| | | 1. ᠬᠠᠮᠢᠶᠠᠷᠤᠭᠴᠢ: | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠡᠷᠬᠢᠮ | ᠵᠣᠴᠢᠳ ᠲᠠᠢ ᠬᠠᠷᠢᠯᠴᠠᠨ ᠬᠥᠳᠡᠯᠦᠯᠴᠡᠵᠦ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | 2. ᠬᠥᠲᠥᠯᠥᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠦᠦ︕ | ᠡᠨᠡ ᠪᠣᠯ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠪᠣᠯᠤᠨ᠎ᠠ᠂ ᠥᠨᠥᠳᠦᠷ ᠪᠢᠳᠡ ᠬᠥᠬᠡᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ | ᠤᠯᠤᠰ ᠲᠥᠷᠥ ᠶᠢᠨ ᠭᠡᠰᠢᠭᠦᠨ ᠪᠣᠤ ᠴᠢᠤᠸᠠᠨ ᠮᠢᠨ᠂ ᠡᠷᠦᠬᠡ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ | ᠵᠢᠶᠦ᠋ᠩ ᠢ ᠤᠷᠢᠭᠰᠠᠨ ᠪᠠᠶᠢᠨ᠎ᠠ᠃ | 3. ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠲᠣᠭᠤᠷᠢᠭ ᠤᠨ | ᠬᠤᠪᠢᠶᠠᠷᠢ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠪᠣᠤ ᠴᠢᠤᠸᠠᠨ ᠮᠢᠨ᠄ | ᠬᠥᠲᠥᠯᠥᠭᠴᠢ ᠰᠠᠶᠢᠨ ᠪᠠᠶᠢᠨ᠎ᠠ ᠦᠦ︖ ᠡᠷᠬᠢᠮ ᠰᠣᠨᠣᠰᠤᠭᠴᠢ᠂ ᠠᠷᠠᠳ ᠣᠯᠠᠨ ᠨᠠᠶᠢᠵᠠ ᠨᠠᠷ ᠰᠠᠶᠢᠨ | ᠪᠠᠶᠢᠵᠠᠭᠠᠨ᠎ᠠ ᠦᠦ︖ ᠤᠯᠠᠨ ᠲᠠᠢ ᠰᠠᠨᠠᠯ ᠢᠶᠠᠨ ᠰᠣᠯᠢᠯᠴᠠᠬᠤ ᠡᠶᠢᠮᠦ ᠲᠠᠪᠴᠠᠩ ᠬᠠᠩᠭᠠᠭᠰᠠᠨ ᠳᠤ ᠲᠠᠯᠠᠷᠬᠠᠵᠤ | ᠪᠠᠶᠢᠨ᠎ᠠ᠃ ᠡᠩ ᠲᠡᠷᠢᠭᠦᠨ ᠳᠤ᠂ ᠪᠢ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠨᠠᠮ ᠤᠨ ᠬᠤᠷᠢᠶ᠎ᠠ᠂ ᠪᠥᠬᠦ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠲᠤᠰᠠᠯᠠᠬᠤ | ᠴᠠᠭᠳᠠᠭ᠎ᠠ ᠶᠢ ᠲᠥᠯᠥᠭᠡᠯᠡᠵᠦ᠂ ᠣᠷᠳᠣ ᠬᠤᠭᠤᠴᠠᠭᠠᠨ ᠤ ᠲᠤᠷᠰᠢ ᠬᠤᠲᠣᠩ ᠠᠷᠠᠳ ᠤᠨ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠠᠵᠢᠯ ᠢ ᠬᠠᠯᠠᠮᠵᠢᠯᠠᠵᠤ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ | ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | 4. ᠬᠥᠲᠥᠯᠥᠭᠴᠢ᠄ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ | ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠥᠨ᠃ ᠪᠥᠬᠦ ᠬᠤᠲᠠ ᠶᠢᠨ | ᠳᠣᠲᠣᠭᠠᠳᠤ ᠶᠢ ᠬᠠᠮᠠᠭᠠᠯᠠᠬᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠭᠦᠨᠵᠡᠭᠡᠶ | ᠠᠭᠢᠬᠤ ᠶᠢ ᠳᠠᠭᠠᠯᠳᠤᠨ᠂ ᠥᠩᠭᠡᠷᠡᠭᠰᠡᠨ ᠤ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠦᠷᠭᠦᠯᠵᠢ | ᠲᠣᠬᠢᠶᠠᠯᠳᠤᠳᠠᠭ ︽ᠨᠢᠭᠤᠷ ᠴᠢᠷᠠᠶ ᠨᠢ ᠮᠠᠭᠤᠬᠠᠶ︾ ︽ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠴᠢᠷ︾ ᠵᠢᠴᠢ | ︽ᠣᠷᠳᠣ ᠮᠥᠷᠯᠡᠬᠦ︾ ︽ᠤᠳᠠᠭᠠᠨ ᠬᠦᠯᠢᠶᠡᠬᠦ︾ ᠵᠡᠷᠭᠡ ᠠᠰᠠᠭᠤᠳᠠᠯ ᠨᠢᠭᠡᠨᠲᠡ ᠦᠨᠳᠦᠰᠦᠨ ᠠᠴᠠ ᠪᠠᠨ | ᠰᠠᠶᠢᠵᠢᠷᠠᠪᠠ᠃ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢᠨ ᠪᠠᠶᠢᠳᠠᠯ ᠢ ᠣᠯᠠᠨ ᠳᠤ ᠲᠠᠨᠢᠯᠴᠠᠭᠤᠯᠵᠤ ᠥᠭᠭᠦᠨ᠎ᠡ ᠦᠦ︖ | 5. ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠲᠣᠭᠤᠷᠢᠭ ᠤᠨ | ᠬᠤᠪᠢᠶᠠᠷᠢ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠪᠣᠤ ᠴᠢᠤᠸᠠᠨ ᠮᠢᠨ᠄ | ᠲᠣᠰ ᠬᠤᠭᠤᠴᠠᠭᠠᠨ ᠤ ᠰᠤᠷᠪᠤᠯᠵᠢᠯᠠᠨ ᠶᠠᠷᠢᠯᠴᠠᠬᠤ ᠫᠷᠤᠭ᠍ᠷᠠᠮ ᠳᠤ ᠣᠷᠣᠯᠴᠠᠭᠰᠠᠨ ᠳᠠᠭᠠᠨ ᠲᠤᠩ ᠪᠠᠶᠠᠷᠯᠠᠵᠤ | ᠪᠠᠶᠢᠨ᠎ᠠ᠃ 2019 ᠣᠨ ᠠᠴᠠ ᠨᠠᠰᠢ᠂ ᠮᠠᠨ ᠤ ᠲᠣᠪᠴᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ︽ᠠᠷᠠᠳ ᠲᠤ ᠠᠰᠢᠭ ᠲᠤᠰᠠ ᠬᠦᠷᠲᠡᠭᠡᠬᠦ︾ ᠠᠵᠢᠯ ᠤᠨ | ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ | ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠢᠶᠠᠷ ᠭᠤᠤᠯ | ᠪᠣᠯᠭᠠᠬᠤ ᠶᠢ ᠪᠠᠲᠤ ᠡᠵᠡᠮᠳᠡᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠡᠷᠡᠭᠴᠡᠭᠡ ᠱᠠᠭᠠᠷᠳᠠᠯᠭ᠎ᠠ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠳᠤ ᠲᠤᠯᠭᠠᠷᠠᠭᠰᠠᠨ ᠬᠦᠴᠢᠷ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠬᠦ | ᠪᠠ ᠵᠢᠷᠤᠮᠵᠢᠭᠤᠯᠵᠤ᠂ ᠡᠷᠦᠬᠡ ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ | ᠮᠠᠲ᠋ᠧᠷᠢᠶᠠᠯ ᠢ ᠴᠣᠮᠬᠠᠳᠬᠠᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ | ᠮᠡᠳᠡᠭᠡ ᠵᠠᠩᠭᠢᠴᠢᠯᠠᠯᠲᠠ ᠳᠤ ᠲᠦᠰᠢᠭᠯᠡᠨ ᠬᠥᠮᠦᠨ ᠠᠮᠠ ᠶᠢᠨ ᠦᠢᠯᠡᠴᠢᠯᠡᠭᠡᠨ ᠤ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ︽ᠨᠢᠭᠡ ᠯᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠶᠢ ᠢᠳᠡᠪᠬᠢᠲᠡᠶ ᠠᠬᠢᠭᠤᠯᠵᠤ᠂ | ᠦᠨᠡᠮᠯᠡᠯ ᠭᠦᠢᠴᠡᠳᠬᠡᠬᠦ ᠡᠷᠦᠬᠡ ᠡᠷᠭᠢᠯᠡᠬᠦ ᠣᠯᠠᠨ ᠲᠦᠮᠡᠨ ᠢ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ | ᠭᠦᠶᠦᠯᠭᠡᠵᠦ︾᠂ ᠬᠤᠲᠠ ᠶᠢᠨ ᠲᠣᠪᠴᠢᠶ ᠠ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ ᠵᠠᠰᠠᠭ ᠢ ᠴᠣᠮᠬᠠᠳᠬᠠᠨ | ᠡᠷᠬᠡ ᠶᠢ ᠳᠣᠷᠣᠭᠰᠢ ᠪᠠᠭᠤᠯᠭᠠᠵᠤ᠂ ᠴᠤᠪᠤᠷᠠᠯ ᠢ ᠳᠥᠭᠦᠮᠴᠢᠯᠡᠪᠡ᠃ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ | ᠣᠶᠢᠯᠠᠭᠠᠭᠳᠠᠬᠤᠨ ᠢᠶᠠᠷ᠂ ᠪᠠᠭᠤᠯᠭᠠᠬᠤ ᠬᠠᠮᠢᠶᠠᠷᠬᠤ ᠦᠢᠯᠡᠴᠢᠯᠡᠬᠦ ᠠᠵᠢᠯ ᠢ ᠭᠠᠵᠠᠷ ᠣᠷᠣᠨ ᠳᠤ ᠢᠳᠡᠪᠬᠢᠲᠡᠶ ᠪᠠᠷ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ | ᠲᠠᠰᠤᠷᠠᠯᠲᠠ ᠦᠭᠡᠢ ᠨᠡᠮᠡᠭᠳᠡᠭᠦᠯᠪᠡ᠃ | 6. ᠬᠥᠲᠥᠯᠥᠭᠴᠢ᠄ | ᠣᠳᠣᠬᠠᠨ ᠳᠤ ᠡᠨᠡ ᠤᠳᠠᠭᠠᠨ ᠤ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ | ᠮᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠣᠳᠠᠲᠠᠶ ᠶᠠᠮᠠᠷ ᠶᠠᠮᠠᠷ ᠠᠵᠢᠯ ᠤᠨ ᠠᠷᠭ᠎ᠠ | ᠬᠡᠮᠵᠢᠶ᠎ᠡ ᠠᠪᠤᠭᠰᠠᠨ ᠲᠤᠬᠠᠶ ᠶᠠᠷᠢᠭᠠᠳ ᠥᠭᠭᠦᠨ᠎ᠡ ᠦᠦ︖ | 7. ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ᠄ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ | ᠲᠥᠯᠦᠭᠡ᠂ ᠨᠢᠳᠤᠨᠤᠨ ᠤ 6 ᠳ᠋ᠤᠭᠠᠷ ᠰᠠᠷ᠎ᠠ ᠶᠢᠨ 18 ᠤ ᠡᠳᠦᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ︽ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠬᠠᠷᠢᠶ᠎ᠠ ᠶᠢᠨ ᠲᠦᠷᠢᠮ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠷᠦᠬᠡ ᠠᠮᠠ ᠶᠢᠨ ᠬᠠᠷᠢᠶ᠎ᠠ ᠶᠢᠨ ᠬᠠᠮᠢᠶᠠᠷᠤᠯᠲᠠ ᠶᠢᠨ | ᠵᠢᠷᠤᠮᠵᠢᠯ ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠪᠠ | ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠄ ᠵᠠᠰᠠᠭ ᠢ ᠴᠣᠮᠬᠠᠳᠬᠠᠨ | ᠡᠷᠬᠡ ᠶᠢ ᠳᠣᠷᠣᠭᠰᠢ ᠪᠠᠭᠤᠯᠭᠠᠵᠤ᠂ ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠣᠭᠰᠢ ᠪᠠᠭᠤᠯᠭᠠᠪᠠ᠃ ᠬᠤᠲᠣᠩ | ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠬᠤᠲᠠ ᠶᠢᠨ ᠵᠠᠰᠠᠭ ᠤᠨ | ᠤᠷᠳᠤᠨ ᠤ ᠠᠯᠪᠠᠨ ᠲᠢᠩᠬᠢᠮ᠂ ᠬᠤᠲᠠ ᠶᠢᠨ ᠡᠷᠦᠬᠡ ᠠᠮᠠ ᠶᠢᠨ ᠶᠠᠪᠤᠳᠠᠯ ᠤᠨ ᠰᠠᠯᠠᠭ᠎ᠠ ᠮᠥᠴᠢᠷ ᠤᠨ | ᠵᠥᠪᠰᠢᠶᠡᠷᠡᠯ ᠢ ᠣᠯᠤᠭᠰᠠᠨ ᠤ ᠳᠠᠷᠠᠭ᠎ᠠ ᠰᠢᠭᠤᠳ ᠳᠣᠷᠣᠭᠰᠢ ᠪᠠᠭᠤᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠤᠪᠢᠶᠠᠷᠢ ᠲᠣᠪᠴᠢᠶ᠎ᠠ ᠶᠢᠨ ᠬᠤᠶᠠᠳᠤᠭᠠᠷ ᠳᠡᠰ ᠤᠨ ᠬᠢᠨᠠᠨ ᠵᠥᠪᠰᠢᠶᠡᠷᠡᠬᠦ ᠡᠷᠬᠡ ᠮᠡᠳᠡᠯ ᠢ ᠬᠦᠴᠦᠨ ᠥᠬᠡᠶ | ᠪᠣᠯᠭᠠᠵᠤ᠂ ᠡᠷᠦᠬᠡ ᠠᠮᠠ ᠶᠢᠨ ᠲᠠᠩᠰᠠ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ᠪᠥᠬᠦ ᠲᠠᠯ᠎ᠠ ᠪᠠᠷ ᠳᠣᠷᠣᠭᠰᠢ | ᠪᠠᠭᠤᠯᠭᠠᠵᠤ᠂ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠪᠦᠬᠦᠨ ᠢ ᠲᠣᠮᠢᠯᠠᠭᠰᠠᠨ ᠰᠠᠯᠪᠤᠷᠢ ᠶᠢᠨ | ᠡᠷᠦᠬᠡ ᠠᠮᠠ ᠶᠢᠨ ᠲᠠᠩᠰᠠ ᠶᠢᠨ ᠴᠣᠩᠬᠤᠪᠴᠢ ᠳᠤ ᠨᠢᠭᠡ ᠯᠡ ᠥᠷᠲᠡᠭᠡ ᠮᠠᠶ᠋ᠢᠭ ᠢᠶᠠᠷ ᠭᠥᠯᠢᠶᠡᠨ ᠠᠪᠴᠤ | ᠰᠢᠢᠳᠪᠦᠷᠢᠯᠡᠵᠦ ᠳᠠᠭᠤᠰᠬᠠᠨ᠂ ᠥᠪᠥᠷ ᠮᠣᠩᠭᠤᠯ ᠤᠨ ᠬᠡᠰᠡᠭ ᠠᠶᠢᠮᠠᠭ ᠬᠤᠲᠠ ᠶᠢᠨ ᠨᠡᠭᠦᠵᠦ ᠭᠠᠷᠬᠤ ᠡᠷᠦᠬᠡ | ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠬᠡᠷᠡᠭᠵᠢᠭᠦᠯᠪᠡ᠃ | ᠬᠡᠷᠡᠭ ᠡᠷᠬᠢᠯᠡᠬᠦ ᠮᠠᠲ᠋ᠧᠷᠢᠶᠠᠯ ᠢ ᠳᠥᠭᠦᠮᠴᠢᠯᠡᠪᠡ᠃ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ | ᠬᠡᠷᠡᠭ ᠡᠷᠬᠢᠯᠡᠬᠦ ᠮᠠᠲ᠋ᠧᠷᠢᠶᠠᠯ ᠢ ᠳᠥᠭᠦᠮᠴᠢᠯᠡᠪᠡ᠃ ᠲᠣᠮᠣ ᠳ᠋ᠠᠶᠢᠲ᠋ᠠ ᠶᠢᠨ ᠲᠠᠪᠴᠠᠩ ᠳᠤ ᠨᠢᠭᠲᠠ ᠲᠦᠰᠢᠭᠯᠡᠨ᠂ ᠶᠡᠭᠡ | ᠬᠡᠮᠵᠢᠶᠡᠨ ᠤ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳ᠋ᠠᠶᠢᠲ᠋ᠠ ᠶᠢ ᠬᠠᠮᠲᠤ ᠪᠠᠷ ᠭᠥᠷᠳᠡᠵᠦ | ᠰᠢᠯᠵᠢᠭᠦᠯᠦᠨ ᠬᠡᠷᠡᠭᠯᠡᠬᠦ ᠪᠠᠷ ᠳᠠᠮᠵᠢᠭᠤᠯᠤᠨ ᠬᠡᠷᠡᠭ ᠭᠦᠢᠴᠡᠳᠬᠡᠬᠦ ᠮᠠᠲ᠋ᠧᠷᠢᠶᠠᠯ ᠢ ᠰᠢᠯᠢᠳᠡᠭᠵᠢᠭᠦᠯᠦᠨ ᠴᠣᠮᠬᠠᠳᠬᠠᠵᠤ᠂ | ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠᠷ ᠳᠠᠮᠵᠢᠭᠤᠯᠤᠨ ᠣᠯᠵᠤ ᠪᠣᠯᠬᠤ ᠶᠢ ᠳᠠᠪᠬᠤᠷᠳᠠᠭᠤᠯᠤᠨ ᠲᠤᠰᠢᠶᠠᠬᠤ | ᠥᠬᠡᠶ᠂ ᠡᠮᠦᠨᠡᠬᠢ ᠴᠤᠪᠤᠷᠠᠯ ᠳᠤ ᠨᠢᠭᠡᠨᠲᠡ ᠬᠤᠷᠢᠶᠠᠭᠰᠠᠨ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ ᠥᠬᠡᠶ᠂ | ᠡᠯ᠎ᠡ ᠲᠣᠮᠢᠯᠠᠭᠰᠠᠨ ᠰᠠᠯᠪᠤᠷᠢ ᠨᠢ ᠳᠡᠭᠡᠭᠰᠢ ᠳᠠᠮᠵᠢᠭᠤᠯᠬᠤ ᠡᠯᠧᠺᠳ᠋ᠷᠣᠨ ᠮᠠᠲ᠋ᠧᠷᠢᠶᠠᠯ ᠢ ᠬᠡᠷᠡᠭᠯᠡᠵᠦ᠂ ᠠᠯᠢ | ᠴᠢᠳᠠᠬᠤ ᠪᠠᠷ ᠣᠯᠠᠨ ᠲᠦᠮᠡᠨ ᠢ ᠴᠠᠭᠠᠰᠤᠨ ᠮᠠᠲ᠋ᠧᠷᠢᠶᠠᠯ ᠬᠠᠩᠭᠠᠯᠭᠠᠬᠤ ᠥᠬᠡᠶ᠂ ᠣᠳᠣᠬᠠᠨ ᠳᠤ᠂ ᠡᠷᠦᠬᠡ | ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠡᠩ ᠤᠨ ᠪᠠᠶᠢᠳᠠᠯ ᠳᠣᠤᠷ᠎ᠠ ᠣᠯᠠᠨ ᠲᠦᠮᠡᠨ | ᠬᠠᠭᠤᠯᠪᠤᠷᠢ ᠶᠢ ᠬᠠᠩᠭᠠᠬᠤ ᠬᠡᠷᠡᠭ ᠥᠬᠡᠶ᠂ ᠣᠨᠴᠠᠭᠠᠶ ᠪᠠᠶᠢᠳᠠᠯ ᠳᠣᠤᠷ᠎ᠠ ᠬᠠᠭᠤᠯᠪᠤᠷᠢ ᠶᠢ ᠨᠢ ᠦᠯᠡᠳᠡᠭᠡᠨ | ᠬᠠᠳᠠᠭᠠᠯᠠᠬᠤ ᠴᠢᠬᠤᠯᠠᠲᠠᠶ ᠪᠣᠯ ᠲᠣᠮᠢᠯᠠᠭᠰᠠᠨ ᠰᠠᠯᠪᠤᠷᠢ ᠥᠪᠡᠰᠦᠪᠡᠨ ᠬᠠᠭᠤᠯᠪᠤᠷᠢᠯᠠᠨ ᠳᠠᠷᠤᠮᠠᠯᠯᠠᠵᠤ ᠠᠪᠤᠨ᠎ᠠ᠃ ︽ | ᠳᠥᠷᠪᠡᠨ ᠴᠥᠮ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ | ᠱᠠᠭᠠᠷᠳᠠᠯᠭ᠎ᠠ ᠦᠭᠡᠢ ᠶᠢ ᠨᠢ ᠴᠥᠮ ᠬᠦᠴᠦᠨ ᠦᠭᠡᠢ ᠪᠣᠯᠭᠠᠬᠤ᠂ ᠬᠤᠪᠢ ᠬᠥᠮᠦᠨ ᠤ ᠣᠳᠣ ᠶᠢᠨ ᠪᠠᠶᠢᠭ᠎ᠠ ᠭᠡᠷᠡᠴᠢ | ᠦᠨᠡᠮᠯᠡᠯ ᠢᠶᠠᠷ ᠳᠠᠮᠵᠢᠨ ᠭᠡᠷᠡᠴᠢᠯᠡᠵᠦ ᠪᠣᠯᠬᠤ ᠶᠢ ᠨᠢ ᠴᠥᠮ ᠬᠦᠴᠦᠨ ᠦᠭᠡᠢ ᠪᠣᠯᠭᠠᠬᠤ᠂ ᠭᠤᠶᠤᠴᠢᠯᠠᠭᠴᠢ ᠶᠢᠨ | ᠪᠢᠴᠢᠭ ᠢᠶᠠᠷ ᠠᠮᠠᠯᠠᠬᠤ ᠠᠷᠭ᠎ᠠ ᠮᠠᠶ᠋ᠢᠭ ᠢᠶᠠᠷ ᠰᠢᠢᠳᠪᠦᠷᠢᠯᠡᠵᠦ ᠪᠣᠯᠬᠤ ᠶᠢ ᠨᠢ ᠴᠥᠮ ᠬᠦᠴᠦᠨ ᠦᠭᠡᠢ ᠪᠣᠯᠭᠠᠬᠤ᠂ | ᠰᠦᠯᠵᠢᠶᠡᠨ ᠤ ᠬᠢᠨᠠᠨ ᠰᠢᠯᠭᠠᠯᠲᠠ ᠪᠠᠷ ᠳᠠᠮᠵᠢᠨ ᠰᠢᠢᠳᠪᠦᠷᠢᠯᠡᠵᠦ ᠪᠣᠯᠬᠤ ᠶᠢ ᠨᠢ ᠴᠥᠮ ᠬᠦᠴᠦᠨ ᠦᠭᠡᠢ ᠪᠣᠯᠭᠠᠬᠤ | ᠂ ᠡᠷᠦᠬᠡ ᠠᠮᠠ ᠶᠢᠨ ᠳᠠᠩᠰᠠ ᠭᠦᠢᠴᠡᠳᠬᠡᠬᠦ ᠮᠠᠲ᠋ᠧᠷᠢᠶᠠᠯ ᠢ ᠬᠠᠮᠤᠭ ᠤᠨ ᠶᠡᠭᠡ ᠬᠡᠮᠵᠢᠶ᠎ᠡ ᠪᠠᠷ ᠴᠣᠮᠬᠠᠳᠬᠠᠪᠠ᠃ | ᠭᠤᠷᠪᠠ᠂ ᠴᠣᠩᠬᠤᠪᠴᠢ ᠤ ᠦᠢᠯᠡᠴᠢᠯᠡᠭᠡᠨ ᠤ ᠣᠨᠣᠯᠵᠢᠬᠤᠨ ᠢ ᠴᠢᠩᠭᠠᠷᠠᠭᠤᠯᠪᠠ᠃ ︽ᠦᠢᠯᠡᠴᠢᠯᠡᠭᠡᠨ ᠤ ᠣᠳᠣᠨ︾ | ᠴᠣᠩᠬᠤᠪᠴᠢ ᠪᠠᠷ ᠰᠢᠯᠢᠳᠡᠭ ᠢ ᠰᠢᠯᠭᠠᠷᠠᠭᠤᠯᠬᠤ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠠᠷᠠᠳ ᠤᠨ ᠴᠠᠭᠳᠠᠭ᠎ᠠ ᠣᠯᠠᠨ ᠲᠦᠮᠡᠨ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ | ᠦᠢᠯᠡᠴᠢᠯᠡᠬᠦ ᠣᠨᠣᠯᠵᠢᠬᠤᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ︽ᠴᠣᠩᠬᠤᠪᠴᠢ ᠪᠠᠷ ᠥᠪᠡᠷ ᠢ ᠪᠠᠨ | ᠦᠨᠡᠯᠡᠬᠦ᠂ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠬᠤ᠂ ᠣᠯᠠᠨ ᠲᠦᠮᠡᠨ ᠠᠴᠠ ᠰᠢᠯᠭᠠᠷᠠᠭᠤᠯᠬᠤ᠂ ᠦᠷ᠎ᠡ | ᠳ᠋ᠦᠩ ᠢ ᠢᠯᠡ ᠨᠡᠶᠢᠲᠡᠯᠡᠬᠦ᠂ ᠰᠢᠯᠭᠠᠨ ᠬᠢᠨᠠᠬᠤ ᠳᠤ ᠣᠷᠣᠭᠤᠯᠬᠤ︾ ᠲᠠᠰ ᠳᠠᠷᠠᠭᠠᠯᠠᠯ ᠶᠣᠰᠣᠭᠠᠷ ᠶᠠᠪᠤᠭᠳᠠᠭᠤᠯᠵᠤ᠂ | ᠠᠳᠠᠯᠢᠳᠬᠠᠨ ᠰᠢᠯᠭᠠᠷᠠᠭᠤᠯᠤᠭᠰᠠᠨ ᠦᠷ᠎ᠡ ᠳ᠋ᠦᠩ ᠢ ᠬᠠᠮᠤᠭ ᠤᠨ ᠭᠤᠶᠣ ᠦᠢᠯᠡᠴᠢᠯᠡᠭᠡᠨ ᠤ ᠴᠤᠩᠬᠤᠪᠴᠢ᠂ | ᠬᠠᠮᠤᠭ ᠤᠨ ᠭᠤᠶᠣ ᠦᠢᠯᠡᠴᠢᠯᠡᠭᠡᠨ ᠤ ᠵᠢᠱᠢᠶᠡᠴᠢ᠂ ᠰᠢᠯᠢᠳᠡᠭ ᠠᠯᠪᠠᠲᠠᠨ ᠵᠢᠴᠢ ᠭᠠᠪᠢᠶ᠎ᠠ ᠪᠠᠶᠢᠭᠤᠯᠤᠨ ᠱᠠᠩᠨᠠᠯ | ᠣᠯᠭᠤᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠠᠷᠠᠳ ᠤᠨ ᠴᠠᠭᠳᠠᠭ᠎ᠠ ᠶᠢᠨ ᠠᠵᠢᠯ ᠤᠨ ᠤᠷᠮ᠎ᠠ | ᠰᠡᠳᠬᠢᠯᠭᠡ ᠶᠢ ᠬᠥᠭᠵᠢᠭᠡᠵᠦ᠂ ᠣᠯᠠᠨ ᠲᠦᠮᠡᠨ ᠳᠤ ᠨᠠᠩ ᠰᠠᠶᠢᠨ ᠨᠠᠩ ᠰᠢᠯᠢᠳᠡᠭ ᠦᠢᠯᠡᠴᠢᠯᠡᠭᠡ ᠬᠠᠩᠭᠠᠵᠤ᠂ ᠡᠯ᠎ᠡ | ᠱᠠᠲᠤᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠪᠠ᠃ ᠵᠢᠱᠢᠶᠡᠯᠡᠪᠡᠯ᠄ ᠮᠠᠨ ᠤ ᠲᠣᠪᠴᠢᠶ᠎ᠠ ᠶᠢᠨ ᠡᠷᠦᠬᠡ | ᠠᠮᠠ ᠶᠢᠨ ᠲᠠᠩᠰᠠ ᠶᠢᠨ ᠶᠡᠭᠡ ᠲᠢᠩᠬᠢᠮ ᠤᠨ ᠴᠣᠩᠬᠤᠪᠴᠢ ᠨᠢ ︽5 · 1︾ ᠤ ᠵᠢᠱᠢᠶᠡᠴᠢ ᠴᠡᠷᠢᠭ ᠤᠨ ᠠᠵᠢᠯ ᠤᠨ | ᠪᠠᠶᠢᠷᠢ᠂ ︽ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ︾ ᠶᠢᠨ ᠴᠣᠯᠠ ᠶᠢ ᠣᠯᠵᠤ᠂ ᠬᠢᠯᠢ ᠪᠠᠷ ᠭᠠᠷᠴᠤ | ᠣᠷᠣᠬᠤ ᠬᠠᠮᠢᠶᠠᠷᠤᠯᠲᠠ ᠶᠢᠨ ᠠᠵᠢᠯ ᠤᠨ ᠣᠯᠠᠨ ᠲᠦᠮᠡᠨ ᠤ ᠰᠡᠳᠬᠢᠯ ᠬᠠᠨᠤᠮᠵᠢ ᠶᠢᠨ ᠬᠡᠮᠵᠢᠶ᠎ᠡ ᠶᠢ ᠢᠮᠠᠭᠲᠠ ᠪᠥᠬᠦ | ᠬᠤᠲᠠ ᠶᠢᠨ ᠡᠮᠦᠨ᠎ᠡ ᠡᠩᠨᠡᠭᠡᠨ ᠳᠤ ᠪᠠᠶᠢᠯᠭᠠᠵᠤ᠂ ᠵᠠᠯᠠᠭᠤᠴᠤᠳ ᠤᠨ ᠪᠣᠯᠪᠠᠰᠤᠨ ᠠᠵᠢᠯ ᠤᠨ ᠪᠠᠶᠢᠷᠢ᠂ ᠯᠸᠢ | ᠹᠧᠡᠭ ᠤᠨ ᠵᠢᠱᠢᠶᠡᠴᠢ ᠠᠵᠢᠯ ᠤᠨ ᠪᠠᠶᠢᠷᠢ ᠶᠢᠨ ᠴᠣᠯᠠ ᠶᠢ ᠭᠥᠷᠳᠡᠪᠡ᠃ ᠬᠤᠪᠢᠶᠠᠷᠢ ᠲᠣᠪᠴᠢᠶ᠎ᠠ ᠦᠢᠯᠡᠴᠢᠯᠡᠭᠡᠨ ᠤ | ᠬᠠᠮᠢᠶᠠᠷᠤᠯᠲᠠ ᠶᠢᠨ ᠲᠠᠯ᠎ᠠ ᠪᠠᠷ ᠢᠳᠡᠪᠬᠢᠲᠡᠶ ᠪᠠᠷ ᠰᠢᠨ᠎ᠡ ᠶᠢ ᠡᠭᠦᠳᠴᠦ᠂ ᠤᠯᠠᠨ ᠲᠦᠮᠡᠨ ᠤ ᠬᠠᠮᠤᠭ ᠠᠴᠠ ᠰᠡᠳᠬᠢᠯ | ᠲᠠᠯᠪᠢᠵᠤ ᠪᠠᠶᠢᠭ᠎ᠠ ᠬᠠᠯᠠᠭᠤᠨ ᠴᠡᠭ᠂ ᠲᠥᠪᠯᠡᠷᠡᠯ ᠤᠨ ᠴᠡᠭ ᠤᠨ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ | ᠬᠢᠨᠠᠯᠲᠠ ᠲᠠᠯᠪᠢᠬᠤ ᠭᠠᠳᠠᠭᠠᠳᠤ ᠠᠷᠭ᠎ᠠ ᠬᠡᠮᠵᠢᠶ᠎ᠡ ᠶᠢ ᠥᠷᠭᠡᠳᠬᠡᠵᠦ᠂ ᠠᠵᠢᠯ ᠦᠯᠦ ᠬᠢᠬᠦ ᠦᠵᠡᠭᠳᠡᠯ ᠢ ᠬᠤᠷᠢᠭᠯᠠᠨ | ᠵᠣᠭᠰᠣᠭᠠᠬᠤ ᠶᠠᠪᠤᠳᠠᠯ ᠨᠢ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠨᠢᠭᠡᠳᠦᠭᠡᠷ ᠵᠠᠷᠴᠢᠮ | ᠪᠣᠯᠤᠭᠰᠠᠨ ᠪᠠᠶᠢᠨ᠎ᠠ︔ ᠦᠢᠯᠡᠴᠢᠯᠡᠬᠦ ᠣᠨᠣᠯᠵᠢᠬᠤᠨ ᠤ ᠰᠢᠨ᠎ᠡ ᠶᠢ ᠡᠭᠦᠳᠴᠦ᠂ ᠠᠷᠠᠳ ᠲᠦᠮᠡᠨ ᠳᠤ ᠦᠢᠯᠡᠴᠢᠯᠡᠬᠦ | ᠵᠣᠷᠢᠯᠲᠠ ᠶᠢ ᠦᠨᠡᠨᠬᠦ ᠦᠢᠯᠡᠳᠦᠯᠭᠡᠵᠢᠭᠦᠯᠵᠦ᠂ ᠭᠤᠶᠤᠴᠢᠯᠠᠭᠴᠢ ᠶᠢᠨ ᠬᠦᠴᠢᠷ ᠵᠣᠪᠠᠭᠤᠷᠢ ᠶᠢ ᠰᠢᠢᠳᠪᠦᠷᠢᠯᠡᠨ | ᠥᠭᠴᠦ᠂ ᠵᠢᠵᠢᠭ ᠰᠠᠵᠢᠭ ᠤᠴᠢᠷ ᠢ ᠴᠤ ᠰᠠᠶᠢᠳᠤᠷ ᠬᠢᠵᠦ ᠡᠶ᠎ᠡ ᠵᠣᠬᠢᠴᠠᠯ ᠲᠠᠢ ᠴᠠᠭᠳᠠᠭ᠎ᠠ ᠠᠷᠠᠳ ᠤᠨ | ᠬᠠᠷᠢᠴᠠᠭ᠎ᠠ ᠶᠢ ᠪᠠᠶᠢᠭᠤᠯᠵᠤ᠂ ︽ᠳᠦᠷᠢᠮᠵᠢᠭᠰᠡᠨ᠂ ᠣᠶᠤᠨᠴᠢᠯᠠᠭᠰᠠᠨ᠂ ᠨᠠᠷᠢᠯᠢᠭᠵᠢᠭᠰᠠᠨ᠂ ᠥᠨᠳᠥᠷ | ᠪᠦᠲᠦᠮᠵᠢ ᠲᠠᠢ ᠪᠠᠶᠢᠬᠤ︾ ᠠᠵᠢᠯ ᠤᠨ ᠣᠨᠣᠯᠵᠢᠬᠤᠨ ᠢ ᠬᠡᠷᠡᠭᠯᠡᠨ᠂ ᠠᠷᠠᠳ ᠤᠨ ᠴᠠᠭᠳᠠᠭ᠎ᠠ ᠶᠢᠨ ᠦᠢᠯᠡᠴᠢᠯᠡᠭᠡᠨ ᠤ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠪᠠ᠃ ᠪᠦᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠶᠡᠭᠡ | ᠪᠣᠯᠪᠠᠰᠤᠷᠠᠯ ᠳᠤ ᠲᠦᠰᠢᠭᠯᠡᠨ᠂ ᠪᠦᠬᠦ ᠴᠠᠭᠳᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢᠨ ᠪᠣᠯᠪᠠᠰᠤᠷᠠᠭᠤᠯᠤᠯ ᠢ | ᠴᠢᠩᠭᠠᠳᠭᠠᠵᠤ᠂ ᠥᠷᠭᠡᠨ ᠣᠯᠠᠨ ᠠᠷᠠᠳ ᠤᠨ ᠴᠠᠭᠳᠠᠭ᠎ᠠ ᠶᠢᠨ ᠣᠯᠠᠨ ᠲᠦᠮᠡᠨ ᠳᠤ ᠦᠢᠯᠡᠴᠢᠯᠡᠬᠦ᠂ ᠣᠯᠠᠨ | ᠲᠦᠮᠡᠨ ᠢ ᠵᠣᠬᠢᠶᠠᠨ ᠪᠠᠶᠢᠭᠤᠯᠬᠤ᠂ ᠣᠯᠠᠨ ᠲᠦᠮᠡᠨ ᠢ ᠵᠣᠬᠢᠴᠠᠭᠤᠯᠬᠤ ᠴᠢᠳᠠᠪᠤᠷᠢ ᠶᠢ ᠲᠠᠰᠤᠷᠠᠯᠲᠠ ᠤᠢᠭᠡᠢ | ᠳᠡᠭᠡᠭᠰᠢᠯᠡᠭᠦᠯᠪᠡ᠃ ᠴᠤᠩᠬᠤᠪᠴᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ | ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠴᠣᠩᠬᠤᠪᠴᠢ ᠶᠢᠨ ᠦᠢᠯᠡᠴᠢᠯᠡᠭᠡᠨ ᠤ ᠰᠢᠨ᠎ᠡ ᠬᠡᠪ ᠪᠠᠶᠢᠳᠠᠯ ᠢ | ᠪᠣᠢ ᠪᠣᠯᠭᠠᠪᠠ᠃ | 8. ᠬᠥᠲᠥᠯᠥᠭᠴᠢ᠄ | ᠰᠦᠯᠵᠢᠶᠡᠨ ᠠᠨᠳᠠ ᠨᠠᠷ ᠮᠠᠨ ᠤ ᠬᠤᠲᠠ ᠶᠢᠨ ᠡᠷᠦᠬᠡ ᠠᠮᠠ ᠶᠢᠨ ᠬᠠᠷᠢᠶ᠎ᠠ ᠶᠢᠨ ᠦᠢᠯᠡᠴᠢᠯᠡᠭᠡ ᠶᠢ | ᠬᠠᠯᠠᠮᠵᠢᠯᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠡᠷᠦᠬᠡ ᠠᠮᠠ ᠶᠢᠨ ᠬᠠᠷᠢᠶ᠎ᠠ ᠶᠢᠨ ᠲᠥᠷᠥ ᠶᠢᠨ ᠪᠣᠳᠣᠯᠭ᠎ᠠ ᠨᠢ | ᠥᠩᠭᠡᠷᠡᠭᠰᠡ ᠡᠷᠦᠬᠡ ᠠᠮᠠ ᠶᠢᠨ ᠬᠠᠷᠢᠶ᠎ᠠ ᠶᠢᠨ ᠲᠥᠷᠥ ᠶᠢᠨ ᠪᠣᠳᠣᠯᠭ᠎ᠠ ᠲᠠᠢ ᠬᠠᠷᠢᠴᠠᠭᠤᠯᠪᠠᠯ ᠮᠠᠰᠢ ᠶᠡᠭᠡ | ᠬᠤᠪᠢᠷᠠᠯᠲᠠ ᠭᠠᠷᠴᠠᠢ᠂ ᠠᠷᠠᠳ ᠲᠤ ᠠᠰᠢᠭ ᠲᠤᠰᠠ ᠬᠦᠷᠲᠡᠭᠡᠬᠦ ᠵᠠᠷᠢᠮ ᠠᠷᠭ᠎ᠠ ᠬᠡᠮᠵᠢᠶ᠎ᠡ ᠶᠢ ᠲᠠᠨᠢᠯᠴᠠᠭᠤᠯᠤᠭᠠᠷᠠᠢ᠃ | | 9. ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ᠄ | ᠨᠢᠭᠡ ᠳᠤ᠂ ᠬᠤᠲᠠ ᠪᠠᠯᠭᠠᠰᠤ ᠶᠢᠨ ᠡᠷᠦᠬᠡ ᠠᠮᠠ ᠣᠷᠣᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ | ᠪᠣᠯᠭᠠᠵᠤ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠰ ᠤᠨ ᠬᠤᠲᠠ ᠪᠠᠯᠭᠠᠰᠤᠨ ᠳᠤ ᠡᠷᠦᠬᠡ ᠠᠮᠠ | ᠣᠷᠣᠬᠤ ᠶᠢ ᠢᠳᠡᠪᠬᠢᠲᠡᠶ ᠵᠣᠷᠢᠭᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ | ᠰᠠᠭᠤᠭ᠎ᠠ ᠭᠠᠵᠠᠷ ᠪᠤᠶᠤ ᠠᠵᠢᠯ ᠣᠯᠤᠭᠰᠠᠨ ᠭᠠᠵᠠᠷ ᠲᠤ ᠡᠷᠦᠬᠡ ᠠᠮᠠ ᠪᠠᠨ ᠣᠷᠣᠭᠤᠯᠵᠤ ᠪᠣᠯᠤᠨ᠎ᠠ᠂ ᠬᠤᠲᠠ᠂ | ᠪᠠᠶᠢᠭᠤᠯᠤᠯᠳᠠᠲᠤ ᠪᠠᠯᠭᠠᠰᠤ ᠳᠤ ᠣᠷᠣᠵᠤ ᠣᠷᠣᠰᠢᠨ ᠰᠠᠭᠤᠵᠤ ᠠᠮᠢᠳᠤᠷᠠᠵᠤ ᠪᠠᠶᠢᠭ᠎ᠠ ᠮᠠᠯᠵᠢᠬᠤ ᠲᠠᠷᠢᠶᠠᠯᠠᠬᠤ | ᠣᠷᠣᠨ ᠤ ᠬᠠᠷᠢᠶᠠᠲᠤ ᠬᠥᠮᠦᠰ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ︵ᠲᠦᠷᠢᠶᠡᠰᠦᠯᠡᠭᠰᠡᠨ | ᠪᠠᠭᠲᠠᠨ᠎ᠠ︶ ᠶᠢᠨ ᠨᠥᠬᠦᠴᠡᠯ ᠢᠶᠠᠷ ᠬᠤᠲᠠ ᠪᠠᠯᠭᠠᠰᠤ ᠳᠤ ᠡᠷᠦᠬᠡ ᠠᠮᠠ ᠣᠷᠣᠭᠤᠯᠬᠤ ᠪᠠᠷ ᠭᠤᠶᠤᠴᠢᠯᠠᠵᠤ ᠪᠣᠯᠤᠨ᠎ᠠ᠂ | ᠪᠠᠰᠠ ᠬᠠᠤᠯᠢ ᠶᠣᠰᠣᠨ ᠤ ᠲᠣᠭᠲᠠᠪᠤᠷᠢᠲᠠᠶ ᠠᠵᠢᠯ ᠤᠯᠬᠤ ᠨᠥᠬᠦᠴᠡᠯ ᠢᠶᠠᠷ ᠬᠤᠲᠠ ᠪᠠᠯᠭᠠᠰᠤ ᠳᠤ ᠡᠷᠦᠬᠡ ᠠᠮᠠ | ᠣᠷᠣᠭᠤᠯᠬᠤ ᠪᠠᠷ ᠭᠤᠶᠤᠴᠢᠯᠠᠵᠤ ᠪᠣᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ | ᠬᠥᠮᠦᠰ ᠮᠠᠨ ᠤ ᠬᠤᠲᠠ ᠳᠤ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ ᠪᠤᠶᠤ ᠬᠠᠤᠯᠢ ᠶᠣᠰᠣᠨ ᠤ | ᠲᠣᠭᠲᠠᠪᠤᠷᠢᠲᠠᠶ ᠠᠵᠢᠯ ᠣᠯᠤᠭᠰᠠᠨ᠂ ᠲᠣᠰ ᠬᠥᠮᠦᠨ ᠵᠢᠴᠢ ᠲᠡᠭᠦᠨ ᠤ ᠬᠠᠮᠲᠤ ᠣᠷᠣᠰᠢᠨ ᠰᠠᠭᠤᠵᠤ ᠠᠮᠢᠳᠤᠷᠠᠵᠤ | ᠪᠠᠶᠢᠭ᠎ᠠ ᠬᠤᠯᠪᠣᠰᠤ᠂ ᠦᠷ᠎ᠡ ᠬᠡᠤᠬᠡᠳ᠂ ᠣᠮᠪᠣᠯᠣ ︵ᠵᠢᠭᠡ ᠣᠮᠪᠣᠯᠣ︶ ᠪᠣᠯᠤᠨ ᠡᠷ᠎ᠡ ᠡᠮ᠎ᠡ ᠬᠤᠶᠠᠷ ᠲᠠᠯ᠎ᠠ ᠶᠢᠨ | ᠡᠴᠢᠭᠡ ᠡᠬᠡ ᠨᠢ ᠰᠠᠭᠤᠭ᠎ᠠ ᠭᠠᠵᠠᠷ ᠪᠤᠶᠤ ᠠᠵᠢᠯ ᠣᠯᠤᠭᠰᠠᠨ ᠭᠠᠵᠠᠷ ᠲᠠᠭᠠᠨ ᠪᠠᠶᠢᠩᠭᠤ ᠰᠠᠭᠤᠭ᠎ᠠ ᠡᠷᠦᠬᠡ ᠠᠮᠠ | ᠭᠤᠶᠤᠴᠢᠯᠠᠨ ᠳᠠᠩᠰᠠᠯᠠᠭᠤᠯᠵᠤ ᠪᠣᠯᠤᠨ᠎ᠠ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ᠂ ᠣᠷᠣᠰᠢᠨ | ᠰᠠᠭᠤᠭᠰᠠᠨ ᠵᠢᠯ ᠬᠤᠭᠤᠴᠠᠭ᠎ᠠ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠥᠬᠡᠶ᠃ ᠬᠤᠶᠠᠷ ᠲᠤ᠂ ︽ | ᠬᠥᠬᠡᠬᠤᠲᠠ ᠶᠢᠨ ᠴᠢᠳᠠᠪᠤᠷᠢᠲᠠᠨ ᠢ ᠤᠷᠢᠳᠠᠪᠠᠷ ᠬᠥᠭᠵᠢᠭᠦᠯᠬᠦ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠠᠷᠭ᠎ᠠ | ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠴᠢᠯᠥᠭᠡᠲᠡᠢ ᠪᠣᠯᠭᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ | ᠴᠢᠳᠠᠪᠤᠷᠢᠲᠠᠨ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠦᠬᠦᠯᠢ ᠡᠳᠦᠷ ᠤᠨ | ᠳᠦᠷᠢᠮᠲᠦ ᠶᠡᠭᠡ ᠳᠤᠮᠳᠠ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ᠂ ᠲᠤᠰᠬᠠᠢ | ᠮᠡᠷᠭᠡᠵᠢᠯ ᠤᠨ ᠴᠢᠳᠠᠪᠤᠷᠢᠲᠠᠨ᠂ ᠮᠠᠨ ᠤ ᠬᠤᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠ ᠮᠠᠨ ᠤ | ᠬᠤᠲᠠ ᠳᠤ ᠦᠨᠡᠨᠬᠦ ᠬᠡᠷᠡᠭᠴᠡᠭᠡ ᠲᠠᠢ ᠴᠢᠳᠠᠪᠤᠷᠢᠲᠠᠨ ᠳᠤ ︽ᠨᠥᠬᠦᠴᠡᠯ ᠦᠭᠡᠢ︾ ᠡᠷᠦᠬᠡ ᠠᠮᠠ ᠣᠷᠣᠭᠤᠯᠬᠤ ᠶᠢ | ᠬᠡᠷᠡᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠰᠤᠷᠤᠭᠴᠢᠳ ᠤᠨ ᠰᠤᠷᠭᠠᠭᠤᠯᠢ ᠳᠡᠪᠰᠢᠬᠦ ᠪᠠ ᠴᠡᠷᠢᠭ ᠲᠤ | ᠣᠷᠣᠵᠤ ᠬᠤᠲᠠ ᠪᠠᠯᠭᠠᠰᠤ ᠳᠤ ᠣᠷᠣᠬᠤ ᠬᠥᠮᠦᠨ ᠠᠮᠠ ᠶᠢᠨ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ | ᠲᠠᠯ᠎ᠠ ᠪᠠᠷ ᠴᠢᠯᠥᠭᠡᠲᠡᠶ ᠪᠣᠯᠭᠠᠪᠠ᠃ ᠲᠠᠷᠢᠶᠠᠯᠠᠬᠤ ᠮᠠᠯᠵᠢᠬᠤ ᠣᠷᠣᠨ ᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ | ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠰᠢᠯᠭᠠᠨ ᠣᠷᠣᠵᠤ | ᠰᠤᠷᠤᠯᠴᠠᠵᠤ ᠪᠠᠶᠢᠭ᠎ᠠ ᠰᠤᠷᠤᠭᠴᠢ ᠨᠢ ᠲᠤᠰ ᠬᠥᠮᠦᠨ ᠤ ᠬᠦᠰᠡᠯ ᠰᠠᠨᠠᠭ᠎ᠠ ᠶᠣᠰᠣᠭᠠᠷ ᠰᠤᠷᠭᠠᠭᠤᠯᠢ ᠳᠤ ᠣᠷᠣᠬᠤ | ᠦᠶ᠎ᠡ ᠪᠤᠶᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠭᠠᠨ ᠡᠷᠦᠬᠡ ᠠᠮᠠ ᠪᠠᠨ ᠰᠤᠷᠭᠠᠭᠤᠯᠢ ᠳᠤ ᠰᠤᠷᠤᠯᠴᠠᠵᠤ | ᠪᠠᠶᠢᠭ᠎ᠠ ᠳᠡᠭᠡᠳᠦ ᠰᠤᠷᠭᠠᠭᠤᠯᠢ ᠶᠢᠨ ᠬᠠᠮᠲᠤ ᠶᠢᠨ ᠡᠷᠦᠬᠡ ᠠᠮᠠ ᠳᠤ ᠰᠢᠯᠵᠢᠭᠦᠯᠦᠨ ᠣᠷᠣᠭᠤᠯᠵᠤ ᠪᠣᠯᠤᠨ᠎ᠠ᠃ | ᠲᠡᠭᠦᠰᠦᠭᠰᠡᠨ ᠤ ᠳᠠᠷᠠᠭ᠎ᠠ ᠪᠣᠳᠠᠲᠤ ᠪᠠᠶᠢᠳᠠᠯ ᠢᠶᠠᠨ ᠦᠨᠳᠦᠰᠦᠯᠡᠨ᠂ ᠡᠷᠦᠬᠡ ᠠᠮᠠ ᠪᠠᠨ ᠪᠠᠶᠢᠩᠭᠤ ᠰᠠᠭᠤᠭ᠎ᠠ ᠭᠠᠵᠠᠷ᠂ | ︵ᠠᠳᠠᠯ ᠦᠢᠯᠡᠰ ᠴᠣᠭᠴᠠᠯᠠᠬᠤ︶ ᠠᠵᠢᠯ ᠤᠨ ᠭᠠᠵᠠᠷ ᠪᠤᠶᠤ ᠰᠤᠷᠭᠠᠭᠤᠯᠢ ᠳᠤ ᠣᠷᠣᠬᠤ ᠠᠴᠠ ᠡᠮᠦᠨᠡᠬᠢ ᠡᠷᠦᠬᠡ | ᠠᠮᠠ ᠶᠢᠨ ᠲᠠᠩᠰᠠ ᠪᠠᠶᠢᠭᠰᠠᠨ ᠭᠠᠵᠠᠷ ᠲᠤ ᠰᠢᠯᠵᠢᠭᠦᠯᠦᠨ ᠣᠷᠣᠭᠤᠯᠵᠤ ᠪᠣᠯᠤᠨ᠎ᠠ᠃ ᠴᠡᠷᠢᠭ ᠠᠩᠭᠢ ᠶᠢᠨ ᠵᠢᠩᠬᠢᠨᠢ | ᠠᠯᠪᠠᠨ ᠠᠴᠠ ᠪᠠᠭᠤᠭᠰᠠᠨ ᠮᠠᠯᠵᠢᠬᠤ ᠲᠠᠷᠢᠶᠠᠯᠠᠬᠤ ᠣᠷᠣᠨ ᠤ ᠬᠠᠷᠢᠶ᠎ᠠ ᠲᠠᠢ ᠠᠯᠪᠠᠨ ᠵᠢᠷᠤᠮ ᠤᠨ ᠴᠡᠷᠢᠭ ᠪᠠ ᠪᠠᠭ᠎ᠠ | ᠣᠹᠢᠼᠧᠷ ᠲᠣᠰ ᠬᠥᠮᠦᠨ ᠤ ᠬᠦᠰᠡᠯ ᠡᠷᠡᠮᠡᠯᠵᠡᠯ ᠶᠣᠰᠣᠭᠠᠷ᠂ ᠪᠠᠶᠢᠩᠭᠤ ᠰᠠᠭᠤᠭ᠎ᠠ ᠭᠠᠵᠠᠷ ᠤᠨ ᠡᠷᠦᠬᠡ ᠠᠮᠠ | ᠳᠠᠩᠰᠠᠯᠠᠬᠤ ᠵᠠᠷᠴᠢᠮ ᠶᠣᠰᠣᠭᠠᠷ᠂ ᠣᠳᠣ ᠶᠢᠨ ᠪᠣᠳᠠᠲᠠᠶ ᠰᠠᠭᠤᠭ᠎ᠠ ᠭᠠᠵᠠᠷ ᠲᠠᠭᠠᠨ ᠡᠷᠦᠬᠡ ᠠᠮᠠ ᠰᠢᠯᠵᠢᠭᠦᠯᠬᠦ ᠪᠠᠷ | ᠭᠤᠶᠤᠴᠢᠯᠠᠵᠤ ᠪᠣᠯᠤᠨ᠎ᠠ᠂ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ᠂ ᠬᠠᠤᠯᠢ ᠶᠣᠰᠣᠨ ᠤ | ᠲᠣᠭᠲᠠᠪᠤᠷᠢᠲᠠᠶ ᠠᠵᠢᠯ ᠣᠯᠬᠤ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠬᠤ᠂ ᠣᠷᠣᠰᠢᠨ | ᠰᠠᠭᠤᠭᠰᠠᠨ ᠣᠨ ᠵᠢᠯ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠥᠬᠡᠶ᠃ ᠭᠤᠷᠪᠠ ᠳᠤ᠂ ᠬᠤᠲᠠ | ᠪᠠᠯᠭᠠᠰᠤ ᠶᠢᠨ ᠰᠢᠭᠤᠳ ᠴᠢᠰᠤᠨ ᠲᠥᠷᠥᠯ ᠤᠨ ᠲᠦᠰᠢᠭ ᠲᠤᠯᠭᠠᠭᠤᠷᠢ ᠪᠣᠯᠬᠤ ᠬᠦᠷᠢᠶ᠎ᠡ ᠬᠡᠪᠴᠢᠶ᠎ᠡ ᠶᠢ ᠪᠥᠬᠦ | ᠲᠠᠯ᠎ᠠ ᠪᠠᠷ ᠠᠭᠤᠵᠢᠭᠤ ᠲᠠᠯᠪᠢᠵᠤ᠂ ᠤᠤᠯ ᠤᠨ ᠬᠤᠶᠠᠷ ᠦᠶ᠎ᠡ ᠠᠴᠠ ᠪᠠᠨ ᠭᠤᠷᠪᠠᠨ ᠦᠶ᠎ᠡ ᠪᠣᠯᠲᠠᠯ᠎ᠠ ᠥᠷᠭᠡᠳᠬᠡᠵᠦ | ᠂ ᠲᠡᠭᠦᠨ ᠤ ᠬᠠᠮᠲᠤ ᠣᠷᠣᠰᠢᠨ ᠰᠠᠭᠤᠵᠤ ᠠᠮᠢᠳᠤᠷᠠᠵᠤ ᠪᠠᠶᠢᠭ᠎ᠠ ᠬᠤᠯᠪᠣᠰᠤ᠂ ᠦᠷ᠎ᠡ ᠬᠡᠤᠬᠡᠳ᠂ ᠣᠮᠪᠣᠯᠣ ᠬᠦᠤ | ᠥᠬᠢᠨ ︵ᠵᠢᠭᠡ ᠣᠮᠪᠣᠯᠣ ᠬᠦᠤ ᠥᠬᠢᠨ︶ ᠪᠠ ᠡᠷ᠎ᠡ ᠡᠮ᠎ᠡ ᠬᠤᠶᠠᠷ ᠲᠠᠯ᠎ᠠ ᠶᠢᠨ ᠡᠴᠢᠭᠡ ᠡᠬᠡ ᠨᠢ ᠲᠦᠰᠢᠭ ᠪᠣᠯᠵᠤ | ᠡᠷᠦᠬᠡ ᠠᠮᠠ ᠣᠷᠣᠭᠤᠯᠬᠤ ᠪᠠᠷ ᠭᠤᠶᠤᠴᠢᠯᠠᠵᠤ ᠪᠣᠯᠤᠨ᠎ᠠ᠂ ᠲᠦᠰᠢᠭ ᠲᠤᠯᠭᠠᠭᠤᠷᠢ ᠪᠣᠯᠬᠤ ᠬᠥᠮᠦᠨ ᠤ ᠨᠠᠰᠤ᠂ | ᠤᠷᠤᠭᠯᠠᠭᠰᠠᠨ ᠡᠰᠡᠬᠦ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠪᠠ ᠣᠷᠣᠨ ᠰᠠᠭᠤᠴᠠ ᠶᠢᠨ ᠲᠠᠯᠠᠪᠠᠶ | ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠥᠬᠡᠶ᠃ ᠳᠥᠷᠪᠡ ᠳᠤ᠂ ᠬᠡᠷ ᠪᠠᠶᠢᠰᠢᠩ ᠬᠤᠳᠠᠯᠳᠤᠨ ᠠᠪᠴᠤ | ᠡᠷᠦᠬᠡ ᠠᠮᠠ ᠣᠷᠣᠭᠤᠯᠬᠤ ᠨᠥᠬᠦᠴᠡᠯ ᠢ ᠠᠭᠤᠵᠢᠭᠤ ᠪᠣᠯᠭᠠᠵᠤ᠂ ᠲᠣᠰ ᠬᠤᠲᠠ ᠠᠴᠠ ᠬᠤᠳᠠᠯᠳᠤᠨ ᠠᠪᠤᠭᠰᠠᠨ | ᠥᠮᠴᠢᠯᠡᠬᠦ ᠡᠷᠬᠡ ᠶᠢᠨ ᠲᠠᠸᠠᠷ ᠤᠨ ᠬᠡᠷ ᠪᠠᠶᠢᠰᠢᠩ᠂ ᠨᠡᠶᠢᠲᠡ ᠶᠢᠨ ᠪᠠᠶᠢᠷᠢ᠂ ᠰᠦᠯᠵᠢᠶᠡᠨ ᠳᠡᠭᠡᠷ᠎ᠡ ᠭᠡᠷ᠎ᠡ | ᠲᠣᠭᠲᠠᠭᠰᠠᠨ ᠬᠡᠷ ᠪᠠᠶᠢᠰᠢᠩ᠂ ᠭᠠᠷ ᠳᠠᠮᠵᠢᠭᠰᠠᠨ ᠬᠡᠷ ᠪᠠᠶᠢᠰᠢᠩ᠂ ᠬᠢᠮᠳᠠ ᠲᠣᠬᠢᠯᠢᠭ ᠬᠡᠷ ᠪᠠᠶᠢᠰᠢᠩ᠂ ᠪᠤᠴᠠᠭᠠᠨ | ᠨᠡᠭᠦᠯᠭᠡᠬᠦ ᠬᠡᠷ ᠪᠠᠶᠢᠰᠢᠩ ᠵᠢᠴᠢ ᠪᠣᠳᠠᠲᠠᠶ ᠰᠠᠭᠤᠵᠤ ᠪᠠᠶᠢᠭ᠎ᠠ ᠥᠮᠴᠢᠯᠡᠬᠦ ᠡᠷᠬᠡᠲᠦ ᠬᠥᠮᠦᠨ ᠵᠢᠴᠢ ᠲᠡᠭᠦᠨ ᠤ ᠬᠠᠮᠲᠤ | ᠰᠠᠭᠤᠵᠤ ᠪᠠᠶᠢᠭ᠎ᠠ ᠲᠥᠷᠥᠯ ᠰᠠᠳᠤᠨ ᠪᠦᠬᠦᠨ ᠨᠢ ᠰᠢᠭᠤᠳ ᠡᠷᠦᠬᠡ ᠠᠮᠠ ᠣᠷᠣᠭᠤᠯᠵᠤ ᠪᠣᠯᠤᠨ᠎ᠠ᠂ ᠬᠡᠷ | ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠣᠯᠤᠭᠰᠠᠨ ᠥᠬᠡᠶ ᠣᠷᠣᠨ ᠰᠠᠭᠤᠴᠠ ᠶᠢᠨ ᠰᠠᠭᠤᠭᠠᠯᠢ ᠠᠷᠠᠳ | ᠣᠷᠣᠰᠢᠨ ᠰᠠᠭᠤᠬᠤ ᠦᠨᠡᠮᠯᠡᠯ ᠢᠶᠠᠨ ᠠᠪᠤᠭᠰᠠᠨ ᠤ ᠳᠠᠷᠠᠭ᠎ᠠ ᠭᠡᠷ ᠬᠤᠳᠠᠯᠳᠤᠨ ᠠᠪᠬᠤ ᠬᠡᠯᠡᠯᠴᠡᠭᠡᠷ᠂ ᠵᠣᠭᠤᠰ | ᠲᠤᠰᠢᠶᠠᠭᠰᠠᠨ ᠭᠡᠷᠡᠴᠢ ᠪᠠᠷᠢᠮᠲᠠ ᠪᠠ ᠪᠣᠳᠠᠲᠠᠶ ᠰᠠᠭᠤᠵᠤ ᠪᠠᠶᠢᠭ᠎ᠠ ᠨᠢ ᠴᠥᠮ ᠡᠷᠦᠬᠡ ᠠᠮᠠ ᠣᠷᠣᠭᠤᠯᠬᠤ ᠪᠥᠭᠡᠳ | ᠰᠢᠭᠤᠳ ᠲᠥᠷᠥᠯ ᠰᠠᠳᠤᠨ ᠢᠶᠠᠨ ᠠᠪᠴᠤ ᠶᠠᠪᠤᠵᠤ ᠪᠣᠯᠤᠨ᠎ᠠ᠃ ᠣᠯᠠᠨ ᠨᠡᠶᠢᠲᠡ ᠶᠢᠨ ᠲᠦᠷᠢᠶᠡᠰᠦᠨ ᠬᠡᠷ | ᠪᠠᠶᠢᠰᠢᠩ ᠨᠢ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ︽ᠣᠯᠠᠨ ᠨᠡᠶᠢᠲᠡ ᠶᠢᠨ ᠲᠦᠷᠢᠶᠡᠰᠦᠨ ᠬᠡᠷ | ᠪᠠᠶᠢᠰᠢᠩ ᠤᠨ ᠳᠠᠭᠠᠭᠠᠴᠢᠯᠠᠨ ᠲᠦᠷᠢᠶᠡᠰᠦᠯᠡᠬᠦ ᠭᠡᠷ᠎ᠡ︾ ᠶᠢᠨ ᠬᠢᠮᠳᠠ ᠲᠦᠷᠢᠶᠡᠰᠦᠨ ᠬᠡᠷ ᠪᠠᠶᠢᠰᠢᠩ ᠨᠢ ᠬᠡᠷ | ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ︽ᠬᠡᠷ ᠪᠠᠶᠢᠰᠢᠩ ᠲᠦᠷᠢᠶᠡᠰᠦᠯᠡᠭᠰᠡᠨ ᠳᠡᠩᠰᠡᠯᠡᠯᠲᠡ ᠶᠢᠨ | ᠭᠡᠷᠡᠴᠢ︾ ᠪᠠᠷ ᠦᠨᠳᠦᠰᠦ ᠪᠠᠷᠢᠮᠲᠠ ᠪᠣᠯᠭᠠᠵᠤ ᠴᠥᠮ ᠰᠢᠭᠤᠳ ᠲᠣᠮᠢᠯᠠᠭᠰᠠᠨ ᠰᠠᠯᠪᠤᠷᠢ ᠳᠤ ᠬᠦᠷᠴᠦ ᠡᠷᠦᠬᠡ ᠠᠮᠠ | ᠣᠷᠣᠭᠤᠯᠵᠤ ᠪᠣᠯᠤᠨ᠎ᠠ᠃ ᠲᠠᠪᠤ ᠳᠤ᠂ ᠪᠡᠶ᠎ᠡ ᠶᠢᠨ ᠦᠨᠡᠮᠯᠡᠯ ᠭᠦᠢᠴᠡᠳᠬᠡᠬᠦ ᠲᠤᠬᠠᠶᠢᠯᠠᠭᠰᠠᠨ ᠠᠵᠢᠯ᠃ ᠪᠡᠶ᠎ᠡ ᠶᠢᠨ | ᠦᠨᠡᠮᠯᠡᠯ ᠭᠦᠢᠴᠡᠳᠬᠡᠬᠦ ᠲᠠᠰ ᠳᠠᠷᠠᠭᠠᠯᠠᠯ ᠢ ᠪᠥᠬᠦ ᠲᠠᠯ᠎ᠠ ᠪᠠᠷ ᠳᠥᠭᠦᠮᠴᠢᠯᠡᠵᠦ᠂ ᠲᠣᠰ ᠭᠠᠵᠠᠷ ᠤᠨ ᠰᠠᠭᠤᠭᠠᠯᠢ | ᠠᠷᠠᠳ ᠪᠣᠯᠤᠨ ᠣᠨᠳᠣᠤ ᠭᠠᠵᠠᠷ ᠲᠤ ᠪᠡᠶ᠎ᠡ ᠶᠢᠨ ᠦᠨᠡᠮᠯᠡᠯ ᠭᠦᠢᠴᠡᠳᠬᠡᠬᠦ ᠰᠠᠭᠤᠭᠠᠯᠢ ᠠᠷᠠᠳ ᠴᠥᠮ ᠰᠠᠭᠤᠭ᠎ᠠ | ᠭᠠᠵᠠᠷ ᠤᠨ ᠲᠣᠮᠢᠯᠠᠭᠰᠠᠨ ᠰᠠᠯᠪᠤᠷᠢ ᠳᠤ ᠭᠦᠢᠴᠡᠳᠬᠡᠵᠦ ᠪᠣᠯᠤᠨ᠎ᠠ᠃ ᠰᠠᠭᠤᠭᠠᠯᠢ ᠠᠷᠠᠳ ᠤᠨ ᠲᠦᠷ ᠴᠠᠭ ᠤᠨ | ᠪᠡᠶ᠎ᠡ ᠶᠢᠨ ᠦᠨᠡᠮᠯᠡᠯ ᠢ ᠭᠦᠢᠴᠡᠳᠬᠡᠬᠦ ᠳᠤ᠂ ᠤᠤᠯ ᠤᠨ 3 ᠠᠵᠢᠯᠯᠠᠬᠤ ᠡᠳᠦᠷ ᠠᠴᠠ ᠪᠣᠭᠤᠨᠢᠰᠬᠠᠭᠠᠳ ᠲᠡᠷᠡ | ᠳᠠᠷᠤᠶ ᠳᠤᠨᠢ ᠭᠦᠢᠴᠡᠳᠬᠡᠪᠡᠯ ᠲᠡᠷᠡ ᠳᠠᠷᠤᠶ ᠳᠤᠨᠢ ᠠᠪᠴᠤ ᠪᠣᠯᠤᠨ᠎ᠠ᠃ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠭᠦᠢᠴᠡᠳᠬᠡᠬᠦ ᠶᠠᠪᠤᠳᠠᠯ ᠢ ᠬᠠᠤᠯᠢ ᠪᠠᠷ ᠲᠣᠭᠲᠠᠭᠠᠭᠰᠠᠨ 60 ᠡᠳᠦᠷ᠂ ᠪᠤᠶᠢᠳᠠ ᠪᠥᠭᠯᠡᠭᠦᠤ ᠭᠠᠵᠠᠷ | ᠣᠷᠣᠨ ᠤ 90 ᠡᠳᠦᠷ ᠢ ᠨᠢᠭᠡᠳᠦᠯᠲᠡᠶ 25 ᠡᠳᠦᠷ ᠪᠣᠯᠭᠠᠨ ᠪᠣᠭᠤᠨᠢᠰᠬᠠᠵᠤ᠂ ᠪᠣᠳᠠᠲᠠᠢ ᠠᠵᠢᠯ ᠤᠨ ᠳᠤᠮᠳᠠ ᠪᠢᠳᠡ | ᠡᠩ ᠤᠨ ᠪᠠᠶᠢᠳᠠᠯ ᠳᠤ 2 ᠭᠠᠷᠠᠭ ᠤᠨ ᠳᠣᠲᠣᠷ᠎ᠠ ᠭᠦᠢᠴᠡᠳᠬᠡᠨ ᠳᠠᠭᠤᠰᠬᠠᠵᠤ᠂ ᠣᠷᠣᠰᠢᠨ ᠰᠠᠭᠤᠬᠤ ᠦᠨᠡᠮᠯᠡᠯ ᠢ | ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ 5 ᠡᠳᠦᠷ ᠤᠨ ᠦᠨᠡᠮᠯᠡᠯ ᠬᠢᠵᠦ ᠭᠡᠷᠡᠴᠢ ᠭᠠᠷᠭᠠᠨ᠎ᠠ᠃ ᠡᠭᠦᠨ ᠤ | ᠬᠠᠮᠲᠤ ᠲᠦᠷᠭᠡᠨ ᠦᠨᠡᠮᠯᠡᠯ ᠲᠦᠷᠭᠡᠨ ᠬᠦᠷᠭᠡᠬᠦ ᠦᠢᠯᠡᠴᠢᠯᠡᠭᠡ ᠶᠢ ᠨᠡᠮᠡᠭᠳᠡᠭᠦᠯᠵᠦ᠂ ᠪᠡᠶ᠎ᠡ ᠶᠢᠨ ᠦᠨᠡᠮᠯᠡᠯ᠂ | ᠣᠷᠣᠰᠢᠨ ᠰᠠᠭᠤᠬᠤ ᠦᠨᠡᠮᠯᠡᠯ ᠢᠶᠠᠨ ᠣᠯᠠᠨ ᠲᠦᠮᠡᠨ ᠳᠤ ᠬᠡᠷᠡᠭᠴᠡᠭᠡ ᠲᠠᠢ ᠭᠠᠵᠠᠷ ᠲᠤ ᠰᠢᠭᠤᠳ ᠰᠢᠤᠳᠠᠨ ᠢᠶᠠᠷ | ᠢᠯᠡᠭᠡᠵᠦ ᠥᠭᠭᠦᠨ᠎ᠡ᠃ ᠡᠭᠦᠨ ᠤ ᠬᠠᠮᠲᠤ ᠪᠠᠰᠠ ᠪᠡᠶ᠎ᠡ ᠶᠢᠨ ᠦᠨᠡᠮᠯᠡᠯ ᠠᠪᠴᠤ ᠠᠷᠠᠳ ᠲᠤ ᠲᠥᠬᠦᠮ ᠦᠵᠡᠭᠦᠯᠬᠦ | ᠭᠤᠷᠪᠠᠨ ᠶᠡᠭᠡ ᠦᠢᠯᠡᠴᠢᠯᠡᠭᠡ ᠬᠢᠨ᠎ᠠ᠄ 1. ︽ᠢᠯᠡᠭᠦᠤ ᠰᠡᠭᠦᠳᠡᠷᠯᠡᠵᠦ ᠰᠢᠯᠢᠳᠡᠭ ᠢ ᠨᠢ ᠰᠣᠩᠭᠤᠬᠤ︾᠂ ᠣᠯᠠᠨ | ᠲᠦᠮᠡᠨ ᠪᠡᠶ᠎ᠡ ᠶᠢᠨ ᠦᠨᠡᠮᠯᠡᠯ ᠭᠦᠢᠴᠡᠳᠬᠡᠬᠦ ᠳᠡᠭᠡᠨ᠂ ᠬᠡᠷᠡᠯ ᠵᠢᠷᠤᠭ ᠴᠤᠭᠯᠠᠭᠤᠯᠬᠤ ᠳᠤ ᠬᠠᠨᠤᠮᠵᠢ ᠥᠬᠡᠶ ᠪᠠᠶᠢᠳᠠᠯ | ᠳᠣᠤᠷ᠎ᠠ᠂ ᠳᠠᠬᠢᠨ ᠬᠡᠷᠡᠯ ᠵᠢᠷᠤᠭ ᠴᠤᠭᠯᠠᠭᠤᠯᠬᠤ ᠪᠠᠷ ᠭᠤᠶᠤᠴᠢᠯᠠᠵᠤ ᠪᠣᠯᠤᠨ᠎ᠠ᠂ ᠬᠠᠮᠤᠭ ᠣᠯᠠᠨ ᠳᠠᠭᠠᠨ ᠭᠤᠷᠪᠠ | ᠤᠳᠠᠭ᠎ᠠ ᠴᠤᠭᠯᠠᠭᠤᠯᠵᠤ ᠪᠣᠯᠤᠨ᠎ᠠ︔ 2. ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠢᠶᠠᠨ ᠮᠡᠳᠡᠭᠦᠯᠬᠦ᠂ ᠭᠡᠭᠡᠭᠰᠡᠨ ᠢᠶᠠᠨ | ᠮᠡᠳᠡᠭᠦᠯᠵᠦ ᠲᠠᠨᠢᠭᠤᠯᠬᠤ ᠦᠢᠯᠡᠴᠢᠯᠡᠭᠡ ᠶᠢ ᠨᠡᠪᠲᠡᠷᠡᠭᠦᠯᠪᠡᠯ᠂ ᠣᠯᠠᠨ ᠲᠦᠮᠡᠨ ᠣᠶᠢᠷ᠎ᠠ ᠬᠠᠪᠢ ᠶᠢᠨ ᠲᠣᠮᠢᠯᠠᠭᠰᠠᠨ | ᠰᠠᠯᠪᠤᠷᠢ ᠳᠤ ᠬᠦᠷᠴᠦ ᠰᠢᠭᠤᠳ ᠭᠦᠢᠴᠡᠳᠬᠡᠵᠦ ᠪᠣᠯᠤᠨ᠎ᠠ︔ 3. ᠲᠠᠷᠠᠭᠠᠴᠢ ᠶᠢᠨ ᠠᠯᠬᠤᠮ ᠳᠤ ᠪᠢᠳᠡ ᠪᠠᠰᠠ | ᠡᠵᠡᠩᠨᠡᠯᠲᠡ ᠶᠢᠨ ᠬᠤᠳᠠᠯᠳᠤᠭᠠᠴᠢᠨ ᠲᠠᠢ ᠬᠠᠷᠢᠯᠴᠠᠵᠤ ᠲᠣᠰ ᠭᠠᠵᠠᠷ ᠤᠨ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ | ᠲᠤᠯᠤᠭᠰᠠᠨ ᠢ ᠰᠠᠨᠠᠭᠤᠯᠬᠤ ᠦᠢᠯᠡᠴᠢᠯᠡᠭᠡ ᠶᠢ ᠨᠡᠭᠡᠭᠡᠵᠦ᠂ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠲᠤᠯᠬᠤ ᠠᠴᠠ | 2 ᠰᠠᠷ᠎ᠠ ᠶᠢᠨ ᠡᠮᠦᠨ᠎ᠡ᠂ ᠣᠬᠤᠷ ᠴᠢᠮᠡᠭᠡ ᠪᠠᠷ ᠰᠠᠨᠠᠭᠤᠯᠬᠤ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠦᠨᠡᠮᠯᠡᠯ | ᠰᠣᠯᠢᠬᠤ ᠶᠢ ᠮᠡᠳᠡᠭᠳᠡᠵᠦ᠂ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠲᠤᠯᠤᠭᠰᠠᠨ ᠠᠴᠠ ᠪᠣᠯᠵᠣ ᠣᠯᠠᠨ | ᠲᠦᠮᠡᠨ ᠤ ᠬᠡᠪ ᠤᠨ ᠠᠮᠢᠳᠤᠷᠠᠯ ᠢ ᠨᠥᠯᠥᠭᠡᠯᠡᠬᠦ ᠠᠴᠠ ᠵᠠᠶᠢᠯᠠᠰᠬᠢᠨ᠎ᠡ᠃ | 10.ᠬᠥᠲᠥᠯᠥᠭᠴᠢ : | ᠪᠢᠳᠡ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ ᠶᠢᠨ ᠪᠠᠭᠤᠯᠭᠠᠬᠤ | ᠬᠠᠮᠢᠶᠠᠷᠬᠤ ᠦᠢᠯᠡᠴᠢᠯᠡᠬᠦ ᠠᠵᠢᠯ ᠤᠨ ᠳᠤᠮᠳᠠ ᠶᠡᠭᠡ ᠬᠡᠮᠵᠢᠶᠡᠨ ᠤ ᠠᠵᠢᠯ ᠬᠢᠭᠰᠡᠨ ᠢ ᠣᠶᠢᠯᠠᠭᠠᠭᠰᠠᠨ ᠪᠣᠯᠪᠠᠴᠤ ᠮᠢᠨᠦ | ᠪᠤᠳᠤᠬᠤ ᠪᠠᠷ᠂ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠶᠠᠮᠠᠷ ᠶᠠᠮᠠᠷ ᠪᠣᠳᠠᠲᠠᠶ | ᠠᠷᠭ᠎ᠠ ᠬᠡᠮᠵᠢᠶ᠎ᠡ ᠢᠯᠡᠷᠡᠵᠦ ᠪᠠᠶᠢᠬᠤ ᠪᠣᠶ︖ | 11. ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ᠄ | ᠨᠢᠭᠡ ᠳᠤ᠂ ᠡᠷᠦᠬᠡ ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠢ ︽ᠤᠶᠢᠷ᠎ᠠ ᠬᠠᠪᠢ ᠳᠤᠨᠢ | ᠭᠦᠢᠴᠡᠳᠬᠡᠬᠦ︾ ᠶᠢ ᠪᠡᠶᠡᠯᠡᠭᠦᠯᠦᠨ᠎ᠡ᠃ ᠣᠯᠠᠨ ᠲᠦᠮᠡᠨ ᠤ ᠪᠣᠳᠠᠲᠤ ᠪᠠᠶᠢᠳᠠᠯ ᠠᠴᠠ ᠡᠭᠦᠰᠴᠦ᠂ ᠲᠣᠮᠢᠯᠠᠭᠰᠠᠨ | ᠰᠠᠯᠪᠤᠷᠢ ᠪᠠᠷ ᠲᠥᠪ ᠪᠣᠯᠭᠠᠭᠰᠠᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠡᠷᠡᠭ ᠡᠷᠬᠢᠯᠡᠬᠦ ᠴᠣᠩᠬᠤᠪᠴᠢ ᠶᠢ | ᠪᠦᠬᠦ ᠲᠠᠯ᠎ᠠ ᠪᠠᠷ ᠪᠠᠶᠢᠭᠤᠯᠵᠤ᠂ ︽ᠲᠣᠮᠢᠯᠠᠭᠰᠠᠨ ᠰᠠᠯᠪᠤᠷᠢ ᠶᠢᠨ ᠬᠡᠷᠡᠭ ᠡᠷᠬᠢᠯᠡᠬᠦ ᠲᠣᠭᠤᠷᠢᠭ︾ ᠢ ᠪᠠᠶᠢᠭᠤᠯᠵᠤ᠂ | ᠣᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠳᠤ ᠬᠤᠯᠠ ᠵᠠᠮ ᠬᠥᠭᠡᠭᠡᠬᠦ᠂ ᠤᠷᠲᠤ ᠮᠥᠷᠯᠡᠬᠦ ᠬᠦᠴᠢᠷ ᠠᠰᠠᠭᠤᠳᠠᠯ ᠢ | ᠰᠢᠢᠳᠪᠦᠷᠢᠯᠡᠨ᠎ᠡ᠃ ︽ᠲᠠᠯᠪᠢᠵᠤ ᠪᠣᠯᠬᠤ ᠶᠢ ᠨᠢ ᠴᠢᠯᠥᠭᠡᠲᠡᠶ ᠲᠠᠯᠪᠢᠵᠤ᠂ ᠪᠦᠬᠦᠨ ᠢ ᠴᠢᠯᠥᠭᠡᠲᠡᠶ ᠲᠠᠯᠪᠢᠬᠤ︾ | ᠵᠠᠷᠴᠢᠮ ᠶᠣᠰᠣᠭᠠᠷ᠂ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠤᠨ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾ ᠰᠢᠰᠲ᠋ᠧᠮ ᠢᠶᠠᠷ ᠳᠠᠮᠵᠢᠭᠤᠯᠤᠨ᠂ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ | ᠠᠵᠢᠯ ᠢ ᠪᠦᠬᠦᠨ ᠢ ᠲᠣᠮᠢᠯᠠᠭᠰᠠᠨ ᠰᠠᠯᠪᠤᠷᠢ ᠳᠤ ᠲᠤᠰᠢᠶᠠᠨ ᠭᠦᠢᠴᠡᠳᠬᠡᠵᠦ᠂ ᠣᠯᠠᠨ ᠲᠦᠮᠡᠨ ᠣᠶᠢᠷ᠎ᠠ ᠬᠠᠪᠢ ᠶᠢᠨ | ᠲᠣᠮᠢᠯᠠᠭᠰᠠᠨ ᠰᠠᠯᠪᠤᠷᠢ ᠳᠤ ᠬᠦᠷᠴᠦ ᠠᠯᠢᠪᠠ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ | ᠭᠦᠢᠴᠡᠳᠬᠡᠵᠦ ᠪᠣᠯᠤᠨ᠎ᠠ᠃ ᠬᠤᠶᠠᠷ ᠲᠤ᠂ ᠡᠷᠦᠬᠡ ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠢ ︽ | ᠳᠠᠷᠦ᠋ᠢᠬᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠳᠥᠭᠦᠮ ᠬᠢᠯᠪᠠᠷ ᠤᠴᠢᠷ ᠶᠠᠪᠤᠳᠠᠯ ᠢ ᠲᠡᠷᠡ ᠳᠠᠷᠤᠶ ᠳᠤᠨᠢ | ᠬᠢᠵᠦ᠂ ᠪᠤᠳᠤᠯᠢᠶᠠᠨᠲᠠᠶ ᠤᠴᠢᠷ ᠶᠠᠪᠤᠳᠠᠯ ᠢ ᠴᠠᠭ ᠬᠢᠵᠠᠭᠠᠷᠯᠠᠨ ᠬᠢᠵᠦ᠂ ᠣᠨᠴᠠᠭᠠᠢ ᠤᠴᠢᠷ ᠶᠠᠪᠤᠳᠠᠯ ᠢ ᠪᠠᠴᠢᠮ | ᠰᠢᠢᠳᠪᠦᠷᠢᠯᠡᠨ᠎ᠡ᠃ ᠣᠯᠠᠨ ᠲᠦᠮᠡᠨ ᠤ ᠡᠷᠦᠬᠡ ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠬᠢᠬᠦ ᠶᠢ ᠬᠦᠯᠢᠶᠡᠬᠦ | ᠴᠠᠭ ᠢ ᠪᠠᠭᠠᠰᠬᠠᠨ᠎ᠠ᠃ ᠮᠠᠨ ᠤ ᠡᠷᠦᠬᠡ ᠠᠮᠠ ᠶᠢᠨ ᠲᠠᠩᠰᠠ ᠶᠢᠨ ᠠᠵᠢᠯ ᠨᠢ ︽ᠡᠷᠦᠬᠡ ᠠᠮᠠ ᠶᠢᠨ ᠲᠠᠩᠰᠠ ᠶᠢᠨ | ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠡᠷᠦᠬᠡ ᠠᠮᠠ ᠶᠢᠨ ᠲᠠᠩᠰᠠ ᠶᠢᠨ ᠲᠠᠩᠰᠠ ᠡᠪᠬᠡᠮᠡᠯ ᠢ | ᠰᠦᠯᠵᠢᠶᠡᠨ ᠳᠡᠭᠡᠷ᠎ᠡ ᠡᠷᠭᠢᠯᠳᠦᠭᠦᠯᠬᠦ᠂ ᠡᠷᠦᠬᠡ ᠠᠮᠠ ᠶᠢᠨ ᠲᠠᠩᠰᠠ ᠶᠢᠨ ᠴᠣᠩᠬᠤᠪᠴᠢ ᠪᠠᠷ ᠭᠡᠷᠡᠴᠢ ᠭᠠᠷᠭᠠᠬᠤ︾ | ᠠᠵᠢᠯ ᠤᠨ ᠵᠠᠭᠪᠤᠷ ᠢ ᠬᠡᠷᠡᠭᠵᠢᠭᠦᠯᠵᠦ᠂ ᠣᠳᠣᠬᠠᠨ ᠳᠤ ᠮᠠᠨ ᠤ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ | ᠠᠵᠢᠯ ᠳᠤ᠂ ᠮᠠᠲ᠋ᠧᠷᠢᠶᠠᠯ ᠪᠦᠷᠢᠨ ᠭᠦᠢᠴᠡᠳ ᠪᠠᠶᠢᠳᠠᠯ ᠳᠣᠤᠷ᠎ᠠ᠂ ᠲᠣᠮᠢᠯᠠᠭᠰᠠᠨ ᠰᠠᠯᠪᠤᠷᠢ ᠠᠴᠠ ᠲᠡᠷᠡ ᠳᠣᠤᠷ᠎ᠠ ᠨᠢ | ᠭᠦᠢᠴᠡᠳᠬᠡᠵᠦ ᠳᠠᠭᠤᠰᠬᠠᠨ᠎ᠠ︔ ᠪᠠᠶᠢᠳᠠᠯ ᠨᠢ ᠨᠠᠷᠢᠨ ᠪᠤᠳᠤᠯᠢᠶᠠᠨᠲᠠᠶ ᠡᠷᠦᠬᠡ ᠠᠮᠠ ᠶᠢ ᠬᠢᠨᠠᠨ ᠵᠥᠪᠰᠢᠶᠡᠷᠡᠬᠦ | ᠲᠤᠬᠠᠶᠢᠯᠠᠭᠰᠠᠨ ᠠᠵᠢᠯ ᠢ ᠰᠢᠰᠲ᠋ᠧᠮ ᠤᠨ ᠡᠷᠭᠢᠯᠲᠡ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠬᠦ ᠶᠢ ᠪᠡᠶᠡᠯᠡᠭᠦᠯᠵᠦ᠂ ᠣᠯᠠᠨ ᠲᠦᠮᠡᠨ ᠨᠠᠰᠢ ᠴᠠᠰᠢ ᠭᠦᠶᠦᠬᠦ ᠬᠡᠷᠡᠭ ᠥᠬᠡᠶ᠃ ᠭᠤᠷᠪᠠ ᠳᠤ᠂ ᠡᠷᠦᠬᠡ | ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠢ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠦᠨ᠎ᠡ | ᠃ ᠪᠢᠳᠡ ᠡᠷᠦᠬᠡ ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ | ᠨᠡᠶᠢᠲᠡ ᠡᠮᠬᠢᠯᠡᠨ ᠭᠠᠷᠭᠠᠭᠰᠠᠨ᠄ ᠲᠦᠷᠦᠭᠦ᠂ ᠥᠭᠦᠬᠦ᠂ ᠨᠡᠭᠦᠵᠦ ᠣᠷᠣᠬᠤ᠂ ᠨᠡᠭᠦᠵᠦ ᠭᠠᠷᠬᠤ᠂ ᠲᠥᠷᠥᠯ ᠵᠦᠢᠯ ᠢ | ᠬᠤᠪᠢᠷᠠᠭᠤᠯᠤᠨ ᠵᠠᠯᠠᠷᠠᠭᠤᠯᠬᠤ᠂ ᠬᠦᠴᠦᠨ ᠥᠬᠡᠶ ᠪᠣᠯᠭᠠᠬᠤ ᠪᠠ ᠰᠡᠷᠭᠦᠭᠡᠬᠦ᠂ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ ᠭᠦᠢᠴᠡᠳᠬᠡᠬᠦ᠂ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠨᠠᠢᠮᠠᠨ ᠶᠡᠭᠡ ᠲᠥᠷᠥᠯ ᠤᠨ ᠲᠤᠬᠠᠶᠢᠯᠠᠭᠰᠠᠨ | ᠠᠵᠢᠯ ᠢ ᠡᠮᠬᠢᠯᠡᠪᠡ᠃ ᠣᠳᠣ ᠰᠦᠯᠵᠢᠶᠡᠨ ᠳᠡᠭᠡᠷ᠎ᠡ ᠡᠷᠭᠢᠯᠳᠦᠭᠦᠯᠬᠦ ᠪᠠᠷ ᠳᠠᠮᠵᠢᠭᠠᠳ᠂ ᠥᠩᠭᠡᠷᠡᠭᠰᠡᠨ ᠤ 5 | ᠠᠵᠢᠯ ᠤᠨ ᠡᠳᠦᠷ ᠮᠡᠳᠡᠭᠦᠯᠬᠦ ᠶᠢ ᠳᠠᠭᠠᠯᠳᠤᠨ ᠵᠥᠪᠰᠢᠶᠡᠷᠡᠬᠦ ᠪᠣᠯᠭᠠᠨ ᠬᠤᠪᠢᠷᠠᠭᠤᠯᠵᠤ᠂ ᠲᠤᠭ᠎ᠠ ᠪᠠᠷᠢᠮᠲᠠ ᠶᠢ | ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠠᠯᠪᠠᠨ ᠠᠵᠢᠯ ᠤᠨ ᠰᠢᠨ᠎ᠡ ᠵᠠᠭᠪᠤᠷ ᠢ ᠦᠨᠡᠨᠬᠦ | ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠦᠨ᠂ ᠣᠯᠠᠨ | ᠲᠦᠮᠡᠨ ᠤ ᠡᠷᠦᠬᠡ ᠠᠮᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠦᠯᠢᠶᠡᠬᠦ ᠴᠠᠭ ᠢ ᠪᠠᠭᠠᠰᠬᠠᠨ᠎ᠠ᠃ | ᠳᠥᠷᠪᠡ ᠳᠤ᠂ ᠡᠷᠦᠬᠡ ᠠᠮᠠ ᠶᠢᠨ ᠲᠠᠩᠰᠠ ᠡᠪᠬᠡᠮᠡᠯ ᠢ ᠡᠯᠧᠺᠳ᠋ᠷᠣᠨ ᠢᠶᠠᠷ ᠬᠠᠮᠢᠶᠠᠷᠬᠤ ᠶᠢ ᠪᠡᠶᠡᠯᠡᠭᠦᠯᠦᠨ᠎ᠡ᠃ | ᠴᠠᠭᠠᠰᠤᠨ ᠳᠠᠩᠰᠠ ᠡᠪᠬᠡᠮᠡᠯ ᠠᠮᠠᠷᠬᠠᠨ ᠡᠪᠳᠡᠭᠳᠡᠬᠦ ᠪᠠ ᠪᠠᠶᠢᠴᠠᠭᠠᠨ ᠯᠠᠪᠯᠠᠬᠤ ᠳᠤ ᠳᠥᠭᠦᠮ ᠦᠭᠡᠢ ᠪᠠᠶᠢᠬᠤ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠰᠢᠰᠲ᠋ᠧᠮ ᠲᠠᠰ ᠳᠡᠪᠰᠢᠭᠰᠡᠨ ᠤ ᠳᠠᠷᠠᠭ᠎ᠠ᠂ ᠡᠷᠦᠬᠡ ᠠᠮᠠ ᠶᠢᠨ | ᠲᠠᠩᠰᠠ ᠡᠪᠬᠡᠮᠡᠯ ᠤᠨ ᠴᠠᠭᠳᠠᠭ᠎ᠠ ᠥᠨᠳᠥᠷ ᠴᠣᠬᠢᠯᠭ᠎ᠠ ᠬᠡᠮᠵᠢᠭᠦᠷ ᠵᠡᠷᠭᠡ ᠲᠥᠬᠦᠭᠡᠷᠦᠮᠵᠢ ᠪᠠᠷ ᠳᠡᠮᠵᠢᠨ ᠡᠷᠦᠬᠡ | ᠠᠮᠠ ᠶᠢᠨ ᠲᠠᠩᠰᠠ ᠡᠪᠬᠡᠮᠡᠯ ᠢ ᠰᠢᠰᠲ᠋ᠧᠮ ᠳᠤ ᠳᠠᠮᠵᠢᠭᠤᠯᠵᠤ᠂ ᠡᠷᠦᠬᠡ ᠠᠮᠠ ᠶᠢᠨ ᠲᠠᠩᠰᠠ ᠶᠢᠨ ᠮᠠᠲ᠋ᠧᠷᠢᠶᠠᠯ ᠢ | ᠴᠠᠭᠠᠰᠤᠨ ᠮᠠᠲ᠋ᠧᠷᠢᠶᠠᠯ ᠠᠴᠠ ᠡᠯᠧᠺᠳ᠋ᠷᠣᠨ ᠮᠠᠲ᠋ᠧᠷᠢᠶᠠᠯ ᠬᠦᠷᠲᠡᠯ᠎ᠡ᠂ ᠬᠥᠮᠦᠨ ᠤ ᠬᠦᠴᠦ ᠪᠠᠷ ᠪᠠᠶᠢᠴᠠᠭᠠᠨ | ᠯᠠᠪᠯᠠᠬᠤ ᠠᠴᠠ ᠡᠯᠧᠺᠳ᠋ᠷᠣᠨ ᠢᠶᠠᠷ ᠪᠠᠶᠢᠴᠠᠭᠠᠨ ᠯᠠᠪᠯᠠᠬᠤ ᠪᠣᠯᠲᠠᠯ᠎ᠠ ᠬᠤᠪᠢᠷᠠᠭᠤᠯᠬᠤ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠡᠷᠦᠬᠡ ᠠᠮᠠ ᠶᠢᠨ ᠲᠠᠩᠰᠠ ᠶᠢᠨ ᠲᠠᠩᠰᠠ ᠡᠪᠬᠡᠮᠡᠯ ᠢ ᠡᠯᠧᠺᠳ᠋ᠷᠣᠨᠴᠢᠯᠠᠨ᠂ ︽ᠦᠬᠦᠮᠡᠯ︾ ᠲᠠᠩᠰᠠ | ᠡᠪᠬᠡᠮᠡᠯ ᠢ ︽ᠠᠮᠢᠳᠤᠯᠢᠭ︾ ᠲᠠᠩᠰᠠ ᠡᠪᠬᠡᠮᠡᠯ ᠪᠣᠯᠭᠠᠨ ᠬᠤᠪᠢᠷᠠᠭᠤᠯᠵᠤ᠂ ᠳᠣᠲᠣᠭᠠᠳᠤ ᠦᠢᠯᠡᠴᠢᠯᠡᠭᠡᠨ ᠤ ᠠᠵᠢᠯ ᠢ | ᠰᠢᠰᠲ᠋ᠧᠮ ᠢᠶᠠᠷ ᠢᠶᠠᠨ ᠳᠠᠮᠵᠢᠭᠤᠯᠤᠨ ᠡᠷᠦᠬᠡ ᠠᠮᠠ ᠶᠢᠨ ᠲᠠᠩᠰᠠ ᠡᠪᠬᠡᠮᠡᠯ ᠢ ᠪᠠᠶᠢᠴᠠᠭᠠᠨ ᠯᠠᠪᠯᠠᠵᠤ᠂ ᠡᠯᠧᠺᠳ᠋ᠷᠣᠨ | ᠲᠠᠩᠰᠠ ᠡᠪᠬᠡᠮᠡᠯ ᠤᠨ ᠣᠯᠠᠨ ᠲᠦᠮᠡᠨ ᠤ ᠠᠵᠢᠯ ᠳᠤ ᠦᠢᠯᠡᠴᠢᠯᠡᠬᠦ ᠦᠢᠯᠡᠳᠦᠯ ᠴᠢᠳᠠᠪᠤᠷᠢ ᠶᠢ ᠨᠠᠩ ᠰᠠᠶᠢᠲᠤᠷ | ᠪᠠᠳᠠᠷᠠᠭᠤᠯᠬᠤ ᠬᠡᠷᠡᠭᠲᠡᠶ᠃ ᠡᠭᠦᠨ ᠤ ᠬᠠᠮᠲᠤ ᠺᠣᠮᠫᠢᠦ᠋ᠲ᠋ᠧᠷ ᠤᠨ ᠡᠭᠦᠯᠡᠨ ᠬᠠᠳᠠᠭᠠᠯᠠᠯᠲᠠ ᠪᠠ ᠴᠠᠭᠠᠰᠤᠨ ᠳᠠᠩᠰᠠ | ᠡᠪᠬᠡᠮᠡᠯ ᠢ ᠬᠤᠤᠰ ᠬᠠᠳᠠᠭᠠᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠷᠦᠬᠡ ᠠᠮᠠ ᠶᠢᠨ ᠳᠠᠩᠰᠠ ᠡᠪᠬᠡᠮᠡᠯ ᠢ | ᠡᠭᠦᠷᠢᠳᠡ ᠬᠠᠳᠠᠭᠠᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ | 12. ᠬᠥᠲᠥᠯᠥᠭᠴᠢ᠄ | ᠡᠷᠦᠬᠡ ᠠᠮᠠ ᠶᠢᠨ ᠪᠡᠶ᠎ᠡ ᠶᠢᠨ ᠦᠨᠡᠮᠯᠡᠯ ᠨᠢ ᠬᠥᠮᠦᠨ ᠨᠢᠭᠡᠪᠦᠷᠢ ᠶᠢᠨ ᠦᠨᠡᠨ ᠪᠣᠳᠠᠲᠠᠶ ᠠᠰᠢᠭ ᠲᠤᠰᠠ ᠲᠠᠢ | ᠬᠤᠯᠪᠣᠭᠳᠠᠵᠤ᠂ ᠥᠷᠭᠡᠨ ᠣᠯᠠᠨ ᠲᠦᠮᠡᠨ ᠨᠠᠩ ᠲᠦᠷᠭᠡᠨ ᠦᠢᠯᠡᠴᠢᠯᠡᠭᠡ ᠶᠢ ᠠᠩᠬᠠᠷᠤᠨ ᠬᠦᠯᠢᠶᠡᠵᠦ ᠪᠠᠶᠢᠨ᠎ᠠ᠂ | ᠣᠳᠣᠬᠠᠨ ᠳᠤ ᠪᠠᠰᠠ ᠶᠠᠮᠠᠷ ᠰᠢᠨ᠎ᠡ ᠠᠵᠢᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠶᠢᠬᠤ ᠪᠣᠶ︖ | 13. ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ᠄ | ︵ᠨᠢᠭᠡ︶ ︽ᠢᠨᠲ᠋ᠧᠷ ᠰᠦᠯᠵᠢᠶ᠎ᠡ +︾ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ | ᠢᠨᠲ᠋ᠧᠷ ᠰᠦᠯᠵᠢᠶ᠎ᠡ + ᠲᠣᠤᠷ ᠰᠦᠯᠵᠢᠶ᠎ᠡ ᠶᠢᠨ ᠴᠠᠭᠳᠠᠭᠠᠨ ᠤ ᠶᠠᠪᠤᠳᠠᠯ︾ ᠤᠨ ᠨᠡᠶᠢᠭᠡᠮ ᠲᠣᠭᠤᠷᠢᠭ ᠤᠨ | ᠬᠠᠮᠢᠶᠠᠷᠤᠯᠲᠠ ᠶᠢᠨ ᠠᠵᠢᠯ ᠤᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠭᠤᠤᠯᠳᠠᠯᠭ᠎ᠠ ᠲᠠᠢ ᠲᠠᠯᠠᠪᠤᠷ | ᠂ ᠨᠡᠶᠢᠲᠡ ᠶᠢᠨ ᠪᠠᠶᠢᠷᠢ ᠶᠢᠨ ᠵᠢᠵᠢᠭ ᠲᠣᠭᠤᠷᠢᠭ ᠤᠨ ᠬᠤᠶᠠᠷ ᠬᠡᠮᠵᠢᠯᠳᠦ ᠲᠡᠮᠳᠡᠭ ᠢ ᠳᠠᠩᠰᠠᠯᠠᠨ ᠲᠡᠮᠳᠡᠭᠯᠡᠬᠦ | ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠯᠲᠡ ᠳᠤ ᠣᠷᠣᠭᠤᠯᠬᠤ ᠪᠠᠷ ᠴᠢᠷᠮᠠᠶᠢᠵᠤ᠂ ︽ᠭᠡᠷ ᠪᠠᠶᠢᠰᠢᠩ ᠢᠶᠠᠷ | ᠬᠥᠮᠥᠨ ᠢ ᠬᠠᠮᠢᠶᠠᠷᠬᠤ︾ ᠨᠡᠶᠢᠭᠡᠮ ᠲᠣᠭᠤᠷᠢᠭ ᠤᠨ ᠪᠣᠳᠠᠲᠠᠶ ᠪᠠᠶᠢᠭ᠎ᠠ ᠬᠥᠮᠦᠨ ᠠᠮᠠ ᠶᠢᠨ ᠬᠠᠮᠢᠶᠠᠷᠤᠯᠲᠠ ᠶᠢᠨ | ᠬᠠᠷᠠᠯᠲᠠ ᠶᠢ ᠪᠡᠶᠡᠯᠡᠭᠦᠯᠦᠨ᠎ᠡ᠃ ︽ᠴᠠᠭᠳᠠᠭ᠎ᠠ ᠠᠷᠠᠳ ᠤᠨ ᠨᠡᠪᠲᠡᠷᠡᠯᠴᠡᠭᠡ᠂ ᠮᠡᠳᠡᠭᠡ ᠵᠠᠩᠭᠢ ᠨᠡᠶᠢᠲᠡᠯᠡᠬᠦ᠂ ᠠᠵᠢᠯ | ᠶᠠᠪᠤᠳᠠᠯ ᠭᠦᠢᠴᠡᠳᠬᠡᠬᠦ ᠦᠢᠯᠡᠴᠢᠯᠡᠭᠡ᠂ ᠢᠯᠡᠴᠢᠯᠡᠨ ᠮᠡᠳᠡᠭᠦᠯᠵᠦ ᠵᠠᠭᠠᠯᠳᠤᠬᠤ︾ ᠶᠢ ᠨᠢᠭᠡ ᠴᠣᠭᠴᠠᠵᠢᠭᠤᠯᠤᠭᠰᠠᠨ | ᠸᠢᠴᠠᠲ ᠤᠨ ᠠᠵᠢᠯ ᠤᠨ ᠲᠠᠪᠴᠠᠩ ᠊ ︽ᠬᠥᠬᠡᠬᠤᠲᠠ ᠶᠢᠨ 24 ᠴᠠᠭ ᠤᠨ ᠴᠠᠭᠳᠠᠭ᠎ᠠ ᠶᠢᠨ ᠲᠣᠪᠴᠢᠶ᠎ᠠ︾ ᠶᠢ | ᠠᠰᠢᠭᠯᠠᠨ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ ᠲᠠᠪᠴᠠᠩ ᠳᠤ ︽ᠡᠷᠦᠬᠡ ᠠᠮᠠ ᠶᠢᠨ ᠶᠠᠪᠤᠳᠠᠯ ᠤᠨ ᠠᠵᠢᠯ︾ | ᠤᠨ ᠪᠣᠯᠣᠩ ᠭᠠᠷᠭᠠᠵᠤ᠂ ᠣᠯᠠᠨ ᠲᠦᠮᠡᠨ ᠡᠷᠦᠬᠡ ᠠᠮᠠ ᠶᠢᠨ ᠲᠠᠩᠰᠠ ᠶᠢᠨ ᠲᠠᠯ᠎ᠠ ᠪᠠᠷ ᠬᠢ ᠠᠰᠠᠭᠤᠳᠠᠯ ᠢ ᠴᠠᠭ | ᠲᠤᠬᠠᠶ ᠳᠤᠨᠢ ᠠᠰᠠᠭᠤᠨ ᠯᠠᠪᠯᠠᠵᠤ ᠪᠣᠯᠤᠨ᠎ᠠ᠂ ᠡᠷᠦᠬᠡ ᠠᠮᠠ ᠶᠢᠨ ᠴᠠᠭᠳᠠᠭ᠎ᠠ ᠴᠠᠭ ᠲᠤᠬᠠᠶ ᠳᠤᠨᠢ ᠬᠠᠷᠢᠭᠤᠯᠲᠠ | ᠥᠭᠭᠦᠨ᠎ᠡ᠂ ᠣᠯᠠᠨ ᠢᠶᠠᠷ ᠢᠶᠠᠨ ᠸᠢᠴᠠᠲ ᠢᠶᠠᠷ ︽ᠬᠥᠬᠡᠬᠤᠲᠠ ᠶᠢᠨ 24 ᠴᠠᠭ ᠤᠨ ᠴᠠᠭᠳᠠᠭ᠎ᠠ ᠶᠢᠨ ᠲᠣᠪᠴᠢᠶ᠎ᠠ︾ | ᠶᠢᠨ ᠣᠯᠠᠨ ᠨᠡᠶᠢᠲᠡ ᠶᠢᠨ ᠳ᠋ᠤᠭᠠᠷ ᠢ ᠬᠠᠶᠢᠨ ᠡᠷᠢᠵᠦ ᠣᠷᠣᠯᠴᠠᠵᠤ ᠪᠣᠯᠤᠨ᠎ᠠ᠃ ︵ᠬᠤᠶᠠᠷ︶ ᠤᠷᠢᠳᠴᠢᠯᠠᠨ | ᠪᠣᠯᠵᠣᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠦᠢᠯᠡᠴᠢᠯᠡᠬᠦ ᠳᠦᠷᠢᠮ᠃ ᠣᠨᠴᠠᠭᠠᠢ ᠪᠠᠶᠢᠳᠠᠯ ᠠᠴᠠ ᠪᠣᠯᠵᠤ | ᠡᠷᠦᠬᠡ ᠠᠮᠠ ᠶᠢᠨ ᠭᠡᠷᠡᠴᠢ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠵᠡᠷᠭᠡ ᠵᠦᠢᠯᠡᠰ ᠢ ᠦᠨᠡᠨᠬᠦ ᠭᠦᠢᠴᠡᠳᠬᠡᠬᠦ | ᠪᠠᠴᠢᠮ ᠬᠡᠷᠡᠭᠴᠡᠭᠡ ᠲᠠᠢ ᠣᠯᠠᠨ ᠲᠦᠮᠡᠨ ᠳᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠴᠠᠭ ᠲᠤᠬᠠᠶ ᠳᠤᠨᠢ | ᠭᠦᠢᠴᠡᠳᠬᠡᠨ᠎ᠡ᠃ ᠬᠠᠷᠢᠶᠠᠲᠤ ᠣᠷᠣᠨ ᠤ ᠳᠣᠲᠣᠷᠠᠬᠢ ᠠᠰᠠᠷᠠᠮᠵᠢ ᠶᠢᠨ ᠬᠦᠷᠢᠶᠡᠯᠡᠩ᠂ ᠨᠠᠰᠤᠲᠠᠶᠢᠴᠤᠳ ᠢ ᠠᠰᠠᠷᠠᠬᠤ | ᠬᠦᠷᠢᠶᠡᠯᠡᠩ ᠪᠤᠶᠤ ᠪᠤᠰᠤᠳ ᠬᠥᠳᠡᠯᠵᠦ ᠪᠠᠷᠢᠬᠤ ᠳᠤ ᠳᠥᠭᠦᠮ ᠦᠭᠡᠢ ᠭᠤᠤᠨᠢ ᠭᠠᠭᠴᠠ ᠥᠨᠥᠴᠢᠨ ᠪᠡᠯᠪᠡᠰᠦᠨ᠂ | ᠡᠪᠡᠳᠴᠢᠨ ᠲᠠᠢ ᠵᠡᠮᠳᠡᠭ ᠬᠥᠮᠦᠰ ᠲᠤ ᠤᠷᠢᠳᠴᠢᠯᠠᠨ ᠪᠣᠯᠵᠣᠬᠤ ᠪᠠ ᠡᠭᠦᠳᠡᠨ ᠳᠤ ᠣᠴᠢᠵᠤ ᠦᠢᠯᠡᠴᠢᠯᠡᠭᠡ | ᠬᠠᠩᠭᠠᠨ᠎ᠠ︔ ᠨᠤᠲᠤᠭ ᠲᠠᠭᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ᠂ ᠳᠡᠭᠡᠳᠦ ᠰᠤᠷᠭᠠᠭᠤᠯᠢ ᠳᠤ | ᠰᠤᠷᠤᠭᠴᠢ ᠡᠯᠰᠡᠬᠦ ᠰᠢᠯᠭᠠᠯᠲᠠ ᠶᠢᠨ ᠰᠤᠷᠤᠭᠴᠢᠳ ᠲᠤ ᠲᠣᠭᠲᠠᠮᠠᠯ ᠬᠤᠭᠤᠴᠠᠭ᠎ᠠ ᠲᠠᠢ ᠪᠠᠷ ᠲᠥᠪᠯᠡᠷᠡᠭᠦᠯᠦᠨ ᠲᠡᠷᠡ | ᠳᠠᠷᠤᠶ ᠳᠤᠨᠢ ᠦᠢᠯᠡᠴᠢᠯᠡᠭᠡ ᠬᠠᠩᠭᠠᠬᠤ ᠶᠢ ᠬᠡᠷᠡᠭᠵᠢᠭᠦᠯᠦᠨ᠎ᠡ᠃ ︵ᠭᠤᠷᠪᠠ︶ ᠲᠣᠮᠢᠯᠠᠭᠰᠠᠨ ᠰᠠᠯᠪᠤᠷᠢ ᠶᠢᠨ ᠡᠷᠦᠬᠡ | ᠠᠮᠠ ᠶᠢᠨ ᠳᠠᠩᠰᠠ ᠶᠢᠨ ᠴᠣᠩᠬᠤᠪᠴᠢ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠡᠳᠦᠷ ᠪᠡᠶ᠎ᠡ ᠶᠢᠨ | ᠦᠨᠡᠮᠯᠡᠯ ᠵᠡᠷᠭᠡ ᠬᠡᠰᠡᠭ ᠡᠷᠦᠬᠡ ᠠᠮᠠ ᠶᠢᠨ ᠳᠠᠩᠰᠠ ᠶᠢᠨ ᠲᠤᠬᠠᠶᠢᠯᠠᠭᠰᠠᠨ ᠠᠵᠢᠯ ᠢ ᠬᠡᠪ ᠤᠨ ᠶᠣᠰᠣᠭᠠᠷ | ᠭᠦᠢᠴᠡᠳᠬᠡᠵᠦ᠂ ᠪᠤᠰᠤᠳ ᠣᠨᠴᠠᠭᠠᠢ ᠡᠷᠦᠬᠡ ᠠᠮᠠ ᠶᠢᠨ ᠳᠠᠩᠰᠠ ᠶᠢᠨ ᠲᠤᠬᠠᠶᠢᠯᠠᠭᠰᠠᠨ ᠠᠵᠢᠯ ᠳᠤ ᠤᠷᠢᠳᠴᠢᠯᠠᠨ | ᠪᠣᠯᠵᠣᠬᠤ ᠦᠢᠯᠡᠴᠢᠯᠡᠭᠡᠨ ᠪᠠ ᠪᠠᠴᠢᠮ ᠭᠦᠢᠴᠡᠳᠬᠡᠬᠦ ᠦᠢᠯᠡᠴᠢᠯᠡᠭᠡᠨ ᠢ ᠬᠡᠷᠡᠭᠵᠢᠭᠦᠯᠵᠦ᠂ ᠦᠳᠡ ᠶᠢᠨ | ᠠᠮᠠᠷᠠᠯᠲᠠ ᠶᠢᠨ ᠴᠠᠭ ᠤᠨ ᠬᠡᠰᠡᠭ ᠲᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ | ᠵᠣᠬᠢᠴᠠᠩᠭᠤᠶ ᠪᠦᠬᠦᠢ ᠠᠵᠢᠯᠲᠠᠨ ᠲᠣᠬᠢᠷᠠᠭᠤᠯᠤᠨ ᠠᠵᠢᠯ ᠢ ᠨᠢ ᠬᠡᠪ ᠤᠨ ᠶᠣᠰᠣᠭᠠᠷ ᠭᠦᠢᠴᠡᠳᠬᠡᠨ᠎ᠡ᠃ ᠭᠠᠷᠠᠭ ᠤᠨ | ᠰᠡᠭᠦᠯᠴᠢ ᠳᠤ ᠴᠣᠩᠬᠤᠪᠴᠢ ᠨᠢᠭᠡᠴᠡ ᠨᠢ ᠠᠵᠢᠯᠲᠠᠨ ᠵᠢᠵᠢᠭᠦᠷᠯᠡᠬᠦ ᠪᠠᠷ ᠲᠣᠬᠢᠷᠠᠭᠤᠯᠪᠠᠯ᠂ ᠭᠤᠶᠤᠴᠢᠯᠠᠭᠴᠢ | ᠤᠲᠠᠰᠤ ᠪᠠᠷ ᠲᠤᠬᠠᠶᠢᠯᠠᠭᠰᠠᠨ ᠠᠵᠢᠯ ᠢᠶᠠᠨ ᠤᠷᠢᠳᠴᠢᠯᠠᠨ ᠪᠣᠯᠵᠣᠵᠤ ᠭᠦᠢᠴᠡᠳᠬᠡᠵᠦ᠂ ︽ᠠᠮᠠᠷᠠᠯᠲᠠ ᠶᠢᠨ ᠡᠳᠦᠷ | ᠠᠵᠢᠯ ᠤᠨ ᠪᠠᠶᠢᠷᠢ ᠠᠴᠠ ᠪᠠᠨ ᠪᠠᠭᠤᠬᠤ ᠥᠬᠡᠶ︾ ᠪᠠᠶᠢᠬᠤ ᠬᠡᠷᠡᠭᠲᠡᠶ᠃ | 14. ᠬᠥᠲᠥᠯᠥᠭᠴᠢ ᠰᠦᠯᠵᠢᠶᠡᠨ ᠠᠨᠳᠠ ᠨᠠᠷ᠄ | ᠣᠳᠣᠬᠠᠨ ᠳᠤ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ | ᠬᠤᠭᠤᠴᠠᠭᠠᠨ ᠳᠤ᠂ ᠪᠢᠳᠡ ᠨᠡᠶᠢᠭᠡᠮ ᠲᠣᠭᠤᠷᠢᠭ ᠤᠨ ᠬᠥᠮᠦᠨ ᠠᠮᠠ ᠶᠢᠨ ᠬᠠᠮᠢᠶᠠᠷᠤᠯᠲᠠ ᠪᠠ ᠠᠷᠠᠳ ᠤᠨ | ᠠᠮᠢᠳᠤᠷᠠᠯ ᠳᠤ ᠦᠢᠯᠡᠴᠢᠯᠡᠬᠦ ᠠᠵᠢᠯ ᠢ ᠬᠡᠷᠬᠢᠨ ᠥᠷᠨᠢᠭᠦᠯᠬᠦ ᠪᠣᠶ︖ | 15. ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ᠄ | ᠨᠢᠭᠡ ᠳᠤ᠂ ᠬᠢᠵᠢᠭ ᠤᠨ ᠪᠠᠶᠢᠳᠠᠯ ᠤᠨ ᠬᠥᠭᠵᠢᠯᠲᠡ ᠶᠢ ᠬᠢᠵᠠᠭᠠᠷᠯᠠᠬᠤ ᠶᠢᠨ ᠲᠥᠯᠥᠭᠡ᠂ ᠬᠤᠲᠣᠩ | ᠠᠷᠠᠳ ᠤᠨ ᠲᠣᠭᠤᠷᠢᠭ ᠤᠨ ᠨᠠᠢᠮᠠᠨ ᠰᠢᠶᠠᠩ ᠪᠠᠯᠭᠠᠰᠤᠨ ᠤ ᠬᠡᠷᠡᠭ ᠡᠷᠬᠢᠯᠡᠬᠦ ᠭᠠᠵᠠᠷ 62 ᠨᠡᠶᠢᠭᠡᠮ ᠲᠣᠭᠤᠷᠢᠭ᠂ | ᠲᠣᠰᠬᠤᠨ ᠤ 520 ᠵᠢᠵᠢᠭ ᠲᠣᠭᠤᠷᠢᠭ ᠢ ᠪᠦᠬᠦᠨ ᠢ ᠪᠢᠲᠡᠭᠦᠮᠵᠢᠯᠡᠨ ᠬᠠᠮᠢᠶᠠᠷᠤᠨ ᠡᠵᠡᠮᠳᠡᠵᠦ᠂ ᠲᠣᠭᠤᠷᠢᠭ ᠤᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠪᠦᠬᠦ ᠨᠡᠶᠢᠭᠡᠮ | ᠲᠣᠭᠤᠷᠢᠭ ᠤᠨ ᠠᠷᠠᠳ ᠤᠨ ᠴᠠᠭᠳᠠᠭ᠎ᠠ ᠪᠣᠯᠤᠨ ᠰᠠᠭᠤᠭᠠᠯᠢ ᠠᠷᠠᠳ ᠤᠨ ᠵᠥᠪᠯᠡᠯ᠂ ᠲᠣᠤᠷᠯᠠᠭᠴᠢ᠂ ᠡᠷᠡᠭᠦᠯ | ᠬᠠᠮᠠᠭᠠᠯᠠᠯ ᠤᠨ ᠰᠠᠯᠠᠭ᠎ᠠ ᠮᠥᠴᠢᠷ ᠤᠨ ᠠᠵᠢᠯᠲᠠᠨ᠂ ᠠᠮᠤᠷ ᠢ ᠬᠠᠮᠠᠭᠠᠯᠠᠬᠤ᠂ ᠰᠠᠶᠢᠨ ᠳᠤᠷ᠎ᠠ ᠶᠢᠨ ᠠᠵᠢᠯᠯᠠᠭᠰᠠᠳ | ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠬᠠᠮᠲᠤ ᠪᠠᠷ ᠲᠡᠮᠡᠴᠡᠵᠦ᠂ ᠡᠳᠦᠷ ᠰᠥᠨᠢ ᠦᠭᠡᠶ ᠪᠠᠲᠤ ᠰᠠᠬᠢᠵᠤ᠂ | ᠬᠦᠴᠢᠷ ᠪᠡᠷᠬᠡᠰᠢᠶᠡᠯ ᠠᠴᠠ ᠠᠶᠤᠬᠤ ᠦᠭᠡᠶ᠂ ᠬᠢᠵᠢᠭ ᠤᠨ ᠪᠠᠶᠢᠳᠠᠯ ᠤᠨ ᠥᠷᠭᠡᠳᠬᠦ ᠶᠢ ᠢᠳᠡᠪᠬᠢᠲᠡᠶ ᠪᠥᠭᠡᠳ | ᠪᠦᠲᠦᠮᠵᠢᠲᠡᠶ ᠬᠤᠷᠢᠭᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠡᠷᠡᠭᠦᠯ ᠠᠮᠢᠳᠤᠷᠠᠯ᠂ ᠠᠮᠤᠷ ᠲᠠᠶᠢᠪᠤᠩ | ᠠᠵᠤ ᠠᠮᠢᠳᠤᠷᠠᠬᠤ ᠳᠤ ᠬᠦᠴᠦᠨ ᠢᠶᠠᠨ ᠡᠷᠭᠦᠪᠡ᠃ ᠣᠳᠣᠬᠠᠨ ᠳᠤ ᠬᠤᠲᠣᠩ ᠠᠷᠠᠳ ᠤᠨ ᠲᠣᠭᠤᠷᠢᠭ ᠤᠨ | ᠠᠷᠠᠳ ᠤᠨ ᠰᠡᠳᠬᠢᠯ ᠲᠣᠭᠲᠠᠭᠤᠨ᠂ ᠨᠡᠶᠢᠭᠡᠮ ᠤᠨ ᠡᠮᠬᠢ ᠳᠢᠭᠯᠢᠮ ᠲᠣᠭᠲᠠᠭᠤᠨ᠂ ᠡᠯ᠎ᠡ ᠠᠵᠢᠯ ᠲᠥᠷᠥᠯ ᠤᠨ ᠬᠢᠨ | ᠦᠢᠯᠡᠳᠪᠦᠷᠢᠯᠡᠯ ᠠᠵᠢᠯ ᠢᠶᠠᠨ ᠰᠡᠷᠭᠦᠭᠡᠵᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠡᠮᠬᠢ ᠳᠢᠭᠯᠢᠮ | ᠲᠣᠭᠲᠠᠭᠤᠨ ᠤ ᠳᠤᠮᠳᠠ ᠰᠠᠶᠢᠵᠢᠷᠠᠪᠠ᠃ ᠬᠤᠶᠠᠷ ᠲᠤ᠂ ᠨᠡᠶᠢᠭᠡᠮ ᠲᠣᠭᠤᠷᠢᠭ ᠢ ᠬᠠᠮᠢᠶᠠᠷᠬᠤ ᠶᠢᠨ ᠲᠥᠯᠥᠭᠡ ᠪᠢᠳᠡ | ︽ᠬᠥᠬᠡᠬᠤᠲᠠ ᠶᠢᠨ ᠰᠠᠭᠤᠭᠠᠯᠢ ᠠᠷᠠᠳ ᠤᠨ ᠣᠷᠣᠵᠤ ᠭᠠᠷᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ | ︾ ᠢ ᠢᠳᠡᠪᠬᠢᠲᠡᠶ ᠬᠡᠷᠡᠭᠵᠢᠭᠦᠯᠵᠦ᠂ ᠡᠯ᠎ᠡ ᠵᠢᠵᠢᠭ ᠲᠣᠭᠤᠷᠢᠭ ᠤᠨ ᠰᠠᠭᠤᠭᠠᠯᠢ ᠠᠷᠠᠳ ᠬᠤᠶᠠᠷ ᠬᠡᠮᠵᠢᠯᠳᠦ ᠺᠣᠳ᠋ ᠢ | ᠰᠢᠷᠪᠢᠵᠦ ᠳᠡᠩᠰᠡᠯᠡᠨ ᠬᠠᠮᠢᠶᠠᠷᠤᠨ᠎ᠠ᠃ ᠨᠡᠭᠦᠲᠡᠯ ᠲᠦᠷ ᠰᠠᠭᠤᠭ᠎ᠠ ᠬᠥᠮᠦᠨ ᠠᠮᠠ ᠳᠤ ︽ᠥᠪᠥᠷ ᠮᠣᠩᠭᠤᠯ ᠤᠨ | ᠨᠡᠭᠦᠳᠡᠯ ᠬᠥᠮᠦᠨ ᠠᠮᠠ ᠶᠢᠨ ᠥᠪᠡᠰᠦᠪᠡᠨ ᠳᠠᠩᠰᠠᠯᠠᠬᠤ ᠰᠢᠰᠲ᠋ᠧᠮ︾ ᠢ ᠬᠡᠷᠡᠭᠯᠡᠨ ᠬᠤᠶᠠᠷ ᠬᠡᠮᠵᠢᠯᠳᠦ ᠺᠣᠳ᠋ ᠤᠨ | ᠺᠣᠳ᠋ ᠪᠠᠶᠢᠭ᠎ᠠ ᠬᠥᠮᠦᠰ ᠪᠦᠬᠦᠨ ᠢ ᠲᠡᠷᠡ ᠳᠠᠷᠤᠶ ᠳᠤᠨᠢ ᠨᠡᠶᠢᠭᠡᠮ ᠲᠣᠭᠤᠷᠢᠭ ᠤᠨ ᠳᠠᠩᠰᠠᠯᠠᠯ ᠤᠨ ᠬᠢᠨᠠᠨ ᠪᠠᠶᠢᠴᠠᠭᠠ᠊ | ᠰᠢᠷᠪᠢᠵᠦ ᠳᠠᠩᠰᠠᠯᠠᠬᠤ ᠬᠠᠮᠢᠶᠠᠷᠤᠯᠲᠠ ᠬᠢᠨ᠎ᠡ᠃ ᠬᠥᠬᠡᠬᠤᠲᠠ ᠳᠤ ᠠᠵᠢᠯ ᠣᠯᠵᠤ ᠬᠤᠳᠠᠯᠳᠤᠭ᠎ᠠ ᠡᠷᠬᠢᠯᠡᠵᠦ ᠯᠲᠠ | ᠬᠢᠵᠦ᠂ ᠪᠡᠶ᠎ᠡ ᠶᠢᠨ ᠪᠠᠶᠢᠳᠠᠯ ᠢ ᠨᠢ ᠣᠶᠢᠯᠠᠭᠠᠨ ᠡᠵᠡᠮᠰᠢᠵᠦ᠂ ᠴᠠᠭ ᠲᠤᠬᠠᠶ ᠳᠤᠨᠢ ᠵᠣᠬᠢᠴᠠᠩᠭᠤᠶ ᠠᠷᠭ᠎ᠠ ᠬᠡᠮᠵᠢᠶ᠎ᠡ | ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠬᠦᠴᠦ ᠶᠠᠪᠤᠭᠰᠠᠳ ᠢ | ᠢᠳᠡᠪᠬᠢᠲᠡᠶ ᠬᠠᠪᠰᠤᠷᠤᠨ ᠬᠡᠪ ᠤᠨ ᠠᠵᠢᠯ ᠤᠨ ᠪᠠᠶᠢᠷᠢ ᠳᠤ ᠭᠠᠷᠭᠠᠵᠤ᠂ ᠡᠯ᠎ᠡ ᠠᠵᠢᠯ ᠲᠥᠷᠥᠯ ᠤᠨ | ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠵᠤ ᠠᠵᠤ ᠠᠬᠤᠶ ᠶᠢᠨ | ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠤᠨ᠎ᠠ᠃ ᠭᠤᠷᠪᠠ ᠳᠤ᠂ ᠡᠯ᠎ᠡ ᠲᠣᠮᠢᠯᠠᠭᠰᠠᠨ ᠰᠠᠯᠪᠤᠷᠢ ᠶᠢᠨ | ᠴᠣᠩᠬᠤᠪᠴᠢ ᠦᠢᠯᠡᠴᠢᠯᠡᠭᠡ ᠶᠢ ᠪᠦᠬᠦᠨ ᠢ ᠴᠢᠯᠥᠭᠡᠲᠡᠶ ᠪᠣᠯᠭᠠᠵᠤ᠂ ᠡᠷᠦᠬᠡ ᠠᠮᠠ ᠶᠢᠨ ᠲᠠᠩᠰᠠ ᠶᠢᠨ ᠪᠡᠶ᠎ᠡ ᠶᠢᠨ | ᠦᠨᠡᠮᠯᠡᠯ ᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠬᠡᠪ ᠢᠶᠠᠷ ᠭᠦᠢᠴᠡᠳᠬᠡᠨ᠎ᠡ᠃ ᠬᠡᠷᠡᠭ ᠡᠷᠬᠢᠯᠡᠬᠦ ᠣᠯᠠᠨ | ᠲᠦᠮᠡᠨ ᠤ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠠᠮᠠᠭᠠᠯᠠᠯᠲᠠ ᠶᠢᠨ ᠠᠮᠠᠪᠴᠢ | ᠵᠡᠭᠦᠵᠦ᠂ ᠠᠵᠢᠯᠯᠠᠬᠤ ᠲᠠᠯᠠᠪᠤᠷ ᠢ ᠠᠷᠢᠭᠤᠳᠬᠠᠨ᠎ᠠ᠃ ᠤᠲᠠᠰᠤ ᠪᠠᠷ ᠪᠣᠯᠵᠣᠨ ᠭᠦᠢᠴᠡᠳᠬᠡᠬᠦ ᠶᠢ ᠬᠡᠷᠡᠭᠵᠢᠭᠦᠯᠵᠦ | ᠣᠪᠣᠭᠠᠷᠠᠨ ᠮᠥᠷᠯᠡᠬᠦ ᠠᠴᠠ ᠵᠠᠶᠢᠯᠠᠰᠬᠢᠨ᠎ᠡ᠂ ᠭᠡᠷᠡᠴᠢ ᠦᠨᠡᠮᠯᠡᠯ ᠪᠠᠴᠢᠮ ᠭᠦᠢᠴᠡᠳᠬᠡᠬᠦ ᠳᠤ ᠣᠯᠠᠨ ᠲᠦᠮᠡᠨ | ᠣᠷᠣᠰᠢᠨ ᠰᠠᠭᠤᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠬᠦᠷᠴᠦ ᠭᠦᠢᠴᠡᠳᠬᠡᠵᠦ ᠪᠣᠯᠤᠨ᠎ᠠ᠂ ᠭᠡᠷᠡᠴᠢ | ᠦᠨᠡᠮᠯᠡᠯ ᠤᠨ ᠲᠦᠷᠭᠡᠨ ᠢᠯᠡᠭᠡᠯᠲᠡ ᠶᠢ ᠭᠥᠯᠢᠶᠡᠨ ᠠᠪᠤᠭᠴᠢ ᠶᠢᠨ ᠭᠠᠵᠠᠷ ᠲᠤ ᠢᠯᠡᠭᠡᠨ᠎ᠡ᠂ ᠨᠢᠭᠡ ᠯᠡ ᠤᠳᠠᠭ᠎ᠠ ᠳᠤ | ᠭᠦᠢᠴᠡᠳᠬᠡᠵᠦ ᠳᠠᠭᠤᠰᠬᠠᠵᠤ ᠳᠡᠶᠢᠯᠬᠦ ᠥᠬᠡᠶ ᠬᠡᠰᠡᠭ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠳᠤ | ︽ᠳᠤᠲᠠᠭᠳᠠᠵᠤ ᠪᠠᠶᠢᠬᠤ ᠶᠢ ᠭᠥᠯᠢᠶᠡᠨ ᠠᠪᠴᠤ ᠰᠢᠢᠳᠪᠦᠷᠢᠯᠡᠬᠦ︾ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠤᠨ | ᠳᠠᠷᠠᠭ᠎ᠠ ᠮᠠᠲ᠋ᠧᠷᠢᠶᠠᠯ ᠢ ᠭᠦᠢᠴᠡᠭᠡᠬᠦ ᠬᠡᠷᠡᠭᠲᠡᠶ᠃ ᠪᠠᠰᠠ ︽ᠸᠢᠴᠠᠲ ᠤᠨ 24 ᠴᠠᠭ ᠤᠨ ᠴᠠᠭᠳᠠᠭ᠎ᠠ ᠶᠢᠨ ᠲᠣᠪᠴᠢᠶ᠎ᠠ | ︾ ᠶᠢᠨ ᠠᠰᠠᠭᠤᠨ ᠯᠠᠪᠯᠠᠬᠤ᠂ ᠠᠬᠢᠴᠠ ᠶᠢ ᠪᠠᠶᠢᠴᠠᠭᠠᠨ ᠯᠠᠪᠯᠠᠵᠤ ᠪᠣᠯᠤᠨ᠎ᠠ᠃ | 16. ᠬᠥᠲᠥᠯᠥᠭᠴᠢ ᠄ | ᠨᠠᠷᠢᠨ ᠨᠢᠭᠲᠠ ᠠᠮᠢᠳᠤᠯᠢᠭ ᠲᠣᠳᠣᠷᠬᠠᠶᠢᠯᠠᠯᠲᠠ ᠨᠢ ᠳᠣᠲᠣᠭᠠᠳᠤ ᠶᠢ ᠬᠠᠮᠠᠭᠠᠯᠠᠬᠤ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠳᠤ ᠨᠡᠩ ᠤᠯᠠᠨ ᠬᠦᠰᠡᠯ ᠡᠷᠡᠮᠡᠯᠵᠡᠯ ᠲᠠᠯᠪᠢᠵᠤ ᠥᠭᠬᠦᠯ᠎ᠡ᠂ ᠲᠠ ᠪᠥᠬᠦᠨ ᠤ ᠨᠠᠷᠢᠨ | ᠲᠣᠳᠤᠷᠬᠠᠢ ᠲᠠᠶᠢᠯᠪᠤᠷᠢᠯᠠᠭᠰᠠᠨ ᠳᠤ ᠮᠠᠰᠢ ᠲᠠᠯᠠᠷᠬᠠᠵᠤ ᠪᠠᠶᠢᠨ᠎ᠠ᠃ | 17. ᠬᠠᠮᠢᠶᠠᠷᠤᠭᠴᠢ ᠄ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠲᠣᠭᠤᠷᠢᠭ ᠤᠨ | ᠬᠤᠪᠢᠶᠠᠷᠢ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠪᠣᠤ ᠴᠢᠤᠸᠠᠨ ᠮᠢᠨ᠂ ᠡᠷᠦᠬᠡ ᠠᠮᠠ ᠶᠢᠨ ᠶᠠᠪᠤᠳᠠᠯ ᠤᠨ | ᠶᠡᠭᠡ ᠠᠩᠭᠢ ᠶᠢᠨ ᠳᠠᠷᠤᠭ᠎ᠠ ᠯᠢ ᠵᠢᠶᠦ᠋ᠩ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ ᠨᠠᠷ ᠤᠨ ᠠᠩᠬᠠᠷᠤᠭᠰᠠᠨ | ᠪᠠ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠂ ᠲᠠᠯᠠᠷᠬᠠᠯ᠎ᠠ᠃ | |