ᠡᠰᠢ ᠰᠦᠷᠡᠯ ᠢ ᠵᠠᠳᠠᠭᠠᠶ ᠪᠠᠷ ᠰᠢᠲᠠᠭᠠᠬᠤ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2020/7/17
     ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠵᠤ᠂ ᠡᠰᠢ ᠰᠦᠷᠡᠯ ᠢ ᠵᠠᠳᠠᠭᠠᠶ ᠪᠠᠷ ᠰᠢᠲᠠᠭᠠᠬᠤ ᠦᠢᠯᠡ ᠠᠵᠢᠯᠯᠠᠭ᠎ᠠ ᠶᠢ ᠬᠤᠷᠢᠭᠯᠠᠨ᠂ ᠪᠦᠬᠦ ᠬᠤᠲᠠ ᠶᠢᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ︽ᠬᠥᠬᠡ ᠣᠭᠲᠠᠷᠭᠤᠢ ᠶᠢ ᠬᠠᠮᠠᠭᠠᠯᠠᠬᠤ ᠳᠠᠶᠢᠨ︾ ᠤ ᠢᠯᠠᠯᠲᠠ ᠶᠢ ᠡᠷᠡᠰ ᠲᠡᠮᠡᠴᠡᠨ ᠣᠯᠵᠤ᠂ ᠣᠷᠣᠨ ᠤ ᠲᠥᠪ ᠤᠨ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠦᠨᠳᠦᠰᠦᠨ ᠠᠴᠠ ᠨᠢ ᠰᠠᠶᠢᠵᠢᠷᠠᠭᠤᠯᠬᠤ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠡᠰᠢ ᠰᠦᠷᠡᠯ ᠢ ᠵᠠᠳᠠᠭᠠᠶ ᠪᠠᠷ ᠰᠢᠲᠠᠭᠠᠬᠤ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠱᠠᠩᠨᠠᠬᠤ ᠪᠠᠷ ᠲᠣᠭᠲᠠᠭᠠᠪᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠶᠠᠮᠠᠷᠪᠠ ᠣᠯᠠᠨ ᠲᠦᠮᠡᠨ ᠬᠥᠬᠡᠬᠤᠲᠠ ᠶᠢᠨ ᠵᠠᠰᠠᠭ ᠵᠠᠬᠢᠷᠭᠠᠨ ᠤ ᠬᠡᠪᠴᠢᠶᠡᠨ ᠳᠣᠲᠣᠷ᠎ᠠ ᠡᠰᠢ ᠰᠦᠷᠡᠯ ᠢ ᠵᠠᠳᠠᠭᠠᠶ ᠪᠠᠷ ᠰᠢᠲᠠᠭᠠᠬᠤ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠴᠥᠮ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠢᠯᠡᠴᠢᠯᠡᠨ ᠮᠡᠳᠡᠭᠦᠯᠵᠦ ᠪᠣᠯᠤᠨ᠎ᠠ᠂ ᠢᠯᠡᠴᠢᠯᠡᠨ ᠮᠡᠳᠡᠭᠦᠯᠬᠦ ᠤᠲᠠᠰᠤ᠄ 0471 - 3686335    13314880777  ᠃      ᠬᠤᠶᠠᠷ᠂ ᠬᠥᠬᠡᠬᠤᠲᠠ ᠶᠢᠨ ᠵᠠᠰᠠᠭ ᠵᠠᠬᠢᠷᠭᠠᠨ ᠤ ᠬᠡᠪᠴᠢᠶᠡᠨ ᠳᠣᠲᠣᠷ᠎ᠠ ᠡᠰᠢ ᠰᠦᠷᠡᠯ ᠢ ᠵᠠᠳᠠᠭᠠᠶ ᠪᠠᠷ ᠰᠢᠲᠠᠭᠠᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠪᠥᠭᠡᠳ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠴᠠ ᠬᠢᠨᠠᠨ ᠬᠠᠷᠭᠤᠭᠤᠯᠵᠤ ᠪᠠᠶᠢᠴᠠᠭᠠᠭᠠᠳ ᠦᠨᠡᠨ ᠪᠣᠳᠠᠲᠠᠶ ᠪᠣᠯ ᠵᠢᠱᠢᠶ᠎ᠡ ᠨᠢᠭᠡᠪᠦᠷᠢ ᠶᠢᠨ ᠢᠯᠡᠴᠢᠯᠡᠨ ᠮᠡᠳᠡᠭᠦᠯᠦᠭᠴᠢ ᠳᠤ ᠠᠷᠠᠳ ᠤᠨ ᠵᠣᠭᠤᠰ 200 ᠲᠥᠭᠦᠷᠢᠭ ᠤᠨ ᠱᠠᠩᠨᠠᠯ ᠣᠯᠭᠤᠨ᠎ᠠ᠃ ᠬᠢᠨᠠᠨ ᠬᠠᠷᠭᠤᠭᠤᠯᠤᠭᠰᠠᠨ ᠡᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠳᠠᠩᠰᠠ ᠰᠢᠯᠵᠢᠭᠦᠯᠬᠦ ᠪᠤᠶᠤ ᠪᠡᠯᠡᠨ ᠵᠣᠭᠤᠰ ᠤᠨ ᠠᠷᠭ᠎ᠠ ᠮᠠᠶ᠋ᠢᠭ ᠢᠶᠠᠷ ᠢᠯᠡᠴᠢᠯᠡᠨ ᠮᠡᠳᠡᠭᠦᠯᠦᠭᠴᠢ ᠳᠤ ᠣᠯᠭᠤᠨ᠎ᠠ᠃      ᠭᠤᠷᠪᠠ᠂ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ ᠨᠢ ᠪᠤᠰᠤᠳᠴᠢ ᠪᠥᠭᠡᠳ ᠦᠨᠡᠨ ᠪᠣᠳᠠᠲᠠᠶ ᠪᠠᠶᠢᠬᠤ ᠬᠡᠷᠡᠭᠲᠡᠢ᠂ ᠢᠯᠡᠴᠢᠯᠡᠨ ᠮᠡᠳᠡᠭᠦᠯᠦᠭᠴᠢ ᠨᠢ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠂ ᠲᠤᠬᠠᠶ ᠶᠢᠨ ᠲᠠᠯᠠᠪᠤᠷ ᠢ ᠬᠠᠭᠤᠷᠮᠠᠭᠯᠠᠨ ᠵᠣᠬᠢᠶᠠᠵᠤ᠂ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠵᠤ ᠲᠠᠷᠬᠠᠭᠠᠵᠤ ᠪᠣᠯᠬᠤ ᠦᠭᠡᠢ᠃ ᠬᠡᠷᠪᠡ ᠬᠤᠳᠠᠯ ᠬᠡᠷᠡᠭ ᠵᠣᠬᠢᠶᠠᠵᠤ᠂ ᠪᠤᠰᠤᠳ ᠬᠥᠮᠦᠨ ᠢ ᠭᠦᠳᠬᠡᠨ ᠵᠠᠭᠠᠯᠳᠤᠵᠤ᠂ ᠬᠤᠤᠷᠯᠠᠭᠰᠠᠨ ᠪᠠᠶᠢᠪᠠᠯ᠂ ᠢᠯᠡᠴᠢᠯᠡᠨ ᠮᠡᠳᠡᠭᠦᠯᠦᠭᠴᠢ ᠠᠴᠠ ᠬᠠᠤᠯᠢ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃      ᠳᠥᠷᠪᠡ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠢᠯᠡᠴᠢᠯᠡᠨ ᠮᠡᠳᠡᠭᠦᠯᠦᠭᠰᠡᠨ ᠰᠦᠪᠡᠭᠴᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠶ᠃      ᠲᠤᠰ ︽ᠵᠠᠷᠯᠠᠯ︾ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号