ᠴᠢᠳᠠᠨ᠎ᠠ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠵᠢᠴᠢ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠥᠬᠦᠳᠡ ᠬᠤᠷᠠᠯ ᠵᠢᠴᠢ ᠪᠦᠬᠦ | ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ | ᠬᠤᠶᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠦᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠲᠠ ᠡᠭᠦᠷᠭᠡ ᠲᠠᠢ ᠨᠢᠭᠲᠠ | ᠤᠶᠠᠯᠳᠤᠭᠤᠯᠵᠤ᠂ ᠲᠣᠭᠲᠠᠭᠤᠨ ᠤ ᠳᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠪᠠᠷ | ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ | ᠬᠦᠴᠦᠷᠬᠡᠭᠵᠢᠭᠦᠯᠬᠦ ᠶᠢ ᠪᠣᠳᠣᠯᠬᠢᠯᠠᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ︽ | ᠵᠢᠷᠭᠤᠭ᠎ᠠ ᠶᠢ ᠪᠠᠲᠤᠯᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠭᠤᠨ ᠪᠠᠶᠢᠯᠭᠠᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ | ᠰᠠᠶᠢᠲᠤᠷ ᠠᠳᠬᠤᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠰᠡᠬᠦᠯ ᠬᠤᠷᠢᠶᠠᠬᠤ ᠶᠢ ᠦᠨᠡᠨᠬᠦ ᠪᠠᠳᠤᠯᠠᠨ᠎ᠠ᠃ | ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 5.5% ᠣᠷᠴᠢᠮ ᠨᠡᠮᠡᠭᠳᠡᠭᠦᠯᠦᠨ᠎ᠡ︔ | ᠲᠣᠭᠲᠠᠮᠠᠯᠬᠥ᠋ᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠥᠪᠡᠷᠲᠡᠭᠡᠨ ᠵᠠᠰᠠᠬᠤ | ᠣᠷᠣᠨ ᠤ ᠳᠤᠮᠳᠠᠴᠢ ᠬᠢᠷᠢ ᠲᠦᠪᠰᠢᠨ ᠠᠴᠠ ᠳᠣᠤᠷ᠎ᠠ ᠪᠠᠶᠢᠯᠭᠠᠬᠤ ᠥᠬᠡᠶ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 4% ᠣᠷᠴᠢᠮ ᠢᠶᠠᠷ ᠨᠡᠮᠡᠭᠳᠡᠭᠦᠯᠦᠨ᠎ᠡ︔ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠶ ᠶᠢᠨ ᠨᠡᠮᠡᠭᠳᠡᠯ ᠤᠨ | ᠬᠤᠷᠳᠤᠴᠠ ᠠᠴᠠ ᠳᠣᠤᠷ᠎ᠠ ᠪᠠᠶᠢᠯᠭᠠᠬᠤ ᠥᠬᠡᠶ︔ ᠬᠤᠳᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ | ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠤᠷᠮ᠎ᠠ ᠶᠢ 4.5% ᠶᠢᠨ ᠳᠣᠲᠣᠷ᠎ᠠ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ | ᠥᠰᠥᠯᠲᠡ ᠶᠢᠨ ᠬᠡᠮᠵᠢᠶ᠎ᠡ ᠶᠢ 3.5% ᠣᠷᠴᠢᠮ ᠪᠠᠶᠢᠯᠭᠠᠨ᠎ᠠ︔ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠬᠠᠷᠠᠯᠲᠠ ᠶᠢ | ᠪᠡᠶᠡᠯᠡᠭᠦᠯᠦᠨ᠎ᠡ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢ ᠤᠷᠢᠳᠠᠪᠡᠷ ᠪᠤᠳᠤᠯᠬᠢᠯᠠᠵᠤ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠠᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠭᠠᠳᠠᠨ᠎ᠠ ᠪᠠᠨ | ᠣᠷᠤᠵᠤ ᠢᠷᠡᠬᠦ ᠶᠢ ᠰᠡᠷᠭᠡᠶᠢᠯᠡᠨ᠂ ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠰᠡᠷᠭᠡᠶᠢᠯᠡᠵᠤ᠂ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠤᠤᠰ | ᠢᠯᠠᠯᠲᠠ ᠶᠢ ᠴᠢᠷᠮᠠᠶᠢᠨ ᠲᠡᠮᠡᠴᠡᠨ ᠣᠯᠬᠤ ᠬᠡᠷᠡᠭᠲᠡᠶ᠃ ᠲᠥᠪ ᠬᠤᠲᠠ ᠶᠢᠨ ᠤᠬᠠᠮᠰᠠᠷ ᠢ ᠴᠢᠩᠭᠠᠳᠬᠠᠵᠤ᠂ ᠲᠥᠪ | ᠬᠤᠲᠠ ᠶᠢᠨ ᠡᠭᠦᠷᠭᠡᠯᠡᠯ ᠢ ᠴᠢᠩᠭᠠᠳᠬᠠᠵᠤ᠂ ︽ᠡᠮᠦᠨ᠎ᠡ ᠨᠢ ᠭᠠᠪᠰᠢᠭᠠᠶᠢᠯᠠᠨ ᠬᠡᠪ ᠳᠠᠭᠤᠷᠢᠶᠠᠯ ᠪᠣᠯᠬᠤ︾ ᠶᠢ | ᠪᠠᠷᠢᠮᠲᠠᠯᠠᠬᠤ ᠬᠡᠷᠡᠭᠲᠡᠶ᠃ ︽ᠳᠦᠷᠪᠡᠨ ᠲᠣᠬᠢᠶᠠᠯ ᠳᠠᠪᠬᠤᠴᠠᠭᠰᠠᠨ︾ ᠵᠡᠷᠭᠡ ᠲᠡᠦᠬᠡ ᠶᠢᠨ ᠠᠵᠠ ᠲᠣᠬᠢᠶᠠᠯ ᠢ | ᠠᠮᠵᠢᠵᠤ᠂ ᠪᠣᠳᠠᠲᠠᠢ ᠠᠵᠠ ᠲᠣᠬᠢᠶᠠᠯ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ | ᠬᠥᠭᠵᠢᠯᠲᠡ ᠶᠢᠨ ᠳᠠᠪᠠᠭᠤᠯᠢᠭ ᠢ ᠬᠥᠭᠵᠢᠯᠲᠡ ᠶᠢᠨ ᠢᠯᠠᠬᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠢ ᠦᠨᠡᠨᠬᠦ | ᠬᠤᠲᠠ ᠶᠢᠨ ᠡᠵᠡᠨ ᠪᠣᠯᠭᠠᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠪᠥᠬᠦ ᠬᠦᠴᠦᠨ ᠢᠶᠠᠷ ᠢᠶᠠᠨ | ᠨᠡᠮᠡᠭᠳᠡᠭᠦᠯᠵᠦ᠂ ︽ᠡᠵᠡᠨ ᠬᠥᠮᠦᠨ︾ ᠤ ᠰᠠᠶᠢᠨ ᠰᠠᠶᠢᠬᠠᠨ ᠬᠡᠷ ᠣᠷᠣᠨ ᠢᠶᠠᠨ ᠪᠥᠲᠥᠭᠡᠨ ᠪᠠᠶᠢᠭᠤᠯᠬᠤ ᠬᠠᠯᠠᠭᠤᠨ | ᠰᠡᠳᠭᠢᠯᠭᠡ ᠶᠢ ᠬᠥᠭᠵᠢᠭᠡᠵᠦ᠂ ᠣᠷᠣᠨ ᠤ ᠲᠥᠪ ᠬᠤᠲᠠ ᠶᠢᠨ ᠣᠯᠠᠨ ᠲᠦᠮᠡᠨ ᠤ ᠬᠦᠷᠲᠡᠮᠵᠢᠲᠦ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃ ᠦᠨᠡᠨᠬᠦ | ᠠᠳᠬᠤᠨ ᠪᠣᠳᠠᠲᠠᠶ ᠪᠠᠷ ᠠᠵᠢᠯᠯᠠᠵᠤ᠂ ᠠᠷᠪᠢᠯᠠᠨ ᠭᠠᠮᠨᠠᠵᠤ ᠠᠷᠠᠳ ᠢ ᠴᠢᠨᠡᠭᠡᠯᠢᠭᠵᠢᠭᠦᠯᠬᠦ᠂ ᠠᠷᠪᠢᠴᠢ ᠭᠠᠮᠴᠢ ᠪᠠᠷ | ᠠᠮᠢᠳᠤᠷᠠᠬᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ᠂ ᠬᠠᠤᠯᠢ ᠶᠣᠰᠣᠭᠠᠷ ᠰᠢᠢᠳᠪᠦᠷᠢᠲᠦ ᠪᠣᠳᠤᠯᠭ᠎ᠠ | ᠲᠣᠭᠲᠠᠭᠠᠬᠤ ᠶᠢ ᠪᠠᠷᠢᠮᠲᠠᠯᠠᠵᠤ᠂ ᠪᠦᠬᠦ ᠬᠦᠴᠦ ᠪᠠᠷ ᠢᠶᠠᠨ ᠴᠢᠷᠮᠠᠶᠢᠬᠤ ᠬᠡᠷᠡᠭᠲᠡᠶ ᠮᠥᠷᠲᠡᠭᠡᠨ ᠨᠡᠩ ᠴᠤ | ᠴᠢᠳᠠᠯ ᠤᠨ ᠢᠶᠠᠨ ᠬᠢᠷᠢ ᠪᠠᠷ ᠬᠢᠬᠦ ᠬᠡᠷᠡᠭᠲᠡᠶ᠂ ᠡᠳ᠋ ᠤᠨ ᠬᠦᠴᠦᠨ ᠠᠴᠠ ᠬᠡᠲᠦᠷᠡᠵᠦ᠂ ᠢᠷᠡᠬᠦ ᠵᠢᠯ ᠤᠨ ᠠᠮᠤ ᠶᠢ ᠡᠨᠡ | ᠵᠢᠯ ᠳᠤ ᠪᠠᠨ ᠢᠳᠡᠬᠦ ᠠᠵᠢᠯ ᠢ ᠶᠠᠭᠠᠬᠢᠭᠰᠠᠨ ᠴᠤ ᠬᠢᠵᠦ ᠪᠣᠯᠬᠤ ᠦᠭᠡᠢ᠂ ᠡᠯ᠎ᠡ ᠵᠦᠢᠯ ᠤᠨ ᠠᠵᠢᠯ ᠢ ᠲᠡᠤᠬᠡ ᠪᠠ | ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠴᠢᠳᠠᠬᠤ ᠪᠣᠯᠭᠠᠨ᠎ᠠ᠃ | ᠡᠨᠡ ᠵᠢᠯ ᠳᠣᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠬᠦᠴᠦᠯᠡᠨ ᠪᠠᠲᠤᠯᠠᠵᠤ᠂ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ | ᠨᠡᠮᠡᠭᠳᠡᠯ ᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠠᠭ ᠢ ᠵᠠᠪᠳᠤᠨ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠠᠴᠠ ᠪᠣᠯᠤᠭᠰᠠᠨ ᠬᠤᠬᠢᠷᠠᠯ ᠪᠠ ᠨᠥᠯᠥᠭᠡ ᠶᠢ ᠬᠠᠮᠤᠭ ᠤᠨ ᠳᠣᠤᠷ᠎ᠠ | ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠨ᠎ᠠ᠃ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ | ᠣᠨᠤᠴᠠᠲᠠᠢ ᠰᠡᠷᠭᠡᠶᠢᠯᠡᠨ ᠡᠵᠡᠮᠳᠡᠵᠦ᠂ ᠬᠢᠯᠢ ᠶᠢᠨ ᠭᠠᠳᠠᠨᠠᠬᠢ ᠪᠠ ᠤᠯᠤᠰ ᠤᠨ ᠳᠣᠲᠤᠭᠠᠳᠤ ᠶᠢᠨ ᠬᠢᠵᠢᠭ ᠤᠨ | ᠪᠠᠶᠢᠳᠠᠯ ᠭᠦᠨᠳᠣ ᠨᠣᠴᠢᠲᠠᠢ ᠭᠠᠵᠠᠷ ᠣᠷᠣᠨ ᠠᠴᠠ ᠬᠥᠬᠡᠬᠤᠲᠠ ᠳᠤ ᠢᠷᠡᠬᠦ ᠬᠥᠮᠦᠰ ᠢ ᠬᠠᠮᠢᠶᠠᠷᠬᠤ ᠶᠤᠰᠤᠳᠠᠢ ᠶᠢ | ᠪᠦᠬᠦᠨ ᠢ ᠬᠠᠮᠢᠶᠠᠷᠴᠤ᠂ ᠭᠠᠳᠠᠨ᠎ᠠ ᠠᠴᠠ ᠣᠷᠤᠵᠤ ᠢᠷᠡᠬᠦ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ | ᠪᠠ ᠨᠡᠶᠢᠰᠯᠡᠯ ᠤᠨ ︽ᠬᠤᠲᠠ ᠬᠠᠮᠠᠭᠠᠯᠠᠬᠤ ᠭᠤᠣᠯ︾ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠮᠠᠨ ᠤ ᠬᠤᠲᠠ ᠶᠢᠨ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠣᠨᠣᠪᠴᠢᠲᠠᠢ ᠰᠢᠯᠢᠳᠡᠭᠵᠢᠭᠦᠯᠦᠨ | ᠲᠡᠭᠦᠯᠳᠡᠷᠵᠢᠭᠦᠯᠵᠤ᠂ ᠡᠯ᠎ᠡ ᠠᠵᠢᠯ ᠲᠥᠷᠥᠯ ᠤᠨ ᠬᠦᠴᠢᠷ ᠪᠡᠷᠬᠡᠰᠢᠶᠡᠯ ᠢ ᠲᠤᠭᠤᠯᠬᠤ᠂ ᠬᠤᠬᠢᠷᠠᠯ ᠢ ᠪᠠᠭᠠᠰᠬᠠᠵᠤ | ᠣᠷᠣᠯᠭ᠎ᠠ ᠪᠠᠨ ᠨᠡᠮᠡᠭᠳᠡᠭᠦᠯᠬᠦ ᠶᠢ ᠴᠢᠷᠮᠠᠶᠢᠨ ᠬᠠᠪᠰᠤᠷᠴᠤ᠂ ᠳᠤᠮᠳᠠ ᠪᠠᠭ᠎ᠠ ᠠᠵᠤ ᠠᠬᠤᠶᠢᠯᠠᠯ ᠤᠨ ᠣᠷᠣᠰᠢᠨ | ᠲᠣᠭᠲᠠᠨᠢᠬᠤ ᠪᠠ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠣᠷᠣᠨ ᠨᠤᠲᠤᠭ ᠤᠨ | ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠵᠢᠴᠢ ᠲᠥᠪ ᠤᠨ ᠲᠥᠰᠦᠪ ᠤᠨ ᠳᠣᠲᠣᠷᠠᠬᠢ ᠪᠠᠯᠠ | ᠣᠷᠣᠭᠤᠯᠤᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠨᠡᠶᠢᠭᠡᠮ ᠤᠨ ᠬᠥᠷᠥᠩᠭᠡ ᠶᠢ ᠣᠯᠠᠨ ᠲᠠᠯ᠎ᠠ ᠪᠠᠷ | ᠰᠢᠩᠭᠡᠭᠡᠨ ᠠᠪᠴᠤ᠂ 5G ᠰᠦᠯᠵᠢᠶ᠎ᠡ᠂ ᠲᠤᠭ᠎ᠠ ᠪᠠᠷᠢᠮᠲᠠ ᠶᠢᠨ ᠲᠥᠪ᠂ ᠠᠵᠤ ᠦᠢᠯᠡᠳᠪᠦᠷᠢ ᠶᠢᠨ ᠢᠨᠲ᠋ᠧᠷ | ᠰᠦᠯᠵᠢᠶ᠎ᠡ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠵᠡᠷᠭᠡ ︽ᠰᠢᠨ᠎ᠡ ᠰᠠᠭᠤᠷᠢ | ᠪᠥᠲᠦᠭᠡᠨ ᠪᠠᠶᠢᠭᠤᠯᠤᠯᠲᠠ︾ ᠶᠢᠨ ᠲᠥᠷᠥᠯ ᠵᠦᠢᠯ ᠢ ᠢᠳᠡᠪᠬᠢᠲᠡᠶ ᠪᠠᠶᠢᠷᠢᠯᠠᠭᠤᠯᠤᠨ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ | ᠂ ᠲᠠᠷᠢᠶᠠᠯᠠᠩ ᠣᠶ ᠰᠢᠭᠤᠶ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠡᠨᠧᠷᠭᠢ᠂ ᠬᠤᠲᠠ ᠶᠢᠨ ᠶᠠᠪᠤᠳᠠᠯ ᠵᠡᠷᠭᠡ | ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠳ᠋ᠦᠩᠰᠢᠭᠤᠷ | ᠲᠥᠭᠦᠷᠢᠭ ᠤᠨ ᠲᠥᠷᠥᠯ ᠵᠦᠢᠯ ᠢ 260 ᠠᠴᠠ ᠳᠡᠭᠡᠭᠰᠢ ᠬᠡᠷᠡᠭᠵᠢᠭᠦᠯᠵᠦ᠂ 530 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠵᠤ᠂ ᠠᠵᠤ | ᠦᠢᠯᠡᠰ ᠤᠨ ᠳᠡᠭᠡᠳᠦ ᠲᠡᠰ ᠤᠨ᠂ ᠤᠶᠤᠨᠴᠢᠯᠠᠭᠰᠠᠨ᠂ ᠪᠣᠬᠢᠷᠲᠤᠯ ᠦᠭᠡᠢ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ | ᠠᠵᠤ ᠦᠢᠯᠡᠰ ᠤᠨ ᠬᠡᠯᠬᠢᠶ᠎ᠡ ᠶᠢᠨ ᠲᠣᠭᠲᠠᠪᠤᠷᠢᠲᠤ ᠴᠢᠨᠠᠷ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠢᠯᠢ ᠶᠢᠨ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠦᠨᠳᠡᠢ᠂ ᠮᠧᠩ ᠨᠢᠦ ᠰᠦ ᠰᠠᠭᠠᠯᠢ ᠶᠢᠨ ᠦᠢᠯᠡᠰ ᠤᠨ | ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠰᠠᠭᠠᠯᠢ ᠶᠢᠨ | ᠦᠨᠢᠶᠡᠨ ᠤ ᠬᠡᠪᠴᠢᠶᠡᠵᠢᠭᠰᠡᠨ ᠮᠠᠯᠵᠢᠯ ᠤᠨ ᠲᠠᠯᠠᠪᠠᠢ ᠶᠢ10 ᠠᠴᠠ ᠳᠡᠭᠡᠭᠰᠢ ᠢᠵᠢ ᠪᠦᠷᠢᠳᠦᠭᠦᠯᠦᠨ ᠰᠢᠨ᠎ᠡ ᠪᠠᠷ | ᠪᠠᠶᠢᠭᠤᠯᠵᠤ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠵᠡᠷᠭᠡ ᠳᠤᠨᠢ ᠪᠦᠲᠦᠭᠡᠨ ᠪᠠᠶᠢᠭᠤᠯᠵᠤ᠂ ︽ᠳᠤᠮᠳᠠᠳᠤ ᠤᠯᠤᠰ ᠤᠨ ᠰᠦ ᠰᠠᠭᠠᠯᠢ ᠶᠢᠨ ᠬᠤᠲᠠ︾ ᠶᠢᠨ ᠳᠡᠰ | ᠳᠡᠪᠰᠢᠭᠰᠡᠨ ᠬᠡᠯᠪᠡᠷᠢ ᠶᠢ ᠪᠠᠶᠢᠭᠤᠯᠤᠨ᠎ᠠ᠃ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠦᠬᠡᠬᠤᠲᠠ ᠶᠢᠨ | ᠴᠢᠯᠠᠭᠤᠨ ᠲᠣᠰᠤᠨ ᠤ ᠬᠢᠮᠢ ᠶᠢᠨ ᠠᠵᠤ ᠦᠢᠯᠡᠳᠪᠦᠷᠢ ᠶᠢᠨ ︽ᠴᠢᠯᠠᠭᠤᠨ ᠲᠣᠰᠣ ᠶᠢ ᠪᠠᠭᠠᠰᠬᠠᠵᠤ ᠴᠢᠯᠠᠭᠤᠨ | ᠲᠣᠰᠤᠨ ᠤ ᠬᠢᠮᠢ ᠶᠢ ᠨᠡᠮᠡᠭᠳᠡᠭᠦᠯᠬᠦ︾ ᠶᠢ ᠲᠦᠯᠬᠢᠨ ᠠᠬᠢᠭᠤᠯᠵᠤ᠂ ᠵᠢᠤ ᠲᠠᠢ ᠰᠢᠨ᠎ᠡ ᠮᠠᠲ᠋ᠧᠷᠢᠶᠠᠯ ᠤᠨ ᠵᠢᠯ ᠤᠨ | ᠭᠠᠷᠤᠯᠲᠠ 100 ᠲᠦᠮᠡᠨ ᠲᠣᠨ ᠤ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠳᠪᠦᠷᠢᠯᠡᠬᠦ ᠵᠢᠴᠢ 6 ᠲᠦᠮᠡᠨ | ᠲᠣᠨ ᠪᠥᠭᠡᠭᠡᠨᠡᠷᠡᠯ ᠮᠧᠲ᠋ᠢᠯ ᠠᠯᠳᠧᠭᠢᠳ᠋᠂ ᠰᠢᠤᠢ ᠶᠠᠩ ᠵᠦᠩ ᠷᠠᠨ ᠬᠡᠣᠷᠰᠢᠭᠦᠯᠦᠭᠰᠡᠨ ᠣᠷᠴᠢᠯ ᠠᠵᠤ ᠦᠢᠯᠡᠰ ᠤᠨ | ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠣᠳᠣ ᠦᠶ᠎ᠡ ᠶᠢᠨ | ᠡᠨᠧᠷᠭᠢ ᠶᠢᠨ ᠠᠵᠤ ᠠᠬᠤᠢ ᠶᠢ ᠰᠠᠶᠢᠲᠤᠷ ᠬᠢᠨ᠎ᠡ᠃ ᠵᠦᠩ ᠬᠤᠸᠠᠨ ᠬᠡᠷᠡᠯ ᠸᠣᠯᠲ ᠤᠨ ᠲᠠᠪᠤᠳᠤᠭᠠᠷ ᠬᠤᠭᠤᠴᠠᠭ᠎ᠠ᠂ | ᠬᠠᠭᠠᠰ ᠳᠠᠮᠵᠢᠭᠤᠯᠤᠭᠴᠢ ᠶᠢᠨ ᠬᠤᠶᠠᠳᠤᠭᠠᠷ ᠬᠤᠭᠤᠴᠠᠭ᠎ᠠ᠂ ᠳᠤᠮᠳᠠ ᠲᠠᠯᠠᠰᠲᠤ ᠶᠢᠨ ᠬᠤᠶᠠᠳᠤᠭᠠᠷ ᠬᠤᠭᠤᠴᠠᠭ᠎ᠠ᠂ | ᠡᠸᠤ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠴᠢᠨᠠᠷᠵᠢᠭᠤᠨ ᠥᠭᠡᠬᠦᠨ ᠴᠢᠯᠠᠭᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠱᠤᠭᠤᠮ ᠢ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠱᠧᠨ ᠵᠸᠤ ᠴᠠᠬᠢᠭᠤᠷ ᠤᠨ ᠦᠢᠯᠡᠰ ᠤᠨ ᠳᠠᠬᠢᠨ ᠵᠣᠬᠢᠶᠠᠨ ᠪᠠᠶᠢᠭᠤᠯᠬᠤ ᠶᠢ | ᠲᠦᠷᠭᠡᠳᠬᠡᠵᠦ᠂ ᠬᠡᠷᠡᠯ ᠸᠣᠯᠲ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠨ | ᠬᠦᠴᠦᠷᠬᠡᠭᠵᠢᠭᠦᠯᠦᠨ᠎ᠡ᠃ ᠶᠢᠨ ᠢᠦᠶ ᠣᠯᠠᠨ ᠤᠯᠤᠰ ᠤᠨ ᠠᠮᠢᠳᠤ ᠪᠣᠳᠠᠰ ᠤᠨ ᠮᠡᠷᠭᠡᠵᠢᠯ ᠤᠨ ᠠᠵᠤ ᠦᠢᠯᠡᠰ ᠤᠨ | ᠬᠦᠷᠢᠶᠡᠯᠡᠩ ᠵᠢᠴᠢ ᠳᠡᠭᠡᠳᠦ ᠵᠡᠷᠭᠡ ᠶᠢᠨ ᠠᠮᠢᠳᠤ ᠪᠣᠳᠠᠰ ᠤᠨ ᠠᠶᠤᠯᠭᠦᠢ ᠲᠤᠷᠰᠢᠯᠲᠠ ᠶᠢᠨ ᠲᠠᠰᠤᠭ᠂ ᠶᠢᠨ ᠾᠧ ᠶᠢᠦ | ᠪᠧᠨ ᠸᠠᠺᠼᠢᠨ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠲᠦᠭᠦᠬᠡᠢ ᠮᠠᠲ᠋ᠧᠷᠢᠶᠠᠯ ᠤᠨ ᠡᠮ ᠠᠴᠠ ᠪᠥᠲᠦᠭᠡᠭᠳᠡᠬᠦᠨ ᠤ ᠡᠮ ᠲᠡᠰᠢ ᠳᠡᠰ ᠳᠡᠪᠰᠢᠭᠦᠯᠬᠦ ᠶᠢ ᠪᠡᠶᠡᠯᠡᠭᠦᠯᠦᠨ᠎ᠡ᠃ ᠺᠠᠢ | ᠸᠧ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠰᠠᠭᠤᠷᠢᠨ ᠭᠠᠵᠠᠷ᠂ ᠵᠦᠩ ᠯᠢ ᠰᠢᠨ᠎ᠡ | ᠮᠠᠲ᠋ᠧᠷᠢᠶᠠᠯ ᠤᠨ ᠬᠦᠨᠳᠡᠶᠢᠷᠡᠭᠦᠯᠬᠦ ᠪᠦᠷᠬᠦᠪᠴᠢ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨ᠎ᠡ ᠢᠵᠢ ᠪᠦᠷᠢᠳᠦᠭᠦᠯᠬᠦ ᠲᠥᠷᠥᠯ ᠵᠦᠢᠯ ᠢ | ᠦᠷᠭᠦᠯᠵᠢᠯᠡᠨ ᠣᠷᠣᠭᠤᠯᠤᠨ ᠠᠪᠴᠢᠷᠠᠵᠤ ᠬᠡᠷᠡᠭᠵᠢᠭᠦᠯᠦᠨ᠎ᠡ᠃ ᠤᠯᠤᠰ ᠤᠨ ᠳᠡᠰ ᠤᠨ ᠢᠨᠲ᠋ᠧᠷ ᠰᠦᠯᠵᠢᠶᠡᠨ ᠤ | ᠰᠢᠭᠤᠳ ᠬᠤᠯᠪᠣᠯᠳᠤᠬᠤ ᠭᠤᠤᠯᠯᠠᠭᠴᠢ ᠴᠡᠭ ᠤᠨ ᠪᠠᠶᠢᠭᠤᠯᠤᠯᠲᠠ ᠶᠢ ᠲᠥᠷᠭᠡᠳᠬᠡᠵᠤ᠂ ᠭᠤᠤᠯᠯᠠᠭᠴᠢ ᠰᠦᠯᠵᠢᠶᠡᠨ ᠤ | ︽ᠭᠠᠳᠠᠭᠠᠳᠤ ᠳᠤ ᠭᠠᠷᠭᠠᠬᠤ ᠪᠦᠰᠡ ᠶᠢᠨ ᠥᠷᠭᠡᠨ ᠢ ᠲᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ | ᠂ ᠲᠤᠮᠤ ᠳ᠋ᠠᠶᠢᠲ᠋ᠠ᠂ ᠬᠢᠮᠡᠯ ᠤᠶᠤᠨ ᠴᠢᠳᠠᠪᠤᠷᠢ ᠪᠣᠯᠤᠨ ᠪᠣᠳᠠᠲᠤ ᠴᠣᠭᠴᠠ ᠶᠢᠨ ᠠᠵᠤ ᠠᠬᠤᠶ ᠶᠢᠨ ᠠᠭᠤᠰᠤᠯᠴᠠᠯ ᠢ | ᠠᠬᠢᠭᠤᠯᠵᠤ᠂ ᠰᠢᠨ᠎ᠡ ᠠᠵᠤ ᠦᠢᠯᠡᠰ᠂ ᠰᠢᠨ᠎ᠡ ᠠᠵᠤ ᠦᠢᠯᠡᠰ ᠤᠨ ᠪᠠᠶᠢᠳᠠᠯ᠂ ᠰᠢᠨ᠎ᠡ ᠠᠵᠤ ᠠᠬᠤᠶᠢᠯᠠᠯ ᠢ ᠪᠤᠢ | ᠪᠣᠯᠭᠠᠵᠤ᠂ ᠲᠤᠭᠠᠨ ᠤ ᠠᠵᠤ ᠦᠶᠯᠡᠰᠵᠢᠯᠲᠡ᠂ ᠠᠵᠣ ᠦᠢᠯᠡᠰ ᠤᠨ ᠲᠤᠭᠠᠴᠢᠯᠠᠯᠲᠠ ᠶᠢ ᠠᠬᠢᠭᠤᠯᠤᠨ᠎ᠠ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠨᠡᠭᠡᠭᠡᠯᠲᠡ ᠶᠢᠨ ᠲᠣᠭᠤᠷᠢᠭ ᠢ ᠨᠡᠶᠢᠳᠬᠡᠨ ᠲᠡᠭᠡᠭᠰᠢᠯᠡᠭᠦᠯᠵᠦ᠂ ︽ | ᠲᠠᠷᠠᠬᠠᠶ ᠪᠤᠲᠠᠷᠬᠠᠢ ᠵᠠᠮᠪᠠᠷᠠᠭ᠎ᠠ ᠦᠭᠡᠢ ᠦᠷ᠎ᠡ ᠪᠥᠲᠦᠮᠵᠢ ᠪᠠᠷ ᠳᠣᠣᠷ᠎ᠠ︾ ᠪᠠᠶᠢᠬᠤ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠡᠯ᠎ᠡ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠭᠤᠤᠯ | ᠳᠠᠶᠢᠯᠠᠯᠳᠤᠭᠠᠨ ᠤ ᠲᠠᠯᠠᠪᠤᠷ᠂ ᠭᠤᠤᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠵᠤ ᠠᠬᠤᠶᠢᠯᠠᠯ ᠢ | ᠲᠡᠳᠬᠦᠨ ᠳᠡᠮᠵᠢᠬᠦ ᠪᠠ ᠦᠢᠯᠡᠴᠢᠯᠡᠬᠦ ᠶᠢ ᠴᠢᠩᠭᠠᠳᠬᠠᠵᠤ᠂ ᠵᠢᠯ ᠤᠨ ᠳᠣᠲᠣᠷ᠎ᠠ ᠠᠵᠤ ᠦᠢᠯᠡᠳᠪᠦᠷᠢ ᠶᠢᠨ ᠠᠵᠤ | ᠠᠬᠤᠶᠢᠯᠠᠯ15 ᠶᠢ ᠬᠡᠪᠴᠢᠶᠡᠵᠢᠯ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠤᠶᠢᠷ᠎ᠠ ᠶᠢᠨ ᠵᠢᠯ ᠤᠨ | ᠲᠤᠷᠰᠢ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠦᠭᠡᠢ ᠪᠠᠶᠢᠳᠠᠯ ᠳᠤ ᠰᠢᠪᠳᠤᠯᠤᠯᠲᠠ | ᠭᠠᠷᠭᠠᠨ᠎ᠠ᠃ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠲᠦᠷᠭᠡᠳᠬᠡᠵᠦ᠂ ᠬᠡᠷᠡᠭᠯᠡᠭᠡᠨ ᠤ ᠲᠣᠭᠲᠠᠭᠤᠨ ᠨᠡᠮᠡᠭᠳᠡᠯ ᠢ | ᠠᠬᠢᠭᠤᠯᠤᠨ᠎ᠠ᠃ ᠣᠷᠣᠨ ᠤ ᠲᠥᠪ ᠬᠤᠲᠠ ᠶᠢᠨ ᠳᠠᠪᠠᠭᠤᠯᠢᠭ ᠲᠤ ᠰᠠᠭᠤᠷᠢᠯᠠᠨ᠂ ᠥᠪᠥᠷ ᠮᠣᠩᠭᠤᠯ ᠵᠢᠴᠢ | ᠳᠤᠮᠳᠠᠳᠤ ᠤᠯᠤᠰ ᠤᠨ ᠤᠮᠠᠷᠠᠲᠤ ᠣᠷᠣᠨ ᠤ ᠴᠢᠬᠤᠯᠠ ᠣᠳᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠲᠥᠪ᠂ | ᠪᠠᠷᠠᠭ᠎ᠠ ᠶᠢᠨ ᠭᠦᠢᠯᠭᠡᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ᠂ ᠬᠢᠯᠢ ᠠᠯᠤᠰᠯᠠᠭᠰᠠᠨ ᠲᠠᠸᠠᠷ ᠤᠨ | ᠠᠷᠠᠯᠵᠢᠶᠠᠨ ᠤ ᠲᠥᠪ᠂ ᠰᠡᠯᠡᠭᠦᠴᠡᠯ ᠵᠢᠭᠤᠯᠴᠢᠯᠠᠯ ᠠᠮᠠᠷᠠᠯᠲᠠ ᠶᠢᠨ ᠦᠢᠯᠡᠴᠢᠯᠡᠭᠡᠨ ᠤ ᠲᠥᠪ ᠢ ᠪᠠᠶᠢᠭᠤᠯᠤᠨ᠎ᠠ᠃ | ᠭᠤᠤᠯᠳᠠᠯᠭ᠎ᠠ ᠲᠠᠢ ᠬᠤᠳᠠᠯᠳᠤᠭᠠᠨ ᠤ ᠶᠠᠪᠠᠭᠠᠨ ᠵᠡᠭᠡᠯᠢ ᠭᠤᠳᠤᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ | ᠬᠡᠷᠡᠭᠵᠢᠭᠦᠯᠵᠦ᠂ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠢ ᠵᠣᠷᠢᠭᠵᠢᠭᠤᠯᠤᠨ ᠬᠥᠭᠵᠢᠭᠦᠯᠵᠦ᠂ | ᠰᠥᠨᠢ ᠶᠢᠨ ᠪᠠ ᠠᠮᠠᠷᠠᠯᠲᠠ ᠶᠢᠨ ᠡᠳᠦᠷ ᠤᠨ ᠬᠡᠷᠡᠭᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠸᠠᠩ ᠹᠦ᠋ ᠵᠢᠩ | ᠣᠣ ᠯᠠᠶ ᠵᠢᠵᠢᠭ ᠪᠠᠯᠭᠠᠰᠤ ᠪᠠ ᠰᠢᠶᠠᠩ ᠱᠧᠩ ᠰᠤᠶᠣᠯ ᠵᠢᠭᠤᠯᠴᠢᠯᠠᠯ ᠤᠨ ᠬᠤᠲᠠ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠨ | ᠬᠥᠭᠵᠢᠬᠦ ᠶᠢ ᠲᠦᠷᠭᠡᠳᠬᠡᠵᠦ᠂ ᠵᠢᠩ ᠳ᠋ᠦᠩ ᠤᠨ ᠬᠥᠬᠡᠬᠤᠲᠠ ᠶᠢᠨ ᠣᠨᠴᠠᠯᠢᠭᠲᠤ ᠦᠢᠯᠡᠳᠬᠦᠨ ᠤ ᠣᠷᠳᠣᠨ ᠢ | ᠰᠦᠯᠵᠢᠶᠡᠨ ᠳᠤ ᠭᠠᠷᠭᠠᠨ᠎ᠠ᠃ ᠦᠢᠯᠡᠳᠪᠦᠷᠢᠯᠡᠯ᠂ ᠠᠷᠠᠯᠵᠢᠶ᠎ᠠ ᠬᠤᠳᠠᠯᠳᠤᠭ᠎ᠠ ᠵᠢᠴᠢ ᠢᠳᠡᠭᠡᠨ ᠤᠮᠳᠠᠭᠠᠨ ᠤ ᠠᠵᠤ | ᠠᠬᠤᠶᠢᠯᠠᠯ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠰᠢᠨ᠎ᠡ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ | ᠵᠣᠬᠢᠴᠠᠭᠤᠯᠤᠨ᠂ ᠥᠪᠡᠷᠮᠢᠴᠡ᠂ ᠵᠦᠷᠢᠶᠡᠴᠢᠯᠡᠭᠰᠡᠨ᠂ ᠨᠠᠷᠢᠯᠢᠬᠵᠢᠭᠤᠯᠤᠭᠰᠠᠨ ᠦᠢᠯᠡᠳᠬᠦᠨ ᠪᠠ ᠦᠢᠯᠡᠴᠢᠯᠡᠭᠡ | ᠬᠠᠩᠭᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠡᠷᠡᠭᠯᠡᠭᠡᠨ ᠤ ᠪᠡᠶᠡᠴᠢᠯᠡᠨ ᠣᠶᠢᠯᠠᠭᠠᠬᠤ ᠲᠥᠪ᠂ | ᠭᠠᠳᠠᠭᠠᠳᠤ ᠠᠴᠠ ᠣᠷᠣᠭᠤᠯᠬᠤ ᠲᠠᠸᠠᠷ ᠢ ᠰᠢᠭᠤᠳ ᠪᠣᠷᠣᠯᠠᠭᠤᠯᠬᠤ ᠲᠣᠤᠷ ᠴᠡᠭ ᠢ ᠲᠦᠷᠭᠡᠳᠬᠡᠨ ᠪᠠᠶᠢᠭᠤᠯᠤᠨ᠎ᠠ᠃ | ᠴᠡᠯᠡᠭᠡᠷ ᠲᠠᠯ᠎ᠠ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ᠂ ᠣᠯᠠᠨ ᠤᠯᠤᠰ ᠤᠨ ᠲᠠᠷᠢᠶᠠᠯᠠᠩ ᠤᠨ | ᠦᠵᠡᠰᠬᠦᠯᠡᠩ ᠤᠨ ᠬᠦᠷᠢᠶᠡᠯᠡᠩ ᠵᠡᠷᠭᠡ ᠲᠠᠯᠠᠪᠠᠶ ᠣᠷᠳᠣᠨ ᠢ ᠭᠦᠢᠴᠡᠳ ᠠᠰᠢᠭᠯᠠᠨ᠂ ᠬᠤᠷᠠᠯ ᠦᠵᠡᠰᠬᠦᠯᠡᠩ ᠤᠨ | ᠠᠵᠤ ᠠᠬᠤᠶ ᠶᠢ ᠬᠥᠭᠵᠢᠶᠡᠨᠲᠡᠶ ᠪᠣᠯᠭᠠᠨ᠎ᠠ᠃ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠰ ᠢ ᠲᠥᠷᠭᠡᠳᠬᠡᠨ | ᠬᠥᠭᠵᠢᠭᠦᠯᠵᠦ᠂ ᠮᠥᠩᠭᠦᠨ ᠭᠦᠢᠯᠭᠡᠭᠡᠨ ᠤ ᠦᠢᠯᠡᠳᠬᠦᠨ ᠳᠤ ᠰᠢᠨ᠎ᠡ ᠶᠢ ᠡᠭᠦᠳᠴᠦ᠂ ᠪᠣᠳᠠᠲᠤ ᠴᠣᠭᠴᠠ ᠶᠢᠨ ᠠᠵᠤ | ᠠᠬᠤᠶ ᠳᠤ ᠦᠢᠯᠡᠴᠢᠯᠡᠬᠦ ᠮᠥᠩᠭᠦᠨ ᠭᠦᠢᠯᠭᠡᠭᠡᠨ ᠤ ᠦᠢᠯᠡᠰ ᠤᠨ ᠰᠢᠯᠢᠳᠡᠭᠵᠢᠨ ᠬᠦᠴᠦᠷᠬᠡᠭᠵᠢᠬᠦ ᠶᠢ ᠠᠬᠢᠭᠤᠯᠤᠨ᠎ᠠ᠃ | ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠵᠦ᠂ ᠴᠧᠩ ᠹᠠ ᠪᠠᠷᠠᠭᠠᠨ ᠤ | ᠭᠦᠢᠯᠭᠡᠭᠡ ᠶᠢᠨ ᠬᠦᠷᠢᠶᠡᠯᠡᠩ ᠲᠣᠭᠤᠷᠢᠭ᠂ ᠱᠠ ᠯᠢᠶᠠᠩ ᠵᠠᠰᠠᠮᠠᠯ ᠵᠠᠮ ᠲᠡᠮᠦᠷ ᠵᠠᠮ ᠤᠨ ᠪᠠᠷᠠᠭᠠᠨ ᠤ ᠭᠦᠢᠯᠭᠡᠭᠡ ᠶᠢᠨ | ᠬᠦᠷᠢᠶᠡᠯᠡᠩ ᠲᠣᠭᠤᠷᠢᠭ᠂ ᠰᠢᠨ ᠴᠠᠩ ᠲᠡᠮᠦᠷ ᠵᠠᠮ ᠤᠨ ᠲᠤᠬᠢᠷᠠᠭᠤᠯᠤᠨ ᠬᠦᠷᠭᠡᠬᠦ ᠲᠥᠪ ᠵᠡᠷᠭᠡ ᠶᠢ ᠬᠥᠲᠥᠯᠥᠨ | ᠵᠢᠯᠣᠭᠤᠳᠴᠤ ᠳᠡᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠪᠠᠷᠠᠭᠠᠨ ᠤ ᠭᠦᠢᠯᠭᠡᠭᠡ ᠶᠢ ᠪᠠᠷᠢᠮᠵᠢᠶᠠᠵᠢᠭᠤᠯᠬᠤ | ᠂ ᠣᠶᠤᠨᠴᠢᠯᠠᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ | ᠲᠦᠷᠭᠡᠳᠬᠡᠨ᠎ᠡ᠃ ᠡᠷᠡᠭᠦᠯ ᠮᠡᠨᠳᠦ ᠨᠠᠰᠤᠵᠢᠯ ᠤᠨ ᠠᠰᠠᠷᠠᠮᠵᠢ᠂ ᠬᠡᠷ ᠪᠦᠯᠢ ᠶᠢᠨ ᠰᠤᠪᠢᠯᠠᠯᠲᠠ᠂ ᠭᠡᠷ ᠤᠨ ᠶᠠᠪᠤᠳᠠᠯ᠂ | ᠬᠡᠤᠬᠡᠳ ᠰᠠᠭᠠᠲᠠᠭᠤᠯᠬᠤ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠥᠨᠳᠥᠷ ᠶᠠᠰᠤ ᠴᠢᠨᠠᠷ ᠪᠠ | ᠣᠯᠠᠨ ᠶᠠᠩᠵᠤᠴᠢᠯᠠᠯᠳᠠ ᠳᠠᠰᠢ ᠲᠠᠰ ᠳᠡᠪᠰᠢᠭᠦᠯᠬᠦ ᠶᠢ ᠠᠬᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠪᠦᠬᠦ ᠲᠠᠯ᠎ᠠ ᠪᠠᠷ ᠴᠢᠩᠭᠠᠷᠠᠭᠤᠯᠵᠤ᠂ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃ ᠬᠤᠲᠠ ᠶᠢᠨ ᠱᠠᠲᠤᠨ ᠤ | ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ᠂ ᠬᠤᠰᠢᠭᠤ ᠰᠢᠶᠠᠨ ᠲᠣᠭᠤᠷᠢᠭ ᠪᠣᠯᠤᠨ ᠨᠡᠭᠡᠭᠡᠯᠲᠡ ᠶᠢᠨ | ᠲᠣᠭᠤᠷᠢᠭ ᠤᠨ ᠭᠤᠤᠯ ᠬᠠᠷᠢᠭᠤᠴᠠᠯᠭ᠎ᠠ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠯᠪᠠᠨ ᠭᠡᠷ ᠨᠢᠭᠡᠳᠦᠯᠲᠡᠶ ᠲᠥᠯᠥᠪᠯᠡᠬᠦ᠂ ᠡᠯ᠎ᠡ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠭᠰᠡᠨ ᠬᠤᠳᠠᠯᠳᠤᠭᠠᠴᠢᠨ | ᠤᠷᠢᠬᠤ ᠲᠣᠮᠤ ᠪᠠᠶᠢᠷᠢᠰᠢᠯ ᠢ ᠪᠠᠶᠢᠭᠤᠯᠤᠨ᠎ᠠ᠃ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ | ᠬᠡᠷᠡᠭᠵᠢᠭᠦᠯᠵᠦ᠂ ᠠᠵᠤ ᠠᠬᠤᠶᠢᠯᠠᠯ ᠳᠤ ᠲᠦᠰᠢᠭᠯᠡᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤ ᠡᠪᠯᠡᠯ | ᠬᠤᠳᠠᠯᠳᠤᠭᠠᠴᠢᠨ ᠤᠷᠢᠬᠤ᠂ ᠲᠤᠰᠬᠠᠶ ᠮᠡᠷᠭᠡᠵᠢᠯ ᠢᠶᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠵᠤ᠂ ᠲᠤᠰ | ᠭᠠᠵᠠᠷ ᠣᠷᠣᠨ ᠤ ᠠᠵᠤ ᠠᠬᠤᠶᠢᠯᠠᠯ ᠤᠨ ᠳᠠᠬᠢᠨᠲᠠ ᠪᠡᠯᠡ ᠣᠷᠣᠭᠤᠯᠬᠤ ᠶᠢ ᠲᠡᠮᠵᠢᠨ᠎ᠠ᠃ ᠠᠯᠢᠪᠠ ᠣᠷᠣᠭᠤᠯᠵᠤ | ᠢᠷᠡᠬᠦ ᠲᠥᠷᠥᠯ ᠵᠦᠢᠯ ᠢ ᠬᠢᠨᠠᠨ ᠲᠣᠭᠲᠠᠭᠠᠬᠤ ᠪᠠ ᠪᠠᠶᠢᠷᠢᠰᠢᠭᠤᠯᠬᠤ ᠶᠢ ᠴᠢᠩᠭ᠎ᠠ ᠠᠳᠬᠤᠵᠤ᠂ ︽ᠣᠷᠣᠨ | ᠠᠯᠤᠰᠯᠠᠭᠰᠠᠨ ᠠᠵᠤ ᠠᠬᠤᠶ︾ ᠶᠢᠨ ᠠᠰᠢᠭ ᠲᠤᠰᠠ ᠶᠢ ᠬᠤᠪᠢᠳᠠᠨ ᠬᠤᠪᠢᠶᠠᠬᠤ ᠲᠥᠷᠥ ᠶᠢᠨ ᠪᠣᠳᠣᠯᠭ᠎ᠠ ᠶᠢ ᠢᠵᠢ | ᠪᠦᠷᠢᠳᠦᠭᠦᠯᠦᠨ ᠲᠣᠭᠲᠠᠭᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠯᠲᠠᠲᠤ ᠬᠢᠨᠠᠨ ᠰᠢᠯᠭᠠᠯᠲᠠ ᠶᠢ | ᠴᠢᠩᠭᠠᠳᠬᠠᠵᠤ᠂ ᠵᠢᠯ ᠤᠨ ᠳᠣᠲᠣᠷ᠎ᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠦᠯ ᠵᠦᠢᠯ ᠢ 100 ᠠᠴᠠ | ᠳᠤᠲᠠᠭᠤ ᠦᠭᠡᠢ ᠰᠢᠨ᠎ᠡ ᠪᠠᠷ ᠣᠷᠣᠭᠤᠯᠤᠨ ᠠᠪᠴᠢᠷᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠵᠣᠷᠢᠭ ᠰᠢᠭᠤᠳᠴᠤ | ᠪᠠᠶᠢᠭᠠᠳ ᠬᠥᠭᠵᠢᠯᠲᠡ ᠳᠤ ᠬᠦᠴᠦᠨ ᠨᠡᠮᠡᠷᠢᠯᠡᠬᠦ ᠵᠥᠭᠡᠯᠡᠨ᠂ ᠬᠠᠲᠠᠭᠤ ᠣᠷᠴᠢᠨ ᠨᠥᠬᠦᠴᠡᠯ ᠢ ᠰᠠᠶᠢᠲᠤᠷ | ᠪᠠᠶᠢᠭᠤᠯᠵᠤ᠂ ᠬᠥᠬᠡᠬᠤᠲᠠ ᠶᠢᠨ ᠲᠠᠲᠠᠬᠤ ᠬᠦᠴᠦᠨ᠂ ᠲᠥᠪᠯᠡᠷᠡᠭᠦᠯᠬᠦ ᠬᠦᠴᠦᠨ᠂ ᠤᠯᠠᠨ ᠨᠡᠶᠢᠲᠡ ᠶᠢᠨ ᠢᠲᠡᠭᠡᠭᠦᠯᠬᠦ | ᠬᠦᠴᠦᠨ ᠢ ᠬᠦᠴᠦᠷᠬᠡᠭᠵᠢᠭᠦᠯᠦᠨ᠎ᠡ᠃ ︽ᠡᠷᠬᠡ ᠲᠡᠭᠰᠢ︾ ᠳᠤ ᠠᠩᠬᠠᠷᠤᠯ ᠢᠶᠠᠨ ᠲᠦᠪᠯᠡᠷᠡᠭᠦᠯᠦᠨ᠂ ︽ᠬᠤᠶᠠᠷ | ᠥᠴᠦᠬᠡᠨ ᠴᠦ ᠭᠤᠶᠢᠪᠢᠰᠢ ᠥᠬᠡᠶ︾ ᠶᠢ ᠪᠠᠷᠢᠮᠲᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠳᠤ ᠠᠳᠠᠯᠢ ᠲᠡᠭᠰᠢ ᠪᠠᠷ ᠬᠠᠨᠳᠤᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ | ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠥᠭᠡᠷᠡᠴᠢᠯᠡᠯᠲᠡ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠢᠯᠡ ᠲᠣᠳᠣ | ᠪᠣᠯᠭᠠᠬᠤ ᠶᠢ ᠠᠬᠢᠭᠤᠯᠤᠨ᠎ᠠ᠃ ︽ᠥᠨᠳᠥᠷ ᠪᠦᠲᠦᠮᠵᠢᠲᠡᠢ︾ ᠳᠤ ᠠᠩᠬᠠᠷᠤᠯ ᠢᠶᠠᠨ ᠲᠦᠪᠯᠡᠷᠡᠭᠦᠯᠵᠦ᠂ ᠪᠤᠢ ᠪᠦᠬᠦᠢ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠭᠤᠭᠴᠤᠭ᠎ᠠ ᠶᠢ ᠴᠥᠭᠡᠳᠬᠡᠬᠦ᠂ ᠴᠠᠭ ᠤᠨ | ᠬᠢᠵᠠᠭᠠᠷ ᠢ ᠪᠠᠭᠠᠰᠬᠠᠬᠤ᠂ ᠮᠠᠲ᠋ᠧᠷᠢᠶᠠᠯ ᠢ ᠴᠥᠭᠡᠳᠬᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠳᠤᠮᠳᠠᠴᠢ ᠨᠡᠭᠡᠭᠡᠨ | ᠡᠷᠬᠢᠯᠡᠬᠦ ᠴᠠᠭ ᠢ ᠨᠢᠳᠤᠨᠤᠨ ᠤ 6.8 ᠠᠵᠢᠯ ᠤᠨ ᠡᠳᠦᠷ ᠪᠠᠶᠢᠭᠰᠠᠨ ᠠᠴᠠ 1.5 ᠠᠵᠢᠯ ᠤᠨ ᠡᠳᠦᠷ ᠪᠣᠯᠭᠠᠵᠤ᠂ | ᠪᠠᠷᠢᠯᠭ᠎ᠠ ᠪᠠᠷᠢᠬᠤ ᠵᠥᠪᠰᠢᠶᠡᠷᠡᠯ ᠢ 224 ᠠᠵᠢᠯ ᠤᠨ ᠡᠳᠦᠷ ᠪᠠᠶᠢᠭᠰᠠᠨ ᠠᠴᠠ 90 ᠠᠵᠢᠯ ᠤᠨ ᠡᠳᠦᠷ ᠪᠣᠯᠭᠠᠵᠤ᠂ | ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠬᠡᠢ ᠬᠡᠷᠡᠭᠯᠡᠵᠦ ᠤᠭᠰᠠᠷᠠᠬᠤ ᠵᠢᠴᠢ ᠲᠤᠭᠲᠠᠮᠠᠯ ᠬᠥᠷᠥᠩᠭᠡ ᠶᠢᠨ | ᠳᠠᠩᠰᠠᠯᠠᠯᠲᠠ ᠶᠢ ᠭᠦᠢᠴᠡᠳᠬᠡᠬᠦ ᠴᠠᠭ ᠢ ᠶᠡᠬᠡᠪᠡᠷ ᠪᠠᠭᠠᠰᠬᠠᠨ᠎ᠠ᠃ ︽ᠲᠥᠬᠦᠮ ᠦᠵᠡᠭᠦᠯᠬᠦ︾ ᠳᠤ ᠠᠩᠬᠠᠷᠤᠯ ᠢᠶᠠᠨ | ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠰᠦᠯᠵᠢᠶᠡᠨ ᠳᠡᠭᠡᠷ᠎ᠡ ᠭᠦᠢᠴᠡᠳᠬᠡᠬᠦ | ᠨᠣᠷᠮ᠎ᠠ ᠶᠢ ᠬᠤᠲᠠ ᠶᠢᠨ ᠲᠣᠰ ᠱᠠᠲᠤ 90% ᠠᠴᠠ ᠳᠣᠤᠷ᠎ᠠ ᠥᠬᠡᠶ᠂ ᠬᠤᠰᠢᠭᠤ ᠰᠢᠶᠠᠨ ᠲᠣᠭᠤᠷᠢᠭ | 80% ᠠᠴᠠ ᠳᠣᠤᠷ᠎ᠠ ᠥᠬᠡᠶ ᠪᠣᠯᠭᠠᠵᠤ᠂ ᠭᠤᠣᠯ ᠭᠠᠶᠢᠯᠢ ᠳᠤ ᠬᠤᠯᠪᠣᠭᠳᠠᠬᠤ ᠦᠢᠯᠡᠴᠢᠯᠡᠭᠡᠨ ᠤ ᠵᠦᠢᠯᠡᠰ ᠤᠨ | ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠠ ᠶᠢ 90% ᠬᠦᠷᠭᠡᠨ᠎ᠡ᠃ ︽ᠨᠥᠬᠦᠷᠰᠡᠭ ᠳᠣᠲᠤᠨᠤ ᠠᠷᠢᠭᠤᠨ ᠴᠢᠭᠡᠴᠢ | ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤᠷᠢᠳᠬᠤ ᠺᠠᠳ᠋ᠷ ᠠᠵᠤ ᠠᠬᠤᠶᠢᠯᠠᠯ ᠢ ᠳᠠᠭᠠᠭᠠᠴᠢᠯᠠᠨ ᠬᠤᠯᠪᠣᠭᠠᠯᠠᠬᠤ | ᠲᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠤᠯᠭ᠎ᠠ ᠲᠣᠭᠲᠠᠭᠠᠬᠤ ᠳᠤ | ᠴᠥᠮ ᠠᠵᠤ ᠠᠬᠤᠶᠢᠯᠠᠯ ᠪᠠ ᠠᠵᠢᠯ ᠲᠦᠷᠦᠯ ᠤᠨ ᠨᠡᠶᠢᠭᠡᠮᠯᠢᠭ ᠤᠨ ᠰᠠᠨᠠᠯ ᠢ ᠬᠤᠷᠢᠶᠠᠬᠤ ᠬᠡᠷᠡᠭᠲᠡᠢ᠃ ︽ᠦᠨᠡᠨᠴᠢ | ᠢᠲᠡᠭᠡᠮᠵᠢ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ | ᠪᠣᠳᠤᠯᠭ᠎ᠠ ᠶᠢ ᠨᠠᠶᠢᠳᠠᠪᠤᠷᠢᠵᠢᠭᠤᠯᠬᠤ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠪᠦᠬᠦ | ᠲᠠᠯ᠎ᠠ ᠪᠠᠷ ᠪᠡᠶᠡᠯᠡᠭᠦᠯᠦᠨ᠎ᠡ᠃ ︽ᠬᠠᠨᠤᠮᠵᠢᠲᠠᠶ ᠪᠠᠶᠢᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠠᠶᠢᠨ | ᠮᠠᠭᠤ ᠶᠢ ᠦᠨᠡᠯᠡᠬᠦ︾ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠪᠣᠯᠤᠨ ᠣᠯᠠᠨ ᠲᠦᠮᠡᠨ ᠠᠴᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠮᠵᠢᠯᠲᠠ ᠪᠦᠲᠦᠮᠵᠢ ᠶᠢ ᠦᠨᠡᠨᠬᠦ ᠦᠨᠡᠯᠡᠨ ᠮᠠᠭᠠᠳᠯᠠᠨ᠎ᠠ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ | ᠰᠢᠨ᠎ᠡ ᠶᠢ ᠡᠭᠦᠳᠬᠦ ᠨᠢᠭᠡᠳᠦᠭᠡᠷ ᠬᠥᠳᠡᠯᠭᠡᠭᠴᠢ ᠬᠦᠴᠦᠨ ᠢ ᠴᠢᠩᠭᠠᠳᠬᠠᠨ᠎ᠠ᠃ ᠦᠢᠯᠡᠳᠪᠦᠷᠢᠯᠡᠯ ᠵᠢᠭᠠᠨ ᠰᠤᠷᠭᠠᠯᠲᠠ | ᠰᠤᠳᠤᠯᠭᠠᠨ ᠤ ᠬᠠᠮᠵᠢᠯᠴᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠵᠢᠤ ᠲᠠᠢ ᠪᠦᠯᠦᠭᠯᠡᠯ ᠬᠢᠭᠡᠳ | ᠴᠢᠩᠬᠤᠸᠠ ᠶᠡᠭᠡ ᠰᠤᠷᠭᠠᠭᠤᠯᠢ᠂ ᠶᠢᠨ ᠢᠦᠶ ᠪᠦᠯᠦᠭᠯᠡᠯ ᠬᠢᠭᠡᠳ ᠳᠤᠮᠳᠠᠳᠤ ᠣᠷᠣᠨ ᠤ ᠲᠠᠷᠢᠶᠠᠯᠠᠩ ᠤᠨ ᠶᠡᠭᠡ | ᠰᠤᠷᠭᠠᠭᠤᠯᠢ᠂ ᠡᠮᠦᠨᠡᠲᠦ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ ᠯᠤᠭ᠎ᠠ ᠮᠡᠷᠭᠡᠵᠢᠯ ᠤᠨ ᠰᠢᠪᠲᠤᠯᠤᠯᠲᠠ | ᠵᠢᠴᠢ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠨ᠎ᠠ᠃ ᠪᠡᠭᠡᠵᠢᠩ | ᠲᠢᠶᠠᠨᠵᠢᠨ ᠾᠧᠪᠧᠶ ᠵᠡᠷᠭᠡ ᠲᠡᠷᠢᠭᠦᠨ ᠤ ᠭᠠᠵᠠᠷ ᠣᠷᠣᠨ ᠳᠤ ᠬᠠᠨᠳᠤᠭᠤᠯᠤᠨ᠂ ᠥᠮᠴᠢᠯᠡᠯ ᠢ ᠬᠥᠭᠡᠭᠡᠴᠡᠯᠳᠦᠬᠦ ᠦᠭᠡᠢ | ᠂ ᠬᠠᠷᠢᠶ᠎ᠠ ᠶᠢ ᠬᠥᠭᠡᠭᠡᠴᠡᠯᠳᠦᠬᠦ ᠦᠭᠡᠢ᠂ ᠵᠦᠪᠬᠡᠨ ᠬᠡᠷᠡᠭᠴᠡᠭᠡ ᠶᠢ ᠬᠥᠭᠡᠭᠡᠴᠡᠯᠳᠦᠬᠦ ᠶᠢ ᠪᠠᠷᠢᠮᠲᠠᠯᠠᠵᠤ᠂ ᠰᠢᠨ᠎ᠡ ᠶᠢ | ᠡᠭᠦᠳᠬᠦ ᠡᠬᠢ ᠪᠠᠶᠠᠯᠢᠭ᠂ ᠰᠢᠨ᠎ᠡ ᠶᠢ ᠡᠭᠦᠳᠬᠦ ᠠᠴᠢᠶᠠᠯᠠᠪᠤᠷᠢ ᠪᠠ ᠰᠢᠨ᠎ᠡ ᠶᠢ ᠡᠭᠦᠳᠬᠦ ᠴᠢᠳᠠᠪᠤᠷᠢᠲᠠᠨ ᠢ ᠶᠡᠬᠡᠪᠡᠷ | ᠣᠷᠣᠭᠤᠯᠤᠨ ᠠᠪᠴᠢᠷᠠᠨ᠎ᠠ᠃ ᠬᠦᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ | ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠦᠢᠯᠡᠳᠦᠯ ᠢ ᠪᠠᠳᠠᠷᠠᠭᠤᠯᠵᠤ | ᠂ ᠥᠪᠡᠷ ᠤᠨ ᠥᠷᠲᠡᠭ ᠢᠶᠠᠷ ᠳᠣᠤᠷ᠎ᠠ᠂ ᠳᠥᠭᠦᠮ ᠳᠥᠲᠡ᠂ ᠪᠦᠬᠦ ᠡᠯᠧᠮᠧᠨ᠋ᠲ ᠤᠨ᠂ ᠨᠡᠭᠡᠭᠡᠯᠲᠡᠲᠦ ᠮᠠᠶ᠋ᠢᠭ ᠤᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠪᠦᠷᠢᠯᠳᠦᠭᠦᠯᠦᠨ᠎ᠡ᠃ ᠬᠥᠬᠡᠬᠤᠲᠠ ᠶᠢᠨ | ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠤᠭᠤᠷᠢᠭ ᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨ᠎ᠡ ᠶᠢ ᠡᠭᠦᠳᠬᠦ | ᠬᠡᠯᠪᠡᠷᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠬᠥᠬᠡᠬᠤᠲᠠ ᠪᠤᠭᠤᠲᠤ | ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠣᠭᠤᠷᠢᠭ ᠢ | ᠲᠥᠷᠭᠡᠳᠬᠡᠨ ᠪᠠᠶᠢᠭᠤᠯᠤᠨ᠎ᠠ᠃ | ︵ᠬᠤᠶᠠᠷ︶ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠨᠢᠭᠡ ᠯᠡ ᠬᠦᠴᠦ ᠪᠠᠷ | ᠣᠯᠤᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠨᠢᠭᠡ ᠶᠢ | ᠴᠦ ᠬᠤᠴᠤᠷᠤᠭᠤᠯᠬᠤ ᠦᠭᠡᠢ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ | ᠳᠠᠶᠢᠯᠠᠯᠳᠤᠭᠠᠨ ᠬᠢᠬᠦ ᠳᠤ ᠨᠡᠩ ᠴᠤ ᠤᠳᠠᠭᠠᠨ ᠳᠠᠭᠠᠭᠠᠮᠠᠭᠠᠢ ᠴᠢᠨᠠᠷ ᠰᠠᠶᠢᠲᠠᠢ ᠶᠠᠳᠠᠭᠤ ᠠᠴᠠ ᠠᠩᠭᠢᠵᠢᠷᠠᠭᠤᠯᠬᠤ ᠶᠢ | ᠬᠦᠭᠡᠭᠡᠴᠡᠯᠳᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠫᠠᠶᠢᠰᠠ ᠡᠯᠭᠦᠨ ᠰᠢᠮᠳᠠᠭᠤᠯᠬᠤ | ᠳᠠᠶᠢᠯᠠᠯᠳᠤᠭᠠᠨ ᠢ ᠥᠷᠨᠢᠭᠦᠯᠵᠦ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ | ᠲᠣᠭᠤᠷᠢᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ ᠵᠢᠴᠢ ᠤᠯᠤᠰ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠵᠡᠷᠭᠡ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠠᠵᠤ ᠦᠢᠯᠡᠰ ᠤᠨ ᠲᠥᠷᠦᠯ ᠵᠦᠢᠯ ᠢ | ᠣᠨᠣᠪᠴᠢᠲᠠᠶ ᠰᠠᠶᠢᠲᠤᠷ ᠰᠣᠩᠭᠤᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠢ | ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ᠲᠠᠷᠢᠶᠠᠴᠢᠳ ᠤᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ | ᠪᠠ ᠣᠷᠣᠯᠭ᠎ᠠ ᠪᠠᠨ ᠲᠣᠭᠲᠠᠭᠤᠨ ᠢᠶᠠᠷ ᠨᠡᠮᠡᠭᠳᠡᠭᠦᠯᠬᠦ ᠳᠤ ᠰᠢᠨ᠎ᠡ ᠵᠠᠮ ᠭᠠᠷᠭᠠᠵᠤ᠂ ᠪᠣᠳᠠᠲᠤ ᠦᠷ᠎ᠡ ᠪᠦᠲᠦᠮᠵᠢ | ᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠶᠡᠷᠦᠩᠬᠡᠶᠢᠯᠡᠨ ᠲᠤᠬᠢᠷᠠᠭᠤᠯᠤᠨ ᠵᠢᠯᠣᠭᠤᠳᠬᠤ ᠲᠠᠪᠴᠠᠩ ᠢ ᠪᠠᠶᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠬᠥᠮᠦᠨ ᠠᠮᠠ ᠵᠢᠴᠢ ᠶᠠᠳᠠᠭᠤ ᠬᠦᠴᠢᠷᠳᠡᠯᠲᠡᠢ ᠬᠥᠮᠦᠨ ᠠᠮᠠ᠂ ᠠᠮᠠᠷᠬᠠᠨ ᠶᠠᠳᠠᠭᠤᠷᠠᠬᠤ ᠬᠥᠮᠦᠨ | ᠠᠮᠠ ᠵᠡᠷᠭᠡ ᠶᠢᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠢ ᠡᠵᠡᠮᠳᠡᠨ᠂ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤᠮᠳᠠ ᠶᠠᠳᠠᠭᠤ ᠬᠦᠴᠢᠷᠳᠡᠯᠲᠡᠢ ᠭᠠᠵᠠᠷ ᠣᠷᠣᠨ ᠤ | ᠬᠥᠳᠡᠯᠮᠦᠷᠢ ᠬᠦᠴᠦᠨ ᠢ ᠡᠩ ᠲᠡᠷᠢᠭᠦᠨ ᠳᠤ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢᠨ | ᠲᠣᠭᠲᠠᠭᠤᠨ᠂ ᠳᠠᠬᠢᠬᠤ ᠦᠭᠡᠢ᠂ ᠦᠷᠬᠦᠯᠵᠢᠯᠡᠬᠦᠶᠢᠴᠡ ᠪᠠᠶᠢᠬᠤ ᠶᠢ ᠪᠠᠲᠤᠯᠠᠵᠤ᠂ ︽ᠬᠤᠶᠠᠷ ᠲᠤ ᠵᠣᠪᠠᠭ᠋ᠤ ᠦᠭᠡᠢ | ᠭᠤᠷᠪᠠ ᠶᠢ ᠪᠠᠲᠤᠯᠠᠬᠤ︾ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ | ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ | ᠭᠦᠨᠵᠡᠭᠡᠶᠢᠷᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠶᠢᠳᠠᠯ ᠢ ᠣᠶᠢᠯᠠᠭᠠᠵᠤ | ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ | ᠲᠤᠭ᠎ᠠ ᠪᠠᠷᠢᠮᠲᠠ ᠶᠢᠨ ᠰᠠᠭᠤᠷᠢ ᠶᠢ ᠪᠠᠬᠢᠵᠢᠭᠦᠯᠵᠦ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ | ᠴᠢᠩᠭ᠎ᠠ ᠬᠦᠴᠦᠳᠡᠢ ᠠᠷᠭ᠎ᠠ ᠬᠡᠮᠵᠢᠶ᠎ᠡ ᠠᠪᠴᠤ ᠪᠤᠬᠢᠷᠳᠤᠯ ᠢ ᠰᠡᠷᠭᠡᠶᠢᠯᠡᠨ ᠵᠠᠰᠠᠬᠤ ᠶᠢ ᠠᠬᠢᠭᠤᠯᠤᠨ᠎ᠠ᠃ ᠣᠷᠴᠢᠨ | ᠲᠣᠭᠤᠷᠢᠨ ᠪᠣᠯ ᠳᠠᠷᠤᠢ ᠠᠷᠠᠳ ᠤᠨ ᠠᠮᠢᠳᠤᠷᠠᠯ᠂ ᠬᠥᠬᠡᠮᠳᠦᠭ ᠠᠭᠤᠯᠠ ᠪᠣᠯ ᠳᠠᠷᠤᠢ ᠦᠵᠡᠰᠭᠦᠯᠡᠩ ᠰᠠᠶᠢᠬᠠᠨ᠂ | ᠬᠦᠬᠡ ᠣᠭᠲᠠᠷᠭᠤᠢ ᠴᠤ ᠵᠣᠯ ᠵᠢᠷᠭᠠᠯ ᠪᠣᠯᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ | ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯᠯᠠᠭᠠᠨ ᠤ | ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠨᠤᠪᠴᠢᠳᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ | ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠠᠬᠢᠭᠤᠯᠵᠤ᠂ ᠬᠦᠬᠡᠮᠳᠦᠭ | ᠨᠤᠭᠤᠭᠠᠨ ᠠᠭᠤᠯᠠ ᠤᠰᠤ᠂ ᠬᠦᠬᠡ ᠣᠭᠲᠠᠷᠭᠤᠢ ᠴᠡᠪᠡᠷ ᠬᠦᠷᠦᠰᠦ ᠶᠢ ᠬᠦᠬᠡᠬᠤᠲᠠ ᠶᠢᠨ ᠬᠠᠮᠤᠭ ᠤᠨ | ᠦᠵᠡᠰᠬᠦᠯᠡᠩᠲᠦ ᠰᠠᠶᠢᠬᠠᠨ ᠱᠣᠰᠢᠭ᠎ᠠ ᠲᠡᠮᠳᠡᠭ ᠪᠣᠯᠭᠠᠨ᠎ᠠ᠃ ᠬᠥᠬᠡ ᠣᠭᠲᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠢ | ᠰᠠᠶᠢᠲᠤᠷ ᠬᠢᠨ᠎ᠡ᠃ ᠬᠥᠬᠡᠬᠤᠲᠠ ᠶᠢᠨ ᠢᠯᠴᠢ ᠴᠠᠬᠢᠯᠭᠠᠨ ᠤ ᠦᠢᠯᠡᠳᠪᠦᠷᠢ ᠶᠢᠨ ᠢᠯᠴᠢ ᠬᠠᠩᠭᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠶᠢᠨ ᠱᠠᠨ ᠢᠯᠴᠢ ᠴᠠᠬᠢᠯᠭᠠᠨ ᠤ ᠦᠢᠯᠡᠳᠪᠦᠷᠢ ᠶᠢ ᠥᠷᠭᠡᠳᠬᠡᠨ ᠪᠠᠶᠢᠭᠤᠯᠵᠤ᠂ ᠵᠢᠰᠢᠶ᠎ᠠ ᠠᠶᠢᠯ | ᠤᠨ ᠴᠠᠭᠢᠯᠭᠠᠨ ᠤ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠬᠠᠭᠤᠴᠢᠨ ᠠᠶᠢᠯ ᠤᠨ ᠭᠡᠷᠡᠭᠯᠡᠭᠡᠨ ᠤ ᠤᠷᠬᠢᠯ ᠢ ᠲᠤᠬᠢᠷᠠᠭᠤᠯᠬᠤ ᠢᠯᠴᠢ ᠶᠢᠨ ᠦᠢᠯᠡᠳᠪᠦᠷᠢ ᠶᠢ ᠰᠢᠨ᠎ᠡ ᠪᠠᠷ | ᠪᠠᠶᠢᠭᠤᠯᠵᠤ᠂ ᠢᠯᠴᠢ ᠬᠠᠩᠭᠠᠬᠤ ᠬᠤᠭᠤᠯᠠᠶ ᠶᠢᠨ ᠲᠤᠤᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠠᠬᠢᠭᠤᠯᠤᠨ᠂ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠢ ᠶᠢ ᠶᠡᠬᠡᠪᠡᠷ ᠨᠡᠮᠡᠭᠳᠡᠭᠦᠯᠦᠨ᠎ᠡ᠃ | 214 ᠠᠶᠢᠯ ᠲᠣᠰᠬᠤᠨ ︵ᠨᠡᠶᠢᠭᠡᠮ ᠲᠣᠭᠤᠷᠢᠭ︶᠂ 12.96 ᠲᠦᠮᠡᠨ ᠡᠷᠦᠬᠡ ᠶᠢᠨ ᠲᠦᠯᠡᠰᠢᠨ ᠨᠡᠭᠦᠷᠡᠰᠦ ᠶᠢ | ᠰᠤᠯᠠ ᠰᠢᠲᠠᠭᠠᠬᠤ ᠶᠢ ᠵᠠᠰᠠᠨ ᠴᠡᠭᠴᠡᠯᠡᠬᠦ ᠶᠢ ᠡᠬᠢᠯᠡᠭᠦᠯᠦᠨ ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠲᠥᠪᠯᠡᠷᠡᠭᠦᠯᠦᠨ ᠢᠯᠴᠢ ᠬᠠᠩᠭᠠᠬᠤ᠂ ᠨᠡᠭᠦᠷᠡᠰᠦ ᠶᠢ ᠴᠠᠬᠢᠯᠭᠠᠨ ᠢᠶᠠᠷ ᠥᠭᠡᠷᠡᠴᠢᠯᠡᠬᠦ᠂ | ᠨᠤᠷᠠᠭᠠᠵᠤ ᠨᠡᠭᠦᠯᠭᠡᠬᠦ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠲᠦᠯᠡᠰᠢᠨ ᠨᠡᠭᠦᠷᠡᠰᠦ ᠶᠢ ᠰᠤᠯᠠ ᠰᠢᠳᠠᠭᠠᠬᠤ | ᠠᠰᠠᠭᠤᠳᠠᠯ ᠢ ᠰᠢᠢᠳᠪᠦᠷᠢᠯᠡᠨ᠎ᠡ᠃ ᠬᠤᠲᠠ ᠶᠢᠨ ᠲᠣᠭᠤᠷᠢᠭ ᠤᠨ 35 ᠠᠭᠤᠷ ᠲᠣᠨ ᠵᠢᠴᠢ ᠲᠡᠭᠦᠨ ᠠᠴᠠ | ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ︽ᠠᠷᠢᠯᠭᠠᠬᠤ︾ ᠡᠭᠦᠷᠭᠡ ᠶᠢ ᠪᠡᠶᠡᠯᠡᠭᠦᠯᠦᠨ᠎ᠡ᠃ ᠡᠰᠢ ᠰᠦᠷᠡᠯ ᠢ | ᠰᠢᠲᠠᠭᠠᠬᠤ ᠶᠢ ᠴᠠᠭᠠᠵᠠᠯᠠᠬᠤ᠂ ᠪᠠᠷᠢᠯᠭ᠎ᠠ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠶᠢᠨ ᠬᠠᠮᠢᠶᠠᠷᠤᠯᠲᠠ᠂ | ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ | ᠬᠤᠲᠠ ᠶᠢᠨ ᠠᠭᠠᠷ ᠤᠨ ᠴᠡᠪᠡᠷᠴᠡ ᠣᠨᠴᠠ ᠴᠡᠪᠡᠷ ᠪᠠ ᠴᠡᠪᠡᠷ ᠡᠳᠦᠷ ᠤᠨ ᠲᠤᠭ᠎ᠠ ᠶᠢᠨ ᠬᠠᠷᠢᠴᠠᠯ ᠢ ᠥᠪᠡᠷᠲᠡᠭᠡᠨ | ᠵᠠᠰᠠᠬᠤ ᠣᠷᠣᠨ ᠤ ᠰᠢᠯᠭᠠᠨ ᠬᠢᠨᠠᠬᠤ ᠱᠠᠭᠠᠷᠳᠠᠯᠭ᠎ᠠ ᠳᠤ ᠬᠦᠷᠭᠡᠬᠦ ᠶᠢ ᠪᠠᠲᠤᠯᠠᠵᠤ᠂ ᠣᠯᠠᠨ ᠲᠦᠮᠡᠨ ᠤ ︽ᠠᠭᠤᠰᠬᠢ | ᠵᠢᠷᠦᠭᠡᠨ ᠤ ᠵᠤᠪᠠᠯᠠᠩ︾ ᠢ ᠪᠦᠲᠦᠮᠵᠢᠲᠡᠶ ᠰᠢᠢᠳᠪᠦᠷᠢᠯᠡᠨ᠎ᠡ᠃ ᠨᠣᠮᠢᠨ ᠤᠰᠤ ᠶᠢ ᠬᠠᠮᠠᠭᠠᠯᠠᠬᠤ ᠲᠠᠶᠢᠯᠠᠯᠳᠤᠭᠠᠨ ᠢ | ᠰᠠᠶᠢᠲᠤᠷ ᠬᠢᠨ᠎ᠡ᠃ ᠪᠦᠬᠦ ᠤᠯᠤᠰ ᠤᠨ ᠪᠣᠬᠢᠷ ᠦᠮᠡᠬᠡᠶ ᠤᠰᠤᠨ ᠴᠣᠭᠴᠠ ᠶᠢ ᠵᠠᠰᠠᠬᠤ ᠵᠢᠱᠢᠶ᠎ᠡ ᠦᠵᠡᠭᠦᠯᠬᠦ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠳᠠᠭᠠᠶ ᠭᠤᠣᠯ ᠤᠨ ᠢᠦᠶ ᠴᠢᠤᠸᠠᠨ | ᠲᠣᠭᠤᠷᠢᠭ ᠤᠨ ᠬᠡᠰᠡᠭ᠂ ᠪᠠᠭ᠎ᠠ ᠲᠦᠷᠭᠡᠨ ᠭᠤᠣᠯ ᠤᠨ ᠪᠠᠶᠠᠨᠨᠠᠭᠤᠷ ᠡᠮᠦᠨ᠎ᠡ ᠵᠠᠮ ᠠᠴᠠ ᠶᠦᠨ ᠵᠦᠩ ᠵᠠᠮ ᠬᠦᠷᠬᠦ | ᠬᠡᠰᠡᠭ ᠤᠨ ᠭᠤᠣᠯ ᠤᠨ ᠵᠠᠮ ᠢ ᠯᠠᠶᠢᠳᠠᠬᠤ᠂ ᠬᠠᠰᠢᠯᠭ᠎ᠠ ᠳᠠᠯᠠᠩ ᠵᠠᠰᠠᠬᠤ᠂ ᠠᠮᠢ ᠠᠬᠤᠢ ᠶᠢᠨ ᠬᠠᠮᠠᠭᠠᠯᠠᠯᠲᠠ ᠶᠢᠨ | ᠬᠥᠲᠥᠯ ᠪᠠ ᠤᠰᠤᠨ ᠤ ᠠᠮᠢᠳᠤ ᠪᠣᠳᠠᠰ ᠤᠨ ᠲᠠᠷᠢᠮᠠᠯ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ᠪᠠᠨᠳᠢ ᠠᠶᠢᠯ | ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ ᠢ ᠦᠷᠭᠡᠳᠭᠡᠨ ᠪᠠᠶᠢᠭᠤᠯᠵᠤ᠂ | ᠶᠢᠨ ᠱᠠᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠨ | ᠰᠠᠶᠢᠵᠢᠷᠠᠭᠤᠯᠵᠤ᠂ ᠬᠤᠲᠠ ᠶᠢᠨ ᠲᠣᠭᠤᠷᠢᠭ ᠤᠨ ᠳᠥᠷᠪᠡᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠬᠤᠭᠤᠯᠠᠶ ᠶᠢᠨ ᠲᠣᠤᠷ ᠢ ᠬᠤᠯᠪᠣᠯᠳᠤᠭᠤᠯᠤᠨ ᠨᠡᠪᠲᠡᠷᠡᠯᠴᠡᠭᠦᠯᠬᠦ ᠢᠨᠵᠧᠨᠧᠷᠢᠩ ᠢ ᠪᠡᠶᠡᠯᠡᠭᠦᠯᠦᠨ᠎ᠡ᠃ ᠨᠢᠭᠡᠳᠦᠭᠡᠷ | ᠳᠡᠰ ᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠠᠷᠢᠯᠭ᠎ᠠ ᠪᠣᠯᠤᠨ ᠬᠤᠶᠠᠳᠤᠭᠠᠷ | ᠳᠡᠰ ᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠵᠤ ᠠᠬᠤᠶᠢᠯᠠᠯ ᠢ ᠢᠯᠭᠠᠷᠠᠭᠤᠯᠤᠨ | ᠴᠡᠭᠴᠡᠯᠡᠨ᠎ᠡ᠃ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠥᠪᠡᠷᠲᠡᠭᠡᠨ ᠪᠡᠯᠡᠳᠬᠡᠭᠰᠡᠨ | ᠬᠤᠳᠳᠤᠭ ᠢ 54 ᠶᠢ ᠪᠢᠳᠡᠭᠦᠮᠵᠢᠯᠡᠨ᠎ᠡ᠃ ᠴᠡᠪᠡᠷ ᠬᠥᠷᠥᠰᠥ ᠶᠢ ᠬᠠᠮᠠᠭᠠᠯᠠᠬᠤ ᠲᠠᠶᠢᠯᠠᠯᠳᠤᠭᠠᠨ ᠢ ᠰᠠᠶᠢᠲᠤᠷ ᠬᠢᠨ᠎ᠡ᠃ | ᠠᠶᠤᠯᠲᠠᠶ ᠬᠠᠶᠠᠭᠳᠠᠮᠠᠯ ᠪᠣᠳᠠᠰ ᠪᠣᠯᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ | ᠵᠢᠷᠤᠮᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠬᠦ ᠭᠠᠵᠠᠷ᠂ ᠬᠤᠭᠤᠯᠠᠨ ᠭᠡᠷ ᠲᠣᠭᠤᠭᠠᠨ ᠭᠡᠷ ᠤᠨ | ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠠᠶᠢᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ | ᠰᠢᠢᠳᠪᠦᠷᠢᠯᠡᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠬᠦᠨᠳᠦ ᠲᠡᠮᠦᠷᠯᠢᠭ ᠲᠤ | ᠬᠤᠯᠪᠣᠭᠳᠠᠬᠤ ᠠᠵᠢᠯ ᠲᠥᠷᠥᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ ︽ᠳᠥᠷᠪᠡ ᠶᠢ ᠬᠢᠵᠠᠭᠠᠷᠯᠠᠬᠤ ᠠᠵᠢᠯᠯᠠᠭ᠎ᠠ︾ ᠶᠢ ᠪᠦᠬᠦ ᠲᠠᠯ᠎ᠠ ᠪᠠᠷ | ᠥᠷᠨᠢᠭᠦᠯᠵᠦ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠵᠤ ᠠᠪᠬᠤ ᠨᠣᠷᠮ᠎ᠠ ᠶᠢ 80% ᠠᠴᠠ | ᠳᠡᠭᠡᠭᠰᠢ ᠳᠤ ᠬᠦᠷᠦᠭᠦᠯᠵᠦ᠂ ᠭᠤᠤᠯ ᠪᠣᠯᠬᠤ ᠲᠠᠷᠢᠮᠠᠯ ᠤᠨ ᠬᠢᠮᠢ ᠶᠢᠨ ᠪᠣᠷᠳᠣᠭᠤᠷ ᠪᠣᠯᠤᠨ ᠲᠠᠷᠢᠶᠠᠨ ᠡᠮ ᠬᠡᠷᠡᠭᠯᠡᠬᠦ | ᠬᠡᠮᠵᠢᠶ᠎ᠡ ᠶᠢᠨ ᠰᠥᠭᠡᠷᠭᠦ ᠨᠡᠮᠡᠭᠳᠡᠯ ᠢ ᠪᠡᠶᠡᠯᠡᠭᠦᠯᠦᠨ᠎ᠡ᠃ | ᠦᠨᠡᠨ ᠪᠤᠳᠠᠳᠠᠢ ᠠᠷᠭ᠎ᠠ ᠬᠡᠮᠵᠢᠶ᠎ᠡ ᠠᠪᠴᠤ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ | ᠨᠢᠮᠭᠡᠨ ᠮᠥᠰᠥᠨ ᠳᠡᠭᠡᠷ᠎ᠡ ᠬᠢᠰᠬᠢᠬᠦ ᠪᠣᠯᠭᠤᠮᠵᠢ᠂ ᠨᠠᠪᠴᠢ ᠶᠢ ᠦᠵᠡᠵᠦ ᠨᠠᠮᠤᠷ ᠢ ᠮᠡᠳᠡᠬᠦ ᠬᠤᠷᠴᠠ ᠰᠡᠷᠭᠡᠭ ᠢᠶᠠᠷ᠂ | ᠡᠯ᠎ᠡ ᠬᠦᠷᠢᠶᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠴᠠᠭ ᠢᠮᠠᠭᠳᠠ ᠳᠡᠭᠡᠳᠦ ᠬᠡᠮᠵᠢᠶ᠎ᠡ ᠪᠠᠷ ᠰᠡᠷᠡᠮᠵᠢᠯᠡᠨ | ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠥᠯᠥᠬᠦ | ᠶᠣᠰᠣᠲᠠᠢ ᠥᠷᠢ ᠥᠭᠴᠡᠭᠡ ᠶᠢ ᠠᠷᠭ᠎ᠠ ᠪᠦᠬᠦᠨ ᠢ ᠰᠦᠪᠡᠭᠴᠢᠯᠡᠨ ᠲᠥᠯᠥᠬᠦ ᠪᠠᠨ ᠲᠦᠷᠭᠡᠳᠬᠡᠵᠦ᠂ ᠥᠷᠢᠲᠦᠬᠦ | ᠶᠣᠰᠣ ᠦᠭᠡᠢ ᠥᠷᠢ ᠥᠭᠴᠡᠭᠡ ᠶᠢ ᠨᠢᠭᠡ ᠮᠥᠩᠭᠦ ᠨᠢᠭᠡ ᠮᠥᠬᠦᠯᠢᠭ ᠴᠦ ᠥᠷᠢᠲᠦᠬᠦ ᠦᠭᠡᠢ ᠪᠠᠶᠢᠵᠤ᠂ ᠡᠳ᠋ ᠤᠨ | ᠵᠠᠰᠠᠭ ᠤᠨ ᠲᠥᠰᠦᠪ ᠤᠨ ᠲᠣᠬᠢᠷᠠᠭᠤᠯᠤᠯᠲᠠ᠂ ᠥᠷᠢ ᠥᠭᠴᠡᠭᠡ ᠶᠢ ᠳᠠᠬᠢᠨ ᠲᠤᠬᠢᠷᠠᠭᠤᠯᠬᠤ᠂ ᠡᠳ᠋ ᠬᠥᠷᠥᠩᠭᠡ ᠡᠬᠢ | ᠪᠠᠶᠠᠯᠢᠭ ᠢ ᠠᠮᠢᠳᠤᠯᠢᠭ ᠪᠣᠯᠭᠠᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ᠂ ᠵᠠᠰᠠᠭ ᠤᠨ ᠣᠷᠳᠣᠨ ᠤ | ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠨ᠎ᠠ᠃ ᠤᠯᠤᠰ ᠤᠨ ᠦᠮᠴᠢᠯᠡᠯᠳᠦ | ᠠᠵᠤ ᠠᠬᠤᠶᠢᠯᠠᠯ ᠤᠨ ᠥᠷᠢ ᠥᠭᠴᠡᠭᠡ ᠶᠢᠨ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠥᠷᠢ ᠥᠭᠴᠡᠭᠡ ᠶᠢᠨ ᠭᠡᠷ᠎ᠡ ᠵᠥᠷᠢᠴᠡᠬᠦ | ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠮᠥᠩᠭᠦᠨ ᠬᠦᠢᠯᠭᠡᠭᠡᠨ ᠤ ᠬᠦᠷᠢᠶᠡᠨ ᠳᠠᠬᠢ ᠡᠮᠬᠢ | ᠵᠠᠮᠪᠠᠷᠠᠭ᠎ᠠ ᠦᠭᠡᠢ ᠦᠵᠡᠭᠳᠡᠯ ᠢ ᠵᠠᠰᠠᠬᠤ ᠶᠢ ᠠᠬᠢᠭᠤᠯᠵᠤ᠂ ᠰᠢᠰᠲ᠋ᠧᠮ ᠤᠨ ᠴᠢᠨᠠᠷᠲᠠᠶ ᠮᠥᠩᠭᠦᠨ ᠬᠦᠢᠯᠭᠡᠭᠡᠨ ᠤ | ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠬᠦ ᠬᠦᠴᠦᠨ ᠢ ᠴᠢᠩᠭᠠᠳᠬᠠᠵᠤ᠂ | ᠲᠣᠰᠬᠤᠨ ᠨᠢ ᠦᠵᠡᠰᠭᠦᠯᠡᠩ ᠠᠷᠠᠳ ᠨᠢ ᠴᠢᠨᠡᠭᠡᠯᠢᠭ ᠰᠢᠨ᠎ᠡ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ | ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠰᠢᠨ᠎ᠡ ᠴᠠᠭ ᠦᠶ᠎ᠡ ᠶᠢᠨ ︽ | ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠬᠢᠴᠠ ᠳᠤᠮᠳᠠ᠂ ᠬᠥᠳᠡᠭᠡ ᠲᠣᠰᠬᠤᠨ ᠢ ᠦᠵᠡᠰᠬᠦᠯᠡᠩᠲᠦ | ᠰᠠᠶᠢᠬᠠᠨ ᠪᠣᠯᠭᠠᠵᠤ᠂ ᠠᠵᠤ ᠦᠢᠯᠡᠰ ᠢ ᠬᠦᠴᠦᠷᠬᠡᠭᠵᠢᠭᠦᠯᠵᠦ᠂ ᠲᠠᠷᠢᠶᠠᠴᠢᠳ ᠢ ᠪᠠᠶᠠᠵᠢᠭᠤᠯᠤᠨ᠎ᠠ᠃ ᠬᠤᠳᠠ | ᠮᠠᠶ᠋ᠢᠭ ᠤᠨ ᠲᠠᠷᠢᠶᠠᠯᠠᠩ ᠢ ᠬᠥᠭᠵᠢᠭᠦᠯᠬᠦ ᠳᠤ ᠰᠠᠭᠤᠷᠢᠯᠠᠵᠤ᠂ ᠨᠢᠭᠡᠳᠦᠭᠡᠷ ᠠᠵᠤ ᠦᠢᠯᠡᠰ ᠪᠣᠯᠤᠨ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠯᠠᠮᠵᠢᠯᠠᠯᠲᠤ ᠲᠠᠷᠢᠶᠠᠯᠠᠩ ᠤᠨ | ᠤᠶᠤᠨᠳᠤ ᠲᠠᠷᠢᠶᠠᠯᠠᠩ᠂ ᠨᠠᠷᠢᠯᠢᠭ ᠲᠠᠷᠢᠶᠠᠯᠠᠩ᠂ ᠥᠨᠳᠥᠷ ᠦᠷ᠎ᠡ ᠠᠰᠢᠭᠲᠤ ᠲᠠᠷᠢᠶᠠᠯᠠᠩ ᠲᠡᠰᠢ ᠬᠥᠭᠵᠢᠬᠦ ᠶᠢ | ᠠᠬᠢᠭᠤᠯᠤᠨ᠎ᠠ᠃ ︽ᠰᠠᠶᠢᠨ ᠴᠢᠨᠠᠷ ᠤᠨ ᠠᠮᠤ ᠪᠤᠳᠠᠭᠠᠨ ᠤ ᠢᠨᠵᠧᠨᠧᠷᠢᠩ︾ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ 24 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠪᠠᠰᠠ 25 ᠲᠦᠮᠡᠨ ᠮᠥ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ ᠬᠡᠷᠡᠭᠵᠢᠭᠦᠯᠬᠦ ᠪᠠᠷ ᠴᠢᠷᠮᠠᠶᠢᠵᠤ᠂ ᠲᠠᠷᠢᠶᠠᠯᠠᠩ ᠤᠨ ᠰᠠᠭᠤᠷᠢ ᠶᠢ ᠪᠠᠬᠢᠵᠢᠭᠦᠯᠦᠨ᠎ᠡ᠃ ᠣᠳᠣ ᠶᠢᠨ ᠪᠠᠶᠢᠭ᠎ᠠ | ᠪᠡᠯᠡᠳᠬᠡᠮᠵᠢᠲᠦ ᠲᠠᠷᠢᠶᠠᠯᠠᠩ ᠤᠨ ᠰᠠᠭᠤᠷᠢᠨ ᠭᠠᠵᠠᠷ ᠢ ᠰᠠᠶᠢᠵᠢᠷᠠᠭᠤᠯᠤᠨ ᠦᠭᠡᠷᠡᠴᠢᠯᠡᠵᠦ᠂ ᠲᠠᠷᠢᠶᠠᠯᠠᠩ ᠮᠠᠯ ᠠᠵᠤ | ᠠᠬᠤᠢ ᠶᠢᠨ ᠪᠠᠷᠢᠮᠵᠢᠶᠠᠵᠢᠭᠰᠠᠨ᠂ ᠪᠣᠬᠢᠷᠲᠤᠯ ᠦᠭᠡᠢ᠂ ᠴᠢᠨᠠᠷᠵᠢᠭᠰᠠᠨ ᠬᠥᠭᠵᠢᠯᠲᠡ ᠶᠢ ᠲᠦᠯᠬᠢᠨ ᠠᠬᠢᠭᠤᠯᠵᠤ᠂ | ᠨᠢᠭᠡ ᠪᠦᠯᠦᠭ ᠳᠠᠪᠠᠭᠤᠯᠢᠭ ᠣᠨᠴᠠᠯᠢᠭᠲᠤ ᠲᠠᠷᠢᠮᠠᠯ ᠲᠠᠷᠢᠬᠤ ᠰᠠᠭᠤᠷᠢᠨ ᠭᠠᠵᠠᠷ ᠪᠠ ᠬᠡᠪᠴᠢᠶᠡᠵᠢᠭᠰᠡᠨ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ | ᠰᠡᠯᠡᠭᠦᠴᠡᠯ ᠠᠮᠠᠷᠠᠯᠲᠠ᠂ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠶᠡᠬᠡᠪᠡᠷ ᠬᠥᠭᠵᠢᠭᠦᠯᠵᠦ᠂ ᠳᠤᠮᠳᠠᠳᠤ ᠤᠯᠤᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ | ᠲᠣᠰᠬᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠰᠠᠶᠢᠳᠤᠷ ᠠᠳᠬᠤᠨ᠎ᠠ᠃ ᠨᠠᠷᠠᠲᠤ ᠰᠢᠯᠢᠳᠡᠭ | ᠣᠨᠴᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠭᠤᠷᠢᠨ ᠳᠤ᠂ ︽ᠴᠡᠯᠡᠭᠡᠷ ᠲᠠᠯ᠎ᠠ ᠶᠢᠨ ᠦᠨᠦᠷ ᠠᠮᠲᠠ︾ | ᠣᠷᠣᠨ ᠪᠦᠰᠡ ᠶᠢᠨ ᠣᠯᠠᠨ ᠨᠡᠶᠢᠲᠡ ᠶᠢᠨ ᠲᠥᠷᠥᠯ ᠲᠡᠮᠳᠡᠭᠲᠦ ᠶᠢ ᠬᠦᠴᠦ ᠪᠠᠨ ᠲᠦᠪᠯᠡᠷᠡᠭᠦᠯᠦᠨ ᠪᠤᠶᠢᠵᠢᠭᠤᠯᠵᠤ᠂ | ︽ᠤᠯᠠᠨ ᠨᠡᠶᠢᠲᠡ ᠳᠤ ᠬᠦᠳᠡᠭᠡ ᠠᠵᠤ ᠠᠬᠤᠢ ᠶᠢᠨ ᠪᠤᠬᠢᠷᠳᠤᠯ ᠦᠭᠡᠢ ᠪᠦᠲᠦᠭᠡᠭᠳᠡᠭᠦᠨ᠂ ᠪᠤᠬᠢᠷᠳᠤᠯ ᠦᠭᠡᠢ | ᠢᠳᠡᠭᠡᠨ᠂ ᠬᠦᠳᠡᠭᠡ ᠠᠵᠤ ᠠᠬᠤᠢ ᠶᠢᠨ ᠤᠷᠭᠠᠨᠢᠭ ᠪᠦᠳᠦᠭᠡᠭᠳᠡᠭᠦᠨ ᠪᠤᠯᠤᠨ ᠬᠦᠳᠡᠭᠡ ᠠᠵᠤ ᠠᠬᠤᠢ ᠶᠢᠨ | ᠪᠦᠳᠦᠭᠡᠭᠳᠡᠭᠦᠨ ᠤ ᠭᠠᠵᠠᠷ ᠵᠦᠢ ᠶᠢᠨ ᠢᠯᠡᠷᠭᠡᠶᠢᠯᠡᠯ︾᠂ ᠨᠠᠷᠠᠲᠤ ᠰᠢᠯᠢᠳᠡᠭ ᠣᠨᠴᠠ ᠭᠡᠷᠡᠴᠢᠯᠡᠯ ᠲᠠᠢ ᠠᠵᠤ | ᠠᠬᠤᠶᠢᠯᠠᠯ15 ᠶᠢ᠂ ᠪᠦᠲᠦᠭᠡᠭᠳᠡᠭᠦᠨ 45 ᠶᠢ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠤᠨ ᠦᠢᠯᠡᠳᠪᠦᠷᠢᠯᠡᠯ ᠪᠠ | ᠴᠢᠬᠤᠯᠠ ᠬᠤᠯᠢᠰᠢᠨ ᠢᠳᠡᠭᠡᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠤᠭᠲᠠᠪᠤᠷᠢᠵᠢᠭᠤᠯᠬᠤ ᠠᠵᠢᠯ ᠢ ᠰᠠᠶᠢᠲᠤᠷ | ᠠᠳᠬᠤᠨ᠎ᠠ᠃ ︽ᠬᠤᠯᠢᠰᠢᠨ ᠢᠳᠡᠭᠡᠨ︾ ᠤ ᠢᠨᠵᠧᠨᠧᠷᠢᠩ ᠢ ᠴᠢᠩᠭ᠎ᠠ ᠠᠳᠬᠤᠵᠤ᠂ ᠢᠳᠡᠰᠢᠨ ᠨᠣᠭᠤᠭ᠎ᠠ ᠶᠢᠨ | ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠵᠦ᠂ ᠡᠪᠦᠯ ᠬᠠᠪᠤᠷ ᠤᠨ ᠤᠯᠠᠷᠢᠯ᠂ | ᠵᠤᠨ ᠨᠠᠮᠤᠷ ᠤᠨ ᠤᠯᠠᠷᠢᠯ ᠤᠨ ᠨᠤᠲᠤᠭ ᠤᠨ ᠢᠳᠡᠰᠢᠨ ᠨᠣᠭᠤᠭ᠎ᠠ ᠶᠢᠨ ᠥᠪᠡᠷ ᠢ ᠪᠠᠨ ᠬᠠᠩᠭᠠᠬᠤ ᠨᠣᠷᠮ᠎ᠠ ᠶᠢ ᠲᠣᠰ | ᠲᠣᠰ 30% ᠪᠠ 60% ᠠᠴᠠ ᠳᠡᠭᠡᠭᠰᠢ ᠳᠤ ᠬᠦᠷᠦᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠤᠭᠤᠯᠠᠨ ᠰᠢᠷᠡᠭᠡ ᠶᠢ ᠨᠠᠩ ᠡᠯᠪᠡᠭ᠂ ᠨᠠᠩ ᠠᠶᠤᠯᠬᠦᠢ᠂ ᠨᠠᠩ ᠪᠤᠳᠠᠳᠤ ᠠᠰᠢᠭᠳᠠᠢ ᠪᠣᠯᠭᠠᠨ᠎ᠠ᠃ | ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ | ᠲᠣᠭᠠᠴᠢᠯᠠᠭᠰᠠᠨ ᠬᠥᠳᠡᠭᠡ ᠲᠣᠰᠬᠤᠨ ᠢ ᠲᠦᠷᠭᠡᠳᠭᠡᠨ ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠭᠵᠢᠭᠦᠯᠦᠨ᠎ᠡ᠃ ᠨᠡᠶᠢᠭᠡᠮ ᠤᠨ ᠬᠥᠷᠥᠩᠭᠡ ᠶᠢ ᠬᠥᠳᠡᠭᠡ ᠪᠠᠭᠤᠯᠭᠠᠬᠤ ᠶᠢ | ᠵᠣᠷᠢᠭᠵᠢᠭᠤᠯᠬᠤ ᠪᠠ ᠵᠢᠷᠤᠮᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠢᠲᠡᠭᠡᠮᠵᠢᠲᠦ ᠵᠢᠭᠡᠯᠡᠯᠭᠡ ᠶᠢᠨ | ᠪᠠᠳᠤᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠬᠦᠯᠦᠨ᠎ᠡ᠃ 500 ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠤᠮᠢᠯᠠᠭᠳᠠᠭᠴᠢ ᠶᠢ ᠰᠣᠩᠭᠤᠨ ᠤᠷᠢᠵᠤ ᠬᠥᠳᠡᠭᠡ ᠲᠤᠰᠬᠤᠨ ᠳᠤ ᠬᠦᠨᠵᠡᠭᠡᠶᠢᠷᠡᠭᠦᠯᠦᠨ᠂ | ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠪᠠ ᠠᠵᠤ ᠦᠢᠯᠡᠰ ᠢ ᠬᠦᠭᠵᠢᠬᠦᠯᠬᠦ | ᠦᠢᠯᠡᠴᠢᠯᠡᠭᠡ ᠶᠢ ᠦᠷᠨᠢᠭᠦᠯᠦᠨ᠎ᠡ᠃ ᠲᠤᠯᠤᠭᠠᠶᠢᠯᠠᠭᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠲᠠᠷᠢᠶᠠᠴᠢᠳ ᠤᠨ ᠬᠤᠷᠰᠢᠶ᠎ᠠ ᠶᠢ ᠵᠢᠷᠤᠮᠵᠢᠭᠤᠯᠤᠨ ᠳᠡᠭᠡᠭᠰᠢᠯᠡᠭᠦᠯᠵᠦ᠂ ᠲᠠᠷᠢᠶᠠᠴᠢᠨ ᠪᠠ ᠠᠵᠤ ᠠᠬᠤᠶᠢᠯᠠᠯ ᠤᠨ | ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠬᠦᠯᠦᠨ᠂ ᠨᠠᠩ ᠣᠯᠠᠨ ᠲᠠᠷᠢᠶᠠᠴᠢᠨ ᠡᠷᠦᠬᠡ ᠶᠢ | ᠬᠥᠲᠥᠯᠦᠨ ᠵᠢᠯᠣᠭᠤᠳᠴᠤ ᠠᠵᠤ ᠦᠢᠯᠡᠰ ᠤᠨ ᠬᠡᠯᠬᠢᠶ᠎ᠡ ᠳᠤ ᠣᠷᠣᠭᠤᠯᠤᠨ᠎ᠠ᠃ ᠡᠯ᠎ᠡ ᠲᠥᠷᠥᠯ ᠤᠨ | ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠬᠥᠳᠡᠭᠡ ᠪᠠᠭᠤᠵᠤ ᠠᠳᠠᠯ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠶᠢ ᠨᠢ ᠵᠣᠷᠢᠭᠵᠢᠭᠤᠯᠤᠨ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ᠂ ᠣᠲᠣ ᠦᠶ᠎ᠡ ᠶᠢᠨ | ᠵᠠᠯᠠᠭᠤ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠨ᠂ ᠬᠥᠳᠡᠭᠡ ᠲᠣᠰᠬᠤᠨ ᠤ ᠵᠠᠯᠠᠭᠤᠴᠤᠳ ᠤᠨ ᠠᠳᠠᠯ ᠦᠢᠯᠡᠰ | ᠴᠣᠭᠴᠠᠯᠠᠵᠤ ᠪᠡᠶᠡᠵᠢᠨ ᠴᠢᠨᠡᠭᠡᠯᠢᠭᠵᠢᠬᠦ ︽ᠲᠦᠷᠦᠭᠦᠴᠢ ᠭᠠᠯᠠᠭᠤ︾ ᠶᠢ 1100 ᠬᠥᠮᠦᠨ ᠠᠴᠠ ᠳᠡᠭᠡᠭᠰᠢ | ᠬᠦᠮᠦᠵᠢᠬᠦᠯᠵᠦ᠂ ᠰᠢᠨ᠎ᠡ ᠮᠠᠶ᠋ᠢᠭ ᠤᠨ ᠲᠠᠷᠢᠶᠠᠴᠢᠨ ᠢ ᠲᠠᠲᠠᠬᠤ ᠬᠦᠴᠦᠨ ᠢᠶᠠᠷ ᠪᠢᠯᠬᠠᠮ᠎ᠠ ᠠᠵᠢᠯ ᠮᠡᠷᠭᠡᠵᠢᠯ ᠪᠣᠯᠭᠠᠨ᠎ᠠ | ᠃ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠠᠭᠤᠯᠠ ᠨᠢ | ᠰᠠᠶᠢᠬᠠᠨ ᠤᠰᠤ ᠨᠢ ᠲᠤᠩᠭᠠᠯᠠᠭ᠂ ᠲᠩᠷᠢ ᠨᠢ ᠬᠥᠬᠡ ᠭᠠᠵᠠᠷ ᠨᠢ ᠨᠤᠭᠤᠭᠠᠨ᠂ ᠲᠣᠰᠬᠤᠨ ᠨᠢ ᠦᠵᠡᠰᠭᠦᠯᠡᠩ | ᠬᠥᠮᠦᠨ ᠨᠢ ᠡᠶ᠎ᠡ ᠲᠠᠢ ᠰᠢᠨ᠎ᠡ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠬᠤ ᠶᠢᠨ ᠲᠣᠭᠤᠷᠢᠨ ᠳᠤ᠂ ᠬᠥᠳᠡᠭᠡ | ᠲᠣᠰᠬᠤᠨ ᠤ ᠤᠷᠤᠰᠢᠨ ᠰᠠᠭᠤᠬᠤ ᠣᠷᠴᠢᠨ ᠨᠦᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶ | ᠠᠬᠢᠭᠤᠯᠵᠤ᠂ ᠬᠥᠳᠡᠭᠡ ᠲᠣᠰᠬᠤᠨ ᠤ ᠬᠤᠭ ᠨᠣᠪᠰᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠵᠢᠱᠢᠶ᠎ᠡ | ᠦᠵᠡᠭᠦᠯᠬᠦ ᠪᠠᠯᠭᠠᠰᠤ᠂ ᠵᠢᠱᠢᠶ᠎ᠡ ᠦᠵᠡᠭᠦᠯᠬᠦ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠪᠦᠷᠬᠦᠴᠡ ᠶᠢᠨ ᠨᠣᠷᠮ᠎ᠠ ᠶᠢ ᠲᠤᠰ ᠲᠤᠰ 80% ᠪᠠ 85% ᠠᠴᠠ ᠳᠡᠭᠡᠭᠰᠢ ᠳᠤ | ᠬᠦᠷᠦᠭᠦᠯᠦᠨ᠎ᠡ᠃ ︽ᠵᠣᠷᠯᠣᠩ ᠤᠨ ᠬᠤᠪᠢᠰᠬᠠᠯ︾ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ᠬᠡᠷᠡᠭᠵᠢᠭᠦᠯᠵᠦ᠂ 4.3 ᠲᠦᠮᠡᠨ ᠡᠷᠦᠬᠡ ᠶᠢᠨ ᠵᠣᠷᠯᠣᠩ ᠢ ᠥᠭᠡᠷᠡᠴᠢᠯᠡᠨ ᠰᠢᠨᠡᠳᠬᠡᠬᠦ ᠶᠢ | ᠪᠡᠶᠡᠯᠡᠭᠦᠯᠦᠨ᠎ᠡ᠃ ᠮᠠᠯ ᠵᠢᠭᠦᠷᠲᠡᠨ ᠢ ᠲᠡᠵᠢᠭᠡᠨ ᠦᠷᠡᠵᠢᠬᠦᠯᠬᠦ ᠳᠤ ᠢᠯᠭᠠᠳᠠᠰᠤ ᠶᠢ ᠨᠢ ᠡᠬᠢ ᠪᠠᠶᠠᠯᠢᠭᠵᠢᠭᠤᠯᠵᠤ | ᠶᠡᠷᠦᠩᠬᠡᠶᠢᠯᠡᠭᠰᠡᠨ ᠠᠰᠢᠭᠯᠠᠬᠤ ᠨᠤᠷᠮ᠎ᠠ ᠶᠢ 75% ᠠᠴᠠ ᠲᠡᠭᠡᠭᠰᠢ ᠳᠤ ᠬᠦᠷᠦᠭᠦᠯᠦᠨ᠎ᠡ᠃ ᠠᠶᠢᠯ ᠲᠣᠰᠬᠤᠨ ᠤ | ᠨᠣᠭᠤᠭᠠᠷᠠᠭᠤᠯᠤᠯᠲᠠ ᠶᠢᠨ ᠨᠣᠷᠮ᠎ᠠ ᠶᠢ 30% ᠠᠴᠠ ᠳᠡᠭᠡᠭᠰᠢ ᠳᠤ ᠬᠦᠷᠦᠭᠦᠯᠦᠨ᠎ᠡ᠃ ᠬᠥᠳᠡᠭᠡ ᠲᠣᠰᠬᠤᠨ ᠤ | ᠵᠠᠰᠠᠮᠠᠯ ᠵᠠᠮ ᠤᠨ ︽ᠵᠠᠮ ᠤᠨ ᠳᠠᠷᠤᠭ᠎ᠠ ᠶᠢᠨ ᠲᠦᠷᠢᠮ︾ ᠤᠨ ᠲᠤᠷᠰᠢᠯᠲᠠ ᠶᠢᠨ ᠴᠡᠭ ᠢ ᠥᠷᠨᠢᠭᠦᠯᠵᠦ᠂ ᠬᠥᠳᠡᠭᠡ | ᠲᠣᠰᠬᠤᠨ ᠤ ᠵᠠᠰᠠᠮᠠᠯ ᠵᠠᠮ ᠢ 143 ᠺᠢᠯᠣᠮᠧᠲᠷ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ | ᠳᠥᠷᠪᠡᠨ ᠰᠠᠶᠢᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ 2 ᠢ ᠴᠤᠭᠴᠠᠯᠠᠨ | ᠪᠠᠶᠢᠭᠤᠯᠤᠨ᠎ᠠ᠃ | ︵ᠳᠥᠷᠪᠡ︶ ᠬᠤᠲᠠ ᠶᠢᠨ ᠠᠭᠤᠯᠤᠭᠳᠠᠬᠤᠨ ᠤ ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂ ᠬᠤᠲᠠ ᠶᠢᠨ | ᠴᠢᠳᠠᠪᠤᠷᠢ ᠴᠢᠨᠠᠷ ᠲᠡᠰ ᠢ ᠳᠡᠭᠡᠭᠰᠢᠯᠡᠭᠦᠯᠦᠨ᠎ᠡ | ᠬᠤᠲᠠ ᠶᠢ ᠨᠠᠷᠢᠨ ᠨᠢᠮᠪᠠᠶ ᠲᠥᠯᠥᠪᠵᠢᠭᠦᠯᠦᠨ᠎ᠡ᠃ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ | ᠬᠤᠲᠠ ᠶᠢ ᠪᠦᠲᠦᠭᠡᠨ ᠪᠠᠶᠢᠭᠤᠯᠬᠤ ᠪᠠᠶᠢᠷᠢ ᠲᠣᠭᠲᠠᠭᠠᠯᠲᠠ ᠶᠢᠨ ᠲᠤᠭᠤᠷᠢᠨ ᠳᠤ᠂ ᠨᠡᠮᠡᠭᠳᠡᠯ ᠤᠨ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠥᠮᠦᠨ ᠠᠮᠠ ᠡᠬᠢ ᠪᠠᠶᠠᠯᠢᠭ ᠣᠷᠴᠢᠨ ᠲᠣᠭᠤᠷᠢᠨ ᠬᠠᠷᠢᠯᠴᠠᠨ | ᠲᠡᠩᠴᠡᠭᠦᠷᠢᠲᠡᠶ᠂ ᠠᠵᠤ ᠠᠬᠤᠶ ᠨᠡᠶᠢᠭᠡᠮ ᠠᠮᠢ ᠠᠬᠤᠢ ᠶᠢᠨ ᠦᠷ᠎ᠡ ᠠᠰᠢᠭ ᠬᠠᠷᠢᠯᠴᠠᠨ ᠨᠢᠭᠡᠳᠦᠯᠲᠡᠶ ᠪᠠᠶᠢᠬᠤ ᠶᠢ | ᠪᠠᠷᠢᠮᠳᠠᠯᠠᠵᠤ ᠂ ᠣᠷᠣᠨ ᠵᠠᠶ ᠬᠦᠷᠢᠶ᠎ᠡ ᠬᠡᠪᠴᠢᠶ᠎ᠡ ᠠᠵᠤ ᠦᠢᠯᠡᠰ ᠭᠤᠷᠪᠠᠨ ᠶᠡᠭᠡ ᠪᠦᠲᠦᠴᠡ᠂ ᠦᠢᠯᠡᠳᠪᠦᠷᠢᠯᠡᠯ | ᠠᠮᠢᠳᠤᠷᠠᠯ ᠠᠮᠢ ᠠᠬᠤᠶ ᠭᠤᠷᠪᠠᠨ ᠶᠡᠭᠡ ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠦᠪᠯᠡᠨ᠂ ᠪᠠᠷᠠᠯᠠᠯ ᠢ | ᠳᠣᠪᠤᠶᠢᠯᠭᠠᠨ᠂ ᠵᠠᠢ ᠦᠯᠡᠳᠡᠭᠡᠬᠦ ᠶᠢ ᠴᠢᠬᠤᠯᠠᠴᠢᠯᠠᠵᠤ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ | ᠶᠡᠷᠦᠩᠬᠡᠶ ᠲᠥᠯᠥᠪᠵᠢᠭᠦᠯᠭᠡ ᠶᠢ ᠴᠢᠨᠠᠷ ᠰᠠᠶᠢᠲᠠᠢ ᠨᠠᠶᠢᠷᠠᠭᠤᠯᠤᠨ ᠵᠣᠬᠢᠶᠠᠵᠤ᠂ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ︽ᠨᠢᠭᠡ ᠵᠢᠷᠤᠭ︾ ᠢ ᠪᠤᠢ ᠪᠣᠯᠭᠠᠵᠤ᠂ ︽ᠣᠯᠠᠨ | ᠲᠥᠯᠥᠪᠵᠢᠭᠦᠯᠭᠡ ᠶᠢ ᠨᠢᠭᠡᠳᠬᠡᠬᠦ︾ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠬᠢᠨᠠᠨ ᠵᠥᠪᠰᠢᠶᠡᠷᠡᠬᠦ | ᠰᠢᠰᠲ᠋ᠧᠮᠵᠢ ᠶᠢ ᠪᠠᠶᠢᠭᠤᠯᠤᠨ᠎ᠠ᠃ ᠰᠣᠳᠣᠨ ᠪᠦᠲᠦᠭᠡᠯ ᠤᠨ ᠣᠶᠢᠯᠠᠭᠠᠭᠳᠠᠬᠤᠨ ᠢ ᠬᠤᠲᠠ ᠶᠢᠨ ᠵᠢᠷᠤᠭ | ᠲᠥᠯᠥᠪᠯᠡᠭᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠤᠲᠠ ᠶᠢᠨ ᠣᠷᠣᠨ ᠵᠠᠶ ᠶᠢᠨ ᠪᠡᠶᠡᠲᠦ ᠴᠢᠨᠠᠷ᠂ | ᠬᠠᠪᠲᠠᠭᠠᠶ ᠶᠢᠨ ᠵᠣᠬᠢᠴᠠᠩᠭᠤᠶ ᠴᠢᠨᠠᠷ᠂ ᠳᠦᠷᠢ ᠲᠥᠷᠬᠦ ᠶᠢᠨ ᠪᠦᠬᠦᠯᠢ ᠴᠣᠭᠴᠠᠲᠤ ᠴᠢᠨᠠᠷ᠂ ᠰᠣᠶᠣᠯ ᠤᠨ | ᠰᠤᠳᠠᠰᠤᠨ ᠤ ᠦᠷᠭᠦᠯᠵᠢᠯᠡᠭᠰᠡᠨ ᠴᠢᠨᠠᠷ ᠪᠦᠬᠦᠢ ᠲᠥᠯᠥᠪᠵᠢᠭᠦᠯᠭᠡ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ | ᠲᠠᠯ᠎ᠠ ᠨᠤᠲᠤᠭ ᠤᠨ ᠬᠤᠳᠠ᠂ ᠪᠣᠭᠤᠮᠲᠠ ᠶᠢᠨ ᠭᠠᠳᠠᠨᠠᠬᠢ ᠬᠦᠬᠡᠬᠤᠲᠠ ᠲᠠᠢ ᠨᠡᠶᠢᠴᠡᠭᠰᠡᠨ ᠪᠠᠷᠢᠯᠭ᠎ᠠ ᠶᠢᠨ ᠬᠡᠪ ᠨᠠᠮᠪᠠ | ᠪᠠ ᠬᠤᠳᠠ ᠶᠢᠨ ᠲᠦᠷᠢ ᠲᠦᠷᠬᠦ ᠶᠢ ᠪᠦᠷᠢᠯᠳᠦᠭᠦᠯᠵᠦ᠂ ᠬᠤᠳᠠ ᠶᠢ ᠨᠡᠩ ᠦᠡᠭᠭᠡ ᠪᠤᠳᠤᠭ ᠲᠠᠢ᠂ ᠥᠪᠡᠷᠮᠢᠴᠡ | ᠣᠨᠴᠠᠯᠢᠭ ᠲᠠᠢ᠂ ᠲᠤᠳᠤᠭᠠᠳᠤ ᠠᠭᠤᠯᠤᠭᠳᠠᠬᠤᠨ ᠲᠠᠢ ᠪᠣᠯᠭᠠᠨ᠎ᠠ᠃ | ᠬᠤᠲᠠ ᠶᠢ ᠨᠠᠷᠢᠯᠢᠭ ᠪᠦᠲᠦᠭᠡᠨ ᠪᠠᠶᠢᠭᠤᠯᠤᠨ᠎ᠠ᠃ ᠬᠤᠲᠠ ᠶᠢᠨ ᠳᠠᠭᠠᠭᠠᠴᠠ᠂ ᠳᠠᠶᠢᠴᠢᠯᠠᠬᠤ ᠬᠦᠴᠦᠨ ᠪᠠ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠭᠦᠯᠬᠦ ᠶᠢᠨ ᠲᠣᠭᠤᠷᠢᠨ ᠳᠤ᠂ ᠬᠤᠲᠠ ᠶᠢᠨ ᠪᠦᠲᠦᠭᠡᠨ | ᠪᠠᠶᠢᠭᠤᠯᠤᠯᠲᠠ ᠪᠠ ᠬᠤᠲᠠ ᠶᠢᠨ ᠰᠢᠨᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨ᠎ᠡ ᠨᠢᠰᠬᠡᠯ ᠤᠨ | ᠪᠠᠭᠤᠳᠠᠯ᠂ ᠬᠦᠬᠡᠬᠤᠲᠠ ᠪᠠ ᠯᠢᠶᠠᠩᠴᠧᠩ ᠰᠢᠶᠠᠨ ᠤ ᠬᠤᠭᠤᠷᠤᠨᠳᠤᠬᠢ ᠲᠦᠷᠭᠡᠨ ᠤ ᠵᠠᠮ᠂ ᠮᠤᠵᠢ ᠶᠢᠨ ᠵᠠᠮ ᠤᠨ | 311 ᠱᠤᠭᠤᠮ ᠤᠨ ᠦᠴᠤᠸᠠᠨ ᠠᠴᠠ ᠶᠠᠩ ᠱᠣ᠋ ᠪᠠ ᠬᠦᠷᠬᠦ ᠵᠠᠰᠠᠮᠠᠯ ᠵᠠᠮ ᠤᠨ ᠲᠥᠷᠥᠯ ᠵᠦᠢᠯ ᠢ ᠠᠵᠢᠯ | ᠡᠬᠢᠯᠡᠭᠦᠯᠵᠦ᠂ ᠤᠯᠤᠰ ᠤᠨ ᠵᠠᠮ ᠤᠨ 209 ᠱᠤᠭᠤᠮ ᠤᠨ ᠦᠴᠤᠸᠠᠨ ᠠᠴᠠ ᠬᠥᠬᠡᠬᠤᠲᠠ ᠬᠦᠷᠬᠦ ᠵᠠᠮ ᠤᠨ ᠳᠠᠯᠠᠨ | ᠬᠠᠷ᠎ᠠ ᠠᠭᠤᠯᠠ ᠶᠢᠨ ᠨᠦᠬᠡᠨ ᠵᠠᠮ ᠵᠢᠴᠢ ᠵᠠᠯᠭᠠᠪᠤᠷᠢ ᠢᠨᠵᠧᠨᠧᠷᠢᠩ᠂ ᠮᠧᠲᠷᠤ᠋ ᠶᠢᠨ 2 ᠳ᠋ᠤᠭᠠᠷ ᠱᠤᠭᠤᠮ᠂ ᠶᠢᠨ ᠬᠠᠢ | ᠵᠠᠮ ᠵᠢᠴᠢ ᠪᠠᠶᠠᠨ ᠵᠠᠮ ᠤᠨ ᠥᠨᠳᠥᠷ ᠬᠥᠭᠦᠷᠭᠡ᠂ ᠵᠤᠤ ᠤᠳᠠ ᠵᠢᠷᠢᠮ ᠵᠠᠮ ᠤᠨ ᠰᠠᠶᠢᠵᠢᠷᠠᠭᠤᠯᠤᠨ ᠥᠭᠡᠷᠡᠴᠢᠯᠡᠬᠦ | ᠢᠨᠵᠧᠨᠧᠷᠢᠩ ᠢ ᠪᠠᠶᠢᠭᠤᠯᠵᠤ᠂ ᠵᠠᠮ ᠢ ᠠᠯᠢ ᠲᠦᠷᠭᠡᠨ ᠢᠶᠠᠷ ᠠᠷᠠᠳ ᠲᠤ ᠪᠤᠴᠠᠭᠠᠨ᠎ᠠ᠃ ᠬᠥᠬᠡᠬᠤᠲᠠ ᠪᠤᠭᠤᠲᠤ᠂ | ᠬᠥᠬᠡᠬᠤᠲᠠ ᠣᠷᠳᠣᠰ ᠤᠨ ᠬᠤᠲᠠ ᠶᠢᠨ ᠬᠤᠭᠤᠷᠣᠨᠳᠣᠬᠢ ᠲᠡᠮᠦᠷ ᠵᠠᠮ᠂ ᠬᠦᠬᠡᠬᠤᠲᠠ — ᠱᠦᠸᠧᠵᠸᠦ — | ᠲᠠᠶᠢᠶᠤᠸᠠᠨ ᠤ ᠲᠡᠮᠦᠷ ᠵᠠᠮ ᠤᠨ ᠲᠥᠷᠥᠯ ᠵᠦᠢᠯ ᠢ ᠰᠢᠨ᠎ᠡ ᠴᠠᠭ ᠦᠶ᠎ᠡ ᠶᠢᠨ ᠤᠷᠲᠤᠪᠲᠤᠷ ᠪᠠ ᠤᠷᠲᠤ | ᠬᠤᠭᠤᠴᠠᠭᠠᠨ ᠤ ᠲᠡᠮᠦᠷ ᠵᠠᠮ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ ᠣᠷᠣᠨ ᠰᠠᠭᠤᠴᠠ ᠶᠢᠨ | ᠬᠤᠷᠢᠶᠠᠯᠠᠯ ᠳᠤ ᠨᠠᠰᠤᠵᠢᠯ ᠤᠨ ᠠᠰᠠᠷᠠᠮᠵᠢ᠂ ᠬᠡᠦᠬᠡᠳ ᠤᠨ ᠰᠤᠷᠭᠠᠨ ᠬᠥᠮᠦᠵᠢᠯ᠂ ᠲᠡᠷᠭᠡᠨ ᠵᠤᠭᠰᠤᠭᠠᠯ ᠵᠡᠷᠭᠡ | ᠪᠡᠯᠡᠳᠭᠡᠮᠵᠢ ᠶᠢ ᠲᠤᠬᠢᠷᠠᠭᠤᠯᠤᠨ ᠪᠠᠶᠢᠭᠤᠯᠬᠤ ᠱᠠᠭᠠᠷᠳᠠᠯᠭ᠎ᠠ ᠶᠢ ᠴᠢᠩᠳᠠ ᠨᠠᠶᠢᠳᠠᠪᠤᠷᠢᠵᠢᠭᠤᠯᠵᠤ᠂ ᠬᠤᠳᠠᠯᠳᠤᠭᠠᠨ ᠤ | ᠲᠣᠣᠷ ᠴᠡᠭ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ᠂ | ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠯᠠᠪᠤᠷ ᠢ ᠵᠦᠢ ᠵᠣᠬᠢᠰᠲᠠᠢ ᠪᠠᠶᠢᠷᠢᠯᠠᠭᠤᠯᠵᠤ᠂ 821 ᠬᠠᠭᠤᠴᠢᠨ | ᠬᠤᠷᠢᠶᠠᠯᠠᠯ ᠤᠨ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ ᠵᠢᠴᠢ ᠬᠤᠶᠠᠳᠤᠭᠠᠷ ᠤᠳᠠᠭᠠᠨ ᠤ ᠤᠰᠤ | ᠬᠠᠩᠭᠠᠬᠤ ᠪᠡᠯᠡᠳᠭᠡᠮᠵᠢ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 95 ᠺᠢᠯᠤᠮᠧᠲᠷ ᠤᠨ ᠬᠠᠭᠤᠴᠢᠨ | ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ ᠰᠢᠨᠡᠳᠬᠡᠨ ᠦᠭᠡᠷᠡᠴᠢᠯᠡᠵᠦ᠂ ᠬᠤᠲᠠ ᠶᠢᠨ ᠣᠷᠣᠰᠢᠨ ᠰᠠᠭᠤᠬᠤ ᠳᠤ | ᠲᠣᠬᠢᠷᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠤᠲᠠ ᠶᠢ ᠨᠠᠷᠢᠯᠢᠭ ᠬᠠᠮᠢᠶᠠᠷᠤᠨ᠎ᠠ᠃ ᠠᠷᠠᠳ ᠲᠦᠮᠡᠨ ᠤ ᠬᠤᠳᠠ ᠠᠷᠠᠳ ᠲᠦᠮᠡᠨ ᠤ ᠲᠥᠯᠥᠭᠡ ᠵᠢᠳᠬᠦᠬᠦ ᠶᠢ | ᠪᠠᠷᠢᠮᠲᠠᠯᠠᠵᠤ᠂ ᠬᠤᠸᠠᠷ ᠬᠠᠳᠬᠤᠬᠤ ᠤᠷ᠎ᠠ ᠴᠢᠳᠠᠪᠤᠷᠢ ᠪᠠᠷ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠪᠠᠷᠢᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ | ᠪᠦᠷᠢᠨᠰᠢᠬᠦᠯᠦᠨ ᠲᠡᠭᠦᠯᠳᠡᠷᠵᠢᠬᠦᠯᠦᠨ᠎ᠡ᠃ ᠵᠠᠮ ᠤᠨ ᠲᠦᠭᠵᠢᠷᠡᠯ ᠢ ᠰᠢᠯᠤᠭᠤᠳᠬᠠᠵᠤ ᠰᠠᠭᠠᠳ ᠦᠭᠡᠢ ᠶᠢ ᠪᠠᠳᠤᠯᠠᠬᠤ | ᠠᠵᠢᠯ ᠢ ᠦᠷᠭᠦᠯᠵᠢᠯᠡᠨ ᠠᠬᠢᠭᠤᠯᠵᠤ᠂ ᠵᠠᠮ ᠤᠨ ᠲᠦᠭᠵᠢᠷᠡᠯ ᠤᠨ ᠴᠡᠭ᠂ ᠵᠠᠮ ᠮᠠᠯᠲᠠᠬᠤ ᠪᠠᠷᠢᠯᠭ᠎ᠠ᠂ ᠲᠣᠭᠲᠠᠩᠭᠤᠶ | ᠵᠠᠮ ᠬᠠᠷᠢᠯᠴᠠᠭᠠᠨ ᠤ ᠬᠠᠮᠢᠶᠠᠷᠤᠯᠲᠠ᠂ ᠨᠡᠶᠢᠲᠡ ᠶᠢᠨ ᠵᠠᠮ ᠬᠠᠷᠢᠯᠴᠠᠭ᠎ᠠ ᠶᠢ ᠣᠷᠢᠳᠠᠪᠡᠷ ᠲᠠᠯᠪᠢᠬᠤ᠂ | ᠪᠣᠯᠪᠠᠰᠤᠨ ᠰᠠᠭᠠᠳ ᠥᠬᠡᠶ ᠠᠶᠠᠯᠠᠬᠤ ᠲᠠᠪᠤᠨ ᠶᠡᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ | ᠬᠤᠲᠠ ᠶᠢᠨ ᠠᠷᠠᠳ ᠢ ᠵᠠᠮ ᠲᠦᠭᠵᠢᠷᠡᠬᠦ ᠥᠬᠡᠶ᠂ ᠰᠡᠳᠬᠢᠯ ᠲᠦᠭᠵᠢᠬᠦ ᠥᠬᠡᠶ ᠪᠠᠶᠢᠯᠭᠠᠬᠤ ᠪᠠᠷ ᠴᠢᠷᠮᠠᠶᠢᠨ᠎ᠠ᠃ | ᠠᠳᠠᠯ ᠠᠬᠤᠶ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠬᠤᠷᠢᠶᠠᠯᠠᠯ ᠤᠨ ᠠᠳᠠᠯ ᠠᠬᠤᠢ ᠶᠢᠨ | ᠬᠠᠮᠢᠶᠠᠷᠤᠯᠲᠠ ᠶᠢ ︽ᠨᠡᠶᠢᠲᠡᠮ ᠳᠤᠨᠢ ᠪᠦᠷᠬᠦᠭᠦᠯᠬᠦ︾ ᠪᠠ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠲᠦᠪᠰᠢᠨ ᠢ | ᠶᠡᠬᠡᠪᠡᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠨ ᠰᠢᠢᠳᠪᠦᠷᠢᠯᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ ᠬᠤᠲᠠ ᠶᠢᠨ ᠶᠠᠪᠤᠳᠠᠯ ᠤᠨ | ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠠᠶᠤᠯᠬᠦᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ | ᠪᠠᠶᠢᠴᠠᠭᠠᠨ ᠵᠠᠰᠠᠬᠤ ᠪᠠ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠬᠦᠯᠵᠦ᠂ ᠡᠯ᠎ᠡ ᠲᠥᠷᠥᠯ ᠤᠨ | ᠪᠡᠯᠡᠳᠬᠡᠮᠵᠢ ᠶᠢᠨ ᠴᠢᠳᠠᠮᠵᠢ ᠨᠢ ᠪᠦᠷᠢᠨ ᠲᠡᠭᠦᠯᠳᠡᠷ᠂ ᠬᠠᠮᠢᠶᠠᠷᠤᠯᠲᠠ ᠨᠢ ᠡᠮᠬᠢ ᠵᠢᠷᠤᠮ ᠲᠠᠢ᠂ ᠠᠵᠢᠯᠯᠠᠭᠠᠨ ᠨᠢ | ᠠᠶᠤᠯᠭᠦᠢ ᠪᠠᠶᠢᠬᠤ ᠶᠢ ᠪᠠᠳᠤᠯᠠᠨ᠎ᠠ᠃ ᠬᠡᠰᠡᠭᠴᠢᠯᠡᠭᠰᠡᠨ ᠭᠠᠯ ᠤᠨᠲᠠᠷᠠᠭᠠᠬᠤ ᠥᠷᠲᠡᠭᠡ᠂ ᠣᠨᠴᠠ ᠡᠭᠦᠷᠭᠡ | ᠬᠦᠢᠴᠡᠳᠭᠡᠬᠦ ᠭᠤᠷᠪᠠᠳᠤᠭᠠᠷ ᠰᠠᠯᠪᠤᠷᠢ ᠠᠩᠭᠢ ᠶᠢᠨ ᠭᠠᠯ ᠤᠨᠲᠠᠷᠠᠭᠠᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠦᠨ ᠬᠡᠷᠡᠭᠵᠢᠭᠦᠯᠵᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ | ᠂ ︽ᠢᠨᠲ᠋ᠧᠷ ᠰᠦᠯᠵᠢᠶ᠎ᠡ + ᠬᠤᠲᠠ ᠶᠢᠨ ᠵᠠᠰᠠᠯᠲᠠ︾ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠪᠦᠬᠦ ᠬᠤᠲᠠ ᠶᠢᠨ | ᠨᠢᠭᠡᠳᠦᠯᠲᠡᠢ ᠤᠶᠤᠨᠲᠤ ᠬᠤᠲᠠ ᠶᠢᠨ ᠵᠢᠯᠣᠭᠤᠳᠤᠨ ᠡᠵᠡᠩᠨᠡᠬᠦ ᠲᠥᠪ ᠢ ᠪᠠᠶᠢᠭᠤᠯᠵᠤ᠂ ︽ᠬᠤᠲᠠ ᠶᠢᠨ ᠶᠡᠭᠡ | ᠲᠠᠷᠢᠬᠢ︾ ᠶᠢ ᠬᠡᠷᠡᠭᠯᠡᠨ ᠬᠤᠲᠠ ᠶᠢ ᠨᠠᠩ ᠰᠡᠴᠡᠨ᠂ ᠨᠠᠩ ᠤᠶᠤᠨᠳᠤ ᠪᠣᠯᠭᠠᠨ᠎ᠠ᠃ | ︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠲᠠᠯ᠎ᠠ ᠨᠤᠲᠤᠭ ᠤᠨ ᠦᠵᠡᠰᠬᠦᠯᠡᠩᠲᠦ | ᠰᠠᠶᠢᠬᠠᠨ ᠬᠤᠲᠠ ᠶᠢ ᠪᠠᠶᠢᠭᠤᠯᠤᠨ᠎ᠠ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ᠨᠠᠩ ᠴᠢᠬᠤᠯᠠ ᠪᠠᠶᠢᠷᠢᠨ ᠳᠤ | ᠲᠠᠯᠪᠢᠵᠤ᠂ ᠬᠠᠲᠤᠨ ᠭᠤᠤᠯ ᠢ ᠠᠷᠠᠳ ᠲᠦᠮᠡᠨ ᠳᠤ ᠪᠤᠶᠠᠨ ᠦᠢᠯᠡᠳᠬᠦ ︽ᠵᠢᠷᠭᠠᠯ ᠤᠨ ᠭᠤᠤᠯ︾ ᠪᠣᠯᠭᠠᠨ᠎ᠠ᠃ | ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠣᠷᠴᠢᠨ ᠲᠤᠭᠤᠷᠢᠨ ᠢ ᠵᠠᠰᠠᠬᠤ ᠶᠢ | ᠴᠢᠩᠭᠠᠳᠬᠠᠬᠤ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠲᠠᠪᠤᠨ | ᠵᠢᠯ ᠤᠨ ᠲᠦᠯᠦᠪᠵᠢᠬᠦᠯᠭᠡ ᠶᠢᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠨᠠᠯᠠᠤ ᠲᠠᠷᠢᠶᠠᠨ ᠭᠠᠵᠠᠷ ᠤᠨ ᠬᠥᠷᠥᠰᠥ | ᠰᠢᠷᠣᠶ ᠶᠢᠨ ᠤᠷᠤᠰᠬᠠᠭᠳᠠᠯ ᠢ ᠵᠠᠰᠠᠬᠤ᠂ ᠬᠠᠲᠤᠨ ᠭᠤᠤᠯ ᠳᠠᠭᠠᠤ ᠶᠢᠨ ᠠᠮᠢ ᠠᠬᠤᠢ ᠶᠢᠨ ᠬᠤᠩᠭᠢᠯ ᠤᠨ ᠪᠥᠲᠥᠭᠡᠨ | ᠪᠠᠶᠢᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ᠬᠠᠳᠤᠨ ᠭᠤᠣᠯ ᠳᠤ ᠤᠷᠤᠬᠤ ᠬᠡᠰᠡᠭ ᠤᠨ | ᠤᠭᠳᠤᠯᠤᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠬᠦ ᠶᠢ ᠴᠢᠩᠭᠠᠳᠬᠠᠵᠤ᠂ ᠲᠤᠭᠲᠠᠭᠤᠨ ᠢᠶᠠᠷ ᠪᠠᠷᠢᠮᠵᠢᠶ᠎ᠠ ᠳᠤ | ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠠᠷ᠎ᠠ ᠤᠰᠤ᠂ ᠡᠮᠦᠨ᠎ᠡ ᠨᠠᠭᠤᠷ ᠤᠨ | ᠨᠤᠭᠤ ᠭᠠᠵᠠᠷ ᠵᠡᠷᠭᠡ ᠤᠰᠤᠨ ᠤ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠢ ᠡᠬᠢᠯᠡᠭᠦᠯᠦᠨ᠎ᠡ᠃ ᠬᠠᠯᠢᠭᠤᠲᠤ | ᠤᠰᠤᠨ ᠴᠥᠭᠦᠷᠥᠮ ᠤᠨ ᠨᠤᠭᠤ ᠭᠠᠵᠠᠷ ᠤᠨ ᠠᠮᠢ ᠠᠬᠤᠢ᠂ ᠶᠡᠭᠡ ᠲᠦᠷᠭᠡᠨ ᠭᠤᠣᠯ ᠤᠨ ᠬᠠᠭᠤᠴᠢᠨ ᠵᠠᠮ ᠤᠨ | ᠵᠣᠬᠢᠶᠠᠮᠠᠯ ᠨᠤᠭᠤ ᠭᠠᠵᠠᠷ ᠢ ᠴᠡᠪᠡᠷᠰᠢᠭᠦᠯᠬᠦ ᠢᠨᠵᠧᠨᠧᠷᠢᠩ ᠢ ᠠᠬᠢᠭᠤᠯᠤᠨ᠎ᠠ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠤᠷᠲᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ | ᠲᠠᠪᠤᠨ ᠲᠤᠷ᠎ᠠ ᠪᠠᠷ ᠢᠶᠠᠨ ᠢ ᠠᠷᠢᠯᠭᠠᠬᠤ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠤᠰᠤᠨ ᠤ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠰᠠᠶᠢᠨ ᠰᠠᠶᠢᠬᠠᠨ ᠤᠰᠤᠨ ᠤ ᠠᠮᠢ ᠠᠬᠤᠢ ᠶᠢ ᠬᠠᠮᠠᠭᠠᠯᠠᠨ᠎ᠠ᠃ | ᠶᠡᠭᠡ ᠬᠡᠪᠴᠢᠶᠡᠨ ᠤ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠭᠦᠨᠵᠡᠭᠡᠶ ᠥᠷᠨᠢᠭᠦᠯᠵᠦ᠂ ᠨᠣᠭᠤᠭᠠᠨ | ᠥᠩᠭᠡ ᠶᠢ ᠠᠮᠢ ᠠᠬᠤᠶ ᠶᠢᠨ ᠬᠦᠬᠡᠬᠤᠲᠠ ᠶᠢᠨ ︽ᠬᠠᠮᠤᠭ ᠤᠨ ᠭᠤᠶᠣ ᠳᠡᠪᠢᠰᠬᠡᠷ ᠥᠩᠭᠡ︾ ᠪᠣᠯᠭᠠᠨ᠎ᠠ᠃ ︽ | ᠳᠠᠯᠠᠨ ᠬᠠᠷ᠎ᠠ ᠶᠢ ᠨᠣᠭᠤᠭᠠᠷᠠᠭᠤᠯᠵᠤ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠠᠮᠢ ᠠᠬᠤᠶ ᠶᠢᠨ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ | ᠠᠬᠤᠶ ᠶᠢᠨ ᠰᠣᠶᠣᠯ ᠵᠢᠭᠤᠯᠴᠢᠯᠠᠯ ᠤᠨ ᠣᠷᠣᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠴᠡᠯᠡᠭᠡᠷ | ᠲᠠᠯ᠎ᠠ ᠶᠢᠨ ᠠᠮᠢ ᠠᠬᠤᠶ ᠶᠢᠨ ᠬᠥᠨᠳᠡᠶ ᠶᠢ ᠡᠬᠢᠯᠡᠨ ᠪᠠᠶᠢᠭᠤᠯᠵᠤ᠂ ︽ᠬᠥᠬᠡ ᠤᠭᠲᠠᠷᠭᠤᠢ ᠴᠡᠩᠭᠡᠷᠯᠡᠭᠡᠳ | ᠬᠦᠷᠦᠰᠦᠳᠦ ᠲᠡᠯᠡᠭᠡᠢ ᠴᠡᠯᠡᠶᠢᠵᠦ᠂ ᠬᠤᠩᠭᠤᠷ ᠰᠠᠯᠬᠢᠨ᠎ᠠ ᠡᠪᠡᠰᠦ ᠨᠠᠶᠢᠭᠤᠬᠤᠯᠠᠷ᠂ ᠬᠤᠨᠢ ᠦᠬᠡᠷ ᠢᠷᠠᠶᠢᠭᠰᠠᠨ︾ | ᠴᠡᠯᠡᠭᠡᠷ ᠲᠠᠯ᠎ᠠ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠳᠠᠬᠢᠨᠲᠠ ᠢᠯᠡᠷᠡᠭᠦᠯᠵᠦ᠂ ᠬᠦᠬᠡᠬᠤᠲᠠ ᠶᠢ ᠲᠠᠯ᠎ᠠ | ᠨᠤᠲᠤᠭ ᠤᠨ ᠦᠵᠡᠰᠬᠦᠯᠡᠩᠲᠦ ᠰᠠᠶᠢᠬᠠᠨ ᠬᠤᠲᠠ ᠪᠣᠯᠭᠠᠨ ᠴᠣᠭᠴᠠᠯᠠᠨ᠎ᠠ᠃ ᠲᠠᠷᠢᠶᠠᠯᠠᠬᠤ ᠶᠢ ᠵᠣᠭᠰᠣᠭᠠᠵᠤ ᠤᠢ | ᠰᠢᠭᠤᠶ ᠶᠢ ᠰᠡᠷᠭᠦᠭᠡᠬᠦ᠂ ᠪᠠᠶᠢᠭᠠᠯᠢ ᠶᠢᠨ ᠤᠢ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ | ᠡᠬᠢ ᠶᠢ ᠵᠠᠰᠠᠬᠤ ᠵᠡᠷᠭᠡ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ᠬᠤᠲᠠ ᠶᠢᠨ ᠨᠣᠭᠤᠭᠠᠷᠠᠭᠤᠯᠤᠯᠲᠠ ᠶᠢ | ᠥᠷᠨᠢᠭᠦᠯᠵᠦ᠂ ᠨᠢᠭᠡ ᠪᠦᠯᠦᠭ ᠬᠤᠲᠠ ᠶᠢᠨ ᠵᠦᠯᠭᠡ ᠭᠠᠵᠠᠷ᠂ ᠵᠦᠯᠭᠡ ᠬᠤᠩᠭᠢᠯ ᠪᠠ ᠪᠢᠴᠢᠯ ᠦᠵᠡᠮᠵᠢ ᠶᠢ | ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ᠰᠢᠨ᠎ᠡ ᠬᠤᠲᠠ ᠲᠣᠭᠤᠷᠢᠭ ᠤᠨ ᠤᠯᠤᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠪᠠᠶᠢᠭᠤᠯᠬᠤ ᠶᠢ ᠳᠠᠮᠵᠢᠨ᠎ᠠ᠃ ᠲᠣᠰᠬᠤᠨ | ᠪᠠᠯᠭᠠᠰᠤ ᠶᠢᠨ ᠨᠣᠭᠤᠭᠠᠷᠠᠭᠤᠯᠤᠯᠲᠠ ᠶᠢ ᠠᠬᠢᠭᠤᠯᠵᠤ᠂ 50 ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ | ᠠᠶᠢᠯ ᠲᠣᠰᠬᠤᠨ᠂ 4 ᠣᠶ ᠰᠢᠭᠤᠶ ᠶᠢᠨ ᠰᠢᠶᠠᠩ ᠪᠠᠯᠭᠠᠰᠤ᠂ 1ᠣᠶ ᠰᠢᠭᠤᠶ ᠶᠢᠨ ᠬᠤᠰᠢᠭᠤ ᠰᠢᠶᠠᠨ ᠢ ᠴᠤᠭᠴᠠᠯᠠᠨ | ᠪᠠᠶᠢᠭᠤᠯᠤᠨ᠎ᠠ᠃ ᠤᠯᠤᠰ ᠤᠨ ᠨᠤᠲᠤᠭ ᠪᠡᠯᠴᠢᠭᠡᠷ ᠢ 41.2 ᠲᠦᠮᠡᠨ ᠮᠦ ᠨᠤᠭᠤᠭᠠᠷᠠᠭᠤᠯᠤᠨ᠎ᠠ᠃ | ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠬᠤᠪᠢᠰᠤᠯᠲᠠ ᠶᠢ ᠠᠬᠢᠭᠤᠯᠵᠤ᠂ ᠪᠣᠬᠢᠷᠲᠤᠯ | ᠥᠬᠡᠶ ᠬᠥᠭᠵᠢᠯᠲᠡ ᠶᠢ ᠪᠥᠬᠦ ᠨᠡᠶᠢᠭᠡᠮ ᠤᠨ ︽ᠭᠤᠤᠯ ᠬᠥᠭ ᠠᠶᠠᠰ︾ ᠪᠣᠯᠭᠠᠨ᠎ᠠ᠃ ᠪᠠᠭ᠎ᠠ ᠨᠡᠭᠦᠷᠡᠰᠦᠳᠦ᠋ᠷᠦᠭᠴᠢᠲᠦ | ᠂ ᠣᠷᠴᠢᠯ᠂ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠡᠨᠧᠷᠭᠢ | ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠨᠧᠷᠭᠢ ᠶᠡᠭᠡ ᠬᠤᠷᠤᠭᠳᠠᠭᠤᠯᠬᠤ ᠲᠥᠷᠥᠯ ᠵᠦᠢᠯ ᠤᠨ ᠡᠨᠧᠷᠭᠢ | ᠠᠷᠪᠢᠯᠠᠬᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠪᠣᠬᠢᠷᠲᠤᠯ ᠥᠬᠡᠶ ᠠᠭᠤᠷᠬᠠᠶ ᠶᠢ 7᠂ ᠪᠣᠬᠢᠷᠲᠤᠯ ᠥᠬᠡᠶ | ᠬᠦᠷᠢᠶᠡᠯᠡᠩ ᠲᠣᠭᠤᠷᠢᠭ ᠢ 1 ᠪᠠᠶᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠶ ᠬᠡᠮᠵᠢᠶ᠎ᠡ | ᠪᠠ ᠬᠦᠴᠦᠯᠡᠴᠡ ᠶᠢᠨ ᠬᠤᠤᠰ ᠡᠵᠡᠮᠳᠡᠯ ᠢ ᠴᠢᠩᠭᠠᠷᠠᠭᠤᠯᠵᠤ᠂ ᠬᠠᠷᠠᠴᠢᠨ ᠤᠰᠤᠨ ᠤ ᠦᠢᠯᠡᠳᠪᠦᠷᠢ ᠶᠢᠨ ᠤᠰᠤᠨ ᠤ | ᠡᠬᠢ ᠰᠤᠷᠪᠤᠯᠵᠢ ᠶᠢ ᠤᠷᠤᠯᠠᠭᠤᠯᠬᠤ ᠢᠨᠵᠧᠨᠧᠷᠢᠩ ᠢ ᠬᠡᠷᠡᠭᠵᠢᠬᠦᠯᠵᠦ᠂ ᠭᠠᠵᠠᠷ ᠳᠣᠤᠷᠠᠬᠢ ᠤᠰᠤ ᠶᠢ ᠠᠭᠤᠳᠠᠯᠤᠨ | ᠮᠠᠯᠲᠠᠬᠤ ᠶᠢ ᠪᠠᠭᠠᠰᠬᠠᠨ᠂ ᠲᠦᠮᠡᠨ ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ᠂ ᠲᠦᠮᠡᠨ | ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2015 | ᠣᠨ ᠤ ᠬᠢ ᠠᠴᠠ ᠲᠤᠰ ᠲᠤᠰ 21% ᠪᠠ 18 % ᠪᠠᠷ ᠪᠠᠭᠤᠷᠠᠭᠤᠯᠤᠨ᠎ᠠ᠃ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠲᠤᠯᠤᠭᠠᠶᠢᠯᠠᠭᠴᠢ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠬᠦ ᠶᠢ ᠳᠡᠮᠵᠢᠵᠦ᠂ | ᠡᠪᠡᠰᠦᠨ ᠦᠷ᠎ᠡ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠨᠡᠶᠢᠭᠡᠮ ᠤᠨ ᠬᠥᠷᠥᠩᠭᠡ ᠶᠢᠨ ᠰᠡᠯᠡᠭᠦᠴᠡᠯ᠂ ᠠᠮᠢ | ᠠᠬᠤᠶ ᠶᠢᠨ ᠵᠢᠭᠤᠯᠴᠢᠯᠠᠯ᠂ ᠠᠮᠢ ᠠᠬᠤᠶ ᠶᠢᠨ ᠪᠡᠶᠡᠴᠢᠯᠡᠨ ᠣᠶᠢᠯᠠᠭᠠᠬᠤ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠳᠤ ᠣᠷᠣᠯᠴᠠᠬᠤ ᠶᠢ ᠬᠥᠲᠥᠯᠦᠨ ᠵᠢᠯᠣᠭᠤᠳᠴᠤ ᠳᠡᠮᠵᠢᠨ᠎ᠡ᠃ ᠳᠥᠭᠦᠮ ᠳᠥᠲᠡ ᠲᠣᠬᠢᠷᠠᠮᠵᠢᠲᠠᠶ᠂ | ᠪᠣᠬᠢᠷᠲᠤᠯ ᠥᠬᠡᠶ ᠪᠠᠭ᠎ᠠ ᠨᠡᠭᠦᠷᠡᠰᠦᠳᠦ᠋ᠷᠦᠭᠴᠢᠳᠦ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ | ᠨᠡᠶᠢᠭᠡᠮ ᠳᠠᠶᠠᠭᠠᠷ ᠲᠤ ᠪᠣᠬᠢᠷᠲᠤᠯ ᠥᠬᠡᠶ ᠶᠠᠪᠤᠵᠤ ᠰᠠᠭᠤᠬᠤ᠂ ᠪᠣᠬᠢᠷᠲᠤᠯ ᠥᠬᠡᠶ ᠠᠵᠢᠯᠯᠠᠬᠤ᠂ ᠪᠣᠬᠢᠷᠲᠤᠯ ᠥᠬᠡᠶ | ᠬᠡᠷᠡᠭᠯᠡᠭᠡ ᠶᠢ ᠰᠠᠨᠠᠭᠠᠴᠢᠯᠠᠵᠤ᠂ ᠪᠣᠬᠢᠷᠲᠤᠯ ᠥᠬᠡᠶ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ | ᠬᠠᠳᠠᠩᠰᠢᠭᠤᠯᠤᠨ᠎ᠠ᠃ | ︵ᠵᠢᠷᠭᠤᠭ᠎ᠠ︶ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪ ᠬᠤᠲᠠ ᠶᠢᠨ ᠰᠣᠶᠣᠯ ᠤᠨ ᠵᠥᠭᠡᠯᠡᠨ | ᠪᠣᠳᠠᠲᠤ ᠬᠦᠴᠦᠨ ᠢ ᠴᠢᠩᠭᠠᠷᠠᠭᠤᠯᠤᠨ᠎ᠠ | ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ ᠨᠡᠶᠢᠭᠡᠮ | ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢ ᠶᠡᠬᠡᠪᠡᠷ ᠬᠦᠮᠦᠵᠢᠬᠦᠯᠦᠨ ᠦᠢᠯᠡᠳᠦᠯᠭᠡᠵᠢᠭᠦᠯᠵᠦ᠂ ᠪᠦᠬᠦ | ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠭᠦᠨᠵᠡᠭᠡᠶ ᠲᠦᠯᠬᠢᠨ ᠠᠬᠢᠭᠤᠯᠵᠤ᠂ ᠤᠯᠠᠨ | ᠲᠦᠮᠡᠨ ᠤ ᠪᠣᠯᠪᠠᠰᠤᠨ ᠤ ᠬᠡᠪ ᠪᠣᠯᠪᠠᠰᠤᠷᠠᠯ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠱᠠᠩᠨᠠᠵᠤ | ᠵᠠᠯᠬᠠᠭᠠᠬᠤ ᠶᠢ ᠬᠤᠯᠪᠤᠯᠳᠤᠭᠤᠯᠬᠤ ᠶᠢ ᠬᠡᠷᠡᠭᠵᠢᠭᠦᠯᠵᠦ᠂ ᠢᠲᠡᠭᠡᠮᠵᠢ ᠲᠠᠢ ᠬᠥᠮᠦᠰ ᠲᠤ ᠠᠰᠢᠭ ᠬᠦᠷᠳᠡᠭᠡᠵᠦ᠂ | ᠢᠲᠡᠭᠡᠯ ᠠᠯᠳᠠᠭᠰᠠᠳ ᠢ ᠬᠢᠵᠠᠭᠠᠷᠯᠠᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠬᠥᠭᠵᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠎ᠠ᠃ ᠨᠡᠶᠢᠭᠡᠮ ᠳᠠᠶᠠᠭᠠᠷ | ᠪᠠᠭᠠᠲᠤᠷᠴᠤᠳ ᠠᠴᠠ ᠰᠤᠷᠤᠯᠴᠠᠵᠤ᠂ ᠦᠯᠢᠭᠡᠷ ᠳᠠᠭᠤᠷᠢᠶᠠᠯ ᠠᠴᠠ ᠰᠤᠷᠤᠯᠴᠠᠵᠤ᠂ ᠴᠠᠭ ᠦᠶ᠎ᠡ ᠶᠢᠨ ᠵᠦᠪ | ᠡᠨᠧᠷᠬᠢ ᠶᠢ ᠨᠢᠭᠲᠠᠷᠠᠭᠤᠯᠤᠨ᠎ᠠ᠃ ︽ᠴᠢᠨᠡᠭᠡᠯᠢᠭ ᠨᠡᠶᠢᠭᠡᠮ ᠢ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠣᠯᠵᠤ᠂ | ᠶᠠᠳᠠᠭᠤ ᠠᠴᠠ ᠠᠩᠭᠢᠵᠢᠷᠠᠭᠤᠯᠬᠤ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠴᠢᠷᠮᠠᠶᠢᠨ ᠲᠡᠮᠡᠴᠡᠬᠦ ᠳᠤ ᠪᠢ | ᠪᠠᠶᠢᠨ᠎ᠠ᠂ ᠰᠠᠶᠢᠨ ᠰᠠᠶᠢᠬᠠᠨ ᠳᠤ ᠪᠢ ᠪᠠᠶᠢᠨ᠎ᠠ︾ ᠭᠤᠣᠯ ᠰᠡᠳᠦᠪᠲᠦ ᠵᠣᠬᠢᠶᠠᠨ ᠪᠦᠲᠦᠭᠡᠯᠭᠡ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠥᠭᠵᠢᠯᠲᠡ ᠶᠢᠨ ᠴᠤᠬ ᠰᠦᠯᠳᠡ ᠶᠢ ᠬᠥᠭᠵᠢᠭᠡᠨ᠎ᠡ᠃ | ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠲᠠᠯ᠎ᠠ ᠨᠤᠲᠤᠭ ᠤᠨ ᠨᠣᠮ ᠤᠨ ᠥᠷᠥᠭᠡ᠂ ︽ | ᠬᠤᠨ ᠭᠠᠯᠠᠭᠤ ᠤᠩᠰᠢᠯᠭ᠎ᠠ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠶᠢᠲᠤᠷ | ᠠᠳᠬᠤᠵᠤ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠰᠠᠨᠠᠭᠠᠴᠢᠯᠠᠵᠤ᠂ ᠨᠣᠮ ᠲᠠᠢ ᠨᠡᠶᠢᠭᠡᠮ ᠢ ᠪᠦᠲᠦᠭᠡᠨ | ᠪᠠᠶᠢᠭᠤᠯᠤᠨ᠎ᠠ᠃ ︽ᠰᠣᠶᠣᠯ ᠢ ᠨᠡᠶᠢᠭᠡᠮ ᠲᠣᠭᠤᠷᠢᠭ ᠲᠤ ᠣᠷᠣᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠢᠯᠡᠴᠢᠯᠡᠭᠡᠨ ᠤ ᠲᠥᠪ ᠢ ︽ | ᠨᠡᠶᠢᠳᠡᠮ ᠳᠤᠨᠢ ᠪᠦᠷᠬᠦᠭᠦᠯᠬᠦ︾ ᠶᠢ ᠪᠡᠶᠡᠯᠡᠭᠦᠯᠦᠨ᠎ᠡ᠃ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠡᠰᠢᠬᠦᠯᠦᠨ᠂ ︽ᠨᠠᠮ | ᠪᠠᠶᠢᠭᠤᠯᠤᠭᠳᠠᠭᠰᠠᠨ 100 ᠵᠢᠯ ᠤᠨ ᠤᠢ︾ ᠶᠢ ᠪᠡᠯᠭᠡᠯᠡᠬᠦ ᠲᠤᠰᠬᠠᠢ ᠲᠣᠭᠯᠠᠯᠲᠠ᠂ ᠰᠢᠯᠢᠳᠡᠭ ᠵᠦᠴᠦᠭᠡ ᠶᠢᠨ | ᠵᠣᠬᠢᠶᠠᠨ ᠪᠦᠳᠦᠭᠡᠯᠭᠡ ᠶᠢᠨ ᠦᠵᠡᠭᠦᠯᠭᠡ ᠶᠢᠨ ᠲᠣᠭᠯᠠᠯᠲᠠ ᠶᠢ ᠥᠷᠨᠢᠭᠦᠯᠵᠦ᠂ ᠤᠯᠠᠭᠠᠨᠮᠥ᠋ᠴᠢᠷ ᠪᠦᠷᠢ ᠠᠷᠠᠳ ᠲᠤ | ᠠᠰᠢᠭ ᠬᠦᠷᠲᠡᠭᠡᠬᠦ ᠲᠣᠭᠯᠠᠯᠲᠠ ᠶᠢ 100 ᠲᠠᠯᠠᠪᠠᠢ ᠠᠴᠠ ᠳᠡᠭᠡᠭᠰᠢ ᠪᠡᠶᠡᠯᠡᠭᠦᠯᠦᠨ᠎ᠡ᠃ ᠨᠢᠭᠡ ᠪᠦᠯᠦᠭ ᠨᠥᠯᠥᠭᠡᠯᠡᠬᠦ | ᠬᠦᠴᠦᠨ ᠪᠦᠬᠦᠢ ᠰᠣᠳᠣᠨ ᠰᠣᠶᠣᠯ ᠤᠨ ᠢᠨᠵᠧᠨᠧᠷᠢᠩ ᠢ ᠭᠠᠷᠭᠠᠵᠤ᠂ ︽ᠥ᠋ ᠬᠠᠨ ᠳ᠋ᠢᠩ︾ ᠵᠡᠷᠭᠡ ᠰᠣᠳᠣᠨ | ᠵᠦᠴᠦᠭᠡ ᠶᠢᠨ ᠵᠣᠬᠢᠶᠠᠨ ᠪᠦᠲᠦᠭᠡᠯᠭᠡ ᠪᠠ ᠲᠣᠭᠯᠠᠯᠲᠠ ᠶᠢ ᠪᠡᠶᠡᠯᠡᠭᠦᠯᠦᠨ᠎ᠡ᠃ ᠥᠪᠥᠷ ᠮᠣᠩᠭᠤᠯ ᠤᠨ | ᠬᠤᠪᠢᠰᠬᠠᠯ ᠤᠨ ᠲᠡᠤᠬᠡ ᠶᠢᠨ ᠮᠦᠽᠧᠶ᠂ ᠣᠯᠠᠨ ᠲᠦᠮᠡᠨ ᠤ ᠤᠷᠠᠯᠢᠭ ᠤᠨ ᠣᠷᠳᠣᠨ᠂ ᠳᠠᠭᠤᠤ ᠬᠥᠭᠵᠢᠮ ᠤᠨ | ᠲᠢᠩᠬᠢᠮ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠣᠯᠠᠨ ᠲᠦᠮᠡᠨ ᠤ ᠣᠯᠠᠨ | ᠲᠠᠰ ᠳᠠᠪᠬᠤᠷᠭ᠎ᠠ ᠶᠢᠨ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠡᠰ ᠳᠡᠪᠰᠢᠭᠦᠯᠦᠨ᠎ᠡ᠃ ᠴᠡᠯᠡᠭᠡᠷ ᠲᠠᠯ᠎ᠠ ᠶᠢᠨ ᠠᠮᠢ ᠠᠬᠤᠢ ᠶᠢᠨ | ᠬᠥᠨᠳᠡᠢ ᠳᠤ ᠲᠦᠰᠢᠭᠯᠡᠨ᠂ ᠪᠦᠬᠦ ᠤᠯᠤᠰ ᠤᠨ ᠨᠡᠷᠡᠲᠦ ᠠᠳᠤᠭᠤᠨ ᠰᠤᠶᠤᠯ ᠪᠣᠯᠤᠨ ᠮᠣᠷᠢᠨ ᠤ ᠤᠷᠤᠯᠳᠤᠭᠠᠨ ᠤ | ᠶᠡᠷᠦᠩᠬᠡᠶᠢᠯᠡᠭᠰᠡᠨ ᠦᠵᠡᠭᠦᠯᠭᠡ ᠶᠢᠨ ᠲᠣᠭᠤᠷᠢᠭ᠂ ᠥᠪᠥᠷ ᠮᠣᠩᠭᠤᠯ ᠤᠨ ᠦᠨᠳᠦᠰᠦᠳᠡᠨ ᠤ ᠰᠣᠶᠣᠯ ᠤᠨ | ᠶᠡᠷᠦᠩᠬᠡᠶᠢᠯᠡᠭᠰᠡᠨ ᠦᠵᠡᠭᠦᠯᠭᠡ ᠶᠢᠨ ᠲᠣᠭᠤᠷᠢᠭ ᠢ ᠪᠠᠶᠢᠭᠤᠯᠵᠤ᠂ ᠰᠣᠶᠣᠯ᠂ ᠵᠢᠭᠤᠯᠴᠢᠯᠠᠯ ᠢᠶᠠᠷ ᠭᠤᠣᠯ ᠪᠣᠯᠭᠠᠭᠰᠠᠨ | ᠠᠵᠤ ᠦᠢᠯᠡᠰ ᠤᠨ ᠪᠦᠯᠦᠭᠵᠢᠯ ᠢ ᠪᠠᠶᠢᠭᠤᠯᠤᠨ᠎ᠠ᠃ ᠳᠥᠷᠪᠡᠨ ᠤᠯᠠᠷᠢᠯ ᠤᠨ ᠵᠢᠭᠤᠯᠴᠢᠯᠠᠯ ᠢ ᠲᠦᠯᠬᠢᠨ ᠠᠬᠢᠭᠤᠯᠵᠤ᠂ | ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠡᠷᠡᠭᠯᠡᠭᠡᠨ ᠤ ᠴᠢᠳᠠᠪᠤᠷᠢ ᠶᠢᠨ ᠳᠡᠰ ᠢ ᠳᠡᠭᠡᠭᠰᠢᠯᠡᠭᠦᠯᠦᠨ᠎ᠡ᠃ ᠢᠯᠢ ᠶᠢᠨ | ᠣᠳᠣ ᠦᠶ᠎ᠡ ᠶᠢᠨ ᠤᠶᠤᠨᠳᠤ ᠡᠷᠡᠭᠦᠯ ᠮᠡᠨᠳᠦ ᠶᠢᠨ ᠬᠦᠨᠳᠡᠢ ᠶᠢᠨ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ | ᠪᠠᠷ ᠰᠢᠨ᠎ᠡ ᠬᠦᠳᠡᠯᠭᠡᠬᠦ ᠬᠦᠴᠦᠨ ᠪᠣᠯᠭᠠᠵᠤ᠂ ᠠᠵᠤ ᠦᠢᠯᠡᠳᠪᠦᠷᠢ ᠶᠢᠨ ᠵᠢᠭᠤᠯᠴᠢᠯᠠᠯ ᠤᠨ ᠰᠢᠨ᠎ᠡ ᠣᠷᠣᠨ ᠵᠠᠶ ᠶᠢ | ᠥᠷᠭᠡᠳᠬᠡᠨ᠎ᠡ᠃ ᠵᠢᠭᠤᠯᠴᠢᠯᠠᠯ ᠤᠨ ᠰᠣᠳᠣᠨ ᠱᠤᠭᠤᠮ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠪᠠ ᠨᠢᠭᠡ | ᠥᠷᠲᠡᠭᠡ ᠮᠠᠶ᠋ᠢᠭ ᠤᠨ ᠰᠣᠶᠣᠯ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ | 5A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠬᠤᠲᠠ ᠶᠢᠨ ᠨᠠᠷᠠᠲᠤ | ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠦᠲᠦᠭᠡᠬᠦ ᠪᠠ ᠭᠠᠳᠠᠭᠰᠢ ᠤᠬᠠᠭᠤᠯᠤᠨ ᠲᠠᠨᠢᠯᠴᠠᠭᠤᠯᠬᠤ ᠶᠢ | ᠴᠢᠩᠭᠠᠳᠬᠠᠵᠤ᠂ ᠬᠥᠬᠡᠬᠤᠲᠠ ᠶᠢᠨ ᠪᠠᠶᠢᠭᠠᠯᠢ ᠶᠢᠨ ᠭᠤᠸ᠎ᠠ ᠰᠠᠶᠢᠬᠠᠨ᠂ ᠰᠤᠶᠤᠯ ᠢᠷᠭᠡᠨᠰᠢᠯ ᠤᠨ ᠭᠤᠸ᠎ᠠ ᠰᠠᠶᠢᠬᠠᠨ᠂ | ᠬᠤᠲᠠ ᠶᠢᠨ ᠭᠤᠸ᠎ᠠ ᠰᠠᠶᠢᠬᠠᠨ ᠢ ᠨᠠᠩ ᠬᠥᠮᠦᠨ ᠢ ᠰᠣᠭᠲᠣᠷᠠᠭᠤᠯᠤᠮ᠎ᠠ ᠲᠠᠲᠠᠬᠤ ᠬᠦᠴᠦᠨ ᠲᠠᠢ ᠪᠣᠯᠭᠠᠨ᠎ᠠ ᠃ | ︵ᠳᠣᠯᠤᠭ᠎ᠠ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠬᠦᠭᠵᠢᠯᠲᠡ ᠶᠢᠨ ᠬᠦᠳᠡᠯᠭᠡᠬᠦ ᠬᠦᠴᠦᠨ | ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ | ᠥᠭᠡᠷᠡᠴᠢᠯᠡᠯᠲᠡ ᠠᠴᠠ ᠬᠦᠭᠵᠢᠯᠲᠡ ᠪᠣᠯᠣᠨ ᠬᠦᠳᠡᠯᠭᠡᠬᠦ ᠬᠦᠴᠦᠨ ᠣᠯᠬᠤ ᠶᠢ ᠪᠠᠷᠢᠮᠲᠠᠯᠠᠨ᠎ᠠ᠃ ᠬᠦᠳᠡᠭᠡ | ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠳᠡᠭᠡ ᠲᠣᠰᠬᠤᠨ ᠤ ᠣᠷᠣᠨ | ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢ ᠡᠬᠢᠯᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠦᠳᠡᠭᠡ ᠲᠣᠰᠬᠤᠨ ᠤ ᠭᠠᠵᠠᠷ ᠰᠢᠷᠣᠢ ᠶᠢᠨ | ᠡᠷᠬᠡ ᠶᠢ ᠨᠤᠲᠠᠯᠠᠨ ᠲᠤᠭᠲᠠᠭᠠᠵᠤ ᠳᠠᠩᠰᠠᠯᠠᠨ ᠦᠨᠡᠮᠯᠡᠯ ᠣᠯᠭᠤᠭᠰᠠᠨ ᠢ ︽ᠡᠷᠭᠢᠨ ᠬᠠᠷᠠᠬᠤ︾ ᠪᠠ ᠬᠠᠮᠲᠣ ᠶᠢᠨ | ᠦᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠬᠢᠨᠠᠨ ᠬᠠᠮᠢᠶᠠᠷᠬᠤ ᠪᠠᠶᠢᠭᠤᠯᠣᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠳᠦᠷᠢᠮᠵᠢᠭᠰᠡᠨ | ᠠᠷᠠᠯᠵᠢᠶ᠎ᠠ ᠪᠣᠯᠣᠨ ᠲᠥᠪ ᠭᠤᠣᠯᠴᠢ ᠦᠷᠢᠰᠦᠯᠳᠦᠭᠡᠨ ᠢ ᠤᠯᠠᠮ ᠨᠢᠭᠡ ᠠᠯᠬᠤᠮ ᠠᠬᠢᠭᠤᠯᠣᠨ᠎ᠠ᠃ ᠭᠠᠵᠠᠷ | ᠰᠢᠷᠣᠢ ᠶᠢ ᠰᠢᠯᠵᠢᠭᠦᠯᠦᠨ ᠥᠭᠬᠦ ᠳᠣᠣᠷᠠᠳᠣ ᠦᠨ᠎ᠡ ᠪᠣᠢ ᠪᠣᠯᠬᠤ ᠲᠣᠭᠲᠠᠴᠠ ᠶᠢ ᠥᠭᠡᠷᠡᠴᠢᠯᠡᠵᠦ᠂ ᠭᠠᠵᠠᠷ | ᠰᠢᠷᠣᠢ ᠶᠢᠨ ᠵᠠᠬ᠎ᠠ ᠳᠡᠯᠭᠡᠭᠦᠷ ᠤᠨ ᠡᠷᠡᠭᠦᠯ ᠲᠣᠭᠲᠠᠭᠤᠨ ᠬᠦᠭᠵᠢᠯᠲᠡ ᠶᠢ ᠠᠬᠢᠭᠤᠯᠣᠨ᠎ᠠ᠃ ᠠᠵᠢᠯ ᠦᠢᠯᠡᠰ ᠤᠨ | ᠨᠢᠭᠡᠴᠡ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠤᠯᠤᠰ ᠤᠨ ᠦᠮᠴᠢᠯᠡᠯᠲᠦ ᠡᠳ᠋ ᠬᠦᠷᠦᠩᠭᠡ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠳᠠᠬᠢᠨ ᠪᠠᠶᠢᠭᠤᠯᠣᠯᠲᠠ ᠶᠢ ᠭᠦᠨᠵᠡᠭᠡᠶᠢᠷᠡᠭᠦᠯᠵᠦ᠂ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠪᠡᠯᠡ ᠣᠷᠣᠭᠤᠯᠣᠯᠲᠠ ᠡᠵᠡᠩᠨᠡᠯᠲᠡ ᠶᠢᠨ ᠬᠢᠨᠠᠯᠲᠠ ᠬᠠᠮᠢᠶᠠᠷᠣᠯᠲᠠ ᠶᠢ | ᠴᠢᠩᠭᠠᠳᠬᠠᠨ᠎ᠠ᠃ | ᠨᠡᠭᠡᠭᠡᠯᠲᠡ ᠠᠴᠠ ᠣᠷᠣᠨ ᠵᠠᠢ ᠪᠣᠯᠣᠨ ᠠᠮᠢᠵᠢᠷᠠᠯ ᠤᠨ ᠬᠦᠴᠦᠨ ᠢ ᠣᠯᠬᠤ ᠶᠢ ᠪᠠᠷᠢᠮᠲᠠᠯᠠᠨ᠎ᠠ᠃ ︽ᠨᠢᠭᠡ | ᠪᠦᠰᠡ ᠨᠢᠭᠡ ᠵᠠᠮ︾ ᠪᠣᠯᠣᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ | ᠪᠠᠶᠢᠭᠤᠯᠣᠯᠲᠠ ᠶᠢ ᠭᠦᠨᠵᠡᠭᠡᠢ ᠠᠭᠤᠰᠣᠯᠴᠠᠭᠤᠯᠣᠨ᠂ ᠶᠡᠷᠦᠩᠬᠡᠶᠢᠯᠡᠭᠰᠡᠨ ᠭᠠᠶᠢᠯᠢ ᠶᠢ ᠪᠠᠲᠣᠯᠠᠬᠤ ᠲᠤᠭᠤᠷᠢᠭ᠂ ᠬᠢᠯᠢ | ᠠᠯᠣᠰᠯᠠᠭᠰᠠᠨ ᠡᠯᠧᠺᠲᠷᠣᠨ ᠬᠤᠳᠠᠯᠳᠣᠭᠠᠨ ᠤ ᠶᠡᠷᠦᠩᠬᠡᠶᠢᠯᠡᠭᠰᠡᠨ ᠲᠣᠷᠰᠢᠯᠲᠠ ᠶᠢᠨ ᠲᠤᠭᠤᠷᠢᠭ ᠤᠨ ᠪᠦᠲᠦᠭᠡᠨ | ᠪᠠᠶᠢᠭᠤᠯᠣᠯᠲᠠ ᠶᠢ ᠠᠬᠢᠭᠤᠯᠵᠤ᠂ ᠭᠠᠳᠠᠭᠠᠳᠣ ᠠᠷᠠᠯᠵᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ | ᠪᠣᠶᠢᠵᠢᠭᠤᠯᠣᠨ᠂ ᠭᠠᠳᠠᠭᠠᠳᠣ ᠠᠷᠠᠯᠵᠢᠶ᠎ᠠ ᠶᠢ ᠲᠣᠭᠲᠠᠭᠤᠨ ᠥᠰᠦᠯᠲᠡ ᠲᠠᠢ ᠪᠠᠶᠢᠯᠭᠠᠨ᠎ᠠ᠃ ᠲᠥᠷᠭᠡᠨ ᠤ ᠲᠡᠮᠦᠷ | ᠵᠠᠮ ᠨᠡᠪᠲᠡᠷᠡᠬᠦ ᠠᠰᠢᠭᠲᠠᠢ ᠲᠣᠬᠢᠶᠠᠯ ᠢ ᠰᠠᠶᠢᠲᠣᠷ ᠠᠳᠬᠤᠵᠤ᠂ ᠪᠡᠭᠡᠵᠢᠩ ᠲᠢᠶᠠᠨᠵᠢᠨ ᠾᠧᠪᠸᠢ ᠶᠢᠨ ᠬᠤᠲᠠ ᠶᠢᠨ | ᠪᠦᠯᠦᠭᠵᠢᠯ᠂ ᠬᠠᠲᠣᠨ ᠭᠤᠣᠯ ᠤᠨ ︽几︾ ᠦᠰᠦᠭ ᠤᠨ ᠲᠣᠬᠤᠢ ᠶᠢᠨ ᠬᠤᠲᠠ ᠶᠢᠨ ᠲᠤᠭᠤᠷᠢᠭ ᠵᠡᠷᠭᠡ ᠭᠠᠵᠠᠷ | ᠯᠤᠭ᠎ᠠ ᠶᠢᠨ ᠰᠣᠯᠢᠯᠴᠠᠭ᠎ᠠ ᠬᠠᠮᠲᠣᠷᠠᠯᠴᠠᠭ᠎ᠠ ᠪᠠᠨ ᠨᠢᠭᠲᠠᠷᠠᠭᠤᠯᠤᠨ᠎ᠠ᠃ ᠣᠷᠣᠨ ᠪᠦᠰᠡ ᠶᠢᠨ ᠴᠢᠨᠠᠷᠲᠠᠢ ᠭᠤᠣᠯ | ᠬᠤᠲᠠ ᠶᠢᠨ ᠲᠣᠯᠣᠭᠠᠶᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠦᠬᠡᠬᠤᠲᠠ ᠪᠣᠭᠤᠲᠤ ᠣᠷᠳᠣᠰ ᠦᠬᠠᠢ | ᠬᠠᠮᠵᠢᠯᠴᠠᠨ ᠬᠦᠭᠵᠢᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠡᠬᠢᠯᠡᠭᠦᠯᠵᠦ᠂ ᠣᠷᠣᠨ ᠪᠦᠰᠡ ᠶᠢᠨ | ᠬᠦᠭᠵᠢᠯᠲᠡ ᠶᠢ ︽ᠨᠢᠭᠡ ᠪᠦᠯᠦᠭ ᠬᠤᠲᠠ︾ ᠠᠴᠠ ︽ᠨᠢᠭᠡ ᠬᠤᠲᠠ ᠶᠢᠨ ᠪᠦᠯᠦᠭᠵᠢᠯ︾ ᠵᠦᠭ ᠬᠤᠪᠢᠷᠠᠭᠤᠯᠬᠤ ᠶᠢ | ᠲᠦᠯᠬᠢᠨ ᠠᠬᠢᠭᠤᠯᠣᠨ᠎ᠠ᠃ | ︵ᠨᠠᠢᠮᠨ︶ ᠬᠤᠷᠢᠨᠭᠡᠷ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠤ᠂ ᠠᠵᠣ | ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠨᠡᠮᠡᠭᠳᠡᠯ ᠤᠨ ᠲᠦᠢᠯ ᠢ ᠴᠣᠭᠴᠠᠯᠠᠨ᠎ᠠ | ᠶᠡᠷᠦᠩᠬᠡᠶᠢᠯᠡᠭᠰᠡᠨ ᠠᠴᠢᠶᠠᠯᠠᠬᠤ ᠴᠢᠳᠠᠪᠣᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠶᠢᠨ ᠱᠧᠩ ᠵᠠᠮ ᠢ | ᠰᠠᠶᠢᠵᠢᠷᠠᠭᠤᠯᠣᠨ ᠥᠭᠡᠷᠡᠴᠢᠯᠡᠬᠦ᠂ ᠬᠤᠲᠠ ᠶᠢᠨ ᠶᠠᠪᠣᠳᠠᠯ ᠤᠨ ᠢᠵᠢ ᠪᠦᠷᠢᠳᠦᠭᠦᠯᠬᠦ ᠵᠠᠮ᠂ ᠴᠠᠬᠢᠯᠭᠠᠨ ᠬᠦᠴᠦᠨ ᠤ | ᠬᠤᠭᠤᠯᠠᠢ ᠶᠢᠨ ᠬᠤᠩᠬᠢᠯ᠂ ︽ᠬᠤᠶᠠᠷ ᠭᠤᠣᠯ ᠨᠢᠭᠡ ᠬᠤᠩᠬᠢᠯ︾ ᠤᠨ ᠠᠮᠢ ᠠᠬᠤᠢ ᠶᠢᠨ ᠵᠠᠰᠠᠯᠲᠠ ᠵᠡᠷᠭᠡ | ᠭᠤᠣᠯᠳᠠᠯᠭ᠎ᠠ ᠲᠠᠢ ᠲᠦᠷᠥᠯ ᠵᠦᠢᠯ ᠤᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠨ ᠠᠬᠢᠭᠤᠯᠣᠨ᠎ᠠ᠃ ᠲᠤᠭ᠎ᠠ | ᠪᠦᠭᠡᠮᠨᠡᠷᠡᠯ᠂ ᠮᠦᠩᠭᠦᠨ ᠭᠦᠢᠯᠭᠡᠭᠡ᠂ ᠰᠣᠷᠭᠠᠨ ᠬᠦᠮᠦᠵᠢᠯ᠂ ᠪᠡᠶ᠎ᠡ ᠰᠤᠪᠢᠯᠠᠯᠲᠠ᠂ ᠰᠣᠶᠣᠯ ᠤᠨ ᠪᠦᠲᠦᠭᠡᠯᠴᠢ | ᠰᠡᠳᠬᠢᠮᠵᠢ ᠵᠡᠷᠭᠡ ᠣᠨᠴᠠᠯᠢᠭᠲᠤ ᠪᠠᠯᠭᠠᠰᠣ ᠶᠢ ᠦᠨᠳᠦᠷ ᠪᠠᠷᠢᠮᠵᠢᠶ᠎ᠠ ᠪᠠᠷ ᠴᠣᠭᠴᠠᠯᠠᠨ ᠪᠠᠶᠢᠭᠤᠯᠣᠨ᠎ᠠ᠃ ᠥᠪᠥᠷ | ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ | ᠲᠤᠭᠤᠷᠢᠭ ᠤᠨ ᠪᠦᠲᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠤ᠂ ᠳ᠋ᠠᠯᠢᠶᠠᠨ ᠤ ᠹᠧᠩ ᠶᠧ ᠣᠯᠠᠨ ᠤᠯᠤᠰ ᠤᠨ | ᠰᠣᠷᠭᠠᠭᠤᠯᠢ ᠡᠬᠢᠯᠡᠨ ᠰᠣᠷᠣᠭᠴᠢ ᠡᠯᠰᠡᠵᠦ᠂ ︽ᠠᠵᠣ ᠦᠢᠯᠡᠰ ᠬᠤᠲᠠ ᠶᠢᠨ ᠠᠭᠤᠰᠣᠯᠴᠠᠯ︾ ᠬᠦᠭᠵᠢᠯᠲᠡ ᠶᠢᠨ | ᠰᠢᠨ᠎ᠡ ᠦᠯᠢᠭᠡᠷ ᠬᠡᠪ ᠢ ᠪᠠᠶᠢᠭᠤᠯᠣᠨ ᠴᠣᠭᠴᠠᠯᠠᠨ᠎ᠠ᠃ | ᠳᠡᠭᠡᠳᠦ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠴᠣᠭᠯᠠᠷᠠᠯ ᠬᠦᠭᠵᠢᠯᠲᠡ ᠶᠢ | ᠠᠬᠢᠭᠤᠯᠣᠨ᠎ᠠ᠃ ᠲᠣᠭᠠᠴᠢᠯᠠᠭᠰᠠᠨ ᠠᠵᠣ ᠠᠬᠤᠢ᠂ ᠠᠮᠢ ᠰᠢᠨᠵᠢᠯᠡᠭᠡ᠂ ᠰᠢᠨ᠎ᠡ ᠮᠠᠲ᠋ᠧᠷᠢᠶᠠᠯ᠂ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠳᠥᠷᠪᠡᠨ ᠶᠡᠭᠡ ᠭᠤᠣᠯᠳᠠᠯᠭ᠎ᠠ ᠲᠠᠢ ᠠᠵᠣ ᠦᠢᠯᠡᠰ ᠤᠨ ᠴᠣᠭᠯᠠᠷᠠᠯ ᠬᠦᠭᠵᠢᠯᠲᠡ ᠶᠢ | ᠠᠬᠢᠭᠤᠯᠵᠣ᠂ ᠭᠤᠣᠯᠳᠠᠯᠭ᠎ᠠ ᠲᠠᠢ ᠠᠵᠣ ᠦᠢᠯᠡᠰ ᠤᠨ ᠲᠦᠷᠥᠯ ᠵᠦᠢᠯ 28 ᠶᠢ ᠰᠢᠨ᠎ᠡ ᠪᠠᠷ ᠪᠤᠶᠤ ᠦᠷᠭᠦᠯᠵᠢᠯᠡᠨ | ᠪᠠᠶᠢᠭᠤᠯᠵᠤ᠂ 80 ᠳ᠋ᠦᠩᠰᠢᠭᠤᠷ ᠲᠦᠭᠦᠷᠢᠭ ᠠᠴᠠ ᠳᠡᠭᠡᠭᠰᠢ ᠪᠡᠯᠡ ᠣᠷᠣᠭᠤᠯᠣᠯᠲᠠ ᠶᠢ ᠪᠡᠶᠡᠯᠡᠭᠦᠯᠦᠨ᠎ᠡ᠃ ᠳ᠋ᠦᠩ | ᠹᠠᠩ ᠭᠦᠸᠧ ᠰᠢᠨ ᠠᠵᠣ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠤᠮᠠᠷᠠᠲᠤ ᠶᠢᠨ ᠣᠷᠣᠨ ᠪᠦᠰᠡ ᠶᠢᠨ | ᠲᠥᠪ ᠤᠨ ᠨᠢᠭᠡᠳᠦᠭᠡᠷ ᠬᠤᠭᠤᠴᠠᠭ᠎ᠠ᠂ ᠵᠢᠩ ᠳ᠋ᠦᠩ ︽ᠠᠽᠢᠶ᠎ᠠ ᠨᠢᠭᠡᠳᠦᠭᠡᠷ ᠨᠡᠷᠡᠮᠵᠢᠲᠦ︾ ᠤᠶᠤᠨᠴᠢ ᠪᠠᠷᠠᠭᠠᠨ ᠤ | ᠭᠦᠢᠯᠭᠡᠭᠡᠨ ᠤ ᠬᠦᠷᠢᠶᠡᠯᠡᠩ᠂ ᠪᠡᠭᠡᠵᠢᠩ ᠤᠨ ᠠᠵᠣ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠽᠣᠲᠲᠣ | ᠬᠦᠩᠭᠡᠨᠴᠠᠭᠠᠨ ᠤ ᠮᠠᠲ᠋ᠧᠷᠢᠶᠠᠯ ᠵᠡᠷᠭᠡ ᠲᠦᠷᠥᠯ ᠵᠦᠢᠯ ᠢ ᠪᠡᠶᠡᠯᠡᠭᠦᠯᠵᠦ᠂ ᠳᠤᠮᠳᠠᠳᠤ ᠤᠯᠤᠰ ᠤᠨ ᠪᠠᠩᠬᠢ ᠶᠢᠨ | ᠶᠡᠷᠦᠩᠬᠡᠢ ᠪᠠᠩᠬᠢ ᠶᠢᠨ ᠮᠦᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠪ᠂ ᠾᠧᠩ ᠳ᠋ᠠ | ᠤᠰᠤᠨ ᠤ ᠶᠢᠷᠲᠢᠨᠴᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠢ ︽ᠡᠭᠦᠯᠡᠨ ᠳᠤ ᠭᠠᠷᠬᠤ︾ ᠶᠢ ᠲᠦᠯᠬᠢᠨ ᠠᠬᠢᠭᠤᠯᠣᠨ᠎ᠠ᠃ | ᠥᠭᠡᠷᠡᠴᠢᠯᠡᠵᠦ ᠰᠢᠨ᠎ᠡ ᠶᠢ ᠡᠭᠦᠳᠬᠦ ᠪᠠ ᠨᠡᠭᠡᠭᠡᠨ ᠬᠦᠭᠵᠢᠭᠦᠯᠬᠦ ᠠᠯᠬᠤᠴᠠ ᠶᠢ ᠲᠦᠷᠭᠡᠳᠬᠡᠨ᠎ᠡ᠃ | ᠪᠠᠷᠠᠭᠠᠯᠠᠯ ᠤᠨ ᠴᠢᠨᠠᠷ ᠲᠠᠢ ᠰᠢᠨ᠎ᠡ ᠶᠢ ᠡᠭᠦᠳᠬᠦ ᠲᠣᠷᠰᠢᠯᠲᠠ ᠶᠢᠨ ᠵᠢᠱᠢᠶ᠎ᠡ ᠦᠵᠡᠭᠦᠯᠬᠦ ᠲᠦᠷᠥᠯ ᠵᠦᠢᠯ ᠢ | ᠢᠳᠡᠪᠬᠢᠲᠡᠢ ᠲᠡᠮᠡᠴᠡᠨ ᠣᠯᠵᠤ ᠣᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ᠂ ᠬᠢᠨᠠᠨ ᠵᠥᠪᠰᠢᠶᠡᠷᠡᠬᠦ | ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠶᠠᠰᠤ | ᠴᠢᠨᠠᠷ ᠢ ᠳᠡᠭᠡᠭᠰᠢᠯᠡᠭᠦᠯᠬᠦ ᠶᠢ ᠠᠬᠢᠭᠤᠯᠣᠨ᠂ ᠨᠡᠭᠡᠭᠡᠯᠲᠡᠲᠦ ᠮᠠᠶ᠋ᠢᠭ ᠤᠨ ᠠᠵᠣ ᠠᠬᠤᠢ ᠶᠢᠨ ᠬᠦᠭᠵᠢᠯᠲᠡ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | ︵ᠶᠢᠰᠦ︶ ᠬᠦᠭᠵᠢᠯᠲᠡ ᠶᠢᠨ ᠳᠤᠮᠳᠠ ᠠᠷᠠᠳ ᠤᠨ ᠠᠮᠢᠳᠣᠷᠠᠯ ᠢ ᠪᠠᠲᠣᠯᠠᠨ ᠰᠠᠶᠢᠵᠢᠷᠠᠭᠤᠯᠵᠤ᠂ ᠰᠡᠳᠬᠢᠯ | ᠲᠠᠯᠪᠢᠨ ᠬᠦᠴᠦ ᠣᠷᠣᠭᠤᠯᠵᠤ ᠠᠷᠠᠳ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠨ᠂ ᠪᠤᠶᠠᠨ ᠬᠡᠰᠢᠭ ᠢ | ᠨᠡᠮᠡᠭᠳᠡᠭᠦᠯᠦᠨ᠎ᠡ | ᠨᠡᠩ ᠲᠣᠭᠲᠠᠭᠤᠨ ᠦᠷᠭᠦᠯᠵᠢᠯᠡᠭᠰᠡᠨ ᠠᠵᠢᠯ ᠣᠯᠭᠤᠯᠲᠠ ᠶᠢ ᠪᠡᠶᠡᠯᠡᠭᠦᠯᠦᠨ᠎ᠡ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠦᠷᠥ ᠶᠢᠨ ᠪᠣᠳᠣᠯᠭ᠎ᠠ ᠶᠢ ᠨᠡᠩ ᠶᠡᠭᠡ ᠡᠷᠴᠢᠮ ᠲᠠᠢ ᠬᠡᠷᠡᠭᠵᠢᠭᠦᠯᠵᠦ᠂ ᠳᠡᠭᠡᠳᠦ | ᠰᠣᠷᠭᠠᠭᠤᠯᠢ ᠶᠢᠨ ᠲᠡᠭᠦᠰᠬᠦ ᠣᠶᠣᠲᠠᠳ᠂ ᠬᠤᠲᠠ ᠣᠷᠣᠵᠣ ᠠᠵᠢᠯ ᠬᠢᠵᠦ ᠪᠠᠶᠢᠭ᠎ᠠ ᠲᠠᠷᠢᠶᠠᠴᠢᠨ᠂ ᠠᠵᠢᠯ ᠤᠨ | ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠠᠵᠢᠯ | ᠲᠦᠷᠥᠯ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠲᠤᠪᠤᠶᠢᠯᠭᠠᠵᠤ᠂ ︽ᠠᠵᠣ ᠠᠬᠤᠶᠢᠯᠠᠯ ᠢ | ᠲᠣᠭᠲᠠᠪᠣᠷᠢᠵᠢᠭᠤᠯᠣᠨ ᠠᠵᠢᠯ ᠤᠨ ᠪᠠᠶᠢᠷᠢ ᠶᠢ ᠲᠤᠰᠠᠯᠠᠬᠤ︾ ᠲᠦᠷᠥ ᠶᠢᠨ ᠪᠣᠳᠣᠯᠭ᠎ᠠ ᠶᠢ ᠭᠦᠢᠴᠡᠳ ᠰᠠᠶᠢᠲᠣᠷ | ᠬᠡᠷᠡᠭᠯᠡᠵᠦ᠂ ᠰᠢᠨ᠎ᠡ ᠠᠵᠢᠯ ᠤᠨ ᠪᠠᠶᠢᠷᠢ᠂ ᠰᠢᠨ᠎ᠡ ᠠᠵᠢᠯ ᠮᠡᠷᠭᠡᠵᠢᠯ ᠢ ᠶᠡᠬᠡᠪᠡᠷ ᠪᠤᠶᠢᠵᠢᠭᠤᠯᠵᠤ᠂ ᠬᠤᠲᠠ | ᠪᠠᠯᠭᠠᠰᠤᠨ ᠤ ᠠᠵᠢᠯ ᠣᠯᠭᠤᠯᠲᠠ ᠶᠢ 4.5 ᠲᠦᠮᠡᠨ ᠬᠦᠮᠦᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠠᠵᠢᠯ | ᠣᠯᠭᠤᠯᠲᠠ ᠶᠢᠨ ᠲᠤᠰᠠᠯᠠᠮᠵᠢ ᠶᠢ ᠴᠢᠩᠭᠠᠳᠬᠠᠵᠤ᠂ ᠠᠵᠢᠯ ᠣᠯᠤᠭᠰᠠᠨ ᠬᠥᠮᠦᠨ ᠦᠭᠡᠢ ᠭᠡᠷ ᠪᠦᠯᠢ ᠶᠢᠨ | ᠬᠦᠳᠡᠯᠦᠩᠭᠦᠢ ᠪᠠᠶᠢᠳᠠᠯ ᠢ ︽ᠲᠡᠭ ᠪᠠᠶᠢᠯᠭᠠᠬᠤ︾ ᠶᠢ ᠦᠨᠡᠨᠬᠦ ᠪᠠᠲᠤᠯᠠᠨ᠎ᠠ᠃ ︽ᠮᠢᠩᠭᠠᠨ ᠠᠵᠤ ᠠᠬᠤᠶᠢᠯᠠᠯ | ᠮᠢᠩᠭᠠᠨ ᠴᠡᠷᠢᠭ ᠲᠠᠢ ᠬᠤᠯᠪᠣᠭᠠᠯᠠᠬᠤ ᠲᠥᠯᠥᠪᠯᠡᠭᠡ︾ ᠶᠢ ᠬᠡᠷᠡᠭᠵᠢᠭᠦᠯᠵᠦ᠂ ᠴᠡᠷᠢᠭ ᠠᠴᠠ ᠬᠠᠯᠠᠭᠳᠠᠭᠰᠠᠳ ᠤᠨ | ᠠᠵᠢᠯ ᠣᠯᠵᠤ ᠠᠳᠠᠯ ᠦᠢᠯᠡᠰ ᠴᠣᠭᠴᠠᠯᠠᠬᠤ ᠬᠦᠷᠢᠶᠡᠯᠡᠩ᠂ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ | ᠦᠢᠯᠡᠰ ᠤᠨ ᠬᠦᠷᠢᠶᠡᠯᠡᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠠᠳᠠᠯ ᠦᠢᠯᠡᠰ ᠴᠣᠭᠴᠠᠯᠠᠬᠤ | ᠬᠥᠭᠵᠢᠯᠲᠡ ᠶᠢᠨ ᠪᠠᠯᠠ ᠮᠥᠩᠭᠦ ᠶᠢ ᠪᠠᠶᠢᠭᠤᠯᠵᠤ᠂ ︽ᠠᠩᠬᠠᠨ ᠤ ᠡᠭᠦᠳᠦᠯᠲᠡ ᠳᠤ ᠲᠤᠰᠠᠯᠠᠬᠤ︾ ᠨᠠᠷᠠᠲᠤ ᠲᠥᠷᠥᠯ | ᠲᠡᠮᠳᠡᠭᠲᠦ ᠶᠢᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠨᠥᠬᠦᠪᠥᠷᠢ ᠥᠭᠬᠦ ᠴᠢᠨᠠᠷᠲᠠᠶ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ 3.2 ᠲᠦᠮᠡᠨ ᠬᠥᠮᠦᠨ ᠤᠳᠠᠭ᠎ᠠ ᠠᠴᠠ ᠳᠡᠭᠡᠭᠰᠢ ᠪᠡᠶᠡᠯᠡᠭᠦᠯᠦᠨ᠎ᠡ᠃ ᠬᠥᠮᠦᠨ | ᠠᠮᠠ ᠶᠢᠨ ᠠᠰᠢᠭ ᠣᠨᠣᠭᠳᠠᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠬᠥᠮᠦᠨ ᠠᠮᠠ ᠶᠢᠨ ᠠᠯᠬᠤᠮ | ᠠᠯᠬᠤᠮ ᠢᠶᠠᠷ ᠬᠤᠲᠠ ᠪᠠᠯᠭᠠᠰᠤ ᠲᠡᠰᠢ ᠰᠢᠯᠵᠢᠬᠦ᠂ ᠭᠠᠳᠠᠷ ᠣᠷᠣᠨ ᠤ ᠬᠥᠮᠦᠨ ᠠᠮᠠ ᠲᠠᠰᠤᠷᠠᠯᠲᠠ ᠦᠭᠡᠢ ᠮᠠᠨ ᠤ | ᠬᠤᠲᠠ ᠳᠤ ᠣᠷᠣᠬᠤ ᠶᠢ ᠠᠬᠢᠭᠤᠯᠤᠨ᠎ᠠ᠃ | ᠨᠡᠩ ᠲᠥᠪ ᠭᠤᠤᠯᠴᠢ ᠴᠢᠨᠠᠷ ᠰᠠᠶᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ | ᠬᠦᠮᠦᠵᠢᠭᠦᠯᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ︽ᠰᠢᠯᠢᠳᠡᠭ ᠦᠨᠳᠦᠰᠦᠨ ᠰᠤᠷᠭᠠᠨ ᠬᠥᠮᠦᠵᠢᠯ ᠤᠨ | ᠡᠬᠢ ᠪᠠᠶᠠᠯᠢᠭ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠬᠡᠷᠡᠭᠵᠢᠭᠦᠯᠵᠦ᠂ | ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ 28 ᠶᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ | ᠪᠠᠶᠢᠭᠤᠯᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ | ᠬᠥᠬᠡᠬᠤᠲᠠ ᠶᠢᠨ ᠬᠤᠪᠢᠶᠠᠷᠢ ᠰᠤᠷᠭᠠᠭᠤᠯᠢ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ︽ᠨᠠᠷᠠᠲᠤ | ᠰᠤᠷᠭᠠᠭᠤᠯᠢ ᠬᠤᠪᠢᠶᠠᠷᠢ ᠰᠤᠷᠭᠠᠭᠤᠯᠢ ᠪᠠᠶᠢᠭᠤᠯᠬᠤ᠂ ᠨᠠᠷᠠᠲᠤ ᠰᠤᠷᠭᠠᠭᠤᠯᠢ ᠨᠢ ᠪᠠᠭᠤᠷᠠᠶ ᠰᠤᠷᠭᠠᠭᠤᠯᠢ ᠶᠢ | ᠳᠠᠭᠠᠭᠤᠯᠬᠤ︾ ᠠᠵᠢᠯ ᠢ ᠰᠠᠶᠢᠲᠤᠷ ᠬᠢᠨ᠎ᠠ᠃ ᠡᠩ ᠤᠨ ᠲᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ | ᠶᠠᠩᠵᠤᠴᠢᠯᠠᠭᠰᠠᠨ᠂ ᠣᠨᠴᠠᠯᠢᠬᠵᠢᠭᠰᠠᠨ ᠰᠤᠷᠭᠠᠭᠤᠯᠢ ᠡᠷᠭᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠢᠯᠡ ᠪᠠᠷ ᠰᠣᠷᠣᠭᠴᠢ ᠡᠯᠰᠡᠬᠦ︾ | ︽ᠢᠯᠡ ᠪᠠᠷ ᠠᠩᠭᠢ ᠬᠤᠪᠢᠶᠠᠬᠤ︾ ᠶᠢ ᠠᠬᠢᠭᠤᠯᠤᠨ᠎ᠠ᠃ ᠠᠯᠪᠠᠨ ᠠᠴᠠ ᠡᠷᠬᠢᠯᠡᠬᠦ᠂ ᠲᠦᠭᠡᠮᠡᠯ ᠬᠠᠷᠠᠭᠠᠯᠵᠠᠯ | ᠦᠵᠡᠭᠦᠯᠬᠦ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠪᠠᠶᠢᠭᠤᠯᠤᠯᠲᠠ ᠶᠢ ᠲᠦᠷᠭᠡᠳᠬᠡᠨ᠎ᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠨᠡᠶᠢᠭᠡᠮ ᠤᠨ ᠬᠦᠴᠦᠨ ᠤ ᠡᠯ᠎ᠡ | ᠲᠦᠷᠦᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠡᠷᠬᠢᠯᠡᠬᠦ ᠳᠤ ᠣᠷᠣᠯᠴᠠᠬᠤ ᠶᠢ ᠵᠣᠷᠢᠭᠵᠢᠭᠤᠯᠤᠨ᠎ᠠ᠃ | ᠦᠨᠳᠦᠰᠦᠲᠡᠨ ᠤ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ | ᠬᠦᠮᠦᠵᠢᠯ ᠢ ᠰᠠᠶᠢᠲᠤᠷ ᠡᠷᠬᠢᠯᠡᠵᠦ᠂ ᠦᠷᠭᠦᠯᠵᠢᠯᠡᠭᠰᠡᠨ ᠰᠤᠷᠭᠠᠨ ᠬᠥᠮᠦᠵᠢᠯ ᠢ ᠬᠥᠭᠵᠢᠭᠦᠯᠵᠦ᠂ ᠨᠠᠰᠤᠨ ᠲᠤᠷᠰᠢᠳᠠ | ᠰᠤᠷᠤᠯᠴᠠᠬᠤ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ᠃ | ᠨᠡᠩ ᠪᠦᠷᠢᠨ ᠲᠡᠭᠦᠯᠳᠡᠷ ᠨᠠᠶᠢᠳᠠᠪᠣᠷᠢᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢ ᠪᠠᠶᠢᠭᠤᠯᠤᠨ᠎ᠠ᠃ ᠲᠣᠰ ᠤᠳᠠᠭᠠᠨ ᠤ ᠬᠢᠵᠢᠭ ᠤᠨ ᠪᠠᠶᠢᠳᠠᠯ ᠳᠤ ᠢᠯᠡᠷᠡᠭᠰᠡᠨ ᠪᠠᠭᠤᠷᠠᠶ ᠲᠠᠯ᠎ᠠ ᠪᠠ | ᠳᠤᠲᠠᠭᠤᠳᠠᠯ ᠳᠤ ᠴᠢᠭᠯᠡᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ | ᠠᠷᠭᠠᠴᠠᠭᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ ᠬᠤᠶᠠᠳᠤᠭᠠᠷ ᠡᠮᠨᠡᠯᠭᠡ ᠶᠢᠨ | ᠬᠤᠷᠢᠶ᠎ᠠ ᠶᠢ ᠨᠡᠭᠦᠯᠭᠡᠨ ᠪᠠᠶᠢᠭᠤᠯᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠶᠢᠨ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠬᠤᠲᠠ ᠶᠢᠨ ᠲᠡᠰ ᠤᠨ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠦᠨᠡᠯᠡᠨ ᠵᠢᠱᠢᠬᠦ᠂ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠰᠡᠷᠭᠡᠶᠢᠯᠡᠨ ᠡᠵᠡᠮᠳᠡᠬᠦ ᠬᠠᠮᠵᠢᠯᠴᠠᠬᠤ ᠲᠣᠭᠲᠠᠴᠠ ᠪᠠ ᠬᠢᠵᠢᠭ ᠤᠨ ᠪᠠᠴᠢᠮ | ᠪᠠᠶᠢᠳᠠᠯ ᠢ ᠠᠷᠭᠠᠴᠠᠭᠠᠬᠤ ᠶᠢ ᠳᠠᠭᠠᠬᠤ᠂ ᠡᠳ᠋ ᠪᠣᠳᠠᠰ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠬᠤᠲᠠ ᠶᠢᠨ ᠱᠠᠲᠤᠨ ᠤ ᠶᠡᠷᠦᠩᠬᠡᠶᠢᠯᠡᠭᠰᠡᠨ ᠭᠤᠷᠪᠠᠳᠣᠭᠠᠷ ᠳᠡᠰ ᠤᠨ ᠬᠥᠬᠡ ᠵᠡᠷᠭᠡᠯᠡᠯ ᠤᠨ ᠡᠮᠨᠡᠯᠭᠡ ᠶᠢᠨ ᠬᠤᠷᠢᠶ᠎ᠠ᠂ | ᠬᠤᠰᠢᠭᠤ ᠰᠢᠶᠠᠨ ᠤ ᠬᠤᠶᠠᠳᠤᠭᠠᠷ ᠳᠡᠰ ᠤᠨ ᠬᠥᠬᠡ ᠵᠡᠷᠭᠡᠯᠡᠯ ᠤᠨ ᠡᠮᠨᠡᠯᠭᠡ ᠶᠢᠨ ᠬᠤᠷᠢᠶ᠎ᠠ ᠶᠢ ᠡᠭᠦᠳᠦᠨ | ᠪᠠᠶᠢᠭᠤᠯᠬᠤ ᠶᠢ ᠲᠦᠷᠭᠡᠳᠬᠡᠵᠦ᠂ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮ ᠡᠮᠨᠡᠯᠭᠡ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠱᠠᠲᠤ ᠬᠤᠪᠢᠶᠠᠨ ᠣᠨᠣᠰᠢᠯᠠᠨ ᠡᠮᠴᠢᠯᠡᠬᠦ ᠪᠠ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠬᠤ ᠳᠦᠷᠢᠮ ᠢ ᠨᠠᠶᠢᠳᠠᠪᠣᠷᠢᠵᠢᠭᠤᠯᠵᠤ᠂ ᠦᠨᠳᠦᠰᠦᠨ ᠱᠠᠲᠤᠨ ᠤ ᠨᠡᠷᠡᠲᠦ ᠡᠮᠴᠢ ᠶᠢᠨ | ᠠᠵᠢᠯᠯᠠᠬᠤ ᠲᠠᠰᠤᠭ ᠤᠨ ︽ᠨᠡᠶᠢᠳᠡᠮ ᠳᠤᠨᠢ ᠪᠦᠷᠬᠦᠭᠦᠯᠬᠦ︾ ᠶᠢ ᠪᠡᠶᠡᠯᠡᠭᠦᠯᠦᠨ᠎ᠡ᠃ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ | ᠬᠤᠲᠠ ᠶᠢ ᠡᠭᠦᠳᠦᠨ ᠪᠠᠶᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ | ᠂ ᠣᠯᠠᠨ ᠲᠦᠮᠡᠨ ᠤ ᠪᠡᠶ᠎ᠡ ᠮᠠᠬᠠᠪᠣᠳ ᠤᠨ ᠬᠡᠪ ᠴᠢᠨᠠᠷ ᠪᠣᠯᠣᠨ ᠡᠷᠡᠭᠦᠯ ᠮᠡᠨᠳᠦ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ | ᠨᠡᠩ ᠪᠠᠲᠤ ᠪᠠᠬᠢ ᠲᠦᠭᠡᠮᠡᠯ ᠬᠠᠷᠠᠭᠠᠯᠵᠠᠯ ᠦᠵᠡᠭᠦᠯᠬᠦ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ | ᠲᠡᠭᠦᠯᠳᠡᠷᠵᠢᠭᠦᠯᠦᠨ᠎ᠡ᠃ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ | ᠪᠠᠭᠤᠵᠤ ᠠᠮᠠᠷᠠᠭᠰᠠᠨ ᠬᠦᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ | ᠶᠣᠰᠣᠭᠠᠷ ᠣᠯᠭᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ | ᠠᠵᠢᠯ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠳᠥᠷᠪᠡᠳᠦᠭᠡᠷ ᠪᠦᠯᠦᠭ ᠬᠡᠷ ᠪᠦᠯᠢ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠲᠤᠷᠰᠢᠯᠲᠠ ᠶᠢᠨ ᠠᠵᠢᠯ ᠢ ᠠᠬᠢᠭᠤᠯᠤᠨ᠎ᠠ᠃ ᠬᠤᠳᠠ ᠬᠥᠳᠡᠭᠡ ᠶᠢᠨ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ | ᠨᠡᠶᠢᠭᠡᠮ ᠤᠨ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠠ᠃ | ᠭᠡᠷ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ ︽ᠣᠷᠣᠨ ᠰᠠᠭᠤᠴᠠ ᠶᠢ ᠰᠠᠭᠤᠬᠤ ᠠᠴᠠ ᠪᠢᠰᠢ ᠰᠠᠷᠢᠭᠠᠯᠠᠬᠤ ᠥᠬᠡᠶ︾ ᠪᠠᠶᠢᠷᠢ ᠲᠣᠭᠲᠠᠭᠠᠯᠲᠠ ᠶᠢ | ᠪᠠᠷᠢᠮᠲᠠᠯᠠᠵᠤ᠂ ᠬᠡᠷ ᠭᠠᠵᠠᠷ ᠬᠥᠷᠥᠩᠭᠡ ᠶᠢ ᠣᠬᠤᠷ ᠬᠤᠭᠤᠴᠠᠭᠠᠨ ᠤ ᠠᠵᠤ ᠠᠬᠤᠶ ᠳᠤ ᠰᠡᠳᠡᠯᠲᠡ ᠥᠭᠬᠦ ᠠᠷᠭ᠎ᠠ | ᠪᠠᠷᠢᠯ ᠪᠣᠯᠭᠠᠬᠤ ᠥᠬᠡᠶ᠂ ᠬᠡᠷ ᠭᠠᠵᠠᠷ ᠬᠥᠷᠥᠩᠭᠡ ᠶᠢᠨ ᠲᠣᠬᠢᠷᠠᠭᠤᠯᠤᠯ ᠡᠵᠡᠮᠳᠡᠯ ᠤᠨ ︽ᠨᠢᠭᠡ ᠬᠤᠲᠠ ᠳᠤ ᠨᠢᠭᠡ | ᠠᠷᠭ᠎ᠠ ᠪᠣᠳᠣᠯᠭ᠎ᠠ︾ ᠶᠢ ᠬᠡᠷᠡᠭᠵᠢᠭᠦᠯᠵᠦ᠂ ᠭᠠᠵᠠᠷ ᠤᠨ ᠦᠨ᠎ᠡ ᠶᠢ ᠲᠣᠭᠲᠠᠪᠣᠷᠢᠵᠢᠭᠤᠯᠬᠤ᠂ ᠬᠡᠷ ᠪᠠᠶᠢᠰᠢᠩ ᠤᠨ | ᠦᠨ᠎ᠡ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠲᠣᠬᠢᠷᠠᠭᠤᠯᠤᠯ ᠡᠵᠡᠮᠳᠡᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠤᠯᠠᠨ | ᠨᠡᠶᠢᠲᠡ ᠶᠢᠨ ᠲᠦᠷᠢᠶᠡᠰᠦᠨ ᠭᠡᠷ ᠪᠠ ᠲᠦᠷᠢᠶᠡᠰᠦᠨ ᠣᠷᠣᠨ ᠰᠠᠭᠤᠴᠠ ᠶᠢ ᠵᠢᠷᠤᠮᠵᠢᠭᠤᠯᠤᠨ ᠬᠦᠭᠵᠢᠭᠦᠯᠵᠦ᠂ | ᠬᠦᠴᠢᠷᠳᠡᠯᠲᠡᠢ ᠤᠯᠠᠨ ᠲᠦᠮᠡᠨ ᠪᠠ ᠰᠢᠨ᠎ᠡ ᠬᠤᠳᠠ ᠶᠢᠨ ᠠᠷᠠᠳ ᠵᠡᠷᠭᠡ ᠬᠠᠮᠲᠣ ᠣᠯᠠᠨ ᠤ ᠣᠷᠣᠨ ᠰᠠᠭᠤᠴᠠ ᠶᠢᠨ | ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠭᠡᠷ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠢ | ᠦᠷᠭᠦᠯᠵᠢᠯᠡᠨ ᠰᠢᠢᠳᠪᠦᠷᠢᠯᠡᠨ᠎ᠡ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠶᠠᠩ ᠪᠠᠯᠭᠠᠰᠤ᠂ ᠵᠡᠭᠡᠯᠢ | ᠭᠤᠳᠤᠮᠵᠢ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ ᠳᠣᠷᠣᠭᠰᠢ | ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠰᠠᠭᠤᠭᠠᠯᠢ ᠠᠷᠠᠳ ᠤᠨ ᠮᠡᠳᠡᠭᠡ | ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ᠂ ᠨᠡᠶᠢᠭᠡᠮ ᠲᠣᠭᠤᠷᠢᠭ ᠤᠨ | ᠲᠣᠤᠷᠵᠢᠭᠤᠯᠤᠭᠴᠢ ᠪᠠ ᠬᠤᠷᠢᠶᠠᠯᠠᠯ ᠤᠨ ᠠᠰᠠᠷ ᠤᠨ ᠳᠠᠷᠤᠭ᠎ᠠ ᠶᠢ ︽ᠨᠡᠶᠢᠳᠡᠮ ᠳᠤᠨᠢ ᠪᠦᠷᠬᠦᠭᠦᠯᠬᠦ︾ ᠶᠢ | ᠪᠡᠶᠡᠯᠡᠭᠦᠯᠵᠦ᠂ ᠦᠨᠳᠦᠰᠦᠨ ᠱᠠᠲᠤᠨ ᠤ ᠲᠣᠤᠷᠵᠢᠭᠤᠯᠤᠭᠰᠠᠨ ᠬᠠᠮᠢᠶᠠᠷᠤᠯᠲᠠ ᠶᠢᠨ ᠳᠤᠲᠠᠭᠤᠳᠠᠯ ᠢ ᠶᠡᠭᠡ ᠬᠦᠴᠦ | ᠣᠷᠣᠭᠤᠯᠤᠨ ᠨᠥᠬᠦᠪᠥᠷᠢᠯᠡᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠵᠥᠷᠢᠴᠡᠯ ᠵᠢᠭᠤᠷᠠᠯᠳᠣᠭᠠᠨ ᠢ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ ᠲᠦᠮᠡᠨ ᠤ | ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ | ᠰᠠᠭᠠᠳ ᠥᠬᠡᠶ ᠨᠡᠪᠲᠡᠷᠡᠬᠦ ᠵᠠᠮ ᠢ ᠰᠢᠯᠤᠭᠤᠳᠬᠠᠨ᠎ᠠ᠃ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ︽ᠵᠠᠷᠭᠤ ᠶᠢ ᠬᠦᠯᠢᠶᠡᠨ ᠠᠪᠤᠪᠠᠯ ᠳᠠᠷᠤᠶ | ᠰᠢᠢᠳᠪᠦᠷᠢᠯᠡᠬᠦ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ | ᠬᠡᠷᠡᠭ ᠢ ᠰᠢᠢᠳᠪᠦᠷᠢᠯᠡᠨ ᠠᠷᠢᠯᠭᠠᠬᠤ ᠶᠢ ᠲᠦᠯᠬᠢᠨ ᠠᠬᠢᠭᠤᠯᠣᠨ᠎ᠠ᠃ ᠬᠠᠤᠯᠢ ᠶᠣᠰᠣᠭᠠᠷ ᠴᠢᠩᠭ᠎ᠠ ᠰᠢᠢᠳᠬᠡᠬᠦ᠂ | ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ ᠶᠡᠷᠦᠩᠬᠡᠢ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠭᠦᠨᠵᠡᠭᠡᠶᠢᠷᠡᠨ | ᠥᠷᠨᠢᠬᠦ ᠶᠢ ᠠᠬᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠡᠮᠬᠢ ᠵᠠᠮᠪᠠᠷᠠᠭ᠎ᠠ ᠦᠭᠡᠢ | ᠦᠵᠡᠭᠳᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠳᠦᠷᠢᠮ ᠲᠣᠭᠲᠠᠭᠠᠯ ᠠᠴᠠ ᠵᠥᠷᠢᠴᠡᠭᠰᠡᠨ ᠬᠠᠤᠯᠢ ᠴᠠᠭᠠᠵᠠ ᠠᠴᠠ ᠵᠦᠷᠢᠴᠡᠭᠰᠡᠨ ᠠᠰᠠᠭᠤᠳᠠᠯ ᠢ ᠲᠣᠰᠬᠠᠢ ᠴᠡᠭᠴᠡᠯᠡᠨ | ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠨ | ᠵᠠᠰᠠᠬᠤ ᠠᠵᠢᠯ ᠢ ᠲᠦᠯᠬᠢᠨ ᠠᠬᠢᠭᠤᠯᠵᠤ᠂ ᠳᠠᠶᠢᠰᠤᠨ ᠲᠠᠢ ᠲᠡᠮᠡᠴᠡᠬᠦ᠂ ᠰᠦᠷᠳᠡᠭᠦᠯᠦᠯ ᠢ ᠡᠰᠡᠷᠭᠦᠴᠡᠨ | ᠬᠦᠴᠦᠷᠬᠡᠭᠯᠡᠯ ᠢ ᠰᠡᠷᠭᠡᠶᠢᠯᠡᠬᠦ ᠠᠵᠢᠯ ᠢ ᠴᠢᠩᠭᠠᠳᠬᠠᠨ᠎ᠠ᠃ ᠠᠶᠣᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠣᠷᠢᠵᠢᠭᠤᠯᠵᠤ᠂ ᠨᠢᠭᠡᠳᠦᠯᠲᠡᠶ ᠪᠥᠭᠡᠳ ᠥᠨᠳᠥᠷ ᠦᠷ᠎ᠡ ᠪᠦᠲᠦᠮᠵᠢᠲᠡᠶ ᠠᠶᠣᠯᠭᠦᠢ ᠶᠢᠨ ᠪᠠᠴᠢᠮ | ᠪᠠᠶᠢᠳᠠᠯ ᠢ ᠠᠷᠭᠠᠴᠠᠭᠠᠵᠤ ᠭᠠᠮᠰᠢᠭ ᠢ ᠪᠠᠭᠠᠰᠬᠠᠬᠤ ᠠᠵᠢᠯ ᠤᠨ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃ ᠢᠳᠡᠭᠡᠨ | ᠪᠠ ᠡᠮ ᠤᠨ ᠵᠦᠢᠯ ᠤᠨ ᠠᠶᠣᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠤᠯᠤᠰ ᠤᠨ ᠢᠳᠡᠭᠡᠨ ᠤ | ᠠᠶᠣᠯᠭᠦᠢ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠨ᠎ᠠ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠣᠯᠤᠨ ᠡᠭᠦᠳᠦᠨ ᠪᠠᠶᠢᠭᠤᠯᠬᠤ ᠠᠵᠢᠯ ᠢ ᠴᠢᠩᠭᠠᠳᠬᠠᠨ᠎ᠠ᠃ ᠱᠠᠰᠢᠨ | ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠪᠠ | ᠡᠷᠦᠬᠡ ᠶᠢᠨ ᠴᠡᠷᠢᠭ ᠤᠨ ᠲᠣᠬᠢᠷᠠᠭᠤᠯᠤᠯᠲᠠ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠴᠡᠷᠢᠭ ᠠᠴᠠ | ᠬᠠᠯᠠᠭᠳᠠᠭᠰᠠᠳ ᠢ ᠬᠠᠷᠠᠭᠠᠯᠵᠠᠨ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠤ᠂ ᠴᠡᠷᠢᠭ | ᠠᠷᠠᠳ ᠤᠨ ᠠᠭᠤᠰᠣᠯᠴᠠᠯ ᠬᠦᠭᠵᠢᠯᠲᠡ ᠶᠢ ᠲᠦᠷᠭᠡᠳᠬᠡᠨ ᠠᠬᠢᠭᠤᠯᠵᠤ᠂ ︽ᠪᠦᠬᠦ ᠤᠯᠤᠰ ᠤᠨ ᠬᠤᠶᠠᠷ ᠢ | ᠬᠦᠷᠢᠶᠡᠯᠡᠬᠦ ᠵᠢᠱᠢᠶᠡᠴᠢ ᠬᠤᠲᠠ︾ ᠶᠢ ᠶᠢᠰᠦᠳᠦᠭᠡᠷ ᠤᠳᠠᠭ᠎ᠠ ᠴᠢᠷᠮᠠᠶᠢᠨ ᠪᠠᠶᠢᠭᠤᠯᠤᠨ᠎ᠠ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠨ᠎ᠠ᠃ | ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ ᠤᠯᠠᠭᠠᠨ | ᠵᠠᠭᠠᠯᠮᠠᠶᠢᠲᠠᠨ ᠤ ᠦᠢᠯᠡᠰ ᠢ ᠶᠡᠬᠡᠪᠡᠷ ᠬᠥᠭᠵᠢᠭᠦᠯᠵᠦ᠂ ᠨᠢᠭᠦᠯᠡᠰᠦᠩᠭᠦᠶ ᠶᠢᠨ ᠨᠡᠶᠢᠲᠡ ᠶᠢᠨ ᠠᠰᠠᠷᠠᠮᠵᠢ᠂ ᠰᠠᠶᠢᠨ | ᠳᠤᠷᠠᠴᠤᠤᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠬᠤᠶᠢᠴᠢ | ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠠᠵᠢᠯ ᠢ ᠶᠡᠬᠡᠪᠡᠷ ᠳᠠᠮᠵᠢᠨ᠎ᠠ᠃ | ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ | ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠦᠨᠡᠨᠴᠢ ᠰᠢᠳᠤᠷᠭᠤ ᠤᠯᠤᠰ | ᠲᠦᠷᠦ ᠶᠢᠨ ᠬᠡᠪ ᠴᠢᠨᠠᠷ ᠢᠶᠠᠨ ᠡᠭᠦᠷᠢᠳᠡ ᠬᠠᠳᠠᠭᠠᠯᠠᠨ᠎ᠠ᠃ ᠬᠤᠲᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ | ᠳᠣᠤᠷ᠎ᠠ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠬᠠᠮᠤᠭ ᠤᠨ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠳᠡᠭᠡᠳᠦ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠣᠷᠢᠵᠢᠭᠤᠯᠵᠤ᠂ ︽ᠤᠭ ᠰᠠᠨᠠᠭ᠎ᠠ ᠪᠠᠨ ᠥᠯᠥ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠥᠷᠭᠡᠨ ᠣᠯᠠᠨ ᠺᠠᠳ᠋ᠷ ᠢ ᠬᠥᠲᠥᠯᠥᠨ ᠵᠢᠯᠣᠭᠤᠳᠴᠤ ᠦᠵᠡᠯ ᠰᠠᠨᠠᠭᠠᠨ ᠤ | ᠪᠣᠯᠪᠠᠰᠤᠷᠠᠯ᠂ ᠤᠯᠤᠰ ᠲᠥᠷᠥ ᠶᠢᠨ ᠪᠣᠯᠪᠠᠰᠤᠷᠠᠯ᠂ ᠦᠢᠯᠡᠳᠦᠯᠭᠡ ᠶᠢᠨ ᠳᠠᠪᠲᠠᠯᠲᠠ ᠶᠢ ᠴᠢᠩᠭᠠᠳᠬᠠᠵᠤ᠂ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠥ ᠶᠢᠨ ᠵᠠᠩ ᠰᠤᠷᠲᠠᠯ ᠢ ᠳᠠᠪᠲᠠᠨ | ᠪᠣᠯᠪᠠᠰᠤᠷᠠᠭᠤᠯᠤᠨ᠎ᠠ᠃ | ᠬᠠᠤᠯᠢ ᠪᠠᠷ ᠵᠠᠰᠠᠬᠤ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠵᠤ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ | ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠳᠠᠷᠠᠭᠠᠯᠠᠯ ᠢ ᠴᠢᠩᠭ᠎ᠠ ᠵᠢᠷᠤᠮᠯᠠᠨ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠭᠦᠢᠴᠡᠳᠬᠡᠵᠦ᠂ ᠰᠠᠯᠠᠭ᠎ᠠ ᠮᠥᠴᠢᠷ ᠤᠨ ᠡᠷᠬᠡ ᠶᠢᠨ ᠨᠠᠷᠢᠨ ᠬᠠᠭᠤᠳᠠᠰᠤ᠂ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠠᠬᠢᠨ ᠡᠮᠬᠢᠯᠡᠵᠦ᠂ ᠵᠠᠰᠠᠭ ᠤᠨ ᠶᠠᠪᠤᠳᠠᠯ ᠤᠨ ᠠᠵᠢᠯᠯᠠᠭ᠎ᠠ ᠶᠢ | ᠬᠠᠤᠯᠢ ᠪᠠᠷ ᠵᠠᠰᠠᠬᠤ ᠵᠠᠮ ᠳᠤ ᠭᠦᠢᠴᠡᠳ ᠣᠷᠣᠭᠤᠯᠤᠨ᠎ᠠ᠃ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ᠪᠠ ︽ᠭᠤᠷᠪᠠᠨ ᠴᠢᠬᠤᠯᠠ ᠨᠢᠭᠡ | ᠶᠡᠭᠡ︾ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠪᠠ | ᠲᠣᠬᠢᠷᠠᠭᠤᠯᠬᠤ ᠶᠡᠷᠦᠩᠬᠡᠢ ᠨᠦᠯᠦᠭᠡ ᠶᠢᠨ ᠦᠨᠡᠯᠡᠨ ᠵᠢᠱᠢᠬᠦ ᠳᠦᠷᠢᠮ᠂ ᠡᠳ᠋ ᠤᠨ ᠵᠠᠰᠠᠭ ᠤᠨ ᠵᠠᠷᠤᠯᠭ᠎ᠠ ᠶᠢᠨ | ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠬᠠᠮᠢᠶᠠᠷᠤᠯᠲᠠ ᠶᠢᠨ ᠳᠦᠷᠢᠮ ᠢ ᠨᠠᠶᠢᠳᠠᠪᠣᠷᠢᠵᠢᠭᠤᠯᠣᠨ᠂ ᠵᠠᠰᠠᠭ ᠤᠨ | ᠣᠷᠳᠣᠨ ᠤ ᠭᠠᠷᠭᠠᠭᠰᠠᠨ ᠰᠢᠢᠳᠪᠦᠷᠢᠲᠦ ᠪᠣᠳᠣᠯᠭ᠎ᠠ ᠨᠢᠭᠡᠪᠦᠷᠢ ᠶᠢ ᠴᠥᠮ ᠰᠢᠯᠭᠠᠯᠲᠠ ᠶᠢ ᠳᠠᠭᠠᠭᠠᠵᠤ ᠳᠡᠶᠢᠯᠬᠦ | ᠪᠣᠯᠭᠠᠵᠤ᠂ ᠮᠦᠩᠭᠦ ᠨᠢᠭᠡᠪᠦᠷᠢ ᠶᠢ ᠴᠥᠮ ᠵᠢᠱᠢᠭᠰᠡᠨ ᠦᠷ᠎ᠡ ᠪᠦᠲᠦᠮᠵᠢ ᠳᠤ ᠬᠦᠷᠭᠡᠨ᠎ᠡ᠃ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠲᠧᠯᠸᠢᠰ ᠢᠶᠠᠷ ᠵᠠᠰᠠᠭ ᠤᠨ | ᠶᠠᠪᠤᠳᠠᠯ ᠢ ᠠᠰᠠᠭᠤᠬᠤ ᠵᠡᠷᠭᠡ ᠬᠡᠯᠪᠡᠷᠢ ᠪᠠᠷ ᠳᠠᠮᠵᠢᠭᠤᠯᠤᠨ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠰᠣᠨᠣᠰᠬᠤ᠂ ᠣᠯᠠᠨ ᠲᠦᠮᠡᠨ ᠤ ᠲᠤᠯᠭᠠᠨ ᠠᠰᠠᠭᠤᠬᠤ ᠶᠢ ᠬᠦᠯᠢᠶᠡᠨ᠎ᠡ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ ᠬᠠᠤᠯᠢ ᠶᠣᠰᠣᠭᠠᠷ | ᠬᠦᠯᠢᠶᠡᠵᠦ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ | ᠬᠦᠯᠢᠶᠡᠵᠦ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ᠎ᠡ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠵᠤ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ᠃ | ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠭᠠᠷᠳᠠᠴᠠ ᠪᠣᠯᠭᠠᠵᠤ᠂ ᠣᠪᠣᠷ | ᠰᠤᠷᠲᠠᠯ ᠢᠶᠠᠨ ᠲᠠᠰᠤᠷᠠᠯᠲᠠ ᠥᠬᠡᠶ ᠬᠤᠪᠢᠷᠠᠭᠤᠯᠣᠨ᠎ᠠ᠃ ︽ᠰᠤᠷᠲᠠᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠣᠨ︾ | ᠤ ᠠᠵᠢᠯᠯᠠᠭ᠎ᠠ ᠶᠢ ᠥᠷᠨᠢᠭᠦᠯᠵᠦ᠂ ᠪᠣᠳᠠᠲᠠᠶ ᠠᠵᠢᠯᠯᠠᠬᠤ ᠰᠤᠷᠲᠠᠯ ᠢ ᠶᠡᠬᠡᠪᠡᠷ ᠳᠡᠯᠭᠡᠷᠡᠭᠦᠯᠵᠦ᠂ ︽ᠨᠢᠭᠡᠳᠦᠭᠡᠷ | ᠹᠷᠣᠨᠲ ᠤᠨ ᠠᠵᠢᠯ ᠤᠨ ᠠᠷᠭ᠎ᠠ︾᠂ ︽ᠪᠢᠲᠡᠭᠦᠦ ᠴᠠᠭᠠᠷᠢᠭᠲᠤ ᠠᠵᠢᠯ ᠤᠨ ᠠᠷᠭ᠎ᠠ︾᠂ ︽ᠳᠦᠷᠪᠡᠨ ᠦᠭᠡᠢ | ᠬᠤᠶᠠᠷ ᠰᠢᠭᠤᠳ ᠪᠠᠶᠢᠴᠠᠭᠠᠨ ᠰᠤᠳᠤᠯᠬᠤ ᠠᠷᠭ᠎ᠠ︾ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ᠂ | ᠭᠤᠤᠯᠳᠠᠯᠭ᠎ᠠ ᠲᠠᠢ ᠲᠥᠷᠥᠯ ᠵᠦᠢᠯ ᠳᠤ ᠴᠥᠮ ᠠᠵᠢᠯ ᠤᠨ ᠡᠬᠡ ᠳᠠᠩᠰᠠ᠂ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠭᠠᠷᠭᠠᠵᠤ᠂ ︽ᠰᠢᠢᠳᠦᠭᠰᠡᠨ ᠤᠴᠢᠷ ᠢ ᠵᠠᠪᠠᠯ ᠬᠢᠵᠦ᠂ ᠬᠢᠪᠡᠯ ᠵᠠᠪᠠᠯ ᠦᠷ᠎ᠡ ᠪᠦᠳᠦᠮᠵᠢ ᠤᠯᠬᠤ︾ ᠶᠢ | ᠰᠢᠮᠳᠠᠭᠤᠯᠣᠨ ᠪᠠᠶᠢᠴᠠᠭᠠᠵᠤ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠪᠣᠳᠠᠲᠠᠶ ᠠᠵᠢᠯ ᠬᠢᠬᠦ ᠪᠠᠷ | ᠴᠢᠳᠠᠪᠤᠷᠢ ᠶᠢ ᠨᠢ ᠦᠨᠡᠯᠡᠵᠦ᠂ ᠦᠷ᠎ᠡ ᠳ᠋ᠦᠩ ᠢᠶᠠᠷ ᠨᠢ ᠪᠠᠭᠠᠲᠣᠷ ᠢ ᠦᠨᠡᠯᠡᠨ᠎ᠡ᠃ ᠬᠡᠯᠪᠡᠷᠢ ᠶᠢᠨ ᠦᠵᠡᠯ᠂ ᠨᠣᠶᠠᠨᠴᠢ | ᠰᠤᠷᠲᠠᠯ ᠢ ᠶᠡᠬᠡᠪᠡᠷ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠦᠷᠭᠦᠯᠵᠢᠯᠡᠨ | ᠠᠬᠢᠭᠤᠯᠵᠤ᠂ ᠪᠢᠴᠢᠭ ᠮᠠᠲ᠋ᠧᠷᠢᠶᠠᠯ ᠬᠤᠷᠠᠯ ᠢ ᠪᠠᠭᠠᠰᠬᠠᠬᠤ ᠨᠠᠵᠠᠭᠠᠢ ᠲᠠᠯ᠎ᠠ ᠶᠢᠨ ᠨᠠᠷᠢᠨ ᠬᠠᠭᠤᠲᠠᠰᠣ ᠶᠢ | ᠲᠡᠭᠦᠯᠳᠡᠷᠵᠢᠭᠦᠯᠵᠦ᠂ ᠰᠢᠮᠳᠠᠭᠤᠯᠣᠨ ᠪᠠᠶᠢᠴᠠᠭᠠᠬᠤ ᠬᠢᠨᠠᠨ ᠰᠢᠯᠭᠠᠬᠤ ᠦᠷ᠎ᠡ ᠳ᠋ᠦᠩ ᠢ ᠬᠠᠷᠢᠯᠴᠠᠨ ᠮᠡᠳᠡᠷᠡᠵᠦ | ᠬᠠᠷᠢᠯᠴᠠᠨ ᠬᠡᠷᠡᠭᠯᠡᠬᠦ ᠶᠢ ᠠᠬᠢᠭᠤᠯᠵᠤ᠂ ᠺᠠᠳ᠋ᠷ ᠢ ᠪᠢᠴᠢᠭ ᠤᠨ ᠠᠭᠤᠯᠠ ᠬᠤᠷᠠᠯ ᠤᠨ ᠳᠠᠯᠠᠢ᠂ ᠦᠨᠡᠯᠡᠯᠲᠡ ᠶᠢ | ᠤᠭᠲᠤᠬᠤ ᠪᠠᠶᠢᠴᠠᠭᠠᠯᠲᠠ ᠶᠢ ᠤᠭᠲᠤᠬᠤ᠂ ᠮᠠᠲ᠋ᠧᠷᠢᠶᠠᠯ ᠤᠨ ᠮᠡᠳᠡᠭᠦᠯᠬᠦ ᠬᠦᠰᠦᠨᠦᠭᠲᠦ ᠠᠴᠠ ᠠᠩᠭᠢᠵᠢᠷᠠᠭᠤᠯᠵᠤ᠂ | ᠨᠡᠩ ᠤᠯᠠᠨ ᠤᠶᠤᠨ ᠴᠢᠳᠠᠯ ᠢᠶᠠᠨ ᠭᠠᠷᠭᠠᠵᠤ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠦᠢᠯᠡᠴᠢᠯᠡᠭᠦᠯᠦᠨ᠎ᠡ᠃ | ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ | ᠡᠪᠳᠡᠭᠰᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠥᠯᠥᠭᠡᠯᠡᠭᠰᠡᠨ ᠵᠢᠴᠢ ᠵᠠᠬ᠎ᠠ ᠳᠡᠯᠭᠡᠭᠦᠷ ᠤᠨ ᠭᠤᠣᠯ | ᠴᠣᠭᠴᠠ ᠪᠣᠯᠤᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠬᠤᠬᠢᠷᠠᠭᠤᠯᠤᠭᠰᠠᠨ ᠬᠥᠮᠦᠨ ᠪᠣᠯᠤᠨ | ᠤᠴᠢᠷ ᠢ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠡᠷᠡᠰ ᠬᠠᠷᠢᠭᠤᠴᠠᠯᠭ᠎ᠠ ᠨᠡᠬᠡᠮᠵᠢᠯᠡᠨ᠎ᠡ᠃ ᠺᠠᠳ᠋ᠷ ᠢ | ᠬᠠᠯᠠᠮᠵᠢᠯᠠᠨ ᠬᠠᠶᠢᠷᠠᠯᠠᠵᠤ᠂ ᠬᠠᠷᠢᠭᠤᠴᠠᠯᠭ᠎ᠠ ᠡᠭᠦᠷᠭᠡᠯᠡᠭᠴᠢ ᠳᠤ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ | ᠬᠦᠢᠴᠡᠳᠭᠡᠭᠴᠢ ᠳᠤ ᠬᠠᠷᠢᠭᠤᠴᠠᠵᠤ᠂ ︽ᠥᠭᠡᠷᠡᠴᠢᠯᠡᠯᠲᠡ ᠳᠤ ᠠᠯᠳᠠᠰᠢ ᠭᠠᠷᠭᠠᠬᠤ ᠶᠢ ᠵᠥᠪᠰᠢᠶᠡᠷᠡᠬᠦ ᠪᠣᠯᠪᠠᠴᠤ | ᠥᠭᠡᠷᠡᠴᠢᠯᠡᠯᠲᠡ ᠬᠢᠬᠦ ᠦᠭᠡᠢ ᠪᠠᠶᠢᠬᠤ ᠶᠢ ᠵᠥᠪᠰᠢᠶᠡᠷᠡᠬᠦ ᠥᠬᠡᠶ᠂ ᠠᠵᠢᠯ ᠬᠢᠬᠦ ᠳᠤ ᠠᠯᠳᠠᠭ᠎ᠠ ᠭᠠᠷᠭᠠᠬᠤ ᠶᠢ | ᠵᠥᠪᠰᠢᠶᠡᠷᠡᠬᠦ ᠪᠣᠯᠪᠠᠴᠤ ᠠᠵᠢᠯ ᠬᠢᠬᠦ ᠦᠭᠡᠢ ᠪᠠᠶᠢᠬᠤ ᠶᠢ ᠵᠥᠪᠰᠢᠶᠡᠷᠡᠬᠦ ᠥᠬᠡᠶ︾ ᠥᠳᠬᠡᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠷ ᠬᠤᠷᠢᠭ᠎ᠠ ᠱᠤᠭᠤᠮ ᠪᠣᠯᠭᠠᠵᠤ᠂ ᠠᠷᠢᠭᠤᠨ ᠴᠢᠬᠡᠴᠢ ᠤᠭ | ᠴᠢᠨᠠᠷ ᠢᠶᠠᠨ ᠡᠭᠦᠷᠢᠳᠡ ᠬᠠᠳᠠᠭᠠᠯᠠᠨ᠎ᠠ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠤ᠂ ᠭᠦᠨᠵᠡᠭᠡᠶ ᠰᠤᠷᠭᠠᠮᠵᠢ ᠠᠪᠴᠤ᠂ ᠬᠤᠤᠷ ᠨᠥᠯᠥᠭᠡ ᠶᠢ ᠡᠷᠡᠰ | ᠴᠡᠪᠡᠷᠯᠡᠨ᠂ ᠪᠠᠯᠠ ᠮᠥᠩᠭᠦ ᠶᠢᠨ ᠬᠡᠷᠡᠭᠯᠡᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ | ᠲᠣᠬᠢᠷᠠᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ | ᠪᠤᠳᠤᠯᠲᠠ ᠶᠢᠨ ᠬᠢᠨᠠᠯᠲᠠ ᠲᠠᠯᠪᠢᠬᠤ ᠶᠢ ︽ᠨᠡᠶᠢᠳᠡᠮ ᠳᠤᠨᠢ ᠪᠦᠷᠬᠦᠭᠦᠯᠬᠦ︾ ᠶᠢ ᠬᠡᠷᠡᠭᠵᠢᠭᠦᠯᠵᠦ᠂ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠣᠭᠴᠠᠵᠢᠭᠤᠯᠣᠨ | ᠠᠬᠢᠭᠤᠯᠵᠤ᠂ ᠲᠥᠪ ᠴᠢᠬᠡᠴᠢ ᠬᠡᠪ ᠰᠤᠷᠲᠠᠯ ᠪᠦᠬᠦᠢ ᠠᠵᠢᠯ ᠬᠢᠵᠦ ᠠᠳᠠᠯ ᠦᠢᠯᠡᠰ ᠴᠣᠭᠴᠠᠯᠠᠬᠤ ᠣᠷᠴᠢᠨ | ᠨᠦᠬᠦᠴᠡᠯ ᠢ ᠪᠣᠢ ᠪᠣᠯᠭᠠᠨ᠎ᠠ᠃ | ᠡᠷᠬᠢᠮ ᠳᠡᠭᠡᠳᠦ ᠦᠢᠯᠡᠰ ᠢ ᠪᠦᠲᠦᠭᠡᠬᠦ ᠳᠤ ᠵᠣᠷᠢᠭ ᠪᠠᠶᠢᠬᠤ ᠬᠡᠷᠡᠭᠲᠡᠢ᠂ ᠥᠷᠭᠡᠨ ᠳᠡᠯᠭᠡᠷ ᠦᠢᠯᠡᠰ ᠢ | ᠪᠦᠲᠦᠭᠡᠬᠦ ᠳᠤ ᠠᠵᠢᠯᠴᠢ ᠪᠠᠶᠢᠬᠤ ᠬᠡᠷᠡᠭᠲᠡᠶ᠃ ᠪᠦᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ | ᠺᠠᠳ᠋ᠷᠴᠤᠳ ᠴᠥᠮ ︽ᠬᠠᠳᠠ ᠴᠢᠯᠠᠭᠤᠨ ᠤ ᠠᠡᠭ ᠵᠠᠪᠰᠠᠷ ᠦᠨᠳᠦᠰᠦ ᠶᠦᠭᠡᠨ ᠬᠠᠳᠬᠤᠬᠤ︾ ᠬᠠᠳᠠᠨ ᠵᠣᠷᠢᠭ᠂ ︽ | ᠰᠢᠪᠰᠢᠭᠲᠦ ᠯᠸᠦ ᠯᠠᠨ ᠢ ᠡᠰᠡ ᠡᠪᠳᠡᠬᠦᠯᠡ ᠦᠬᠦᠪᠡᠴᠦ ᠪᠤᠴᠠᠬᠤ ᠦᠭᠡᠢ︾ ᠡᠷᠴᠢ ᠵᠣᠷᠢᠭ᠂ ︽ᠡᠭᠦᠯᠡᠨ ᠳᠡᠯᠪᠡ ᠶᠢ | ᠡᠭᠴᠡ ᠪᠤᠰᠬᠠᠨ ᠬᠦᠭᠡᠮᠳᠦᠭ ᠳᠠᠯᠠᠢ ᠶᠢ ᠭᠡᠳᠦᠯᠬᠦ︾ ᠰᠢᠭᠤᠷᠬᠠᠢ ᠵᠣᠷᠢᠭ ᠢᠶᠠᠷ ᠠᠵᠢᠯ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ | ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ | ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠵᠦ᠂ ᠨᠠᠮ ᠪᠠ ᠠᠷᠠᠳ ᠲᠦᠮᠡᠨ ᠢ ᠰᠡᠳᠬᠢᠯ ᠬᠠᠨᠤᠮᠵᠢᠲᠠᠢ ᠪᠠᠶᠢᠯᠭᠠᠨ᠎ᠠ᠃ | ᠲᠥᠯᠥᠭᠡᠯᠡᠭᠴᠢᠳ ᠡ᠂ ᠲᠡᠮᠡᠴᠡᠯ ᠬᠦᠰᠡᠯ ᠵᠡᠭᠦᠳᠦ ᠶᠢ ᠲᠡᠷᠭᠡᠯᠰᠢᠭᠦᠯᠵᠦ᠂ ᠪᠣᠳᠠᠲᠠᠢ ᠠᠵᠢᠯᠯᠠᠭ᠎ᠠ ᠭᠡᠷᠡᠯ | ᠰᠠᠴᠤᠷᠠᠩᠭᠤᠢ ᠠᠮᠵᠢᠯᠲᠠ ᠶᠢ ᠡᠭᠦᠳᠦᠳᠡᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠨᠳᠦ | ᠡᠭᠦᠷᠭᠡ ᠶᠢ ᠵᠣᠷᠢᠭᠲᠠᠢ ᠡᠭᠦᠷᠭᠡᠯᠡᠵᠦ᠂ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠣᠷᠣᠨ ᠤ ᠲᠥᠪ ᠬᠤᠲᠠ ᠶᠢᠨ | ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ | |