ᠶᠢᠨ ᠴᠦᠨ ᠯᠢᠶᠠᠩ ᠰᠢᠶᠠᠨ ᠤ ᠵᠠᠰᠠᠭ ᠤᠨ ᠣᠷᠳᠣᠨ ᠤ 2020 ᠣᠨ ᠤ 9 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/6/22
     ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠰᠢᠶᠠᠨ ᠤ ᠵᠠᠰᠠᠭ ᠤᠨ ᠣᠷᠳᠣᠨ ᠤ 2020 ᠣᠨ ᠤ 9 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠦᠴᠤᠸᠠᠨ ᠰᠢᠶᠠᠨ ᠤ ᠡᠷᠬᠡ ᠶᠢᠨ ︿ᠮᠠᠷᠢᠶ᠎ᠠ ᠰᠢᠭᠤᠷᠠᠭᠤᠯᠬᠤ﹀᠂ ᠵᠠᠰᠠᠭ ᠤᠨ ᠶᠠᠪᠤᠳᠠᠯ ‍ᠤᠨ‌ᠦᠢᠯᠡᠴᠢᠯᠡᠭᠡ ᠶᠢᠨ ︿ᠭᠤᠷᠪᠠ ᠶᠢ ᠬᠠᠰᠤᠵᠤ ᠨᠢᠭᠡ ᠶᠢ ᠨᠡᠮᠡᠭᠳᠡᠭᠦᠯᠬᠦ﹀  ᠶᠢ ᠠᠬᠢᠭᠤᠯᠬᠤ ᠬᠡᠷᠡᠭᠵᠢᠭᠦᠯᠬᠦ ᠲᠥᠰᠦᠯ︾᠂ ︽ᠦᠴᠤᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︿ᠠᠷᠪᠠᠨ ᠨᠢᠭᠡ﹀ ᠶᠢ ᠬᠡᠷᠡᠭᠵᠢᠭᠦᠯᠬᠦ  ᠂ ︽ᠠᠭᠤᠯᠵᠠᠬᠤ ᠥᠬᠡᠶ ᠬᠢᠨᠠᠨ ᠵᠥᠪᠰᠢᠶᠡᠷᠡᠬᠦ﹀ ᠶᠢ ᠪᠥᠬᠦ ᠲᠠᠯ᠎ᠠ ᠪᠠᠷ ᠠᠬᠢᠭᠤᠯᠬᠤ ᠲᠥᠰᠦᠯ︾᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠲᠣᠨᠤᠭ ᠲᠥᠬᠦᠭᠡᠷᠦᠮᠵᠢ ᠶᠢ ᠳᠣᠭᠢᠷᠠᠭᠤᠯᠬᠤ ᠳᠤ ᠬᠡᠷᠡᠭᠰᠡᠬᠦ ᠵᠠᠷᠤᠳᠠᠯ᠂ ᠠᠵᠢᠯ ᠣᠯᠭᠤᠬᠤ ᠦᠢᠯᠡᠴᠢᠯᠡᠭᠡᠨ ᠤ ᠲᠢᠩᠬᠢᠮ ᠤᠨ ᠺᠣᠮᠫᠢᠤᠲ᠋ᠧᠷ ᠤᠨ ᠲᠥᠬᠦᠭᠡᠷᠦᠮᠵᠢ ᠶᠢ ᠰᠢᠨᠡᠳᠬᠡᠬᠦ᠂ ᠠᠶᠤᠯ ᠥᠬᠡᠶ ᠦᠢᠯᠡᠳᠪᠦᠷᠢᠯᠡᠯ ᠤᠨ ᠠᠵᠢᠯ᠂ ᠭᠤᠤᠯ ᠤᠨ ᠵᠠᠮ ᠢ ᠬᠠᠶᠢᠷ ᠮᠠᠯᠲᠠᠬᠤ ᠠᠵᠢᠯ᠂ ᠵᠠᠰᠠᠭ ᠤᠨ ᠣᠷᠳᠣᠨ ᠤ ᠥᠷᠢ ᠥᠭᠴᠡᠭᠡ ᠶᠢ ᠳᠠᠬᠢᠨ ᠵᠣᠬᠢᠶᠠᠨ ᠪᠠᠶᠢᠭᠤᠯᠬᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠢ ᠳᠣᠭᠢᠷᠠᠭᠤᠯᠤᠨ ᠪᠠᠶᠢᠭᠤᠯᠬᠤ ᠬᠡᠤᠬᠡᠳ ᠤᠨ ᠴᠡᠴᠡᠷᠯᠢᠭ ᠤᠨ ᠠᠬᠢᠴᠠ ᠶᠢᠨ ᠪᠠᠶᠢᠳᠠᠯ᠂ ᠤᠯᠤᠰ ᠤᠨ ᠲᠠᠰ ᠤᠨ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠴᠦᠸᠠᠨ ᠰᠢᠶᠠᠨ ᠤ ᠬᠡᠰᠡᠭ ᠤᠨ ᠠᠭᠤᠷᠬᠠᠢ ᠶᠢᠨ ᠠᠮᠢ ᠠᠬᠤᠶ ᠶᠢ ᠵᠠᠰᠠᠨ ᠰᠡᠷᠭᠦᠭᠡᠬᠦ ᠠᠷᠭ᠎ᠠ ᠵᠢᠴᠢ ᠬᠡᠷᠡᠭᠰᠡᠬᠦ ᠪᠡᠯᠡ ᠮᠥᠩᠭᠦ ᠪᠠ ᠰᠢᠷᠪᠤᠰᠤᠨ ᠴᠢᠯᠠᠭᠤᠨ ᠪᠥᠲᠦᠭᠡᠭᠳᠡᠬᠦᠨ ᠤ ᠦᠢᠯᠡᠳᠪᠦᠷᠢ ᠶᠢᠨ ᠪᠠᠶᠢᠭᠤᠯᠤᠯ ᠢ ᠬᠤᠪᠢᠷᠠᠭᠤᠯᠬᠤ ᠬᠤᠯᠪᠤᠭᠳᠠᠯ ᠪᠥᠬᠦᠢ ᠬᠡᠷᠡᠭ ᠢ ᠰᠣᠳᠤᠯᠤᠨ ᠶᠠᠷᠢᠯᠴᠠᠪᠠ᠃       ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠶ ᠪᠠᠷ ᠬᠠᠮᠵᠢᠯᠴᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠬᠦᠴᠢᠷᠲᠡᠶ ᠠᠰᠠᠭᠤᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠠᠷᠠᠭᠠᠴᠢ ᠶᠢᠨ ᠠᠯᠬᠤᠮ ᠤᠨ ᠠᠵᠢᠯ ᠢ ᠵᠦᠶ ᠵᠣᠬᠢᠰᠲᠠᠶ ᠲᠡᠭᠦᠯᠳᠡᠷᠵᠢᠭᠦᠯᠵᠤ᠂ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠶᠡᠭᠡ ᠲᠢᠩᠬᠢᠮ ᠤᠨ ᠲᠥᠬᠦᠭᠡᠷᠦᠮᠵᠢ ᠶᠢ ᠴᠠᠭ ᠲᠤᠬᠠᠶ ᠳᠤᠨᠢ ᠰᠢᠨᠡᠳᠬᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤ ᠨᠢ ᠦᠶᠡᠷ ᠢ ᠰᠡᠷᠭᠡᠶᠢᠯᠡᠬᠦ ᠠᠵᠢᠯ ᠤᠨ ᠤᠷᠢᠳᠴᠢᠯᠠᠭᠰᠠᠨ ᠲᠥᠰᠦᠯ᠂ ᠰᠣᠷᠢᠯᠲᠠ ᠶᠢ ᠰᠠᠶᠢᠲᠤᠷ ᠬᠢᠵᠦ᠂ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭᠠᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠪᠦᠷᠢᠨ ᠲᠥᠬᠦᠷ ᠲᠣᠭᠲᠠᠴᠠ ᠶᠢ ᠪᠠᠶᠢᠭᠤᠯᠤᠨ᠂ ᠬᠤᠷᠢᠭ᠎ᠠ ᠱᠤᠭᠤᠮ ᠤᠨ ᠰᠡᠳᠬᠢᠬᠦᠶ ᠪᠠᠨ ᠴᠠᠭ ᠢᠮᠠᠭᠲᠠ ᠪᠠᠲᠤᠯᠠᠬᠤ ᠬᠡᠷᠡᠭᠲᠡᠶ᠃ ᠡᠯᠡᠰᠦ ᠮᠠᠯᠲᠠᠬᠤ ᠠᠵᠢᠯ ᠢ ᠵᠢᠷᠤᠮᠵᠢᠭᠤᠯᠤᠨ᠂ ᠬᠠᠶᠠᠭᠳᠠᠮᠠᠯ ᠴᠢᠯᠠᠭᠤᠨ ᠮᠠᠲ᠋ᠧᠷᠢᠶᠠᠯ ᠢ ᠵᠦᠶ ᠵᠣᠬᠢᠰᠲᠠᠶ ᠠᠰᠢᠭᠯᠠᠨ᠂ ᠭᠤᠤᠯ ᠤᠨ ᠵᠠᠮ ᠢ ᠢᠯᠭᠠᠷᠠᠭᠤᠯᠤᠨ ᠵᠠᠰᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ ᠭᠡᠪᠡ᠃       ᠶᠢᠨ ᠴᠦᠨ ᠯᠢᠶᠠᠩ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢᠨ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ ᠃ ︵ᠵᠧᠦ ᠶᠠᠨ   ᠯᠢᠦ ᠰᠢᠶᠤᠤ ᠰᠢᠤᠢ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号