︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢ ᠰᠢᠶᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ | ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ ᠬᠢᠵᠢᠭ ᠤᠨ ᠪᠠᠶᠢᠳᠠᠯ ᠲᠠᠬᠢᠨ ᠳᠡᠯᠭᠡᠷᠡᠬᠦ ᠶᠢ ᠡᠷᠡᠰ | ᠬᠤᠷᠢᠭᠯᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠪᠠᠴᠢᠮ ᠮᠡᠳᠡᠭᠳᠡᠯ︾ ︽ᠣᠷᠴᠢᠮ ᠤᠨ | ᠬᠤᠭᠤᠴᠠᠭᠠᠨ ᠤ ᠬᠢᠵᠢᠭ ᠤᠨ ᠪᠠᠶᠢᠳᠠᠯ ᠤᠨ ᠬᠤᠯᠪᠣᠭᠳᠠᠯ ᠪᠦᠬᠦᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠴᠢᠮ ᠮᠡᠳᠡᠭᠳᠡᠯ︾ ᠢ ᠤᠯᠠᠮᠵᠢᠯᠠᠨ | ᠰᠤᠷᠤᠯᠴᠠᠵᠤ᠂ ᠪᠦᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠪᠦᠬᠦ ᠤᠯᠤᠰ ᠤᠨ | ᠪᠣᠯᠪᠠᠰᠤᠨ ᠬᠤᠲᠠ ᠶᠢ ᠪᠠᠶᠢᠭᠤᠯᠬᠤ ᠠᠵᠢᠯ ᠢ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ | ᠰᠢ ᠶᠢᠨ ᠫᠢᠩ ᠤᠨ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ | ᠲᠦᠮᠡᠨ ᠳᠤ ᠨᠢᠭᠲᠠ ᠲᠦᠰᠢᠭᠯᠡᠨ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠢᠯᠡᠳᠴᠦ᠂ ᠠᠷᠠᠳ | ᠲᠦᠮᠡᠨ ᠤ ᠳᠤᠮᠳᠠ ᠭᠦᠨ ᠦᠨᠳᠦᠰᠦᠯᠡᠬᠦ︾ ᠶᠢ ᠦᠨᠡᠨ ᠬᠦ ᠪᠣᠳᠠᠲᠠᠢ ᠠᠵᠢᠯ ᠤᠨ ᠳᠤᠮᠳᠠ ᠪᠠᠨ | ᠦᠢᠯᠡᠳᠦᠯᠭᠡᠵᠢᠭᠦᠯᠵᠦ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ᠂ ᠨᠢᠭᠡ ᠴᠥᠭᠡᠨ ᠲᠣᠭᠠᠲᠤ | ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ︾ ᠴᠢᠬᠤᠯᠠ ᠱᠠᠭᠠᠷᠳᠠᠯᠭ᠎ᠠ ᠶᠢᠨ ᠲᠣᠭᠤᠷᠢᠨ ᠳᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠨᠢᠭᠡᠯᠡ ᠠᠮᠢᠰᠬᠤᠭ᠎ᠠ ᠪᠠᠷ | ᠲᠡᠮᠡᠴᠡᠨ ᠣᠯᠬᠤ ᠬᠡᠷᠡᠭᠲᠡᠢ᠃ ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ ᠪᠣᠯᠬᠤ | ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ | ᠬᠠᠯᠬᠠᠪᠴᠢ ᠶᠢ ᠪᠠᠲᠤ ᠴᠤᠭᠴᠠᠯᠠᠬᠤ ᠤᠯᠤᠰ ᠲᠥᠷᠥ | ᠶᠢᠨ ᠡᠭᠦᠷᠭᠡ ᠶᠢ ᠡᠷᠡᠰ ᠡᠭᠦᠷᠭᠡᠯᠡᠬᠦ ᠬᠡᠷᠡᠭᠲᠡᠢ᠃ ᠵᠣᠷᠢᠭ ᠲᠡᠭᠦᠯᠳᠡᠷ ᠤᠷᠤᠭᠰᠢᠯᠠᠬᠤ᠂ ᠬᠦᠴᠢᠷ ᠪᠡᠷᠬᠡ ᠲᠠᠢ ᠠᠰ | ᠲᠤᠯᠬᠤ ᠴᠥᠬᠦᠷᠡᠰᠢ ᠦᠭᠡᠢ ᠰᠥᠰᠥ ᠵᠣᠷᠢᠭ ᠢ ᠡᠭᠦᠷᠢᠳᠡ ᠬᠠᠳᠠᠭᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ | ᠬᠠᠷᠠᠯᠲᠠ ᠶᠢᠨ ᠲᠣᠭᠤᠷᠢᠨ ᠳᠤ᠂ ᠨᠡᠩ ᠶᠡᠭᠡ ᠬᠠᠷᠢᠭᠤᠴᠠᠯᠭ᠎ᠠ ᠨᠡᠩ ᠶᠡᠭᠡ ᠵᠢᠳᠬᠦᠯ ᠴᠢᠷᠮᠠᠶᠢᠯᠭ᠎ᠠ ᠪᠠᠷ ᠠᠵᠤ | ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠲᠣᠭᠠᠨ ᠤ ᠵᠣᠬᠢᠰᠲᠠᠢ ᠨᠡᠮᠡᠭᠳᠡᠯ ᠪᠠ ᠴᠢᠨᠠᠷ ᠤᠨ ᠲᠣᠭᠲᠠᠭᠤᠨ | ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠡᠭᠡᠳᠦ ᠬᠡᠮᠵᠢᠶ᠎ᠡ ᠪᠠᠷ ᠰᠡᠷᠡᠮᠵᠢᠯᠡᠨ᠂ ᠲᠥᠷᠥ ᠶᠢᠨ ᠶᠠᠪᠤᠳᠠᠯ ᠤᠨ ᠬᠤᠷᠢᠶ᠎ᠠ | ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ | ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤ ᠰᠢᠶᠠᠨ ᠲᠣᠭᠤᠷᠢᠭ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠥᠨ ᠤ ᠬᠠᠷᠢᠭᠤᠴᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠭᠠᠳᠠᠨ᠎ᠠ ᠪᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ | ᠳᠡᠯᠭᠡᠷᠡᠬᠦ ᠶᠢ ᠰᠡᠷᠭᠡᠶᠢᠯᠡᠬᠦ ᠠᠵᠢᠯ ᠢ ᠴᠢᠩᠭ᠎ᠠ ᠠᠴᠠ ᠴᠢᠩᠭ᠎ᠠ᠂ ᠲᠤᠯᠭᠠᠮ᠎ᠠ ᠠᠴᠠ ᠲᠤᠯᠭᠠᠮ᠎ᠠ ᠰᠠᠶᠢᠲᠤᠷ ᠠᠳᠬᠤᠵᠤ᠂ | ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠡᠷᠡᠰ | ᠬᠠᠮᠠᠭᠠᠯᠠᠬᠤ ᠬᠡᠷᠡᠭᠲᠡᠢ᠃ ᠵᠢᠭᠰᠠᠭᠠᠨ ᠪᠠᠶᠢᠴᠠᠭᠠᠯᠳᠠ ᠲᠠᠬᠤᠯ ᠡᠪᠡᠳᠴᠢᠨ ᠤ ᠪᠠᠶᠢᠴᠠᠭᠠᠯᠳᠠ ᠶᠢᠨ ᠠᠵᠢᠯ ᠢ ᠪᠦᠬᠦ | ᠲᠠᠯ᠎ᠠ ᠪᠠᠷ ᠥᠷᠨᠢᠭᠦᠯᠦᠨ᠂ ︽ᠨᠢᠭᠡ ᠪᠠᠭᠤᠳᠠᠯ ᠬᠤᠶᠠᠷ ᠥᠷᠲᠡᠭᠡ︾ ᠶᠢᠨ ᠪᠣᠭᠤᠮᠲᠠ ᠶᠢ ᠴᠢᠩᠭ᠎ᠠ ᠰᠠᠬᠢᠵᠤ᠂ | ᠲᠣᠣᠷᠴᠢᠯᠠᠭᠰᠠᠨ ᠬᠠᠮᠢᠶᠠᠷᠤᠯᠲᠠ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠯᠳᠤᠭᠠᠨ ᠤ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠪᠣᠳᠠᠲᠠᠢ ᠬᠢᠵᠦ᠂ ᠨᠠᠷᠢᠯᠢᠭ ᠬᠢᠬᠦ ᠬᠡᠷᠡᠭᠲᠡᠢ᠃ ᠡᠮᠴᠢᠯᠡᠭᠡ ᠶᠢᠨ ᠪᠠᠶᠢᠭᠤᠯᠤᠮᠵᠢ ᠶᠢᠨ ᠰᠡᠷᠭᠡᠶᠢᠯᠡᠨ | ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠡᠷᠡᠰ ᠰᠠᠶᠢᠲᠤᠷ ᠬᠢᠵᠦ᠂ ᠬᠥᠮᠥᠨ ᠬᠠᠷ᠎ᠠ ᠣᠯᠠᠨ ᠲᠠᠢ ᠭᠠᠵᠠᠷ ᠢ ᠬᠠᠮᠢᠶᠠᠷᠤᠨ ᠡᠵᠡᠮᠳᠡᠬᠦ ᠪᠠᠨ ᠤᠯᠠᠮ | ᠨᠢᠭᠡ ᠠᠯᠬᠤᠮ ᠴᠢᠩᠭᠠᠳᠬᠠᠨ᠂ ᠢᠳᠡᠭᠡᠨ ᠤ ᠠᠶᠤᠯᠭᠦᠢ ᠶᠢᠨ ᠪᠠᠶᠢᠴᠠᠭᠠᠯᠲᠠ ᠶᠢ ᠥᠷᠨᠢᠭᠦᠯᠵᠦ᠂ ᠴᠤᠴᠠᠵᠤ | ᠬᠤᠶᠢᠷᠭᠤᠰᠢᠬᠤ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠬᠠᠮᠠᠭᠠᠯᠠᠬᠤ | ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠡᠩ ᠶᠡᠭᠡ | ᠵᠣᠷᠢᠭ ᠬᠦᠴᠦ ᠪᠠᠷ ᠪᠣᠯᠪᠠᠰᠤᠨ ᠬᠤᠲᠠ ᠶᠢ ᠪᠦᠲᠦᠭᠡᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ | ᠠᠬᠢᠭᠤᠯᠵᠤ᠂ ᠦᠵᠡᠯ ᠰᠠᠨᠠᠭᠠᠨ ᠳᠡᠭᠡᠷ᠎ᠡ ᠪᠠᠨ ᠦᠨᠡᠨ ᠬᠦ ᠴᠢᠬᠤᠯᠠᠴᠢᠯᠠᠵᠤ᠂ ᠠᠵᠢᠯᠯᠠᠭ᠎ᠠ ᠳᠡᠭᠡᠷ᠎ᠡ ᠪᠠᠨ ᠦᠨᠡᠨ ᠬᠦ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠳᠡᠭᠡᠷ᠎ᠡ ᠪᠠᠨ ᠦᠨᠡᠨ ᠬᠦ ᠪᠣᠳᠠᠲᠠᠶᠢᠵᠢᠭᠤᠯᠵᠤ᠂ ᠭᠠᠷ ᠳᠠᠮᠵᠢᠪᠠᠯ ᠳᠠᠷᠤᠢ | ᠬᠠᠷᠢᠭᠤᠴᠠᠯᠭ᠎ᠠ ᠪᠣᠯᠬᠤ ᠡᠭᠦᠷᠭᠡᠯᠡᠯ ᠢᠶᠠᠷ ᠪᠣᠯᠪᠠᠰᠤᠨ ᠬᠤᠲᠠ ᠶᠢ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ | ᠲᠥᠪ ᠬᠤᠲᠠ ᠶᠢᠨ ᠣᠯᠠᠨ ᠲᠦᠮᠡᠨ ᠢ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ | ᠲᠠᠢ ᠪᠣᠯᠭᠠᠬᠤ ᠬᠡᠷᠡᠭᠲᠡᠢ ᠭᠡᠪᠡ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃ | ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠶᠦᠨ | ᠵᠢᠶᠠᠨ ᠳ᠋ᠦᠩ᠂ ᠰᠦᠨ ᠵᠢᠶᠠᠨ ᠬᠤᠸᠠ᠂ ᠯᠥᠸᠧ ᠴᠢᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ ᠤᠨ | ᠭᠡᠰᠢᠭᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ | ᠡᠯ᠎ᠡ ᠬᠤᠰᠢᠭᠤ ᠰᠢᠶᠠᠨ ᠲᠣᠭᠤᠷᠢᠭ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ |