ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ ᠤᠨ 26 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/7/17
     ᠸᠠᠩ ᠯᠢ ᠰᠢᠶᠠ ᠡᠷᠬᠢᠯᠡᠵᠦ  ᠵᠠᠩ ᠪᠠᠢ ᠴᠧᠩ  ᠰᠦᠨ ᠵᠢᠶᠠᠨ ᠬᠤᠸᠠ  ᠯᠥᠸᠧ ᠴᠢᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 6 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ ᠤᠨ 26 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠮᠠᠨ ᠤ ᠬᠤᠲᠠ ᠶᠢᠨ ᠣᠶᠢᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠬᠢᠵᠢᠭ ᠤᠨ ᠪᠠᠶᠢᠳᠠᠯ ᠢ ᠰᠤᠳᠤᠯᠤᠨ ᠵᠠᠳᠠᠯᠪᠠ︔ 1 — 5 ᠰᠠᠷ᠎ᠠ ᠶᠢᠨ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠤᠭ᠎ᠠ ᠪᠦᠷᠢᠳᠬᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠪᠡ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠭ᠎ᠠ ᠪᠦᠷᠢᠳᠬᠡᠯ ᠤᠨ ᠠᠵᠢᠯ ᠳᠠᠬᠢ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠬᠥᠭᠵᠢᠯᠲᠡ ᠳᠠᠬᠢ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠦᠨᠡᠨ ᠪᠣᠳᠠᠲᠠᠢ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠲᠤᠭ᠎ᠠ ᠪᠦᠷᠢᠳᠬᠡᠯ ᠳᠤ ᠬᠤᠳᠠᠯ ᠵᠣᠬᠢᠶᠠᠬᠤ ᠶᠢ ᠡᠷᠡᠰ ᠰᠡᠷᠭᠡᠶᠢᠯᠡᠨ᠂ ᠲᠤᠭ᠎ᠠ ᠪᠦᠷᠢᠳᠬᠡᠯ ᠤᠨ ᠠᠵᠢᠯ ᠦᠢᠯᠡᠳᠦᠯᠭᠡ ᠪᠠ ᠲᠡᠦᠬᠡ ᠶᠢᠨ ᠰᠢᠯᠭᠠᠯᠲᠠ ᠶᠢ ᠳᠠᠭᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠰᠡᠷᠭᠡᠶᠢᠯᠡᠨ᠂ ᠮᠢᠨᠴᠦᠭᠦᠷᠡᠬᠦ ᠦᠵᠡᠯ ᠰᠠᠨᠠᠭ᠎ᠠ᠂ ᠬᠠᠰᠢᠷᠠᠬᠤ ᠰᠡᠳᠬᠢᠯᠭᠡ᠂ ᠭᠤᠷᠢᠳᠠᠬᠤ ᠪᠣᠳᠣᠯ᠂ ᠰᠤᠯᠠᠷᠠᠬᠤ ᠪᠠᠶᠢᠳᠠᠯ ᠢ ᠡᠷᠡᠰ ᠲᠡᠪᠴᠢᠵᠦ᠂ ᠰᠡᠷᠭᠡᠶᠢᠯᠡᠨ ᠡᠵᠡᠮᠳᠡᠬᠦ ᠶᠢᠨ ᠴᠣᠭᠤᠷᠬᠠᠢ ᠶᠢ ᠲᠠᠬᠢᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠶᠢᠨ ᠭᠤᠣᠯᠳᠠᠯᠭ᠎ᠠ ᠶᠢ ᠲᠠᠬᠢᠨ ᠪᠠᠲᠤᠵᠢᠭᠤᠯᠵᠤ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠲᠠᠬᠢᠨ ᠨᠠᠶᠢᠳᠠᠪᠤᠷᠢᠵᠢᠭᠤᠯᠤᠨ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠬᠠᠨᠳᠤᠰᠢ ᠳᠤ ᠡᠷᠭᠢᠯᠲᠡ ᠭᠠᠷᠬᠤ ᠶᠢ ᠴᠢᠩᠭ᠎ᠠ ᠬᠤᠷᠢᠭᠯᠠᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠠᠴᠠ ᠴᠢᠩᠭ᠎ᠠ᠂ ᠨᠠᠷᠢᠯᠢᠭ ᠠᠴᠠ ᠨᠠᠷᠢᠯᠢᠭ ᠠᠳᠬᠤᠵᠤ᠂ ᠤᠯᠤᠰ ᠤᠨ ᠳᠣᠲᠣᠭᠠᠳᠤ ᠶᠢᠨ ᠳᠤᠮᠳᠠ ᠳᠡᠭᠡᠳᠦ ᠲᠡᠰ ᠤᠨ ᠲᠦᠭᠰᠢᠭᠦᠷᠢᠲᠡᠢ ᠭᠠᠵᠠᠷ ᠣᠷᠣᠨ ᠤ ᠬᠥᠮᠥᠨ ᠢ ᠮᠥᠷᠳᠡᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠪᠠᠨ ᠦᠷᠭᠦᠯᠵᠢᠯᠡᠨ ᠴᠢᠩᠭᠠᠳᠬᠠᠵᠤ ᠂ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠪᠠᠭᠤᠯᠭᠠᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠨ ᠬᠢᠵᠦ᠂ ᠳᠤᠮᠳᠠ ᠳᠡᠭᠡᠳᠦ ᠲᠡᠰ ᠤᠨ ᠲᠦᠭᠰᠢᠭᠦᠷᠢᠲᠡᠢ ᠭᠠᠵᠠᠷ ᠣᠷᠣᠨ ᠪᠠ ᠤᠯᠤᠰ ᠤᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠲᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠳᠠᠯᠠᠢ ᠶᠢᠨ ᠭᠠᠷᠤᠯᠲᠠ ᠶᠢᠨ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠭᠠᠵᠠᠷ ᠤᠨ ᠡᠷᠡᠭᠦᠯ ᠬᠠᠮᠠᠭᠠᠯᠠᠯ ᠠᠷᠢᠭᠤᠨ ᠴᠡᠪᠡᠷ ᠪᠠ ᠠᠷᠢᠭᠤᠳᠬᠠᠯ ᠤᠨ ᠠᠵᠢᠯ ᠢ ᠴᠢᠩᠭᠠᠳᠬᠠᠵᠤ᠂ ᠡᠮᠴᠢᠯᠡᠭᠡ ᠶᠢᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠭᠠᠵᠠᠷ ᠲᠠᠯᠠᠪᠤᠷ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠬᠡᠷᠡᠭᠲᠡᠢ᠃ ᠨᠡᠶᠢᠭᠡᠮ ᠲᠣᠭᠤᠷᠢᠭ᠂ ᠠᠵᠤ ᠠᠬᠤᠶᠢᠯᠠᠯ ᠂ ᠪᠠᠶᠢᠭᠤᠯᠭ᠎ᠠ ᠨᠢᠭᠡᠴᠡ᠂ ᠰᠤᠷᠭᠠᠭᠤᠯᠢ ᠵᠡᠷᠭᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠤᠨ᠂ ᠭᠤᠭᠴᠤᠭ᠎ᠠ ᠪᠦᠷᠢ ᠳᠤ ᠠᠯᠳᠠᠭ᠎ᠠ ᠭᠠᠷᠭᠠᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠲᠠᠬᠢᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠲᠣᠭᠲᠠᠭᠤᠨ ᠤ ᠳᠤᠮᠳᠠ ᠳᠠᠪᠰᠢᠯᠲᠠ ᠭᠠᠷᠭᠠᠬᠤ ᠦᠨᠳᠦᠰᠦᠨ ᠬᠥᠭ ᠠᠶᠠᠰ ᠢᠶᠠᠷ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠠᠵᠢᠯ ᠢ ᠨᠠᠶᠢᠳᠠᠪᠤᠷᠢᠵᠢᠭᠤᠯᠤᠨ᠂ ᠳᠠᠷᠤᠭᠠᠰᠤ ᠶᠢ ᠢᠳᠡᠪᠬᠢᠲᠡᠢ ᠪᠠᠷ ᠬᠥᠳᠡᠯᠭᠡᠬᠦ ᠬᠦᠴᠦᠨ ᠪᠣᠯᠭᠠᠨ᠂ ᠬᠦᠴᠢᠷ ᠪᠡᠷᠬᠡ ᠶᠢ ᠵᠣᠷᠢᠭᠲᠠᠢ ᠲᠤᠭᠤᠯᠤᠨ᠂ ᠪᠦᠲᠦᠭᠡᠨ ᠪᠠᠶᠢᠭᠤᠯᠤᠯᠲᠠ ᠶᠢᠨ ᠰᠠᠶᠢᠬᠠᠨ ᠴᠠᠭ ᠢ ᠠᠮᠵᠢᠨ ᠠᠳᠬᠤᠵᠤ᠂ ᠴᠠᠭ ᠮᠥᠴᠡ ᠲᠠᠢ ᠤᠷᠤᠯᠳᠤᠨ ᠲᠥᠷᠥᠯ ᠵᠦᠢᠯ ᠢ ᠠᠳᠬᠤᠵᠤ᠂ ᠠᠵᠤ ᠠᠬᠤᠶᠢᠯᠠᠯ ᠢ ᠨᠠᠷᠢᠨ ᠨᠢᠮᠪᠠᠢ ᠳᠡᠮᠵᠢᠵᠦ᠂ ᠳᠠᠯᠳᠠ ᠬᠦᠴᠦᠨ ᠢ ᠬᠥᠭᠵᠢᠭᠦᠯᠦᠨ ᠬᠡᠷᠡᠭᠯᠡᠭᠡ ᠶᠢ ᠠᠬᠢᠭᠤᠯᠤᠨ᠂ ᠦᠨᠡᠨ ᠰᠡᠳᠬᠢᠯ ᠬᠠᠯᠠᠭᠤᠨ ᠬᠠᠶᠢᠷ᠎ᠠ ᠡᠷᠴᠢ ᠬᠦᠴᠦᠨ ᠢᠶᠠᠷ ᠠᠷᠠᠳ ᠤᠨ ᠠᠮᠢᠳᠤᠷᠠᠯ ᠢ ᠪᠠᠲᠤᠯᠠᠨ᠂ ᠡᠷᠲᠡ ᠣᠷᠣᠢ ᠲᠠᠢ ᠤᠷᠤᠯᠳᠤᠨ᠂ ᠴᠢᠩᠭ᠎ᠠ ᠠᠳᠬᠤᠨ ᠰᠢᠷᠭᠠᠭᠤ ᠠᠵᠢᠯᠯᠠᠵᠤ᠂ ᠣᠨ ᠤ ᠡᠯ᠎ᠡ ᠲᠥᠷᠥᠯ ᠤᠨ ᠡᠭᠦᠷᠭᠡ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠳᠠᠶᠢᠯᠠᠯᠳᠤᠭᠠᠨ ᠳᠤ ᠰᠢᠢᠳᠪᠦᠷᠢᠲᠦ ᠢᠯᠠᠯᠲᠠ ᠣᠯᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠭᠰᠠᠨ ᠪᠦᠭᠡᠳ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠬᠤ ᠲᠠᠯ᠎ᠠ ᠳᠤ ᠪᠣᠳᠠᠲᠠᠢ ᠱᠠᠭᠠᠷᠳᠠᠯᠭ᠎ᠠ ᠳᠤᠷᠠᠳᠪᠠ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠰᠦᠨ ᠵᠢᠶᠠᠨ ᠬᠤᠸᠠ᠂ ᠯᠥᠸᠧ ᠴᠢᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠵᠡᠷᠭᠡ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃     ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号