ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠦᠴᠤᠸᠠᠨ ᠰᠢᠶᠠᠨ ᠤ ᠳᠡᠭᠡᠷ᠎ᠡ ᠲᠣᠬᠤᠢ ᠰᠢᠶᠠᠩ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠤ ᠬᠦᠴᠦ ᠨᠡᠮᠡᠷᠢᠯᠡᠬᠦ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/7/17
     ᠶᠠᠳᠠᠭᠤ ᠶᠢ ᠲᠡᠳᠬᠦᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠷᠠᠳ ᠣᠯᠠᠨ ᠳᠤ ᠳᠥᠭᠦᠮ ᠳᠥᠲᠡ᠂ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢᠨ ᠲᠥᠯᠦᠭᠡ᠂ 7 ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠦᠴᠤᠸᠠᠨ ᠰᠢᠶᠠᠨ ᠤ ᠳᠡᠭᠡᠷ᠎ᠡ ᠲᠣᠬᠤᠢ ᠰᠢᠶᠠᠩ ᠤᠨ ᠵᠡᠭᠦᠨ ᠲᠤ ᠴᠧᠩ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠤ ᠬᠦᠴᠦ ᠨᠡᠮᠡᠷᠢᠯᠡᠬᠦ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠤᠯᠠᠭᠠᠨ ᠠᠩᠭᠢ ᠳᠠᠭᠠᠭᠤᠯᠵᠤ᠂ ᠡᠯ᠎ᠡ ᠰᠠᠯᠠᠭ᠎ᠠ ᠲᠠᠰᠤᠭ ᠢᠶᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ ᠤ  ᠪᠥᠯᠬᠦᠮ ᠲᠤᠬᠠᠶ ᠶᠢᠨ ᠲᠠᠯᠠᠪᠠᠶ ᠳᠤ ᠬᠦᠷᠴᠦ ᠡᠪᠡᠳᠴᠢᠲᠡᠨ ᠳᠤ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ᠠᠵᠢᠯᠯᠠᠭ᠎ᠠ ᠳᠤ ᠣᠷᠣᠯᠴᠠᠵᠠᠶ᠃      ᠠᠵᠢᠯᠯᠠᠭ᠎ᠠ ᠶᠢᠨ ᠠᠬᠤᠶ ᠲᠠᠯᠠᠪᠠᠶ ᠳᠤ ᠡᠪᠡᠳᠴᠢᠨ ᠦᠵᠡᠭᠦᠯᠬᠦ ᠪᠠᠷ ᠢᠷᠡᠭᠰᠡᠨ ᠣᠯᠠᠨ ᠲᠦᠮᠡᠨ ᠲᠠᠰᠤᠷᠠᠯᠲᠠ ᠥᠬᠡᠶ ᠴᠤᠪᠤᠷᠠᠵᠤ ᠪᠠᠶᠢᠪᠠ᠃ ᠲᠤᠰᠬᠠᠶ ᠮᠡᠷᠭᠡᠵᠢᠯᠲᠡᠨ ᠤ ᠪᠦᠯᠬᠦᠮ ᠨᠢᠭᠡ ᠲᠠᠯ᠎ᠠ ᠪᠠᠷ ᠡᠪᠡᠳᠴᠢᠲᠡᠨ ᠤ ᠡᠪᠡᠳᠴᠢᠨ ᠤ ᠲᠡᠤᠬᠡ ᠶᠢ ᠨᠠᠷᠢᠨ ᠯᠠᠪᠯᠠᠵᠤ᠂ ᠨᠥᠭᠦᠭᠡ ᠲᠠᠯ᠎ᠠ ᠪᠠᠷ ᠡᠪᠡᠳᠴᠢᠲᠡᠨ ᠳᠤ ᠨᠠᠷᠢᠨ ᠬᠢᠨᠠᠮᠠᠭᠠᠶ ᠪᠠᠶᠢᠴᠠᠭᠠᠯᠲᠠ ᠬᠢᠵᠦ᠂ ᠡᠪᠡᠳᠴᠢᠲᠡᠨ ᠳᠤ ᠡᠮᠨᠡᠬᠦ ᠰᠠᠨᠠᠭᠤᠯᠭ᠎ᠠ ᠪᠠ ᠡᠷᠡᠭᠦᠯ ᠮᠡᠨᠳᠦ ᠶᠢᠨ ᠵᠢᠯᠣᠭᠤᠳᠤᠯᠭ᠎ᠠ ᠬᠠᠩᠭᠠᠵᠤ᠂ ᠡᠳᠦᠷ ᠲᠤᠲᠤᠮ ᠤᠨ ᠡᠷᠡᠭᠦᠯ ᠮᠡᠨᠳᠦ ᠶᠢ ᠬᠠᠮᠠᠭᠠᠯᠠᠵᠤ᠂ ᠡᠪᠡᠳᠴᠢᠨ ᠤ ᠪᠠᠶᠢᠳᠠᠯ ᠢ ᠦᠨᠡᠯᠡᠨ ᠵᠢᠱᠢᠬᠦ ᠪᠠ ᠡᠮ ᠬᠡᠷᠡᠭᠯᠡᠬᠦ ᠵᠢᠯᠣᠭᠤᠳᠤᠯᠭ᠎ᠠ ᠬᠢᠬᠦ ᠶᠢᠨ ᠬᠠᠮᠲᠤ ᠦᠨ᠎ᠡ ᠲᠥᠯᠥᠪᠦᠷᠢ ᠦᠭᠡᠶ ᠡᠮ ᠤᠨ ᠵᠦᠢᠯ ᠢ ᠲᠠᠷᠬᠠᠭᠠᠪᠠ᠃ ᠠᠯᠪᠠᠨ ᠵᠢᠷᠤᠮ ᠤᠨ ᠡᠮᠴᠢᠯᠡᠭᠡᠨ ᠤ ᠶᠠᠪᠤᠴᠠ ᠳᠤ᠂ ᠡᠮ ᠡᠮᠨᠡᠯᠭᠡ ᠶᠢᠨ ᠲᠤᠰᠬᠠᠶ ᠮᠡᠷᠭᠡᠵᠢᠯᠲᠡᠨ ᠪᠠᠰᠠ ᠬᠥᠳᠡᠯᠵᠦ ᠪᠠᠷᠢᠬᠤ ᠳᠤ ᠳᠥᠭᠦᠮ ᠦᠭᠡᠢ ᠬᠦᠴᠢᠷᠳᠡᠯᠲᠡᠶ ᠡᠪᠡᠳᠴᠢᠲᠡᠨ ᠳᠤ ᠴᠢᠭᠯᠡᠭᠦᠯᠦᠨ᠂ ᠡᠷᠦᠬᠡ ᠳᠤ ᠬᠦᠷᠴᠦ ᠡᠮ ᠬᠦᠷᠭᠡᠵᠦ᠂ ᠡᠮ ᠡᠮᠨᠡᠯᠭᠡ ᠶᠢᠨ ᠦᠢᠯᠡᠴᠢᠯᠡᠭᠡ ᠬᠠᠩᠭᠠᠪᠠ᠃      ᠲᠣᠰ ᠡᠳᠦᠷ ᠤᠨ ᠦᠳᠡ ᠶᠢᠨ ᠬᠤᠶᠢᠨ᠎ᠠ᠂ ᠡᠮᠴᠢᠯᠡᠭᠡᠨ ᠤ ᠲᠤᠰᠬᠠᠶ ᠮᠡᠷᠭᠡᠵᠢᠯ ᠤᠨ ᠲᠤᠰᠬᠠᠶ ᠮᠡᠷᠭᠡᠵᠢᠯᠲᠡᠨ ᠪᠠᠰᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ᠂ ᠡᠮ ᠡᠮᠨᠡᠯᠭᠡ ᠡᠷᠡᠭᠦᠯ ᠬᠠᠮᠠᠭᠠᠯᠠᠯ᠂ ᠪᠠᠶᠢᠩᠭᠤ ᠲᠣᠬᠢᠶᠠᠯᠳᠤᠳᠠᠭ ᠡᠪᠡᠳᠴᠢᠨ ᠵᠡᠷᠭᠡ ᠲᠠᠯ᠎ᠠ ᠶᠢᠨ ᠬᠠᠮᠢᠶ᠎ᠠ ᠪᠥᠬᠦᠶ ᠮᠡᠳᠡᠯᠭᠡ ᠶᠢᠨ ᠲᠣᠭᠤᠷᠢᠨ ᠳᠤ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠬᠢᠵᠡᠶ᠃ ᠲᠡᠷᠡᠴᠢᠯᠡᠨ ᠮᠠᠨ ᠤ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠡᠷᠡᠭᠦᠯ  ᠬᠠᠮᠠᠭᠠᠯᠠᠯ ᠤᠨ ᠲᠦᠷᠦ ᠶᠢᠨ ᠪᠤᠳᠤᠯᠭ᠎ᠠ᠂ ᠲᠤᠬᠠᠢ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠪᠠᠶᠢᠳᠠᠯ᠂ ᠬᠤᠶᠠᠷ ᠲᠠᠯ᠎ᠠ ᠶᠢᠨ ᠳᠠᠪᠠᠭᠤᠯᠢᠭ ᠵᠢᠴᠢ ᠢᠷᠡᠭᠡᠳᠦᠢ ᠳᠤ ᠬᠡᠷᠬᠢᠨ ᠬᠠᠮᠲᠤᠷᠠᠯᠴᠠᠭ᠎ᠠ ᠥᠷᠨᠢᠭᠦᠯᠬᠦ ᠵᠡᠷᠭᠡ ᠲᠤ ᠴᠢᠭᠯᠡᠭᠦᠯᠦᠨ ᠲᠤᠬᠠᠢ ᠶᠢᠨ ᠲᠠᠯᠠᠪᠠᠢ ᠶᠢᠨ ᠰᠣᠯᠢᠯᠴᠠᠭ᠎ᠠ ᠬᠢᠪᠡ᠃ ︵ᠵᠧᠦ ᠶᠠᠨ    ᠯᠢᠦᠢ ᠫᠢᠩ ᠫᠢᠩ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号