ᠸᠠᠩ  ᠯᠢ ᠰᠢᠶᠠ ︽ᠲᠦᠷᠪᠡᠨ ᠦᠭᠡᠢ ᠬᠤᠶᠠᠷ ᠰᠢᠭᠤᠳ︾ ᠠᠷᠭ᠎ᠠ ᠮᠠᠶ᠋ᠢᠭ ᠢᠶᠠᠷ ᠲᠠᠷᠢᠶᠠᠯᠠᠩ ᠠᠷᠠᠯᠵᠢᠶᠠᠨ ᠤ ᠵᠠᠬ᠎ᠠ ᠲᠡᠯᠭᠡᠭᠦᠷ ᠳᠠᠯᠠᠢ ᠶᠢᠨ ᠭᠠᠷᠤᠯᠲᠠ ᠶᠢᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ ︽ᠬᠤᠶᠠᠷ ᠲᠠᠯ᠎ᠠ ᠶᠢ ᠠᠳᠬᠤᠬᠤ︾ ︽ᠠᠯᠢ ᠶᠢ ᠨᠢ ᠴᠤ ᠰᠠᠭᠠᠲᠠᠭᠠᠬᠤ ᠥᠬᠡᠶ︾ ᠪᠠᠶᠢᠬᠤ ᠶᠢ ᠦᠨᠡᠨᠬᠦ ᠪᠠᠳᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2020-07-17
     ᠬᠦᠬᠡᠬᠤᠲᠠ ᠶᠢᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠹᠧᠩ ᠶᠠᠨ ᠫᠢᠩ︶ 6  ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠲᠠ ᠶᠢᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠳᠠᠯᠠᠶ ᠶᠢᠨ ᠭᠠᠷᠤᠯᠲᠠ ᠶᠢᠨ ᠵᠠᠬ᠎ᠠ ᠳᠡᠯᠭᠡᠭᠦᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠬᠦᠯᠵᠦ ᠪᠠᠶᠢᠭ᠎ᠠ ᠪᠠᠶᠢᠳᠠᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ︽ᠳᠥᠷᠪᠡᠨ ᠦᠭᠡᠶ ᠬᠤᠶᠠᠷ ᠰᠢᠭᠤᠳ︾ ᠠᠷᠭ᠎ᠠ ᠮᠠᠶ᠋ᠢᠭ ᠢᠶᠠᠷ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠬᠡᠪᠰᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠢᠳᠡᠭᠡᠨ ᠤ ᠠᠶᠤᠯᠬᠦᠢ ᠶᠢ ᠦᠨᠡᠨᠬᠦ ᠪᠠᠲᠤᠯᠠᠵᠤ᠂ ︽ᠬᠤᠶᠠᠷ ᠲᠠᠯ᠎ᠠ ᠶᠢ ᠠᠳᠬᠤᠬᠤ︾ ︽ᠠᠯᠢ ᠶᠢ ᠨᠢ ᠴᠤ ᠰᠠᠭᠠᠳᠠᠭᠠᠬᠤ ᠦᠭᠡᠢ︾  ᠪᠠᠶᠢᠬᠤ ᠶᠢ ᠦᠨᠡᠨᠬᠦ ᠪᠠᠳᠤᠯᠠᠬᠤ ᠬᠡᠷᠡᠭᠳᠡᠢ ᠭᠡᠵᠡᠢ᠃     ᠲᠤᠰ ᠡᠳᠦᠷ᠂ ᠸᠠᠩ ᠯᠢ ᠰᠢᠶᠠ ᠤᠷᠢᠳ ᠬᠤᠵᠢᠳ ᠰᠠᠶᠢᠬᠠᠨ ᠲᠣᠭᠤᠷᠢᠭ ᠤᠨ ᠷᠦᠩ ᠴᠢᠶᠣᠤ ᠳᠠᠯᠠᠶ ᠶᠢᠨ ᠭᠠᠷᠤᠯᠲᠠ ᠶᠢᠨ ᠵᠠᠬ᠎ᠠ ᠳᠡᠯᠭᠡᠭᠦᠷ ᠪᠣᠯᠤᠨ ᠬᠤᠲᠣᠩ ᠠᠷᠠᠳ ᠤᠨ ᠲᠣᠭᠤᠷᠢᠭ ᠲᠤ ᠪᠠᠶᠢᠭ᠎ᠠ ᠸᠠᠨ ᠬᠤᠶ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠷᠴᠦ᠂ ᠶᠠᠪᠤᠬᠤ ᠶᠢᠨ ᠲᠠᠭᠠᠤ ᠦᠵᠡᠵᠦ᠂ ᠵᠠᠬ᠎ᠠ ᠳᠡᠯᠭᠡᠭᠦᠷ ᠤᠨ ᠲᠠᠸᠠᠷ ᠢ ᠬᠤᠳᠠᠯᠳᠤᠨ ᠠᠪᠬᠤ ᠪᠣᠷᠣᠯᠠᠭᠤᠯᠬᠤ ᠬᠠᠮᠢᠶᠠᠷᠤᠯᠲᠠ᠂ ᠰᠢᠯᠭᠠᠨ ᠪᠠᠶᠢᠴᠠᠭᠠᠵᠤ ᠪᠠᠶᠢᠭ᠎ᠠ ᠪᠠᠶᠢᠳᠠᠯ ᠵᠢᠴᠢ ᠳᠣᠲᠣᠭᠠᠳᠤ ᠶᠢᠨ ᠬᠥᠮᠦᠰ ᠢᠶᠠᠨ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠳᠤ ᠬᠤᠳᠠᠯᠳᠤᠭᠠᠴᠢᠨ ᠲᠠᠢ ᠳᠣᠲᠣᠨᠣ ᠪᠠᠷ ᠶᠠᠷᠢᠯᠴᠠᠵᠤ᠂ ᠡᠵᠡᠩᠨᠡᠯᠲᠡ ᠶᠢᠨ ᠪᠠᠶᠢᠳᠠᠯ ᠢ ᠨᠢ ᠯᠠᠪᠯᠠᠨ ᠠᠰᠠᠭᠤᠵᠤ᠂ ᠣᠯᠠᠨ ᠢᠶᠠᠷ ᠢᠶᠠᠨ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠪᠡᠷ ᠤᠨ ᠪᠡᠶ᠎ᠡ ᠪᠠ ᠭᠡᠷ ᠤᠨ ᠬᠥᠮᠦᠰ ᠤᠨ ᠢᠶᠠᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠶ ᠭᠡᠵᠦ ᠵᠠᠬᠢᠪᠠ᠃    ᠸᠠᠩ ᠯᠢ ᠰᠢᠶᠠ ᠴᠢᠬᠤᠯᠠᠴᠢᠯᠠᠭᠰᠠᠨ ᠨᠢ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠳᠠᠯᠠᠢ ᠶᠢᠨ ᠭᠠᠷᠤᠯᠲᠠ ᠶᠢᠨ ᠵᠠᠬ᠎ᠠ ᠲᠡᠯᠭᠡᠭᠦᠷ ᠤᠨ ᠪᠦᠲᠦᠭᠡᠭᠳᠡᠬᠦᠨ ᠢ ᠬᠤᠳᠠᠯᠳᠤᠨ ᠠᠪᠬᠤ ᠪᠠ ᠪᠣᠷᠣᠯᠠᠭᠤᠯᠬᠤ ᠵᠠᠮ ᠥᠷᠭᠡᠨ᠂ ᠢᠷᠡᠵᠦ ᠶᠠᠪᠤᠬᠤ ᠬᠦᠮᠦᠨ ᠬᠠᠷ᠎ᠠ ᠣᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠭᠤᠤᠯᠳᠠᠯᠭ᠎ᠠ ᠲᠠᠢ ᠲᠠᠯᠠᠪᠤᠷ ᠭᠠᠵᠠᠷ ᠪᠣᠯᠤᠨ᠎ᠠ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠡᠵᠡᠩᠨᠡᠭᠴᠢᠳ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠡᠷᠡᠰ ᠢᠯᠠᠨ ᠳᠠᠪᠠᠵᠤ᠂ ᠡᠯ᠎ᠡ ᠵᠦᠢᠯ ᠤᠨ ᠬᠡᠪᠰᠢᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ  ᠨᠠᠶᠢᠳᠠᠪᠤᠷᠢᠵᠢᠭᠤᠯᠤᠨ᠂ ᠢᠳᠡᠭᠡᠨ ᠤ ᠠᠶᠤᠯᠬᠦᠢ ᠶᠢᠨ ᠪᠠᠶᠢᠴᠠᠭᠠᠯᠲᠠ ᠶᠢ ᠰᠠᠶᠢᠲᠤᠷ ᠥᠷᠨᠢᠭᠦᠯᠵᠦ᠂ ᠤᠰᠤᠨ ᠭᠠᠷᠤᠯᠲᠠ ᠪᠣᠯᠤᠨ ᠲᠦᠭᠦᠬᠡᠶ ᠰᠢᠨ᠎ᠡ ᠰᠣᠷᠭᠤᠭ ᠢᠳᠡᠭᠡᠨ᠂ ᠬᠥᠯᠳᠡᠭᠡᠭᠰᠡᠨ ᠮᠢᠬᠠᠨ ᠢᠳᠡᠭᠡᠨ ᠵᠢᠴᠢ ᠲᠡᠭᠦᠨ ᠤ ᠪᠦᠲᠦᠭᠡᠭᠳᠡᠬᠦᠨ ᠤ ᠠᠶᠤᠯᠬᠦᠢ ᠶᠢ ᠭᠤᠤᠯᠳᠠᠯᠭ᠎ᠠ ᠲᠠᠢ ᠰᠠᠶᠢᠲᠤᠷ ᠬᠢᠨᠠᠨ ᠬᠠᠮᠢᠶᠠᠷᠬᠤ ᠬᠡᠷᠡᠭᠳᠡᠢ᠃ ᠢᠳᠡᠭᠡᠨ ᠤ ᠠᠶᠤᠯᠬᠦᠢ ᠶᠢᠨ ᠭᠡᠷᠡᠴᠢ ᠪᠠᠷᠢᠮᠲᠠ ᠠᠪᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠠᠭ᠎ᠠ ᠣᠷᠣᠭᠤᠯᠬᠤ ᠳᠤ ᠰᠢᠯᠭᠠᠨ ᠪᠠᠶᠢᠴᠠᠭᠠᠬᠤ ᠶᠢ ᠴᠢᠩᠭ᠎ᠠ ᠰᠠᠶᠢᠲᠤᠷ ᠬᠢᠵᠦ᠂ ᠪᠠᠶᠢᠴᠠᠭᠠᠬᠤ ᠶᠣᠰᠣᠲᠠᠶ ᠶᠢ ᠨᠢ  ᠪᠦᠬᠦᠨ ᠢ ᠪᠠᠶᠢᠴᠠᠭᠠᠵᠤ᠂ ᠪᠠᠷᠠᠭ᠎ᠠ ᠣᠷᠣᠭᠤᠯᠬᠤ ᠵᠠᠮ ᠮᠥᠷ ᠵᠢᠷᠤᠮᠵᠢᠭᠤᠨ᠂  ᠪᠦᠳᠦᠭᠡᠭᠳᠡᠭᠦᠨ ᠤ ᠶᠠᠰᠤ ᠴᠢᠨᠠᠷ ᠬᠢᠷᠢ ᠲᠡᠩᠴᠡᠵᠦ ᠪᠠᠷᠢᠮᠵᠢᠶ᠎ᠠ ᠳᠤ ᠬᠥᠷᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃        ᠸᠠᠩ ᠯᠢ ᠰᠢᠶᠠ ᠴᠢᠬᠤᠯᠠᠴᠢᠯᠠᠭᠰᠠᠨ ᠨᠢ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠲᠡᠯᠡᠶ ᠶᠢᠨ ᠭᠠᠷᠤᠯᠲᠠ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠠᠷᠢᠭᠤᠨ ᠴᠡᠪᠡᠷ᠂ ᠠᠷᠢᠭᠤᠳᠬᠠᠯ᠂ ᠰᠠᠯᠬᠢ ᠨᠡᠪᠲᠡᠷᠡᠭᠦᠯᠬᠦ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠵᠡᠩᠨᠡᠯᠲᠡ ᠶᠢᠨ ᠪᠠᠷᠢᠮᠵᠢᠶ᠎ᠠ ᠪᠠᠨ ᠨᠢᠭᠡᠳᠬᠡᠵᠦ᠂ ᠬᠤᠳᠠᠯᠳᠤᠭᠠᠴᠢᠳ ᠤᠨ ᠡᠵᠡᠩᠨᠡᠯᠲᠡ ᠪᠣᠯᠤᠨ ᠥᠪᠡᠷ ᠢᠶᠠᠨ ᠦᠢᠯᠡᠳᠪᠦᠷᠢᠯᠡᠵᠦ ᠥᠪᠡᠷ ᠢᠶᠠᠨ ᠪᠣᠷᠣᠯᠠᠭᠤᠯᠬᠤ ᠦᠢᠯᠡ ᠠᠵᠢᠯᠯᠠᠭ᠎ᠠ ᠶᠢ ᠳᠦᠷᠢᠮᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠦᠴᠦᠯᠡᠨ ᠴᠡᠭᠴᠡᠯᠡᠵᠦ᠂ ᠪᠤᠵᠠᠷ᠂ ᠡᠷᠦᠶ ᠬᠤᠷᠤᠶ ᠥᠬᠡᠶ᠂ ᠠᠨᠠᠶ ᠪᠠᠶᠢᠬᠤ ᠲᠣᠪᠤᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠵᠦ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠥᠪᠰᠢᠨ ᠢ ᠲᠠᠰᠤᠷᠠᠯᠲᠠ ᠥᠬᠡᠶ ᠳᠡᠭᠡᠭᠰᠢᠯᠡᠬᠦᠯᠬᠦ ᠭᠡᠷᠡᠭᠳᠡᠢ ᠭᠡᠵᠡᠢ᠃       ᠸᠠᠩ ᠯᠢ ᠰᠢᠶᠠ ᠴᠢᠬᠤᠯᠠᠴᠢᠯᠠᠭᠰᠠᠨ ᠨᠢ᠂ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠶᠢᠨ ᠬᠢᠨ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠢ ᠲᠦᠪᠯᠡᠷᠡᠭᠦᠯᠦᠨ ᠡᠵᠡᠩᠨᠡᠬᠦ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠢᠯᠤᠭᠤᠳᠬᠤ ᠪᠠ  ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠤᠨ ᠨᠡᠶᠢᠯᠡᠯ ᠬᠦᠴᠦᠨ ᠢ ᠦᠨᠡᠨᠬᠦ ᠴᠢᠩᠭᠠᠳᠬᠠᠵᠤ᠂ ᠪᠠᠶᠢᠳᠠᠯ ᠲᠣᠳᠣᠷᠬᠠᠶ᠂ ᠮᠡᠳᠡᠭᠡ ᠵᠠᠩᠭᠢ ᠰᠠᠭᠠᠳ ᠦᠭᠡᠶ ᠨᠡᠪᠲᠡᠷᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠢᠳᠡᠭᠡᠨ ᠤ ᠠᠶᠤᠯᠬᠦᠢ ᠶᠢ ᠦᠨᠡᠨᠬᠦ ᠬᠠᠮᠠᠭᠠᠯᠠᠬᠤ ᠬᠡᠷᠡᠭᠲᠡᠶ ᠭᠡᠵᠡᠢ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠡᠤ ᠸᠧᠨ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号