ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠷᠭᠤᠮᠠᠯ︶ ᠡᠮᠦᠨᠡᠭᠡᠨ᠂ | ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠠᠴᠠ | ᠣᠶᠢᠯᠠᠭᠠᠭᠰᠠᠨ ᠢᠶᠠᠷ᠂ ᠬᠥᠬᠡᠬᠤᠲᠠ ᠰᠢᠨ᠎ᠡ ᠲᠢᠲᠢᠮᠯᠢᠭ ᠸᠢᠷᠦ᠋ᠰ ᠢ ᠰᠢᠯᠭᠠᠨ ᠪᠠᠶᠢᠴᠠᠭᠠᠬᠤ ᠬᠤᠯᠪᠣᠭᠳᠠᠯ ᠪᠥᠬᠦᠶ | ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ ᠲᠡᠭᠦᠯᠳᠡᠷᠵᠢᠭᠦᠯᠵᠠᠢ᠃ | ᠣᠶᠢᠯᠠᠭᠠᠭᠰᠠᠨ ᠢᠶᠠᠷ᠂ ᠬᠥᠬᠡᠬᠤᠲᠠ ︽ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠥᠭᠡᠮ ᠬᠦᠴᠢᠯ ᠤᠨ | ᠪᠠᠶᠢᠴᠠᠭᠠᠯᠳᠠ ᠬᠢᠬᠦ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠤᠯᠪᠣᠭᠳᠠᠯ ᠪᠥᠬᠦᠶ ᠵᠦᠢᠯ ᠤᠨ | ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ᠰᠢᠨ᠎ᠡ ᠲᠢᠲᠢᠮᠯᠢᠭ ᠸᠢᠷᠦ᠋ᠰ ᠤᠨ ᠪᠥᠭᠡᠮ | ᠬᠦᠴᠢᠯ ᠤᠨ ᠰᠢᠯᠭᠠᠨ ᠪᠠᠶᠢᠴᠠᠭᠠᠯᠲᠠ︾ ᠶᠢᠨ ᠲᠥᠷᠥᠯ ᠵᠦᠢᠯ ᠤᠨ ᠦᠨ᠎ᠡ ᠬᠠᠩᠰᠢ ᠶᠢ 160 ᠲᠥᠭᠦᠷᠢᠭ / | ᠤᠳᠠᠭ᠎ᠠ ᠪᠣᠯᠭᠠᠨ ᠲᠣᠬᠢᠷᠠᠭᠤᠯᠵᠤ᠂ ᠡᠰᠡᠷᠭᠦᠴᠡᠭᠴᠢ ᠴᠣᠭᠴᠠ ᠶᠢᠨ ᠪᠠᠶᠢᠴᠠᠭᠠᠨ ᠰᠢᠯᠭᠠᠬᠤ ᠲᠥᠷᠥᠯ ᠵᠦᠢᠯ ᠤᠨ | ᠦᠨ᠎ᠡ ᠬᠠᠩᠰᠢ ᠶᠢ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠵᠠᠢ᠃ | ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠬᠥᠬᠡᠬᠤᠲᠠ ᠶᠢᠨ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠳ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳ᠋ᠦᠰᠢᠨᠡ ᠲᠢᠲᠢᠮᠯᠢᠭ ᠸᠢᠷᠦ᠋ᠰ ᠤᠨ ᠪᠥᠭᠡᠮ | ᠬᠦᠴᠢᠯ ᠤᠨ ᠪᠠᠶᠢᠴᠠᠭᠠᠯᠳᠠ ᠬᠢᠭᠰᠡᠨ ᠨᠢ ᠰᠢᠨ᠎ᠡ ᠡᠮᠨᠡᠯᠭᠡ ᠳᠤ ᠰᠠᠭᠤᠭᠰᠠᠨ ᠡᠪᠡᠳᠴᠢᠲᠡᠨ ᠪᠠ ᠬᠠᠯᠠᠭᠤᠷᠠᠭᠰᠠᠨ | ᠡᠭᠦᠳᠡᠨ ᠡᠮᠨᠡᠯᠭᠡ ᠶᠢᠨ ᠡᠪᠡᠳᠴᠢᠲᠡᠨ ᠳᠤ ᠲᠣᠭᠠᠴᠠᠭᠳᠠᠨ᠎ᠠ᠂ ᠲᠦᠷ ᠴᠠᠭ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦᠨ ᠤ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠡᠭᠦᠳᠡᠨ ᠡᠮᠨᠡᠯᠭᠡ ᠶᠢᠨ ᠲᠥᠷᠥ ᠶᠢᠨ ᠪᠣᠳᠣᠯᠭ᠎ᠠ ᠶᠢᠨ | ᠪᠠᠷᠢᠮᠵᠢᠶ᠎ᠠ ᠶᠣᠰᠣᠭᠠᠷ ᠳᠠᠩᠰᠠᠨ ᠠᠴᠠ ᠲᠠᠶᠢᠯᠵᠤ᠂ ᠲᠣᠭᠠᠴᠠᠭ᠎ᠠ ᠬᠢᠬᠦ ᠬᠠᠮᠤᠭ ᠳᠣᠣᠷ᠎ᠠ ᠬᠢᠵᠠᠭᠠᠷ ᠱᠤᠭᠤᠮ | ᠲᠤᠭᠳᠠᠭᠠᠬᠤ ᠦᠭᠡᠶ᠃ ᠡᠮᠨᠡᠯᠭᠡ ᠶᠢᠨ ᠳᠠᠭᠠᠳᠬᠠᠯ ᠤᠨ ᠲᠣᠭᠲᠠᠭᠠᠯ ᠶᠣᠰᠣᠭᠠᠷ ᠲᠣᠭᠠᠴᠠᠭ᠎ᠠ ᠬᠢᠭᠰᠡᠨ ᠤ ᠳᠠᠷᠠᠭ᠎ᠠ᠂ | ᠬᠤᠪᠢ ᠬᠥᠮᠦᠨ ᠤ ᠡᠭᠦᠷᠭᠡᠯᠡᠬᠦ ᠰᠦᠢᠳᠬᠡᠯ ᠢ ᠡᠯ᠎ᠡ ᠱᠠᠲᠤᠨ ᠤ ᠵᠠᠰᠠᠭ ᠤᠨ ᠣᠷᠳᠣᠨ ᠠᠴᠠ ᠡᠭᠦᠷᠭᠡᠯᠡᠨ᠎ᠡ᠃ ᠬᠤᠲᠠ | ᠪᠠᠯᠭᠠᠰᠤᠨ ᠤ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠵᠦ ᠣᠯᠭᠤᠮᠵᠢ ᠬᠦᠷᠲᠡᠵᠦ ᠪᠠᠶᠢᠭ᠎ᠠ ᠬᠥᠮᠦᠰ ᠲᠤ | ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠵᠢᠬᠦᠯᠦᠭᠰᠡᠨ ᠬᠠᠷᠠᠭᠠᠯᠵᠠᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ | ᠭᠤᠷᠪᠠᠳᠤᠭᠠᠷ ᠳᠡᠰ ᠤᠨ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠳᠤ ᠪᠠᠶᠢᠴᠠᠭᠠᠯᠳᠠ ᠬᠢᠭᠰᠡᠨ ᠢ ᠨᠢ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦᠨ ᠠᠴᠠ 60% ᠪᠠᠷ ᠲᠣᠭᠠᠴᠠᠭ᠎ᠠ ᠬᠢᠵᠦ᠂ ᠬᠤᠪᠢ ᠶᠢᠨ ᠰᠦᠢᠳᠬᠡᠯ ᠤᠨ ᠬᠡᠰᠡᠭ ᠢ ᠡᠮᠴᠢᠯᠡᠭᠡᠨ ᠤ | ᠪᠠᠶᠢᠭᠤᠯᠤᠮᠵᠢ ᠠᠴᠠ ᠲᠠᠩᠰᠠᠯᠠᠨ ᠲᠡᠮᠳᠡᠭᠯᠡᠵᠦ ᠪᠦᠷᠢᠳᠬᠡᠭᠰᠡᠨ ᠤ ᠳᠠᠷᠠᠭ᠎ᠠ ᠵᠠᠰᠠᠭ ᠤᠨ ᠣᠷᠳᠣᠨ ᠠᠴᠠ ᠡᠭᠦᠷᠭᠡᠯᠡᠨ᠎ᠡ︔ | ᠬᠤᠶᠠᠳᠤᠭᠠᠷ ᠳᠡᠰ ᠵᠢᠴᠢ ᠪᠤᠰᠤᠳ ᠲᠣᠭᠲᠠᠭᠰᠠᠨ ᠴᠡᠭ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠪᠠᠶᠢᠴᠠᠭᠠᠯᠳᠠ | ᠬᠢᠭᠰᠡᠨ ᠢ ᠨᠢ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦᠨ ᠠᠴᠠ 80% ᠪᠠᠷ ᠲᠣᠭᠠᠴᠠᠭ᠎ᠠ ᠬᠢᠵᠦ᠂ | ᠬᠤᠪᠢ ᠶᠢᠨ ᠰᠦᠢᠳᠬᠡᠯ ᠤᠨ ᠬᠡᠰᠡᠭ ᠢ ᠤᠷᠢᠳ ᠢᠶᠠᠷ ᠡᠮᠴᠢᠯᠡᠭᠡᠨ ᠤ ᠪᠠᠶᠢᠭᠤᠯᠤᠮᠵᠢ ᠠᠴᠠ ᠳᠠᠩᠰᠠᠯᠠᠨ ᠲᠡᠮᠳᠡᠭᠯᠡᠵᠦ | ᠪᠦᠷᠢᠳᠬᠡᠭᠰᠡᠨ ᠤ ᠳᠠᠷᠠᠭ᠎ᠠ ᠵᠠᠰᠠᠭ ᠤᠨ ᠣᠷᠳᠣᠨ ᠠᠴᠠ ᠡᠭᠦᠷᠭᠡᠯᠡᠨ᠎ᠡ᠃ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠳᠠᠭᠠᠳᠬᠠᠯ ᠳᠤ ᠣᠷᠣᠯᠴᠠᠭᠰᠠᠨ ᠣᠯᠭᠤᠮᠵᠢ ᠬᠦᠷᠲᠡᠵᠦ ᠪᠠᠶᠢᠭ᠎ᠠ ᠬᠥᠮᠥᠰ ᠲᠤ ᠡᠭᠦᠳᠡᠨ ᠡᠮᠨᠡᠯᠭᠡ ᠶᠢᠨ | ᠨᠢᠭᠡᠳᠦᠯᠲᠡᠶ ᠲᠥᠯᠥᠪᠵᠢᠬᠦᠯᠦᠭᠰᠡᠨ ᠬᠠᠷᠠᠭᠠᠯᠵᠠᠯ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠵᠦ᠂ ᠭᠤᠷᠪᠠᠳᠤᠭᠠᠷ | ᠳᠡᠰ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠪᠠᠶᠢᠴᠠᠭᠠᠯᠲᠠ ᠬᠢᠭᠰᠡᠨ ᠢ ᠨᠢ ᠡᠮᠴᠢᠯᠡᠭᠡ ᠶᠢᠨ | ᠳᠠᠭᠠᠳᠬᠠᠯ ᠤᠨ ᠰᠠᠭᠤᠷᠢ ᠮᠥᠩᠭᠦᠨ ᠠᠴᠠ 50% ᠪᠠᠷ ᠲᠣᠭᠠᠴᠠᠭ᠎ᠠ ᠬᠢᠵᠦ᠂ ᠬᠤᠪᠢ ᠶᠢᠨ ᠰᠦᠢᠳᠬᠡᠯ ᠤᠨ | ᠬᠡᠰᠡᠭ ᠢ ᠤᠷᠢᠳ ᠢᠶᠠᠷ ᠡᠮᠴᠢᠯᠡᠭᠡᠨ ᠤ ᠪᠠᠶᠢᠭᠤᠯᠤᠮᠵᠢ ᠠᠴᠠ ᠲᠠᠩᠰᠠᠯᠠᠨ ᠲᠡᠮᠳᠡᠭᠯᠡᠵᠦ ᠪᠦᠷᠢᠳᠬᠡᠭᠰᠡᠨ ᠤ ᠳᠠᠷᠠᠭ᠎ᠠ | ᠵᠠᠰᠠᠭ ᠤᠨ ᠣᠷᠳᠣᠨ ᠠᠴᠠ ᠡᠭᠦᠷᠭᠡᠯᠡᠨ᠎ᠡ︔ ᠬᠤᠶᠠᠳᠤᠭᠠᠷ ᠳᠡᠰ ᠵᠢᠴᠢ ᠪᠤᠰᠤᠳ ᠲᠣᠭᠲᠠᠭᠰᠠᠨ ᠴᠡᠭ ᠪᠦᠬᠦᠢ | ᠡᠮᠴᠢᠯᠡᠭᠡᠨ ᠤ ᠪᠠᠶᠢᠭᠤᠯᠤᠮᠵᠢ ᠳᠤ ᠪᠠᠶᠢᠴᠠᠭᠠᠨ ᠰᠢᠯᠭᠠᠭᠰᠠᠨ ᠢ ᠨᠢ ᠡᠮᠨᠡᠯᠭᠡ ᠶᠢᠨ ᠳᠠᠭᠠᠳᠬᠠᠯ ᠤᠨ ᠰᠠᠭᠤᠷᠢ | ᠮᠥᠩᠭᠦᠨ ᠠᠴᠠ 60% ᠪᠠᠷ ᠲᠣᠭᠠᠴᠠᠭ᠎ᠠ ᠬᠢᠵᠦ᠂ ᠬᠤᠪᠢ ᠶᠢᠨ ᠰᠦᠢᠳᠬᠡᠯ ᠤᠨ ᠬᠡᠰᠡᠭ ᠢ ᠤᠷᠢᠤᠨ ᠢᠶᠠᠷ | ᠡᠮᠴᠢᠯᠡᠭᠡᠨ ᠤ ᠪᠠᠶᠢᠭᠤᠯᠤᠮᠵᠢ ᠠᠴᠠ ᠳᠠᠩᠰᠠᠯᠠᠨ ᠲᠡᠮᠳᠡᠭᠯᠡᠵᠦ ᠪᠦᠷᠢᠳᠬᠡᠭᠰᠡᠨ ᠤ ᠳᠠᠷᠠᠭ᠎ᠠ ᠵᠠᠰᠠᠭ ᠤᠨ ᠣᠷᠳᠣᠨ ᠠᠴᠠ | ᠡᠭᠦᠷᠭᠡᠯᠡᠨ᠎ᠡ᠃ | ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠰᠠᠯᠠᠭ᠎ᠠ ᠮᠦᠴᠢᠷ ᠠᠴᠠ ᠨᠡᠶᠢᠲᠡᠯᠡᠨ ᠵᠠᠷᠯᠠᠭᠰᠠᠨ ᠰᠢᠯᠭᠠᠨ | ᠪᠠᠶᠢᠴᠠᠭᠠᠬᠤ ᠬᠢᠷᠢ ᠬᠡᠮ ᠲᠠᠢ ᠡᠮᠴᠢᠯᠡᠭᠡᠨ ᠤ ᠪᠠᠶᠢᠭᠤᠯᠤᠮᠵᠢ ᠨᠤᠭᠤᠳ ︽ᠮᠡᠳᠡᠭᠳᠡᠯ︾ ᠤᠨ ᠲᠤᠭᠳᠠᠭᠠᠯ ᠶᠤᠰᠤᠭᠠᠷ ︽ | ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ︾ ᠬᠡᠪᠴᠢᠶᠡᠨ ᠳᠠᠬᠢ ᠬᠦᠮᠦᠰ ᠢ ᠪᠤᠳᠠᠳᠠᠢ ᠲᠣᠭᠲᠠᠭᠠᠨ᠎ᠠ᠃ | ᠡᠭᠦᠨ ᠳᠤ᠂ ᠰᠢᠨ᠎ᠡ ᠪᠠᠷ ᠡᠮᠨᠡᠯᠭᠡ ᠳᠤ ᠰᠠᠭᠤᠭᠰᠠᠨ ᠡᠪᠡᠳᠴᠢᠳᠡᠨ ᠳᠤ᠂ ᠵᠠᠰᠠᠭ ᠤᠨ ᠤᠷᠳᠤᠨ ᠠᠴᠠ 1 ᠪᠠᠷ᠎ᠠ | ᠪᠤᠯᠵᠦ ᠰᠤᠪᠢᠯᠠᠵᠦ ᠪᠠᠶᠢᠭ᠎ᠠ ᠭᠡᠷ ᠤᠨ ᠬᠦᠮᠦᠨ ᠤ ᠰᠢᠯᠭᠠᠨ | ᠪᠠᠶᠢᠴᠠᠭᠠᠬᠤ ᠰᠦᠢᠳᠬᠡᠯ ᠢ ᠨᠢ ᠬᠠᠷᠢᠭᠤᠴᠠᠨ᠎ᠠ᠃ |