ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-06-22
ᠵᠠᠩ ᠪᠠᠢ ᠴᠧᠩ ᠡᠷᠬᠢᠯᠡᠵᠦ ᠯᠥᠸᠧ ᠴᠢᠩ ᠣᠷᠣᠯᠴᠠᠪᠠ       ︵ᠰᠤᠷᠪᠤᠯᠵᠢᠯᠠᠭᠴᠢ ᠶᠦᠨ ᠶᠠᠨ ᠹᠠᠩ︶ 6 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 42 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ  ᠤᠨ ᠪᠠᠶᠢᠳᠠᠯ ᠤᠨ ᠬᠡᠪᠰᠢᠭᠰᠡᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠴᠠᠭ ᠢᠮᠠᠭᠲᠠ ᠲᠠᠷᠢᠬᠢ ᠲᠣᠯᠣᠭᠠᠢ ᠰᠡᠷᠭᠡᠭ ᠪᠠᠶᠢᠵᠤ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠬᠦ ᠬᠡᠷᠡᠭᠲᠡᠢ᠃ ᠣᠷᠴᠢᠮ᠂ ᠪᠡᠭᠡᠵᠢᠩ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠪᠥᠭᠡᠮ ᠬᠦᠴᠢᠯ ᠤᠨ ᠪᠠᠶᠢᠴᠠᠭᠠᠯᠲᠠ ᠳᠤ ᠠᠷᠭ᠎ᠠ ᠴᠢᠨᠠᠷ ᠢᠯᠡᠷᠡᠭᠰᠡᠨ ᠡᠪᠡᠳᠴᠢᠨ ᠤ ᠵᠢᠱᠢᠶ᠎ᠡ ᠵᠠᠯᠭᠠᠭ᠎ᠠ ᠪᠠᠷ ᠭᠠᠷᠴᠤ᠂ ᠪᠢᠳᠠᠨ ᠳᠤ ᠲᠠᠬᠢᠨ ᠨᠢᠭᠡ ᠤᠳᠠᠭ᠎ᠠ ᠰᠡᠷᠡᠮᠵᠢ ᠶᠢᠨ ᠬᠤᠩᠬᠤ ᠳᠤᠤᠭᠠᠷᠭᠠᠪᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠪᠠᠨ ᠡᠷᠡᠰ ᠨᠠᠶᠢᠳᠠᠪᠤᠷᠢᠵᠢᠭᠤᠯᠵᠤ᠂ ᠪᠡᠭᠡᠵᠢᠩ ᠤᠨ ᠭᠤᠣᠯᠳᠠᠯᠭ᠎ᠠ ᠲᠠᠢ ᠭᠠᠵᠠᠷ ᠣᠷᠣᠨ ᠠᠴᠠ ᠢᠷᠡᠭᠰᠡᠨ ᠬᠥᠮᠥᠨ ᠵᠢᠴᠢ ᠡᠳ᠋ ᠪᠠᠷᠠᠭ᠎ᠠ ᠶᠢ ᠬᠠᠮᠢᠶᠠᠷᠤᠨ ᠡᠵᠡᠮᠳᠡᠬᠦ ᠪᠠ ᠪᠠᠶᠢᠴᠠᠭᠠᠬᠤ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠵᠦᠢᠯ ᠤᠨ ᠬᠡᠪᠰᠢᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠦᠨᠡᠨ ᠬᠦ  ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠬᠤᠲᠠ ᠶᠢᠨ ᠪᠡᠭᠡᠵᠢᠩ ᠤᠨ ᠬᠢᠵᠢᠭ ᠤᠨ ᠪᠠᠶᠢᠳᠠᠯ ᠤᠨ ᠭᠡᠨᠡᠳᠲᠡ ᠶᠢᠨ ᠤᠴᠢᠷ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠠᠷᠤᠢ ᠲᠦᠷᠭᠡᠨ ᠲᠣᠭᠲᠠᠭᠠᠨ ᠨᠡᠶᠢᠲᠡᠯᠡᠵᠦ᠂ ᠬᠡᠪᠰᠢᠭᠰᠡᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠦᠨ᠂ ᠲᠤᠬᠠᠢ ᠶᠢᠨ ᠭᠠᠵᠠᠷ ᠤᠨ ᠡᠪᠡᠳᠴᠢᠲᠡᠨ ᠤ ᠵᠢᠱᠢᠶ᠎ᠡ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ︔ ᠨᠡᠶᠢᠭᠡᠮ ᠲᠣᠭᠤᠷᠢᠭ᠂ ᠲᠠᠷᠢᠶᠠᠯᠠᠩ ᠤᠨ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ᠂ ᠡᠮᠴᠢᠯᠡᠭᠡ ᠶᠢᠨ ᠪᠠᠶᠢᠭᠤᠯᠤᠮᠵᠢ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ ᠣᠷᠣᠨ ᠢ ᠬᠠᠮᠢᠶᠠᠷᠤᠨ ᠡᠵᠡᠮᠳᠡᠬᠦ ᠶᠢ ᠳᠣᠪᠣᠶᠢᠯᠭᠠᠨ ᠠᠳᠬᠤᠵᠤ᠂ ᠵᠢᠭᠰᠠᠭᠠᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠡᠭᠦᠰᠬᠦ ᠲᠦᠭᠰᠢᠭᠦᠷᠢ ᠶᠢ ᠦᠨᠡᠨ ᠬᠦ ᠦᠭᠡᠶᠢᠰᠬᠡᠨ᠂ ᠲᠥᠪ ᠬᠤᠲᠠ ᠶᠢᠨ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠢ ᠬᠦᠴᠦᠲᠡᠢ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ  ᠴᠤᠭᠯᠠᠭ᠎ᠠ ᠮᠠᠶᠢᠮᠠᠢ᠂ ᠳᠡᠯᠭᠡᠭᠡ ᠮᠠᠶᠢᠮᠠᠢ ᠶᠢᠨ ᠡᠵᠡᠩᠨᠡᠯᠲᠡ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠡᠵᠡᠩᠨᠡᠯᠲᠡ ᠶᠢᠨ ᠣᠷᠣᠨ ᠪᠦᠰᠡ ᠶᠢ ᠴᠢᠩᠭ᠎ᠠ ᠵᠢᠷᠤᠮᠵᠢᠭᠤᠯᠵᠤ᠂ ᠳᠡᠯᠭᠡᠭᠡ ᠮᠠᠶᠢᠮᠠᠢ ᠶᠢᠨ ᠡᠭᠦᠰᠬᠡᠭᠰᠡᠨ ᠬᠤᠭ ᠨᠣᠪᠰᠢ ᠶᠢᠨ ᠪᠣᠬᠢᠷᠲᠤᠯ᠂ ᠳᠠᠭᠤ ᠱᠤᠤᠭᠢᠶᠠᠨ᠂ ᠵᠠᠮ ᠬᠠᠷᠢᠯᠴᠠᠭ᠎ᠠ ᠶᠢ ᠨᠥᠯᠥᠭᠡᠯᠡᠬᠦ ᠵᠡᠷᠭᠡ ᠠᠰᠠᠭᠤᠳᠠᠯ ᠢ ᠰᠠᠶᠢᠬᠠᠨ ᠰᠢᠢᠳᠪᠦᠷᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠡᠷᠴᠢᠮᠯᠡᠵᠦ᠂ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠡᠳ᠋ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠥᠸᠧ ᠴᠢᠩ ᠵᠡᠷᠭᠡ ᠵᠢᠯᠣᠭᠤᠳᠬᠤ ᠭᠠᠵᠠᠷ ᠤᠨ ᠭᠡᠰᠢᠭᠦᠳ ᠵᠢᠴᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号