ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/7/17
ᠵᠠᠩ ᠪᠠᠢ ᠴᠧᠩ ᠡᠷᠬᠢᠯᠡᠪᠡ       ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 7 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 44 ᠳ᠋ᠦ᠋ᠭᠡᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠪᠠᠷ ᠰᠡᠷᠭᠡᠶᠢᠯᠡᠨ ᠡᠵᠡᠮᠳᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠢᠷᠤᠮᠵᠢᠭᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ︽ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠵᠦ ᠬᠥᠮᠥᠰ ᠤᠨ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠶᠢ ᠠᠬᠢᠭᠤᠯᠬᠤ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠳᠡᠯᠡᠬᠡᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠠᠶᠤᠯ ᠲᠦᠭᠰᠢᠭᠦᠷᠢ ᠲᠠᠢ ᠪᠠᠶᠢᠵᠤ᠂ ᠮᠠᠨ ᠤ ᠬᠤᠲᠠ ᠶᠢᠨ ᠭᠠᠳᠠᠨ᠎ᠠ ᠠᠴᠠ ᠣᠷᠣᠵᠤ ᠢᠷᠡᠬᠦ ᠶᠢ ᠰᠡᠷᠭᠡᠶᠢᠯᠡᠬᠦ ᠠᠵᠢᠯ ᠤᠨ ᠳᠠᠷᠤᠭᠠᠰᠤ ᠮᠥᠨ ᠬᠦ ᠮᠠᠰᠢ ᠶᠡᠭᠡ ᠪᠠᠶᠢᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠨᠣᠷ ᠰᠡᠷᠡᠮᠵᠢ ᠪᠠᠨ ᠴᠠᠭ ᠢᠮᠠᠭᠲᠠ ᠴᠢᠩᠭᠠᠯᠠᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠱᠠᠭᠠᠷᠳᠠᠯᠭ᠎ᠠ ᠪᠠ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠃ ᠳᠤᠮᠳᠠ᠂ ᠥᠨᠳᠥᠷ ᠲᠦᠭᠰᠢᠭᠦᠷᠢ ᠶᠢᠨ ᠣᠷᠣᠨ ᠠᠴᠠ ᠬᠥᠬᠡᠬᠤᠲᠠ ᠳᠤ ᠢᠷᠡᠭᠰᠡᠨ ᠬᠥᠮᠥᠰ ᠢ ᠪᠠᠶᠢᠴᠠᠭᠠᠬᠤ᠂ ᠰᠢᠯᠭᠠᠨ ᠬᠡᠮᠵᠢᠬᠦ ᠵᠢᠴᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠴᠢᠩᠭᠠᠳᠬᠠᠵᠤ᠂ ᠣᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠡᠭᠡᠵᠢᠩ ᠠᠴᠠ ᠢᠷᠡᠭᠰᠡᠨ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠴᠤᠭᠯᠠᠭ᠎ᠠ ᠮᠠᠶᠢᠮᠠᠢ᠂ ᠰᠥᠨᠢ ᠶᠢᠨ ᠵᠠᠬ᠎ᠠ ᠵᠡᠷᠭᠡ ᠣᠯᠠᠨ ᠬᠦᠮᠦᠨ ᠴᠤᠭᠯᠠᠷᠠᠭᠰᠠᠨ ᠭᠠᠵᠠᠷ ᠣᠷᠣᠨ ᠢ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ ᠣᠯᠠᠨ ᠤᠯᠤᠰ ᠤᠨ ᠨᠢᠰᠬᠡᠯ ᠤᠨ ᠬᠤᠪᠢᠶᠠᠷᠢᠯᠠᠨ ᠪᠠᠭᠤᠯᠭᠠᠬᠤ ᠲᠤᠰᠠᠭᠠᠷᠯᠠᠬᠤ ᠪᠠᠭᠤᠳᠠᠯ ᠂ ᠠᠵᠢᠯ ᠤᠨ ᠬᠥᠮᠥᠰ᠂ ᠬᠢᠵᠢᠭ ᠢ ᠰᠡᠷᠭᠡᠶᠢᠯᠡᠬᠦ ᠡᠳ᠋ ᠬᠥᠷᠥᠩᠭᠡ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠤᠯᠠᠮ ᠨᠢᠭᠡ ᠠᠯᠬᠤᠮ ᠰᠠᠶᠢᠨ ᠬᠢᠵᠦ᠂ ᠬᠤᠪᠢᠶᠠᠷᠢᠯᠠᠨ ᠪᠠᠭᠤᠯᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠡᠮᠨᠡᠯᠭᠡ ᠶᠢᠨ ᠬᠤᠷᠢᠶ᠎ᠠ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠰᠡᠷᠭᠡᠶᠢᠯᠡᠨ ᠡᠵᠡᠮᠳᠡᠬᠦ᠂ ᠡᠷᠡᠭᠦᠯ ᠮᠡᠨᠳᠦ ᠶᠢᠨ ᠮᠡᠷᠭᠡᠨ ᠴᠣᠬᠤᠷ ᠢ ᠲᠦᠭᠡᠮᠡᠯᠵᠢᠭᠦᠯᠦᠨ ᠬᠡᠷᠡᠭᠯᠡᠬᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠰᠢᠮᠳᠠᠭᠤᠯᠤᠨ ᠪᠠᠶᠢᠴᠠᠭᠠᠬᠤ᠂ ᠵᠢᠵᠢᠭᠦᠷᠯᠡᠨ ᠰᠠᠬᠢᠬᠤ ᠵᠡᠷᠭᠡ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂  ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠪᠠᠲᠤ ᠪᠠᠬᠢ ᠨᠠᠷᠢᠨ ᠨᠢᠭᠲᠠ ᠰᠦᠯᠵᠢᠵᠦ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠰᠠᠶᠢᠬᠠᠨ ᠪᠠᠶᠢᠳᠠᠯ ᠢ ᠦᠨᠡᠨᠬᠦ ᠪᠠᠲᠤᠳᠬᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ᠂ ᠮᠠᠨ ᠤ ᠬᠤᠲᠠ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ᠂ ᠪᠢ ᠭᠥᠸᠧ ᠴᠧᠨ᠂ ᠵᠸᠦ ᠴᠢᠶᠠᠩ᠂ ᠶᠦᠨ ᠰᠢᠨ ᠮᠢᠩ᠂᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号