ᠵᠣᠴᠢᠨ᠄ ᠬᠦᠬᠡᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠲᠡᠳ᠋ ᠭᠠᠵᠠᠷ ᠤᠨ ᠲᠡᠰ ᠤᠨ | ᠤᠳᠤᠷᠢᠳᠤᠯᠭ᠎ᠠ ᠯᠢ ᠯᠦᠩ ᠯᠦᠩ | ᠬᠠᠤᠯᠢ ᠲᠦᠷᠢᠮ ᠭᠠᠶᠢᠯᠢ ᠶᠢᠨ ᠲᠥᠷᠥ ᠶᠢᠨ ᠪᠤᠳᠤᠯᠭ᠎ᠠ ᠶᠢᠨ ᠰᠠᠯᠠᠭ᠎ᠠ ᠶᠢᠨ ᠲᠡᠳ᠋ ᠰᠠᠯᠠᠭᠠᠨ ᠲᠠᠷᠤᠭ᠎ᠠ ᠯᠢ | ᠰᠧ ᠶᠣᠣ | 1.ᠬᠠᠮᠢᠶᠠᠷᠤᠭᠴᠢ | ᠲᠤᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ | ᠬᠦᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠨᠡᠪᠲᠡᠷᠡᠭᠦᠯᠭᠡ ᠶᠢᠨ ᠬᠠᠮᠲᠤᠷᠠᠭᠰᠠᠨ | ᠲᠤᠰᠬᠠᠶ ᠰᠣᠷᠪᠤᠯᠵᠢᠯᠠᠭ᠎ᠠ ᠪᠣᠯᠤᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠡᠷᠬᠢᠮ | ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | 2. ᠬᠦᠳᠦᠯᠦᠭᠴᠢ | 5 ᠳ᠋ᠤᠭᠠᠷ ᠰᠠᠷ᠎ᠠ ᠶᠢᠨ 22 ᠤᠨ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ | ᠺᠧ ᠴᠢᠶᠠᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠡᠯ᠎ᠡ ᠱᠠᠲᠤᠨ ᠤ | ᠵᠠᠰᠠᠭ ᠤᠨ ᠣᠷᠳᠣᠨ ᠤᠬᠠᠮᠰᠠᠷ ᠠᠴᠠ ᠪᠠᠨ ᠦᠵᠡᠯ ᠰᠠᠨᠠᠭᠠᠨ ᠤ ᠲᠠᠯ᠎ᠠ ᠪᠠᠷ᠂ ᠤᠯᠤᠰ ᠲᠥᠷᠥ ᠶᠢᠨ ᠲᠠᠯ᠎ᠠ ᠪᠠᠷ᠂ | ᠦᠢᠯᠡ ᠠᠵᠢᠯᠯᠠᠭ᠎ᠠ ᠶᠢᠨ ᠲᠠᠯ᠎ᠠ ᠪᠠᠷ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠢ ᠪᠠᠶᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠲᠠᠯᠠᠵᠤ᠂ ᠵᠠᠰᠠᠬᠤ | ᠴᠢᠳᠠᠪᠤᠷᠢ ᠪᠠᠨ ᠲᠡᠭᠡᠭᠰᠢᠯᠡᠭᠦᠯᠬᠦ ᠬᠡᠷᠡᠭᠲᠡᠢ ᠭᠡᠵᠡᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ | ᠵᠠᠰᠠᠬᠤ ᠶᠢ ᠭᠦᠨᠵᠡᠭᠡᠶ ᠠᠬᠢᠭᠤᠯᠬᠤ ᠠᠯᠢ ᠣᠯᠠᠨ ᠰᠢᠨ᠎ᠡ ᠱᠠᠭᠠᠷᠳᠠᠯᠭ᠎ᠠ᠂ ᠰᠢᠨ᠎ᠡ ᠡᠭᠦᠷᠭᠡ ᠶᠢ ᠳᠤᠷᠠᠳᠴᠤ᠂ | ᠢᠯᠠᠩᠭᠤᠶ᠎ᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠪᠠᠶᠢᠭᠤᠯᠬᠤ᠂ | ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠠᠶᠢᠭᠤᠯᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠳᠣᠲᠣᠭᠠᠳᠤ ᠱᠠᠭᠠᠷᠳᠠᠯᠭ᠎ᠠ ᠮᠥᠨ ᠭᠡᠵᠦ ᠤᠯᠠᠮ ᠨᠢᠭᠡ ᠠᠯᠬᠤᠮ | ᠲᠣᠳᠣᠷᠬᠠᠶᠢᠯᠠᠪᠠ᠃ ᠶᠡᠷᠦᠨᠢ ᠡᠳ᠋ ᠤᠨ ᠵᠠᠰᠠᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠨᠢ ᠬᠠᠤᠯᠢ ᠪᠠᠷ ᠵᠠᠰᠠᠬᠤ | ᠤᠯᠤᠰ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠤᠨ ᠪᠦᠬᠦ ᠲᠠᠯ᠎ᠠ ᠳᠤ | ᠴᠢᠬᠤᠯᠠ ᠪᠠᠶᠢᠷᠢᠨ ᠳᠤ ᠣᠷᠣᠰᠢᠵᠤ ᠪᠠᠶᠢᠳᠠᠭ᠂ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ | ᠣᠳᠣᠬᠢᠴᠢᠯᠠᠯᠲᠠ ᠶᠢ ᠪᠡᠶᠡᠯᠡᠭᠦᠯᠵᠦ᠂ ᠰᠢᠨ᠎ᠡ ᠨᠢᠭᠡ ᠡᠭᠡᠯᠵᠢ ᠶᠢᠨ ᠡᠳ᠋ ᠤᠨ ᠵᠠᠰᠠᠭ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠬᠦᠯᠬᠦ ᠶᠢ ᠲᠦᠯᠬᠢᠨ ᠠᠬᠢᠭᠤᠯᠬᠤ ᠳᠤ ᠡᠳ᠋ ᠤᠨ ᠵᠠᠰᠠᠭ ᠤᠨ ᠬᠠᠤᠯᠢ ᠪᠠᠷ | ᠵᠠᠰᠠᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠳᠠᠮᠵᠢᠭᠤᠯᠤᠨ ᠪᠠᠳᠤᠯᠠᠭ᠎ᠠ ᠬᠠᠩᠭᠠᠬᠤ ᠪᠠ | ᠬᠠᠮᠤᠭ ᠤᠨ ᠰᠠᠶᠢᠨ ᠠᠷᠭ᠎ᠠ ᠵᠠᠮ ᠬᠠᠩᠭᠠᠬᠤ ᠴᠢᠬᠤᠯᠠᠲᠠᠶ ᠶᠤᠮ᠃ ᠮᠠᠨ ᠤ ᠬᠤᠲᠠ ᠶᠢᠨ ᠡᠳ᠋ ᠤᠨ ᠵᠠᠰᠠᠭ ᠤᠨ | ᠬᠠᠤᠯᠢ ᠪᠠᠷ ᠵᠠᠰᠠᠬᠤ ᠪᠠᠶᠢᠭᠤᠯᠤᠯᠲᠠ ᠨᠢ ᠶᠠᠮᠠᠷ ᠶᠠᠮᠠᠷ ᠠᠵᠢᠯ ᠬᠢᠭᠰᠡᠨ ᠪᠣᠯ︖ ᠶᠠᠮᠠᠷ ᠶᠠᠮᠠᠷ ᠦᠷ᠎ᠡ ᠪᠦᠲᠦᠮᠵᠢ | ᠣᠯᠤᠭᠰᠠᠨ ᠪᠣᠯ︖ ᠥᠨᠥᠳᠦᠷ ᠤᠨ ᠨᠡᠪᠳᠡᠷᠡᠭᠦᠯᠭᠡ ᠪᠠᠷ ᠪᠢᠳᠡ ᠬᠥᠬᠡᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠶᠢᠨ ᠨᠥᠬᠦᠳ ᠢ ᠣᠨᠴᠠᠭᠠᠶᠢᠯᠠᠨ ᠤᠷᠢᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ | ᠪᠠᠶᠢᠭᠤᠯᠤᠯᠲᠠ ᠶᠢᠨ ᠲᠣᠭᠤᠷᠢᠨ ᠳᠤ ᠰᠦᠯᠵᠢᠶᠡᠨ ᠠᠨᠳᠠ ᠨᠠᠷ ᠪᠣᠯᠤᠨ ᠰᠣᠨᠣᠰᠤᠭᠴᠢᠳ ᠲᠠᠢ ᠰᠦᠯᠵᠢᠶᠡᠨ ᠳᠡᠭᠡᠷ᠎ᠡ | ᠰᠠᠨᠠᠯ ᠢᠶᠠᠨ ᠰᠣᠯᠢᠯᠴᠠᠬᠤ ᠪᠤᠯᠤᠨ᠎ᠠ᠃ | 3.ᠬᠦᠲᠦᠯᠦᠭᠴᠢ | 2015 ᠣᠨ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠬᠠᠤᠯᠢ ᠪᠠᠷ ᠵᠠᠰᠠᠬᠤ ᠵᠠᠰᠠᠭ ᠤᠨ | ᠣᠷᠳᠣᠨ ᠢ ᠦᠨᠳᠦᠰᠦᠨ ᠳᠡᠭᠡᠨ ᠪᠠᠶᠢᠭᠤᠯᠤᠨ ᠪᠦᠲᠦᠭᠡᠬᠦ ᠶᠢ 2020 ᠣᠨ ᠪᠣᠯᠬᠤ ᠳᠤ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠴᠢᠬᠤᠯᠠ ᠬᠠᠷᠠᠯᠲᠠ ᠶᠢᠨ ᠨᠢᠭᠡ ᠪᠣᠯᠭᠠᠨ ᠲᠣᠭᠲᠠᠭᠠᠭᠰᠠᠨ ᠪᠥᠭᠡᠳ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠣᠳᠠᠲᠤ ᠪᠠᠶᠢᠳᠠᠯ ᠳᠤ ᠴᠢᠭᠯᠡᠭᠦᠯᠦᠨ᠂ ︽ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠬᠡᠷᠡᠭᠵᠢᠭᠦᠯᠬᠦ ᠬᠥᠲᠥᠯᠪᠦᠷᠢ ︵2015 — 2020︶︾ ᠶᠢ | ᠲᠣᠭᠲᠠᠭᠠᠪᠠ᠃ ᠡᠭᠦᠨ ᠤ ᠳᠣᠲᠣᠷᠠᠬᠢ ᠮᠠᠰᠢ ᠣᠯᠠᠨ ᠴᠢᠬᠤᠯᠠ ᠠᠵᠢᠯ ᠢ ᠡᠳ᠋ ᠤᠨ ᠵᠠᠰᠠᠭ ᠤᠨ ᠰᠠᠯᠠᠭ᠎ᠠ ᠮᠥᠴᠢᠷ | ᠲᠦᠷᠦᠭᠦᠯᠡᠨ ᠪᠡᠶᠡᠯᠡᠭᠦᠯᠦᠭᠰᠡᠨ ᠶᠤᠮ᠂ ᠲᠡᠭᠡᠪᠡᠯ ᠮᠠᠨ ᠤ ᠲᠥᠪ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ | ᠮᠥᠴᠢᠷ ᠪᠦᠬᠦ ᠬᠤᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ | ᠠᠬᠢᠭᠤᠯᠬᠤ ᠶᠠᠪᠤᠴᠠ ᠳᠤ ᠲᠤᠰ ᠪᠡᠶ᠎ᠡ ᠶᠢᠨ ᠡᠭᠦᠷᠭᠡ ᠴᠢᠳᠠᠪᠬᠢ ᠠᠴᠠ ᠪᠠᠨ ᠡᠭᠦᠰᠴᠦ᠂ ᠶᠠᠮᠠᠷ ᠶᠠᠮᠠᠷ | ᠭᠤᠤᠯᠳᠠᠯᠭ᠎ᠠ ᠲᠠᠢ ᠠᠵᠢᠯ ᠢ ᠲᠦᠷᠦᠭᠦᠯᠡᠨ ᠬᠢᠭᠰᠡᠨ ᠪᠣᠶ︖ | 4. ᠬᠦᠬᠡᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠲᠡᠳ᠋ ᠭᠠᠵᠠᠷ ᠤᠨ ᠲᠡᠰ ᠤᠨ ᠤᠳᠤᠷᠢᠳᠤᠯᠭ᠎ᠠ | ᠯᠢ ᠯᠦᠩ ᠯᠦᠩ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ᠬᠥᠲᠥᠯᠪᠦᠷᠢ︾ ᠪᠣᠯᠤᠨ ᠡᠳ᠋ ᠤᠨ ᠵᠠᠰᠠᠭ ᠤᠨ | ᠶᠠᠮᠤᠨ ᠤ ︽ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠤᠨ | ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ | ᠡᠳ᠋ ᠤᠨ ᠶᠠᠪᠤᠳᠠᠯ ᠢ ᠬᠠᠮᠢᠶᠠᠷᠬᠤ︾ ᠪᠠᠷ ᠵᠢᠯᠤᠭᠤᠳᠬᠤ ᠦᠵᠡᠯ ᠰᠠᠨᠠᠭ᠎ᠠ ᠪᠣᠯᠭᠠᠵᠤ᠂ ᠬᠠᠤᠯᠢ ᠪᠠᠷ ᠵᠠᠰᠠᠬᠤ ᠵᠠᠰᠠᠭ | ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠱᠠᠭᠠᠷᠳᠠᠯᠭ᠎ᠠ ᠶᠢ ᠢᠳᠡᠪᠬᠢᠲᠡᠢ | ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠡᠳ᠋ ᠤᠨ ᠵᠠᠰᠠᠭ ᠤᠨ ᠡᠭᠦᠷᠭᠡ ᠴᠢᠳᠠᠪᠬᠢ ᠪᠠᠨ ᠪᠦᠬᠦ ᠲᠠᠯ᠎ᠠ ᠪᠠᠷ ᠬᠦᠢᠴᠡᠳᠭᠡᠵᠦ᠂ ᠡᠳ᠋ ᠤᠨ ᠵᠠᠰᠠᠭ ᠤᠨ ᠡᠯ᠎ᠡ | ᠵᠦᠢᠯ ᠤᠨ ᠠᠵᠢᠯ ᠢ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠮ ᠢᠶᠠᠷ ᠠᠵᠢᠯᠯᠠᠭᠤᠯᠪᠠ᠃ | ᠨᠢᠭᠡ ᠳᠤ ᠡᠳ᠋ ᠤᠨ ᠵᠠᠰᠠᠭ ᠤᠨ ᠪᠡᠯᠡ ᠮᠥᠩᠭᠦ ᠶᠢ ᠬᠠᠤᠯᠢ ᠲᠣᠭᠲᠠᠭᠠᠯ ᠶᠣᠰᠣᠭᠠᠷ ᠲᠣᠬᠢᠷᠠᠭᠤᠯᠪᠠ᠃ ︽ | ᠲᠥᠰᠦᠪ ᠤᠨ ᠬᠠᠤᠯᠢ︾ ︽ᠥᠪᠥᠷ ᠮᠣᠩᠭᠤᠯ ᠤᠨ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ︾ | ᠤᠨ ᠲᠣᠭᠲᠠᠭᠠᠯ ᠢ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠲᠥᠰᠦᠪ ᠢ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠣᠷᠣᠯᠭ᠎ᠠ ᠶᠢᠨ ᠲᠥᠰᠦᠪ ᠤᠨ ᠬᠠᠮᠢᠶᠠᠷᠤᠯᠲᠠ ᠶᠢ | ᠳᠦᠷᠢᠮᠵᠢᠭᠦᠯᠵᠦ᠂ ᠬᠤᠲᠠ ᠶᠢᠨ ᠲᠣᠰ ᠱᠠᠲᠤᠨ ᠤ ᠲᠥᠰᠦᠪ ᠤᠨ ᠪᠡᠯᠡ ᠮᠥᠩᠭᠦ ᠶᠢ ᠬᠠᠤᠯᠢ ᠲᠣᠭᠲᠠᠭᠠᠯ ᠶᠣᠰᠣᠭᠠᠷ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠣᠬᠢᠷᠠᠭᠤᠯᠵᠤ᠂ ᠵᠦᠢ ᠵᠣᠬᠢᠰᠲᠠᠢ ᠡᠳ᠋ ᠬᠥᠷᠥᠩᠭᠡ ᠶᠢᠨ | ᠲᠣᠬᠢᠷᠠᠭᠤᠯᠤᠯᠲᠠ ᠬᠢᠪᠡ᠃ ᠰᠠᠯᠠᠭ᠎ᠠ ᠮᠥᠴᠢᠷ ᠤᠨ ᠲᠥᠰᠦᠪ ᠢ ᠴᠠᠭ ᠲᠤᠬᠠᠶ ᠳᠤᠨᠢ ᠴᠤᠬᠤᠯᠠᠪᠤᠷᠢᠯᠠᠨ ᠬᠠᠷᠢᠭᠤᠯᠵᠤ᠂ | ᠲᠥᠰᠦᠪ ᠢ ᠬᠦᠢᠴᠡᠳᠭᠡᠬᠦ ᠵᠢᠴᠢ ᠲᠥᠰᠦᠪ ᠢ ᠢᠯᠡ ᠪᠣᠯᠭᠠᠬᠤ ᠳᠤ ᠪᠣᠳᠠᠲᠠᠶ ᠱᠠᠭᠠᠷᠳᠠᠯᠭ᠎ᠠ ᠳᠤᠷᠠᠳᠴᠤ᠂ | ᠡᠳ᠋ ᠤᠨ ᠵᠠᠰᠠᠭ ᠤᠨ ᠪᠡᠯᠡ ᠮᠥᠩᠭᠦ ᠣᠯᠭᠤᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠳᠠᠯᠠᠵᠤ᠂ | ᠲᠥᠰᠦᠪ ᠤᠨ ᠵᠠᠷᠤᠳᠠᠯ ᠤᠨ ᠲᠤᠰᠬᠠᠶ ᠮᠦᠩᠭᠦ ᠶᠢ ᠲᠤᠰᠬᠠᠶ ᠵᠦᠢᠯ ᠳᠤᠨᠢ ᠬᠡᠷᠡᠭᠯᠡᠬᠦ ᠶᠢ ᠦᠨᠡᠨᠬᠦ ᠪᠠᠳᠤᠯᠠᠪᠠ᠃ | ᠬᠤᠶᠠᠷ ᠲᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠪᠠ ᠵᠠᠰᠠᠭ ᠤᠨ | ᠣᠷᠳᠣᠨ ᠤ ᠴᠢᠨᠠᠷᠳᠠᠢ ᠰᠠᠭᠤᠷᠢ ᠮᠥᠩᠭᠦ ᠶᠢᠨ ᠨᠠᠷᠢᠨ ᠬᠠᠭᠤᠳᠠᠰᠤ ᠶᠢ ᠪᠠᠶᠢᠭᠤᠯᠤᠨ ᠨᠡᠶᠢᠲᠡᠯᠡᠨ᠎ᠡ᠃ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠶᠢᠨ ᠲᠥᠯᠥᠭᠡ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ᠬᠥᠬᠡᠬᠤᠲᠠ ᠶᠢᠨ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠶ ᠰᠦᠢᠳᠭᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ ᠨᠠᠷᠢᠨ ᠬᠠᠭᠤᠳᠠᠰᠤ ᠪᠠ ᠠᠵᠤ ᠠᠬᠤᠶᠢᠯᠠᠯ ᠳᠤ | ᠬᠤᠯᠪᠣᠭᠳᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠲᠥᠷᠥᠯ ᠵᠦᠢᠯ ᠤᠨ | ᠭᠠᠷᠴᠠᠭ ᠤᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ᠂ ᠬᠤᠲᠠ ᠶᠢᠨ ᠵᠠᠰᠠᠭ ᠤᠨ | ᠣᠷᠳᠣᠨ ᠤ ᠠᠯᠪᠠᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠪᠡ᠃ ᠡᠭᠦᠨ ᠤ ᠬᠠᠮᠲᠤ ᠵᠠᠭᠠᠯᠳᠤᠬᠤ | ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠪᠡ᠃ ᠨᠠᠷᠢᠨ ᠬᠠᠭᠤᠳᠠᠰᠤ ᠠᠴᠠ ᠭᠠᠳᠠᠨᠠᠬᠢ᠂ ᠬᠠᠤᠯᠢ ᠳᠤ ᠨᠡᠶᠢᠴᠡᠬᠦ | ᠦᠭᠡᠢ᠂ ᠲᠣᠭᠲᠠᠭᠠᠯ ᠳᠤ ᠨᠡᠶᠢᠴᠡᠬᠦ ᠦᠭᠡᠢ᠂ ᠵᠦᠶ ᠵᠣᠬᠢᠰ ᠦᠭᠡᠢ ᠰᠦᠢᠳᠭᠡᠯ ᠬᠤᠷᠢᠶᠠᠬᠤ ᠲᠥᠷᠥᠯ ᠵᠦᠢᠯ ᠢ | ᠴᠥᠮ ᠬᠦᠴᠦᠨ ᠦᠭᠡᠢ ᠪᠣᠯᠭᠠᠬᠤ ᠶᠢᠨ ᠬᠠᠮᠲᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠲᠣᠳᠣᠷᠬᠠᠶ ᠬᠠᠭᠤᠳᠠᠰᠤ ᠶᠢ ᠴᠠᠭ ᠲᠤᠬᠠᠢ ᠳᠤᠨᠢ | ᠰᠢᠨᠡᠳᠬᠡᠵᠦ᠂ ᠬᠥᠳᠡᠯᠦᠩᠭᠦᠶ ᠬᠠᠮᠢᠶᠠᠷᠤᠯᠲᠠ ᠬᠢᠪᠡ᠃ ᠡᠭᠦᠨ ᠤ ᠵᠡᠷᠭᠡ ᠪᠠᠷ ᠮᠠᠨ ᠤ ᠲᠣᠪᠴᠢᠶ᠎ᠠ ᠵᠠᠰᠠᠭ ᠵᠠᠬᠢᠷᠭᠠᠨ | ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠪᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢ | ᠲᠤᠰᠬᠠᠶ ᠬᠢᠨᠠᠨ ᠪᠠᠶᠢᠴᠠᠭᠠᠬᠤ ᠠᠵᠢᠯ ᠥᠷᠨᠢᠭᠦᠯᠪᠡ᠃ ᠮᠠᠨ ᠤ ᠬᠤᠲᠠ ᠶᠢᠨ ᠬᠠᠤᠯᠢ ᠪᠠᠷ ᠵᠠᠰᠠᠬᠤ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠢ ᠪᠣᠯᠭᠠᠵᠤ᠂ ᠲᠣᠭᠲᠠᠭᠠᠯ ᠠᠴᠠ ᠵᠥᠷᠢᠴᠡᠨ | ᠬᠡᠯᠪᠡᠷᠢ ᠶᠢ ᠨᠢ ᠥᠭᠡᠷᠡᠲᠦᠭᠦᠯᠦᠨ ᠰᠦᠢᠳᠬᠡᠯ ᠬᠤᠷᠢᠶᠠᠬᠤ᠂ ᠲᠤᠬᠢᠶᠠᠯ ᠢ ᠵᠠᠪᠳᠤᠨ ᠰᠦᠢᠳᠬᠡᠯ ᠬᠤᠷᠢᠶᠠᠬᠤ ᠵᠡᠷᠭᠡ | ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠠᠰᠠᠭᠤᠳᠠᠯ ᠭᠠᠷᠬᠤ ᠶᠢ ᠡᠷᠡᠰ ᠬᠤᠷᠢᠭᠯᠠᠪᠠ᠃ | ᠭᠤᠷᠪᠠ ᠳᠤ ᠵᠠᠰᠠᠭ ᠤᠨ ᠣᠷᠳᠣᠨ ᠤᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠲᠦᠷᠢᠮ ᠢ | ᠪᠠᠶᠢᠭᠤᠯᠤᠨ ᠲᠡᠭᠦᠯᠳᠡᠷᠵᠢᠬᠦᠯᠪᠡ᠃ ᠮᠠᠨ ᠤ ᠬᠤᠲᠠ ᠶᠢᠨ ᠪᠣᠳᠠᠲᠤ ᠪᠠᠶᠢᠳᠠᠯ ᠢ ᠦᠨᠳᠦᠰᠦᠯᠡᠵᠦ᠂ ︽ | ᠬᠥᠬᠡᠬᠤᠲᠠ ᠶᠢᠨ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ | ᠬᠡᠷᠡᠭᠵᠢᠬᠦᠯᠬᠦ ᠰᠠᠨᠠᠯ︾᠂ ︽ᠬᠥᠬᠡᠬᠤᠲᠠ ᠶᠢᠨ ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ | ᠬᠤᠳᠠᠯᠳᠤᠨ ᠠᠪᠬᠤ ᠠᠵᠢᠯ ᠤᠨ ᠴᠤᠪᠤᠷᠠᠯ ︵ᠲᠤᠷᠰᠢᠨ ᠬᠡᠷᠡᠭᠵᠢᠭᠦᠯᠬᠦ︶︾ ᠪᠣᠯᠤᠨ ︽ᠬᠥᠬᠡᠬᠤᠲᠠ ᠶᠢᠨ | ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠬᠤ ᠴᠢᠨᠠᠷᠲᠠᠢ | ᠭᠠᠷᠴᠠᠭ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠵᠤ᠂ ᠪᠦᠬᠦ ᠬᠤᠳᠠ ᠶᠢᠨ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ ᠠᠵᠢᠯ ᠢ ᠵᠢᠯᠤᠭᠤᠳᠪᠠ᠃ ᠡᠳ᠋ ᠤᠨ ᠵᠠᠰᠠᠭ᠂ ᠠᠷᠠᠳ ᠤᠨ ᠶᠠᠪᠤᠳᠠᠯ᠂ ᠠᠵᠤ ᠦᠢᠯᠡᠳᠪᠦᠷᠢ | ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠤᠳ ᠬᠦᠴᠦ ᠪᠠᠨ ᠬᠠᠮᠲᠤᠳᠬᠠᠨ ᠬᠠᠮᠵᠢᠯᠴᠠᠵᠤ᠂ ᠤᠯᠤᠰ ᠤᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ | ᠦᠢᠯᠡᠴᠢᠯᠡᠭᠡ ᠬᠤᠳᠠᠯᠳᠤᠨ ᠠᠪᠬᠤ ᠶᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠬᠦᠯᠢᠶᠡᠨ ᠠᠪᠬᠤ ᠠᠵᠢᠯ ᠢ | ᠢᠳᠡᠪᠬᠢᠲᠡᠶ ᠲᠦᠯᠬᠢᠨ ᠠᠬᠢᠭᠤᠯᠪᠠ᠃ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠰᠢᠮᠳᠠᠭᠤᠯᠵᠤ ᠪᠠᠶᠢᠭᠠᠳ ᠰᠠᠯᠠᠭ᠎ᠠ | ᠮᠥᠴᠢᠷ ᠤᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠬᠤ ᠴᠢᠨᠠᠷᠲᠠᠶ ᠭᠠᠷᠴᠠᠭ ᠢ | ᠨᠠᠶᠢᠷᠠᠭᠤᠯᠤᠨ ᠵᠤᠬᠢᠶᠠᠯᠭᠠᠬᠤ ᠶᠢᠨ ᠬᠠᠮᠳᠤ ᠡᠳ᠋ ᠤᠨ ᠵᠠᠰᠠᠭ ᠤᠨ ᠠᠯᠪᠠᠨ ᠰᠦᠯᠵᠢᠶ᠎ᠡ ᠳᠤ ᠲᠤᠰᠬᠠᠶᠢᠯᠠᠨ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠲᠤᠰᠬᠠᠢ ᠢᠯᠡ ᠪᠤᠯᠤᠩ ᠭᠠᠷᠭᠠᠵᠤ᠂ 68 ᠰᠠᠯᠠᠭ᠎ᠠ ᠮᠥᠴᠢᠷ ᠲᠤ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠬᠤ ᠴᠢᠨᠠᠷᠲᠠᠶ ᠭᠠᠷᠴᠠᠭ ᠢ ᠢᠯᠡ ᠪᠣᠯᠭᠠᠵᠤ | ᠥᠭᠴᠡᠶ᠃ | ᠲᠦᠷᠪᠡ ᠳᠤ ᠭᠠᠶᠢᠯᠢ ᠶᠢᠨ ᠪᠤᠰᠤ ᠣᠷᠣᠯᠭ᠎ᠠ ᠶᠢᠨ ︽ᠣᠷᠣᠯᠭ᠎ᠠ ᠵᠠᠷᠤᠯᠭ᠎ᠠ ᠶᠢ ᠠᠰ ᠠᠰ ᠲᠤᠨᠢ ᠬᠠᠮᠢᠶᠠᠷᠬᠤ︾ | ᠶᠢ ᠴᠢᠩᠭ᠎ᠠ ᠬᠡᠷᠡᠭᠵᠢᠬᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠪᠤᠰᠤ | ᠣᠷᠣᠯᠭ᠎ᠠ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢ ᠴᠢᠩᠭ᠎ᠠ ᠬᠡᠷᠡᠭᠵᠢᠬᠦᠯᠦᠨ ᠲᠠᠲᠠᠪᠤᠷᠢᠯᠠᠨ | ᠬᠠᠮᠢᠶᠠᠷᠬᠤ᠂ ᠫᠢᠶᠣᠣ ᠪᠠᠷᠢᠮᠲᠠ ᠶᠢᠨ ᠬᠠᠮᠢᠶᠠᠷᠤᠯᠲᠠ ᠪᠠ ᠪᠡᠯᠡ ᠮᠥᠩᠭᠦ ᠶᠢᠨ ᠬᠠᠮᠢᠶᠠᠷᠤᠯᠲᠠ ᠶᠠᠪᠤᠭᠤᠯᠵᠤ᠂ | ᠭᠠᠷᠳᠠᠨ ᠬᠤᠷᠢᠶᠠᠬᠤ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠥᠰᠦᠪ ᠤᠨ ᠬᠠᠮᠢᠶᠠᠷᠤᠯᠲᠠ ᠳᠤ | ᠣᠷᠣᠭᠤᠯᠤᠭᠰᠠᠨ ᠡᠯ᠎ᠡ ᠲᠥᠷᠥᠯ ᠤᠨ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠲᠤᠰᠢᠶᠠᠵᠤ᠂ | ᠤᠯᠤᠰ᠂ ᠥᠪᠡᠷᠲᠡᠭᠡᠨ ᠵᠠᠰᠠᠬᠤ ᠣᠷᠣᠨ ᠤ ᠲᠣᠷᠭᠠᠵᠤ ᠲᠤᠰᠢᠶᠠᠯᠭᠠᠬᠤ ᠶᠢ ᠰᠠᠯᠭᠠᠬᠤ ᠲᠣᠭᠲᠠᠭᠠᠯ ᠢ ᠴᠢᠩᠭ᠎ᠠ | ᠬᠡᠷᠡᠭᠵᠢᠬᠦᠯᠵᠦ᠂ ᠫᠢᠶᠣᠣ ᠪᠠᠷᠢᠮᠲᠠ ᠭᠠᠷᠭᠠᠵᠤ ᠴᠠᠭ ᠲᠤᠬᠠᠶ ᠳᠤᠨᠢ ᠬᠢᠨᠠᠨ ᠬᠠᠮᠢᠶᠠᠷᠪᠠ᠃ 2019 ᠣᠨ ᠳᠤ᠂ | ᠮᠠᠨ ᠤ ᠬᠤᠲᠠ ᠶᠢᠨ ᠲᠣᠷᠭᠠᠵᠤ ᠬᠤᠷᠢᠶᠠᠮᠵᠢᠯᠠᠭᠰᠠᠨ ᠣᠷᠣᠯᠭ᠎ᠠ ᠶᠢ ᠲᠠᠲᠠᠪᠤᠷᠢᠯᠠᠨ ᠲᠤᠰᠢᠶᠠᠯᠭᠠᠭᠰᠠᠨ ᠪᠠᠶᠢᠳᠠᠯ ᠳᠤ | ᠲᠤᠰᠬᠠᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠤᠰᠬᠠᠢ ᠮᠡᠳᠡᠭᠦᠯᠦᠯᠲᠡ ᠭᠠᠷᠭᠠᠪᠠ᠃ ᠬᠤᠲᠠ ᠶᠢᠨ ᠲᠣᠰ | ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠳᠤᠲᠠᠭᠤ ᠲᠤᠰᠢᠶᠠᠭᠰᠠᠨ ᠢ ᠢᠯᠭᠠᠷᠠᠭᠤᠯᠤᠨ ᠪᠠᠶᠢᠴᠠᠭᠠᠵᠤ᠂ | ᠲᠤᠰᠢᠶᠠᠭᠠᠳᠤᠶ ᠨᠢᠭᠡᠴᠡ ᠳᠤ ᠪᠠᠶᠢᠳᠠᠯ ᠢ ᠣᠶᠢᠯᠠᠭᠠᠬᠤ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ | ᠲᠤᠰᠢᠶᠠᠭᠠᠳᠤᠶ ᠨᠢᠭᠡᠴᠡ ᠶᠢᠨ ᠥᠷᠢ ᠰᠢᠷᠢ ᠪᠠᠨ ᠢᠯᠭᠠᠷᠠᠭᠤᠯᠤᠨ ᠲᠤᠰᠢᠶᠠᠬᠤ ᠶᠢ ᠨᠢ ᠱᠠᠭᠠᠷᠳᠠᠬᠤ ᠡᠷᠴᠢᠮ ᠢᠶᠠᠨ | ᠴᠢᠩᠭᠠᠷᠠᠭᠤᠯᠵᠤ᠂ ᠲᠤᠰᠢᠶᠠᠭᠠᠳᠤᠶ ᠣᠷᠣᠯᠭ᠎ᠠ ᠶᠢ ᠬᠤᠷᠳᠤᠬᠠᠨ ᠤᠯᠤᠰ ᠤᠨ ᠬᠦᠮᠦᠷᠭᠡ ᠳᠤ ᠲᠤᠰᠢᠶᠠᠬᠤ ᠶᠢ | ᠠᠬᠢᠭᠤᠯᠪᠠ᠃ ᠡᠭᠦᠨ ᠤ ᠬᠠᠮᠲᠤ ᠶᠡᠷᠦᠩᠬᠡᠶᠢᠯᠡᠭᠰᠡᠨ ᠭᠠᠶᠢᠯᠢ ᠶᠢ ᠵᠠᠰᠠᠬᠤ ᠠᠵᠢᠯ ᠢ ᠠᠬᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠶᠡᠷᠦᠩᠬᠡᠶᠢᠯᠡᠭᠰᠡᠨ ᠭᠠᠶᠢᠯᠢ ᠶᠢ ᠵᠠᠰᠠᠬᠤ ᠲᠠᠪᠴᠠᠩ ᠢ ᠪᠦᠲᠦᠮᠵᠢᠲᠡᠶ ᠬᠡᠷᠡᠭᠯᠡᠵᠦ᠂ | ᠣᠷᠬᠢᠭᠳᠠᠭᠤᠯᠤᠭᠰᠠᠨ ᠭᠠᠶᠢᠯᠢ ᠲᠠᠲᠠᠪᠤᠷᠢ ᠶᠢ ᠡᠷᠢᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ | ᠢᠳᠡᠪᠬᠢᠲᠡᠶ ᠬᠠᠮᠵᠢᠯᠴᠠᠬᠤ ᠪᠠᠷ ᠳᠠᠮᠵᠢᠨ᠂ ᠪᠦᠳᠦᠮᠵᠢᠳᠡᠢ ᠭᠠᠶᠢᠯᠢ ᠶᠢᠨ ᠢᠷᠡᠯᠲᠡ ᠶᠢ ᠢᠳᠡᠪᠬᠢᠲᠡᠶ ᠠᠭᠤᠳᠠᠯᠪᠠ᠃ | ᠲᠠᠪᠤ ᠳᠤ ᠲᠥᠰᠦᠪ ᠪᠠ ᠲᠥᠰᠦᠪ ᠤᠨ ᠬᠦᠢᠴᠡᠳᠭᠡᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ | ᠦᠷᠭᠦᠯᠵᠢᠯᠡᠨ ᠲᠦᠯᠬᠢᠨ ᠠᠬᠢᠭᠤᠯᠪᠠ᠃ ᠠᠯᠪᠠᠨ ᠰᠦᠯᠵᠢᠶᠡᠨ ᠳᠤ ᠵᠠᠰᠠᠭ ᠤᠨ ᠣᠷᠳᠣᠨ ᠤ ᠲᠥᠰᠦᠪ ᠪᠠ | ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠲᠤᠰᠬᠠᠢ ᠪᠤᠯᠤᠩ ᠭᠠᠷᠭᠠᠵᠤ᠂ ᠲᠥᠰᠦᠪ ᠪᠠ ᠲᠥᠰᠦᠪ ᠤᠨ | ᠭᠦᠢᠴᠡᠳᠬᠡᠯ ᠤᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠢᠯᠡ ᠪᠣᠯᠭᠠᠪᠠ᠃ ᠰᠠᠯᠠᠭ᠎ᠠ ᠮᠥᠴᠢᠷ ᠤᠨ ᠲᠥᠰᠦᠪ ᠤᠨ | ᠬᠦᠢᠴᠡᠳᠭᠡᠯ ᠪᠠ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢᠨ ᠲᠥᠰᠦᠪ ᠤᠨ | ᠬᠦᠢᠴᠡᠳᠭᠡᠯ ᠢ ᠪᠦᠬᠦ ᠲᠠᠯ᠎ᠠ ᠪᠠᠷ ᠢᠯᠡ ᠪᠣᠯᠭᠠᠪᠠ᠃ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠳᠦᠷᠢᠮ︾ ᠢ ᠬᠢᠨᠠᠮᠠᠭᠠᠶ ᠲᠤᠭᠤᠰᠢᠯᠠᠭᠤᠯᠵᠤ᠂ ᠬᠠᠤᠯᠢ ᠲᠣᠭᠲᠠᠭᠠᠯ ᠶᠣᠰᠣᠭᠠᠷ ᠬᠦᠢᠴᠡᠳᠭᠡᠬᠦ ᠶᠢᠨ ᠬᠠᠮᠲᠤ | ᠭᠤᠶᠤᠴᠢᠯᠠᠯ ᠢᠶᠠᠷ ᠢᠯᠡ ᠪᠣᠯᠭᠠᠬᠤ ᠵᠦᠢᠯᠡᠰ ᠢ ᠴᠠᠭ ᠲᠤᠬᠠᠶ ᠳᠤᠨᠢ ᠢᠯᠡ ᠪᠣᠯᠭᠠᠪᠠ᠃ ᠥᠩᠭᠡᠷᠡᠭᠰᠡᠨ ᠨᠢᠭᠡ | ᠵᠢᠯ ᠳᠤ ᠬᠤᠲᠠ ᠶᠢᠨ ᠲᠣᠰ ᠱᠠᠲᠤᠨ ᠤ 91 ᠰᠠᠯᠠᠭ᠎ᠠ ᠮᠥᠴᠢᠷ ᠪᠠ 9 ᠬᠤᠰᠢᠭᠤ ᠰᠢᠶᠠᠨ ᠲᠣᠭᠤᠷᠢᠭ ᠵᠢᠴᠢ 1 | ᠨᠡᠭᠡᠭᠡᠯᠲᠡ ᠶᠢᠨ ᠲᠤᠭᠤᠷᠢᠭ ᠲᠤ 2018 ᠣᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠭᠰᠠᠨ | ᠪᠠᠶᠢᠳᠠᠯ ᠢ ᠥᠪᠡᠷᠲᠡᠭᠡᠨ ᠪᠠᠶᠢᠴᠠᠭᠠᠬᠤ ᠠᠵᠢᠯ ᠥᠷᠨᠢᠭᠦᠯᠵᠦ᠂ ᠬᠤᠲᠠ ᠶᠢᠨ ᠲᠣᠰ ᠱᠠᠲᠤᠨ ᠤ ᠰᠠᠯᠠᠭ᠎ᠠ ᠮᠥᠴᠢᠷ ᠪᠠ | ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢ ᠱᠠᠭᠠᠷᠳᠠᠨ ᠥᠪᠡᠷᠲᠡᠭᠡᠨ ᠪᠠᠶᠢᠴᠠᠭᠠᠭᠰᠠᠨ | ᠠᠰᠠᠭᠤᠳᠠᠯ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠷᠢᠭᠤ ᠲᠤᠰᠬᠠᠭᠰᠠᠨ | ᠠᠰᠠᠭᠤᠳᠠᠯ ᠲᠠᠢ ᠬᠠᠷᠢᠴᠠᠭᠤᠯᠤᠨ ᠵᠦᠢᠯ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ | ᠮᠠᠨ ᠤ ᠬᠤᠲᠠ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ | ᠵᠢᠷᠤᠮᠵᠢᠭᠤᠯᠬᠤ ᠶᠢ ᠠᠬᠢᠭᠤᠯᠪᠠ᠃ | ᠵᠢᠷᠭᠤᠭ᠎ᠠ ᠳᠤ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠶᠢᠨ ᠲᠦᠷᠢᠮ ᠢ | ᠨᠠᠶᠢᠳᠠᠪᠤᠷᠢᠵᠢᠭᠤᠯᠵᠤ᠂ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠪᠠ᠃ ᠮᠠᠨ ᠤ ᠲᠣᠪᠴᠢᠶ᠎ᠠ ᠡᠳ᠋ ᠤᠨ ᠵᠠᠰᠠᠭ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠭᠠᠶᠢᠯᠢ | ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ᠂ ᠪᠠᠭ᠎ᠠ ᠵᠢᠵᠢᠭ ᠠᠵᠤ ᠠᠬᠤᠶᠢᠯᠠᠯ ᠤᠨ ᠲᠦᠭᠡᠮᠡᠯ | ᠬᠠᠷᠠᠭᠠᠯᠵᠠᠯ ᠤᠨ ᠴᠢᠨᠠᠷᠳᠠᠢ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ᠂ ᠰᠢᠨ᠎ᠡ | ᠬᠤᠪᠢ ᠬᠥᠮᠦᠨ ᠤ ᠠᠰᠢᠭ ᠣᠷᠤᠯᠭ᠎ᠠ ᠶᠢᠨ ᠭᠠᠶᠢᠯᠢ ᠶᠢᠨ ᠬᠠᠤᠯᠢ ᠶᠢᠨ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠬᠤᠯᠪᠤᠭᠳᠠᠯ ᠪᠥᠬᠦᠶ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ 2020 ᠣᠨ ᠳᠤ᠂ ︽ᠵᠢᠷᠭᠤᠭ᠎ᠠ ᠶᠢ ᠪᠠᠲᠤᠯᠠᠬᠤ︾ ︽ | ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠭᠦᠨᠵᠡᠭᠡᠶ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠲᠣᠪᠴᠢᠶ᠎ᠠ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠭᠠᠶᠢᠯᠢ ᠶᠢ ᠪᠠᠭᠠᠰᠬᠠᠬᠤ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠡᠷ ᠬᠥᠷᠥᠩᠭᠡ ᠶᠢᠨ ᠭᠠᠶᠢᠯᠢ ᠪᠣᠯᠤᠨ ᠬᠤᠲᠠ ᠪᠠᠯᠭᠠᠰᠤᠨ ᠤ ᠭᠠᠵᠠᠷ ᠰᠢᠷᠣᠶ ᠶᠢᠨ | ᠬᠡᠷᠡᠭᠯᠡᠯᠲᠡ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠨ ᠠᠵᠢᠯ ᠢᠶᠠᠨ | ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠨᠠᠩ ᠶᠡᠭᠡ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ | ᠲᠥᠷᠥᠭᠳᠡᠯ ᠲᠠᠢ ᠪᠣᠯᠭᠠᠪᠠ᠃ | ᠡᠭᠦᠨ ᠤ ᠵᠡᠷᠭᠡ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠤᠨ ᠠᠵᠢᠯ ᠤᠨ ᠲᠣᠬᠢᠷᠠᠭᠤᠯᠤᠯᠲᠠ ᠳᠤ ᠬᠠᠮᠵᠢᠯᠴᠠᠨ᠂ ᠭᠡᠷ᠎ᠡ ᠶᠢᠨ ᠭᠠᠶᠢᠯᠢ᠂ ᠬᠤᠲᠠ ᠪᠠᠯᠭᠠᠰᠤᠨ ᠤ | ᠭᠠᠵᠠᠷ ᠰᠢᠷᠣᠢ ᠶᠢᠨ ᠬᠡᠷᠡᠭᠯᠡᠯᠲᠡ ᠶᠢᠨ ᠭᠠᠶᠢᠯᠢ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ᠂ ᠤᠰᠤᠨ ᠤ ᠡᠬᠢ | ᠪᠠᠶᠠᠯᠢᠭ ᠤᠨ ᠭᠠᠶᠢᠯᠢ᠂ ᠡᠬᠢ ᠪᠠᠶᠠᠯᠢᠭ ᠤᠨ ᠭᠠᠶᠢᠯᠢ ᠵᠡᠷᠭᠡ ᠳᠤ ᠬᠠᠤᠯᠢ ᠲᠤᠭᠲᠠᠭᠠᠬᠤ ᠪᠠᠶᠢᠴᠠᠭᠠᠨ | ᠰᠤᠳᠤᠯᠤᠯᠲᠠ ᠶᠢ ᠥᠷᠨᠢᠭᠦᠯᠵᠦ᠂ ᠭᠠᠶᠢᠯᠢ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠮᠠᠨ ᠤ ᠬᠤᠲᠠ ᠳᠤ | ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠢ ᠥᠷᠨᠢᠭᠦᠯᠬᠦ ᠶᠢ ᠪᠠᠲᠤᠯᠠᠪᠠ᠃ ᠭᠠᠶᠢᠯᠢ ᠶᠢᠨ ᠳᠦᠷᠢᠮ ᠤᠨ | ᠥᠭᠡᠷᠡᠴᠢᠯᠡᠯᠲᠡ ᠶᠢᠨ ᠬᠤᠰᠢᠭᠤ ᠰᠢᠶᠠᠨ ᠲᠣᠭᠤᠷᠢᠭ ᠤᠨ ᠡᠳ᠋ ᠤᠨ ᠬᠦᠴᠦᠨ ᠳᠤ ᠦᠵᠡᠭᠦᠯᠬᠦ ᠨᠦᠯᠦᠭᠡ᠂ ᠡᠯ᠎ᠡ | ᠭᠠᠵᠠᠷ ᠣᠷᠣᠨ ᠤ ᠡᠭᠦᠷᠭᠡᠯᠡᠵᠦ ᠪᠠᠶᠢᠭ᠎ᠠ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠳᠤ | ᠡᠵᠡᠯᠡᠬᠦ ᠬᠤᠪᠢ ᠶᠢᠨ ᠵᠢᠩ ᠤᠨ ᠪᠠᠶᠢᠳᠠᠯ ᠳᠤ ᠴᠢᠭᠯᠡᠭᠦᠯᠦᠨ᠂ ᠮᠠᠨ ᠤ ᠬᠤᠲᠠ ᠶᠢᠨ ᠡᠳ᠋ ᠤᠨ ᠵᠠᠰᠠᠭ ᠤᠨ | ᠬᠠᠮᠢᠶᠠᠷᠤᠯᠲᠠ ᠶᠢᠨ ᠪᠠᠶᠢᠭᠤᠯᠤᠯ ᠢ ᠳᠠᠬᠢᠨ ᠲᠡᠭᠦᠯᠳᠡᠷᠵᠢᠭᠦᠯᠵᠦ᠂ ᠣᠳᠤᠬᠠᠨ ᠳᠤ ︽ᠬᠤᠲᠠ ᠠᠴᠠ ᠳᠣᠷᠣᠭᠰᠢᠬᠢ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠲᠤᠭᠤᠷᠪᠢᠨ ᠪᠢᠴᠢᠵᠦ ᠳᠠᠭᠤᠰᠬᠠᠪᠠ᠃ | 5. ᠬᠦᠳᠦᠯᠦᠭᠴᠢ | ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠠᠤᠯᠢ ᠶᠣᠰᠣᠭᠠᠷ ᠪᠦᠬᠦ ᠲᠠᠯ᠎ᠠ ᠪᠠᠷ ᠬᠦᠢᠴᠡᠳᠭᠡᠬᠦ ᠳᠤ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠦᠨᠡᠨᠬᠦ | ᠬᠤᠪᠢᠷᠠᠭᠤᠯᠬᠤ ᠬᠡᠷᠡᠭᠲᠡᠶ᠃ ᠲᠡᠭᠡᠪᠡᠯ ᠡᠨᠡ ᠲᠠᠯ᠎ᠠ ᠪᠠᠷ ᠪᠢᠳᠡ ᠶᠠᠮᠠᠷ ᠶᠠᠮᠠᠷ ᠠᠵᠢᠯ ᠬᠢᠭᠰᠡᠨ ᠪᠤᠢ︖ | 6. ᠬᠦᠬᠡᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠶᠢᠨ ᠲᠡᠳ᠋ ᠭᠠᠵᠠᠷ ᠤᠨ ᠲᠡᠰ ᠤᠨ ᠤᠳᠤᠷᠢᠳᠤᠯᠭ᠎ᠠ | ᠯᠢ ᠯᠦᠩ ᠯᠦᠩ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠡᠭᠦᠷᠭᠡ ᠴᠢᠳᠠᠪᠬᠢ ᠪᠠᠨ ᠬᠤᠪᠢᠷᠠᠭᠤᠯᠬᠤ᠂ | ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠦᠢᠴᠡᠳᠭᠡᠬᠦ ᠲᠠᠯ᠎ᠠ ᠪᠠᠷ ᠪᠢᠳᠡ ᠭᠤᠤᠯᠳᠠᠭᠤ ᠳᠣᠤᠷᠠᠬᠢ | ᠠᠵᠢᠯ ᠤᠳ ᠢ ᠬᠢᠪᠡ᠄ | ᠨᠢᠭᠡ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠪᠡ | ᠃ ︽ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠦᠢᠯᠡᠴᠢᠯᠡᠭᠡ ᠶᠢ ᠰᠢᠯᠢᠳᠡᠭᠵᠢᠭᠦᠯᠬᠦ︾ | ᠱᠠᠭᠠᠷᠳᠠᠯᠭ᠎ᠠ ᠶᠣᠰᠣᠭᠠᠷ᠂ ᠠᠵᠢᠯ ᠶᠠᠪᠤᠳᠠᠯ ᠬᠦᠢᠴᠡᠳᠭᠡᠬᠦ ᠭᠠᠷᠳᠠᠮ ᠢ ᠳᠥᠭᠦᠮᠴᠢᠯᠡᠵᠦ᠂ ︽ᠣᠷᠣᠯᠠᠨ ᠲᠠᠩᠰᠠ | ᠲᠡᠮᠳᠡᠭᠯᠡᠬᠦ ᠪᠠᠶᠢᠭᠤᠯᠤᠮᠵᠢ︾ ᠶᠢᠨ ᠬᠢᠨᠠᠨ ᠵᠥᠪᠰᠢᠶᠡᠷᠡᠬᠦ ᠠᠵᠢᠯ ᠢ ᠬᠤᠰᠢᠭᠤ ᠰᠢᠶᠠᠨ ᠳᠤ ᠪᠠᠭᠤᠯᠭᠠᠪᠠ᠃ | ᠬᠤᠶᠠᠷ ᠲᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠶᠡᠭᠡ ᠪᠠᠷ ᠬᠡᠷᠡᠭᠵᠢᠭᠦᠯᠪᠡ᠃ ᠮᠠᠨ ᠤ | ᠲᠣᠪᠴᠢᠶ᠎ᠠ 2016 ᠣᠨ ᠳᠤ ᠰᠠᠯᠠᠭ᠎ᠠ ᠮᠥᠴᠢᠷ ᠤᠨ ᠡᠭᠦᠷᠭᠡ ᠴᠢᠳᠠᠪᠬᠢ᠂ ᠬᠠᠤᠯᠢ ᠴᠠᠭᠠᠵᠠ ᠶᠢᠨ ᠦᠨᠳᠦᠰᠦ | ᠪᠠᠷᠢᠮᠲᠠ᠂ ᠬᠡᠷᠡᠭᠵᠢᠭᠦᠯᠬᠦ ᠭᠤᠤᠯ ᠴᠣᠭᠴᠠ᠂ ᠡᠭᠦᠷᠭᠡ ᠬᠠᠷᠢᠭᠤᠴᠠᠯᠭ᠎ᠠ ᠡᠷᠬᠡ ᠮᠡᠳᠡᠯ᠂ ᠬᠠᠮᠢᠶᠠᠷᠤᠯᠲᠠ ᠶᠢᠨ | ᠴᠤᠪᠤᠷᠠᠯ᠂ ᠬᠢᠨᠠᠯᠲᠠ ᠲᠠᠯᠪᠢᠬᠤ ᠠᠷᠭ᠎ᠠ ᠮᠠᠶ᠋ᠢᠭ ᠵᠡᠷᠭᠡ ᠵᠦᠢᠯᠡᠰ ᠢ ᠡᠷᠬᠡ ᠶᠢᠨ ᠨᠠᠷᠢᠨ ᠬᠠᠭᠤᠳᠠᠰᠤ ᠶᠢᠨ ᠬᠡᠯᠪᠡᠷᠢ ᠪᠠᠷ | ᠨᠡᠶᠢᠭᠡᠮ ᠳᠤ ᠢᠯᠡ ᠪᠣᠯᠭᠠᠵᠤ᠂ ᠡᠭᠦᠨ ᠤ ᠬᠠᠮᠲᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠬᠤ | ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠪᠠ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠠᠶᠢᠳᠠᠯ ᠢ | ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠪᠡ᠃ 2019 ᠣᠨ ᠳᠤ᠂ ᠪᠦᠬᠦ ᠬᠤᠲᠠ ᠶᠢᠨ ︽ᠡᠷᠬᠡ ᠶᠢ | ᠴᠥᠭᠡᠳᠬᠡᠬᠦ ᠶᠢ ᠠᠬᠢᠭᠤᠯᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠷᠪᠠ ᠶᠢ ᠬᠠᠰᠤᠵᠤ ᠨᠢᠭᠡ ᠶᠢ | ᠨᠡᠮᠡᠭᠳᠡᠭᠦᠯᠬᠦ ᠶᠢ ᠠᠬᠢᠭᠤᠯᠬᠤ︾ ᠪᠠ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠬᠦᠴᠦᠨ ᠦᠭᠡᠢ ᠪᠣᠯᠭᠠᠬᠤ᠂ | ᠳᠣᠷᠣᠭᠰᠢ ᠪᠠᠭᠤᠯᠭᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ | ᠳᠣᠷᠣᠭᠰᠢ ᠪᠠᠭᠤᠯᠭᠠᠭᠰᠠᠨ ᠡᠷᠬᠡ ᠶᠢᠨ ᠵᠦᠢᠯᠡᠰ ᠢ ᠬᠦᠯᠢᠶᠡᠨ ᠠᠪᠴᠤ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ | ᠴᠥᠭᠡᠳᠬᠡᠵᠦ᠂ ᠡᠷᠬᠡ ᠶᠢ ᠴᠥᠭᠡᠳᠬᠡᠪᠡ᠃ | ᠭᠤᠷᠪᠠ ᠳᠤ᠂ ︽ᠬᠤᠶᠠᠷ ᠢ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠠᠭᠪᠤᠷ︾ ᠢ ᠪᠥᠬᠦ ᠲᠠᠯ᠎ᠠ ᠪᠠᠷ | ᠬᠡᠷᠡᠭᠵᠢᠬᠦᠯᠪᠡ᠃ ︽ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ︿ᠬᠤᠶᠠᠷ ᠢ ᠲᠠᠰᠢᠷᠠᠮ ᠢᠶᠠᠷ﹀ | ᠰᠤᠭᠤᠴᠢᠨ ᠪᠠᠶᠢᠴᠠᠭᠠᠬᠤ ᠠᠵᠢᠯ ᠢ ᠠᠬᠢᠭᠤᠯᠬᠤ ᠬᠡᠷᠡᠭᠵᠢᠭᠦᠯᠬᠦ ᠨᠠᠷᠢᠨ ᠲᠦᠷᠢᠮ︾ ᠢ ᠳᠠᠷᠤᠮᠠᠯᠯᠠᠨ ᠲᠠᠷᠬᠠᠭᠠᠬᠤ ᠶᠢᠨ | ᠬᠠᠮᠲᠤ ᠠᠯᠪᠠᠨ ᠰᠦᠯᠵᠢᠶᠡᠨ ᠳᠡᠭᠡᠷ᠎ᠡ ᠪᠠᠨ ᠵᠠᠷᠯᠠᠨ ᠨᠡᠶᠢᠲᠡᠯᠡᠵᠦ᠂ ᠪᠠᠰᠠ ᠲᠠᠰᠢᠷᠠᠮ ᠢᠶᠠᠷ ᠰᠤᠭᠤᠴᠢᠨ ᠪᠠᠶᠢᠴᠠᠭᠠᠬᠤ | ᠠᠵᠢᠯ ᠢ ᠴᠠᠭ ᠲᠤᠨᠢ ᠲᠤᠬᠢᠷᠠᠭᠤᠯᠤᠨ ᠥᠷᠨᠢᠭᠦᠯᠵᠦ᠂ ︽ᠨᠢᠭᠡ ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ | ᠲᠦᠷᠢᠮ︾ ᠢ ᠪᠠᠶᠢᠭᠤᠯᠤᠨ᠂ ᠲᠤᠬᠠᠶᠢᠯᠠᠪᠠᠯ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ | ᠬᠠᠭᠤᠳᠠᠰᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠥᠷᠭᠡ᠂ ᠬᠠᠤᠯᠢ ᠬᠡᠷᠡᠭᠵᠢᠭᠦᠯᠬᠦ ᠡᠲᠡᠭᠡᠳ ᠤᠨ ᠨᠡᠷᠡᠰ ᠤᠨ | ᠬᠥᠮᠥᠷᠭᠡ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ ᠤᠨ ᠨᠠᠷᠢᠨ ᠲᠦᠷᠢᠮ ᠢ ᠪᠠᠶᠢᠭᠤᠯᠵᠤ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠶᠢ ᠣᠷᠣᠯᠠᠨ ᠬᠦᠢᠴᠡᠳᠭᠡᠬᠦ ᠪᠠᠶᠢᠭᠤᠯᠤᠮᠵᠢ ᠶᠢᠨ ᠠᠵᠢᠯ ᠶᠠᠪᠤᠳᠠᠯ ᠤᠨ ᠲᠤᠮᠳᠠᠬᠢ | ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠨᠠᠩ ᠡᠷᠬᠡ ᠲᠡᠭᠰᠢ ᠪᠣᠯᠭᠠᠵᠤ᠂ ᠬᠠᠤᠯᠢᠵᠢᠭᠤᠯᠤᠨ ᠲᠦᠷᠢᠮᠵᠢᠭᠦᠯᠵᠦ᠂ ᠲᠦᠭᠦᠮ ᠲᠥᠳᠡ | ᠪᠤᠯᠭᠠᠪᠠ᠃ | ᠳᠥᠷᠪᠡ ᠳᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠪᠠ᠃ ᠰᠠᠶᠢᠰᠢᠶᠠᠨ | ᠮᠠᠭᠲᠠᠬᠤ ᠪᠠ ᠦᠨᠡᠨᠴᠢ ᠢᠲᠡᠭᠡᠮᠵᠢᠲᠡᠶ ᠪᠠᠶᠢᠬᠤ ᠶᠢ ᠤᠷᠮᠠᠰᠢᠭᠤᠯᠬᠤ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ | ᠬᠢᠵᠠᠭᠠᠷᠯᠠᠬᠤ ᠪᠠ ᠵᠠᠯᠬᠠᠭᠠᠨ ᠴᠡᠭᠡᠷᠯᠡᠭᠦᠯᠬᠦ ᠶᠢᠨ ᠲᠥᠯᠥᠭᠡ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠮᠠᠨ ᠤ | ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ︿ | ᠤᠯᠠᠭᠠᠨ ᠬᠠᠷ᠎ᠠ ᠲᠠᠩᠰᠠ﹀ ᠶᠢ ᠨᠡᠶᠢᠳᠡᠯᠡᠬᠦ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠨᠡᠶᠢᠲᠡᠯᠡᠬᠦ ᠲᠤᠬᠠᠶ | ᠮᠡᠳᠡᠭᠳᠡᠯ︾᠂ ︽ᠵᠠᠰᠠᠭ ᠤᠨ ᠣᠷᠳᠣᠨ ᠬᠤᠳᠠᠯᠳᠤᠨ ᠠᠪᠬᠤ ᠢᠳᠡᠭᠡᠮᠵᠢ ᠶᠢᠨ ᠠᠮᠠᠯᠠᠯᠲᠠ ᠶᠢᠨ ᠲᠦᠷᠢᠮ ᠤᠨ ᠲᠤᠬᠠᠶ | ᠮᠡᠳᠡᠭᠳᠡᠯ︾᠂ ︽ᠵᠠᠰᠠᠭ ᠤᠨ ᠣᠷᠳᠣᠨ ᠬᠤᠳᠠᠯᠳᠤᠨ ᠠᠪᠬᠤ ᠢᠳᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ | ᠪᠠ ᠬᠡᠷᠡᠭᠯᠡᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠲᠣᠭᠲᠠᠭᠠᠵᠤ᠂ ᠬᠤᠲᠠ ᠶᠢᠨ ᠲᠣᠰ ᠱᠠᠲᠤᠨ ᠤ | ᠵᠠᠰᠠᠭ ᠤᠨ ᠣᠷᠳᠣᠨ ᠬᠤᠳᠠᠯᠳᠤᠨ ᠠᠪᠬᠤ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠢᠳᠡᠪᠬᠢᠲᠡᠢ ᠠᠬᠢᠭᠤᠯᠵᠤ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠨᠠᠩ | ᠢᠯᠡ ᠲᠣᠳᠣ ᠪᠣᠯᠬᠤ ᠶᠢ ᠠᠬᠢᠭᠤᠯᠪᠠ᠃ | ᠲᠠᠪᠤ ᠳᠤ᠂ ᠬᠤᠯᠪᠣᠭᠠᠯᠠᠨ ᠱᠠᠩᠨᠠᠵᠤ ᠲᠣᠷᠭᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠪᠠ᠃ ᠪᠦᠬᠦ | ᠬᠤᠲᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠷᠬᠡ ᠶᠢᠨ | ᠨᠠᠷᠢᠨ ᠬᠠᠭᠤᠳᠠᠰᠤ ᠪᠠ ︽ᠭᠤᠷᠪᠠ ᠶᠢ ᠲᠣᠭᠲᠠᠭᠠᠬᠤ︾ ᠲᠥᠰᠦᠯ ᠲᠠᠢ ᠤᠶᠠᠯᠳᠤᠭᠤᠯᠤᠨ᠂ ᠤᠯᠤᠰ ᠤᠨ 18 | ᠰᠠᠨᠠᠭᠤᠯᠤᠮᠵᠢ ᠳᠤ ᠵᠢᠭᠰᠠᠭᠠᠭᠰᠠᠨ ᠡᠯ᠎ᠡ ᠵᠦᠢᠯ ᠤᠨ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠲᠠᠢ ᠬᠠᠷᠢᠴᠠᠭᠤᠯᠵᠤ᠂ | ᠮᠠᠨ ᠤ ᠲᠣᠪᠴᠢᠶ᠎ᠠ ᠶᠢᠨ ᠬᠤᠯᠪᠣᠭᠠᠯᠠᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢᠨ ᠨᠠᠷᠢᠨ ᠬᠠᠭᠤᠳᠠᠰᠤ ᠶᠢ | ᠡᠮᠬᠢᠯᠡᠨ ᠪᠦᠷᠢᠯᠳᠦᠭᠦᠯᠵᠦ᠂ ︽ᠨᠢᠭᠡ ᠭᠠᠵᠠᠷ ᠢᠲᠡᠭᠡᠯ ᠠᠯᠳᠠᠪᠠᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ | ᠢᠳᠡᠭᠡᠮᠵᠢ ᠶᠢᠨ ᠵᠠᠯᠬᠠᠭᠠᠨ ᠴᠡᠭᠡᠷᠯᠡᠭᠦᠯᠬᠦ ᠶᠡᠭᠡ ᠪᠠᠶᠢᠷᠢᠰᠢᠯ ᠢ ᠬᠠᠮᠲᠤ ᠪᠠᠷ ᠪᠠᠶᠢᠭᠤᠯᠪᠠ᠃ | 7.ᠬᠦᠳᠦᠯᠦᠭᠴᠢ | ᠬᠢᠨᠠᠨ ᠰᠢᠯᠭᠠᠬᠤ ᠪᠠ ᠤᠬᠠᠭᠤᠯᠬᠤ ᠪᠣᠯ ᠮᠥᠨᠴᠦ ᠬᠠᠤᠯᠢ ᠪᠠᠷ ᠵᠠᠰᠠᠬᠤ ᠡᠳ᠋ ᠤᠨ ᠵᠠᠰᠠᠭ ᠤᠨ | ᠪᠠᠶᠢᠭᠤᠯᠤᠯᠲᠠ ᠶᠢᠨ ᠠᠵᠢᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ 2020 ᠣᠨ ᠪᠣᠯ ᠮᠥᠨ ᠴᠦ | ᠳᠣᠯᠣᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠤᠨ ᠰᠡᠭᠦᠯ ᠬᠤᠷᠢᠶᠠᠬᠤ ᠵᠢᠯ ᠪᠤᠯᠤᠨ᠎ᠠ᠃ | ᠲᠡᠭᠡᠪᠡᠯ ᠲᠥᠪ ᠬᠤᠲᠠ ᠶᠢᠨ ᠡᠳ᠋ ᠤᠨ ᠵᠠᠰᠠᠭ ᠨᠢ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠬᠢᠨᠠᠨ ᠰᠢᠯᠭᠠᠯᠳᠠ᠂ | ᠬᠠᠤᠯᠢ ᠲᠦᠭᠡᠮᠡᠯᠵᠢᠬᠦᠯᠬᠦ ᠬᠦᠮᠦᠵᠢᠯ᠂ ᠬᠠᠤᠯᠢ ᠪᠠᠷ ᠵᠠᠰᠠᠬᠤ ᠤᠬᠠᠭᠤᠯᠭ᠎ᠠ ᠰᠤᠷᠳᠠᠯᠴᠢᠯᠠᠭ᠎ᠠ ᠶᠢᠨ ᠲᠠᠯ᠎ᠠ ᠳᠤ ᠶᠠᠮᠠᠷ | ᠶᠠᠮᠠᠷ ᠠᠵᠢᠯ ᠬᠢᠭᠰᠡᠨ ᠪᠣᠢ︖ | 8.ᠬᠠᠤᠯᠢ ᠲᠦᠷᠢᠮ ᠭᠠᠶᠢᠯᠢ ᠶᠢᠨ ᠲᠥᠷᠥ ᠶᠢᠨ ᠪᠤᠳᠤᠯᠭ᠎ᠠ ᠶᠢᠨ ᠰᠠᠯᠠᠭ᠎ᠠ ᠶᠢᠨ ᠲᠡᠳ᠋ ᠰᠠᠯᠠᠭᠠᠨ ᠲᠠᠷᠤᠭ᠎ᠠ | ᠯᠢ ᠰᠧ ᠶᠣᠣ | | | | | | | ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠢᠨᠠᠨ ᠰᠢᠯᠭᠠᠯᠲᠠ ᠪᠣᠯ ᠮᠠᠨ ᠤ ᠬᠠᠤᠯᠢ | ᠳᠦᠷᠢᠮ ᠤᠨ ᠠᠵᠢᠯ ᠤᠨ ᠴᠢᠬᠤᠯᠠ ᠨᠢᠭᠡ ᠭᠤᠭᠴᠤᠭ᠎ᠠ ᠮᠥᠨ᠂ ᠲᠡᠷᠡ ᠨᠢ ᠮᠠᠨ ᠤ ᠲᠣᠪᠴᠢᠶᠠᠨ ᠤ ᠰᠢᠨᠵᠢᠯᠡᠬᠦ | ᠤᠬᠠᠭᠠᠨᠴᠢ ᠪᠠᠷ ᠡᠳ᠋ ᠤᠨ ᠶᠠᠪᠤᠳᠠᠯ ᠢ ᠬᠠᠮᠢᠶᠠᠷᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠪᠢᠴᠢᠭ ᠮᠠᠲ᠋ᠧᠷᠢᠶᠠᠯ ᠢ ᠬᠠᠮᠢᠶᠠᠷᠬᠤ᠂ ᠲᠥᠰᠦᠪ ᠨᠠᠶᠢᠷᠠᠭᠤᠯᠤᠨ ᠵᠣᠬᠢᠶᠠᠬᠤ᠂ ᠲᠥᠰᠦᠪ ᠢ ᠬᠦᠢᠴᠡᠳᠭᠡᠬᠦ᠂ ᠡᠳ᠋ ᠤᠨ | ᠵᠠᠰᠠᠭ ᠤᠨ ᠬᠢᠨᠠᠯᠲᠠ ᠪᠠᠶᠢᠴᠠᠭᠠᠯᠲᠠ ᠵᠡᠷᠭᠡ ᠲᠠᠯ᠎ᠠ ᠪᠠᠷ ᠬᠢᠭᠰᠡᠨ ᠠᠵᠢᠯ ᠢ ᠡᠮᠬᠢᠯᠡᠬᠦ ᠴᠢᠬᠤᠯᠠ ᠲᠣᠬᠢᠶᠠᠯ ᠪᠣᠯᠤᠨ᠎ᠠ᠃ | ᠬᠢᠨᠠᠨ ᠰᠢᠯᠭᠠᠯᠲᠠ ᠪᠠᠷ ᠲᠠᠮᠵᠢᠭᠤᠯᠤᠨ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠠᠯᠬᠤᠮ ᠠᠯᠬᠤᠮ ᠢᠶᠠᠷ | ᠰᠠᠶᠢᠵᠢᠷᠠᠭᠤᠯᠵᠤ᠂ ᠮᠠᠨ ᠤ ᠬᠤᠲᠠ ᠶᠢᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠢ | ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ 2014 ᠣᠨ ᠠᠴᠠ ᠡᠬᠢᠯᠡᠨ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠲᠠᠪᠤᠨ ᠵᠢᠯ ᠳᠠᠷᠠᠭᠠᠯᠠᠨ ᠪᠦᠬᠦ ᠣᠷᠣᠨ ᠤ ᠬᠠᠤᠯᠢ ᠶᠤᠰᠤᠭᠠᠷ ᠵᠠᠰᠠᠭ | ᠶᠠᠪᠤᠭᠤᠯᠬᠤ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠵᠢᠴᠢ ᠬᠠᠤᠯᠢ ᠪᠠᠷ ᠵᠠᠰᠠᠬᠤ ᠡᠳ᠋ ᠤᠨ ᠵᠠᠰᠠᠭ | ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠳᠤ ᠦᠨᠡᠯᠡᠨ ᠰᠢᠯᠭᠠᠯᠳᠠ ᠬᠢᠵᠦ᠂ ᠮᠠᠨ ᠤ | ᠲᠣᠪᠴᠢᠶ᠎ᠠ ᠴᠥᠮ ᠲᠡᠷᠢᠭᠦᠨ ᠤ ᠨᠢᠭᠡᠴᠡ ᠪᠠᠷ ᠦᠨᠡᠯᠡᠭᠳᠡᠪᠡ᠃ 2018 ᠣᠨ ᠤ ᠬᠠᠤᠯᠢ ᠪᠠᠷ ᠵᠠᠰᠠᠬᠤ ᠡᠳ᠋ ᠤᠨ | ᠵᠠᠰᠠᠭ ᠤᠨ ᠪᠠᠶᠢᠭᠤᠯᠤᠯᠲᠠ ᠶᠢᠨ ᠬᠢᠨᠠᠨ ᠰᠢᠯᠭᠠᠬᠤ ᠠᠵᠢᠯ ᠤᠨ ᠳᠤᠮᠳᠠ ᠨᠡᠩ ᠴᠤ ᠨᠢᠭᠡᠳᠦᠭᠡᠷ ᠨᠡᠷᠡᠰ ᠲᠤ | ᠤᠷᠤᠭᠰᠠᠨ ᠰᠠᠶᠢᠨ ᠬᠢᠷᠢ ᠪᠦᠲᠦᠮᠵᠢ ᠤᠯᠪᠠ᠃ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠡᠯ᠎ᠡ | ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠪᠴᠢᠶᠠᠨ ᠤ ᠶᠠᠪᠤᠳᠠᠯ ᠤᠨ ᠬᠤᠷᠠᠯ ᠭᠤᠤᠯ | ᠳᠤᠭᠤᠶᠢᠯᠠᠩ ᠤᠨ ᠰᠤᠷᠤᠯᠴᠠᠯᠭ᠎ᠠ ᠪᠣᠯᠤᠨ ᠬᠤᠰᠢᠭᠤ ᠰᠢᠶᠠᠨ ᠲᠤᠭᠤᠷᠢᠭ ᠤᠨ ᠲᠣᠪᠴᠢᠶᠠᠨ ᠳᠠᠷᠤᠭ᠎ᠠ ᠨᠠᠷ ᠤᠨ | ᠰᠠᠭᠤᠳᠠᠯ ᠤᠨ ᠬᠤᠷᠠᠯ ᠢᠶᠠᠷ ᠳᠠᠮᠵᠢᠭᠤᠯᠤᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ | ᠴᠢᠬᠤᠯᠠ ᠴᠢᠨᠠᠷ ᠢ ᠴᠢᠬᠤᠯᠠᠴᠢᠯᠠᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠠᠵᠢᠯ ᠤᠨ ᠪᠣᠳᠠᠲᠤ ᠠᠮᠵᠢᠯᠲᠠ ᠶᠢ ᠬᠡᠮᠵᠢᠬᠦ | ᠴᠢᠬᠤᠯᠠ ᠠᠭᠤᠯᠭ᠎ᠠ ᠪᠣᠯᠭᠠᠵᠤ᠂ ᠬᠢᠨᠠᠨ ᠰᠢᠯᠭᠠᠬᠤ ᠭᠦᠢᠴᠡᠳᠭᠡᠯ ᠲᠣᠭᠠᠨ ᠤ ᠰᠢᠰᠲ᠋ᠧᠮ ᠳᠤ ᠣᠷᠤᠭᠤᠯᠪᠠ᠃ ᠡᠯ᠎ᠡ | ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ ᠲᠣᠭᠤᠷᠢᠭ ᠲᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ | ᠪᠠᠶᠢᠭᠤᠯᠤᠯᠲᠠ ᠶᠢᠨ ᠬᠢᠨᠠᠨ ᠰᠢᠯᠭᠠᠯᠲᠠ ᠬᠢᠬᠦ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠲᠤᠰᠬᠠᠶ ᠬᠢᠨᠠᠨ | ᠰᠢᠯᠭᠠᠯᠲᠠ ᠪᠠ ᠠᠵᠢᠯ ᠲᠥᠷᠥᠯ ᠤᠨ ᠦᠨᠡᠯᠡᠯᠲᠡ ᠬᠢᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠡᠯ᠎ᠡ ᠭᠠᠵᠠᠷ ᠣᠷᠣᠨ ᠤ ᠡᠳ᠋ ᠤᠨ ᠵᠠᠰᠠᠭ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠪᠦᠬᠦ | ᠲᠠᠯ᠎ᠠ ᠪᠠᠷ ᠣᠶᠢᠯᠠᠭᠠᠵᠤ᠂ ᠪᠦᠬᠦ ᠬᠤᠲᠠ ᠶᠢᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ | ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠠᠵᠢᠯ ᠤᠨ | ᠬᠢᠷᠢ ᠲᠦᠪᠰᠢᠨ ᠪᠦᠲᠦᠮᠵᠢᠲᠡᠶ ᠳᠡᠭᠡᠭᠰᠢᠯᠡᠵᠦ᠂ ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ | ᠡᠳ᠋ ᠤᠨ ᠶᠠᠪᠤᠳᠠᠯ ᠢ ᠬᠠᠮᠢᠶᠠᠷᠬᠤ ᠶᠢ ᠴᠢᠬᠤᠯᠠᠴᠢᠯᠠᠬᠤ ᠬᠢᠷᠢ ᠲᠦᠪᠰᠢᠨ ᠨᠡᠶᠢᠳᠡᠮ ᠳᠡᠭᠡᠭᠰᠢᠯᠡᠵᠦ᠂ ᠬᠠᠤᠯᠢ | ᠲᠣᠭᠲᠠᠭᠠᠯ ᠶᠣᠰᠣᠭᠠᠷ ᠠᠵᠢᠯᠯᠠᠬᠤ ᠰᠠᠶᠢᠨ ᠰᠠᠶᠢᠬᠠᠨ ᠠᠭᠤᠷ ᠠᠮᠢᠰᠬᠤᠯ ᠠᠭᠠᠵᠢᠮ ᠢᠶᠠᠷ ᠪᠤᠢ ᠪᠣᠯᠪᠠ᠃ | 2019 ᠣᠨ ᠳᠤ ᠬᠤᠷᠠᠯᠳᠤᠭᠤᠯᠤᠭᠰᠠᠨ ᠪᠦᠬᠦ ᠬᠤᠲᠠ ᠶᠢᠨ ᠡᠳ᠋ ᠤᠨ ᠵᠠᠰᠠᠭ ᠤᠨ ᠠᠵᠢᠯ ᠤᠨ ᠬᠤᠷᠠᠯ | ᠳᠡᠭᠡᠷ᠎ᠡ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2017 ᠣᠨ ᠤ ᠬᠤᠰᠢᠭᠤ ᠰᠢᠶᠠᠨ ᠤ ᠬᠠᠤᠯᠢ ᠪᠠᠷ | ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ ᠶᠢ ᠬᠥᠬᠢᠭᠦᠯᠦᠨ ᠰᠠᠶᠢᠰᠢᠶᠠᠵᠤ᠂ ᠡᠯ᠎ᠡ | ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ | ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠬᠤ ᠬᠡᠮᠵᠢᠶ᠎ᠡ ᠶᠢ ᠳᠡᠭᠡᠭᠰᠢᠯᠡᠭᠦᠯᠪᠡ᠃ 2020 ᠣᠨ ᠳᠤ᠂ ᠮᠠᠨ ᠤ | ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠥᠯᠥᠪᠯᠡᠭᠰᠡᠨ ᠰᠢᠨ᠎ᠡ ᠬᠢᠨᠠᠨ | ᠰᠢᠯᠭᠠᠬᠤ ᠭᠦᠢᠴᠡᠳᠬᠡᠯ ᠲᠤᠭ᠎ᠠ ᠪᠠ ᠬᠢᠨᠠᠨ ᠰᠢᠯᠭᠠᠬᠤ ᠠᠷᠭ᠎ᠠ ᠮᠠᠶ᠋ᠢᠭ ᠢ ᠦᠨᠳᠦᠰᠦᠯᠡᠨ᠂ ᠮᠠᠨ ᠤ ᠬᠤᠲᠠ ᠶᠢᠨ | ᠬᠢᠨᠠᠨ ᠰᠢᠯᠭᠠᠬᠤ ᠭᠦᠢᠴᠡᠳᠬᠡᠯ ᠲᠤᠭ᠎ᠠ ᠪᠠ ᠬᠢᠨᠠᠨ ᠰᠢᠯᠭᠠᠬᠤ ᠠᠷᠭ᠎ᠠ ᠮᠠᠶ᠋ᠢᠭ ᠢ ᠵᠦᠢ ᠵᠣᠬᠢᠰᠲᠠᠢ ᠲᠣᠭᠲᠠᠭᠠᠵᠤ᠂ | ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠢᠨᠠᠨ ᠰᠢᠯᠭᠠᠬᠤ ᠠᠵᠢᠯ ᠢ ᠦᠷᠭᠦᠯᠵᠢᠯᠡᠨ | ᠥᠷᠨᠢᠭᠦᠯᠦᠨ᠎ᠡ᠃ | 9.ᠬᠦᠳᠦᠯᠦᠭᠴᠢ | ᠰᠦᠯᠵᠢᠶᠡᠨ ᠠᠨᠳᠠ ᠨᠠᠷ ᠬᠠᠤᠯᠢ ᠲᠦᠭᠡᠮᠡᠯᠵᠢᠭᠦᠯᠬᠦ ᠬᠥᠮᠦᠵᠢᠯ᠂ ᠬᠠᠤᠯᠢ ᠪᠠᠷ ᠵᠠᠰᠠᠬᠤ ᠶᠢ ᠤᠬᠠᠭᠤᠯᠬᠤ | ᠲᠠᠯ᠎ᠠ ᠪᠠᠷ᠂ ᠲᠥᠪ ᠬᠤᠲᠠ ᠶᠢᠨ ᠡᠳ᠋ ᠤᠨ ᠵᠠᠰᠠᠭ ᠶᠠᠮᠠᠷ ᠶᠠᠮᠠᠷ ᠬᠢᠯᠠᠰ ᠲᠤᠪᠤᠶᠢᠮ᠎ᠠ ᠠᠵᠢᠯ ᠤᠳ ᠢ ᠬᠢᠭᠰᠡᠨ ᠲᠤᠬᠠᠢ | ᠠᠩᠬᠠᠷᠴᠤ ᠪᠠᠶᠢᠨ᠎ᠠ᠂ ᠯᠢ ᠰᠠᠯᠠᠭᠠᠨ ᠳᠠᠷᠤᠭ᠎ᠠ ᠦᠷᠭᠦᠯᠵᠢᠯᠡᠨ ᠰᠦᠯᠵᠢᠶᠡᠨ ᠠᠨᠳᠠ ᠨᠠᠷ ᠲᠤ ᠲᠠᠨᠢᠯᠴᠠᠭᠤᠯᠤᠭᠠᠳ | ᠥᠭᠬᠦ ᠪᠣᠯᠪᠠᠤ᠃ | 10.ᠬᠠᠤᠯᠢ ᠲᠦᠷᠢᠮ ᠭᠠᠶᠢᠯᠢ ᠶᠢᠨ ᠲᠥᠷᠥ ᠶᠢᠨ ᠪᠤᠳᠤᠯᠭ᠎ᠠ ᠶᠢᠨ ᠰᠠᠯᠠᠭ᠎ᠠ ᠶᠢᠨ ᠲᠡᠳ᠋ ᠰᠠᠯᠠᠭᠠᠨ ᠲᠠᠷᠤᠭ᠎ᠠ | ᠯᠢ ᠰᠧ ᠶᠣᠣ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ | ᠲᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠡᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠪᠦᠬᠦ ᠬᠤᠲᠠ ᠶᠢᠨ ᠬᠠᠤᠯᠢ ᠲᠦᠭᠡᠮᠡᠯᠵᠢᠭᠦᠯᠬᠦ ᠵᠠᠷᠤᠳᠠᠯ ᠢ ᠪᠦᠬᠦ ᠬᠦᠴᠦᠨ ᠢᠶᠠᠷ ᠢᠶᠠᠨ ᠪᠠᠲᠤᠯᠠᠵᠤ᠂ | ᠬᠤᠰᠢᠭᠤ ᠰᠢᠶᠠᠨ ᠲᠣᠭᠤᠷᠢᠭ ᠲᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠵᠠᠷᠤᠳᠠᠯ ᠢ | ᠴᠠᠭ ᠲᠤᠬᠠᠶ ᠳᠤᠨᠢ ᠪᠠᠭᠤᠯᠭᠠᠭᠰᠠᠨ ᠰᠠᠭᠤᠷᠢᠨ ᠳᠡᠭᠡᠷ᠎ᠡ᠂ ᠡᠳ᠋ ᠤᠨ ᠵᠠᠰᠠᠭ ᠤᠨ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠬᠢᠭᠡᠳ ᠡᠳ᠋ ᠤᠨ ᠵᠠᠰᠠᠭ ᠤᠨ ᠬᠠᠮᠢᠶᠠᠷᠤᠯᠲᠠ ᠶᠢᠨ ᠦᠢᠯᠡᠳᠦᠯᠭᠡ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠳᠠᠯᠠᠪᠠ᠃ ᠥᠷᠭᠡᠨ ᠣᠯᠠᠨ ᠡᠳ᠋ ᠤᠨ ᠵᠠᠰᠠᠭ ᠤᠨ ᠺᠠᠳ᠋ᠷ ᠤᠨ ᠬᠠᠤᠯᠢ ᠳᠦᠷᠢᠮ ᠤᠨ ᠦᠵᠡᠯ ᠤᠬᠠᠮᠰᠠᠷ ᠢ | ᠨᠡᠮᠡᠭᠳᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ | ᠦᠨᠡᠨᠬᠦ ᠪᠡᠶᠡᠯᠡᠭᠦᠯᠪᠡ᠃ | ᠨᠢᠭᠡ ᠳᠤ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠶᠢ ᠨᠠᠶᠢᠳᠠᠪᠤᠷᠢᠵᠢᠭᠤᠯᠵᠤ᠂ | ᠲᠣᠰ ᠰᠠᠯᠠᠭ᠎ᠠ ᠮᠥᠴᠢᠷ ᠤᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠠᠭᠤᠯᠭ᠎ᠠ ᠶᠢᠨ ᠤᠬᠠᠭᠤᠯᠭ᠎ᠠ ᠪᠣᠯᠤᠨ | ᠪᠣᠯᠪᠠᠰᠤᠷᠠᠭᠤᠯᠤᠯ ᠢ ᠴᠢᠩᠭᠠᠳᠬᠠᠪᠠ᠃ ᠡᠯ᠎ᠡ ᠬᠤᠰᠢᠭᠤ ᠰᠢᠶᠠᠨ ᠲᠣᠭᠤᠷᠢᠭ ᠪᠣᠯᠤᠨ ᠬᠤᠲᠠ ᠶᠢᠨ ᠲᠣᠰ ᠱᠠᠲᠤᠨ ᠤ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠤᠯᠤᠰ ᠤᠨ ᠬᠥᠮᠥᠷᠭᠡ᠂ | ᠲᠥᠰᠦᠪ᠂ PPP᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠡᠳ᠋ ᠤᠨ ᠵᠠᠰᠠᠭ ᠤᠨ ᠠᠵᠢᠯ ᠤᠨ ᠬᠦᠷᠢᠶ᠎ᠡ | ᠴᠠᠷᠠᠭ᠎ᠠ ᠶᠢᠨ ᠲᠥᠷᠥ ᠶᠢᠨ ᠪᠣᠳᠣᠯᠭ᠎ᠠ᠂ ᠣᠨᠣᠯ᠂ ᠬᠠᠤᠯᠢ ᠴᠠᠭᠠᠵᠠ ᠶᠢᠨ ᠮᠡᠳᠡᠯᠭᠡ ᠵᠡᠷᠭᠡ ᠣᠯᠠᠨ ᠳᠡᠰ | ᠳᠠᠪᠬᠤᠷᠭ᠎ᠠ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠪᠡ᠃ 2019 ᠣᠨ ᠳᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ | ᠮᠧᠩ ᠴᠢᠩ ᠮᠢᠨ ᠡᠷᠬᠢᠯᠡᠭᠴᠢ ᠶᠢ ᠤᠷᠢᠵᠤ ︽ᠲᠥᠰᠦᠪ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠤᠨ ᠤ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ︾ ᠤᠨ ᠲᠤᠰᠬᠠᠢ ᠰᠡᠳᠦᠪᠲᠦ | ᠲᠠᠶᠢᠯᠤᠮᠵᠢ ᠪᠠ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠯᠭᠡᠬᠦ ᠶᠢᠨ ᠬᠠᠮᠲᠤ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠮᠲᠤᠪᠠᠷ ᠪᠦᠬᠦ ᠬᠤᠲᠠ ᠶᠢᠨ ︽ᠲᠥᠰᠦᠪ ᠤᠨ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ︾ | ᠤᠨ ᠮᠡᠳᠡᠯᠭᠡ ᠶᠢᠨ ᠤᠷᠤᠯᠳᠤᠭᠠ ᠢ ᠡᠷᠬᠢᠯᠡᠵᠡᠢ᠃ ᠤᠷᠤᠯᠳᠤᠭᠠᠨ ᠢᠶᠠᠷ ᠳᠠᠮᠵᠢᠭᠤᠯᠤᠨ ︽ᠨᠢᠭᠡ ᠬᠠᠤᠯᠢ ᠨᠢᠭᠡ | ᠳᠦᠷᠢᠮ︾ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠥᠷᠭᠡᠳᠬᠡᠵᠦ᠂ ᠲᠤᠬᠠᠶᠢᠯᠠᠭᠰᠠᠨ ᠠᠵᠢᠯ ᠤᠨ | ᠰᠤᠷᠤᠯᠴᠠᠯᠭ᠎ᠠ ᠶᠢᠨ ᠥᠷᠨᠢᠯᠲᠡ ᠶᠢ ᠪᠤᠢ ᠪᠣᠯᠭᠠᠵᠤ᠂ ᠪᠦᠬᠦ ᠬᠤᠲᠠ ᠶᠢᠨ ᠡᠳ᠋ ᠤᠨ ᠵᠠᠰᠠᠭ ᠤᠨ ᠺᠠᠳ᠋ᠷ᠂ ᠡᠳ᠋ ᠤᠨ | ᠶᠠᠪᠤᠳᠠᠯ ᠤᠨ ᠠᠵᠢᠯᠲᠠᠨ ᠤ ᠢᠳᠡᠪᠬᠢᠲᠡᠢ ᠬᠠᠤᠯᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ ᠬᠡᠷᠡᠭᠯᠡᠬᠦ ᠶᠢ ᠶᠡᠬᠡᠪᠡᠷ | ᠵᠣᠷᠢᠭᠵᠢᠭᠤᠯᠪᠠ᠃ | ᠡᠭᠦᠨ ᠤ ᠬᠠᠮᠲᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠪᠦᠬᠦ ᠲᠣᠪᠴᠢᠶ᠎ᠠ ᠶᠢᠨ ︽ᠲᠥᠰᠦᠪ ᠤᠨ | ᠬᠠᠤᠯᠢ ᠶᠢ ᠰᠤᠷᠤᠯᠴᠠᠨ ᠰᠠᠨᠠᠯ ᠰᠣᠯᠢᠯᠴᠠᠬᠤ ᠬᠤᠷᠠᠯ︾ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠰᠠᠯᠠᠭ᠎ᠠ | ᠲᠠᠰᠤᠭ᠂ ᠨᠢᠭᠡᠴᠡ ᠶᠢᠨ ᠳᠡᠳ᠋ ᠰᠠᠯᠠᠭᠠᠨ ᠠᠴᠠ ᠳᠡᠭᠡᠭᠰᠢᠬᠢ ᠺᠠᠳ᠋ᠷ ᠬᠡᠷᠬᠢᠨ ᠪᠣᠳᠠᠲᠤ ᠠᠵᠢᠯ ᠤᠨ ᠳᠤᠮᠳᠠ ︽ | ᠲᠥᠰᠦᠪ ᠤᠨ ᠬᠠᠤᠯᠢ︾ ᠪᠠ ︽ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠳᠦᠷᠢᠮ︾ ᠢ ᠭᠡᠷᠡᠭᠯᠡᠵᠦ | ᠬᠡᠷᠡᠭᠵᠢᠭᠦᠯᠬᠦ ᠶᠢᠨ ᠲᠤᠭᠤᠷᠢᠨ ᠳᠤ᠂ ᠲᠥᠷᠥᠭᠳᠡᠯ᠂ ᠲᠤᠷᠰᠢᠯᠭ᠎ᠠ᠂ ᠬᠢᠬᠦ ᠠᠷᠭ᠎ᠠ ᠶᠢᠨ ᠲᠤᠬᠠᠶ ᠶᠠᠷᠢᠬᠤ ᠶᠢᠨ ᠬᠠᠮᠳᠤ | ᠬᠦᠴᠢᠷᠳᠡᠯ ᠪᠠ ᠠᠰᠠᠭᠤᠳᠠᠯ ᠢ ᠳᠤᠷᠠᠳᠴᠤ᠂ ᠰᠠᠨᠠᠯ ᠰᠠᠨᠠᠭᠤᠯᠭ᠎ᠠ ᠳᠤᠷᠠᠳᠴᠤ᠂ ᠢᠳᠡᠪᠬᠢᠲᠡᠢ ᠪᠥᠭᠡᠳ | ᠰᠠᠨᠠᠭᠠᠴᠢᠯᠠᠭ᠎ᠠ ᠠᠴᠠ ᠪᠠᠨ ᠤᠷᠤᠯᠴᠠᠵᠤ᠂ ᠰᠡᠳᠬᠢᠯ ᠲᠠᠯᠪᠢᠵᠤ᠂ ᠰᠡᠳᠬᠢᠯᠭᠡ ᠤᠷᠤᠭᠤᠯᠵᠤ᠂ ᠬᠦᠴᠦ ᠭᠠᠷᠭᠠᠨ᠂ ︽ | ᠨᠢᠭᠡ ᠬᠠᠤᠯᠢ ᠨᠢᠭᠡ ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠶᠢ ᠪᠦᠲᠦᠮᠵᠢᠲᠡᠶ ᠲᠦᠯᠬᠢᠨ ᠠᠬᠢᠭᠤᠯᠪᠠ᠃ | ᠬᠤᠶᠠᠷ ᠲᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠦᠨᠳᠦᠰᠦᠨ ᠬᠠᠤᠯᠢ ᠶᠢᠨ ᠡᠷᠬᠡ ᠰᠦᠷ ᠢ ᠪᠤᠢ ᠪᠣᠯᠭᠠᠪᠠ᠃ ᠨᠠᠮ ᠤᠨ ᠤᠳᠤᠷᠢᠳᠬᠤ | ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠦᠨᠳᠦᠰᠦᠨ ᠬᠠᠤᠯᠢ ᠶᠢ ᠣᠨ ᠤ ᠰᠤᠷᠤᠯᠴᠠᠬᠤ | ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠣᠯᠠᠨ ᠠᠷᠭ᠎ᠠ ᠬᠡᠮᠵᠢᠶ᠎ᠡ᠂ ᠰᠢᠨ᠎ᠡ ᠬᠡᠯᠪᠡᠷᠢ ᠪᠠᠷ ᠵᠤᠬᠢᠶᠠᠨ ᠪᠠᠶᠢᠭᠤᠯᠤᠨ | ᠰᠤᠷᠤᠯᠴᠠᠵᠤ᠂ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠤᠨ ᠵᠠᠰᠠᠯᠲᠠ ᠶᠢᠨ | ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠶ᠎ᠠ︾ ᠪᠠᠷ ᠭᠤᠣᠯ ᠰᠡᠳᠦᠪ ᠪᠣᠯᠭᠠᠵᠤ | ᠂ ᠪᠠᠶᠠᠯᠢᠭ ᠠᠭᠤᠯᠭ᠎ᠠ ᠪᠦᠬᠦᠢ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | 2019 ᠣᠨ ᠳᠤ᠂ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠬᠤᠭᠤᠴᠠᠭᠠᠨ ᠳᠤ᠂ ︽ᠬᠥᠬᠡᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ ᠶᠢᠨ ᠦᠨᠳᠦᠰᠦᠨ ᠬᠠᠤᠯᠢ ᠶᠢᠨ ᠤᠩᠰᠢᠯᠭ᠎ᠠ ᠶᠢᠨ ᠴᠡᠭ︾ ᠢ ᠪᠠᠶᠢᠭᠤᠯᠵᠤ᠂ | ᠤᠯᠤᠰ ᠤᠨ ᠳᠠᠭᠤᠤ ᠬᠥᠭᠵᠢᠮᠳᠡᠨ ᠳᠠᠭᠤᠯᠠᠬᠤ᠂ ᠪᠦᠬᠦᠳᠡᠭᠡᠷ ᠦᠨᠳᠦᠰᠦᠨ ᠬᠠᠤᠯᠢ ᠳᠤ ᠲᠠᠩᠭᠠᠷᠢᠭᠯᠠᠬᠤ᠂ | ᠦᠨᠳᠦᠰᠦᠨ ᠬᠠᠤᠯᠢ ᠶᠢᠨ ᠣᠷᠣᠰᠢᠯ ᠪᠠ ᠶᠡᠷᠦᠩᠬᠡᠶ ᠬᠥᠲᠥᠯᠪᠦᠷᠢ ᠶᠢ ᠤᠩᠰᠢᠬᠤ᠂ ᠦᠨᠳᠦᠰᠦᠨ ᠬᠠᠤᠯᠢ ᠶᠢᠨ ᠵᠣᠷᠢᠭ | ᠰᠠᠨᠠᠭ᠎ᠠ ᠶᠢ ᠪᠠᠳᠠᠷᠠᠭᠤᠯᠬᠤ ᠭᠤᠤᠯ ᠰᠡᠳᠦᠪᠲᠦ ᠭᠠᠷ ᠤᠨ ᠥᠰᠥᠭ ᠵᠢᠷᠤᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ | ᠪᠦᠬᠦ ᠲᠣᠪᠴᠢᠶ᠎ᠠ ᠶᠢᠨ ᠺᠠᠳ᠋ᠷ ᠠᠵᠢᠯᠳᠠᠨ ᠠᠵᠢᠯᠴᠢᠨ ᠤ ᠦᠨᠳᠦᠰᠦᠨ ᠬᠠᠤᠯᠢ ᠶᠢ ᠬᠦᠨᠳᠦᠳᠭᠡᠬᠦ᠂ ᠦᠨᠳᠦᠰᠦᠨ | ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠬᠠᠮᠠᠭᠠᠯᠠᠬᠤ᠂ ᠦᠨᠳᠦᠰᠦᠨ ᠬᠠᠤᠯᠢ ᠶᠢ ᠭᠡᠷᠡᠭᠯᠡᠬᠦ ᠶᠢ ᠨᠢ | ᠬᠦᠳᠦᠯᠦᠨ ᠵᠢᠯᠤᠭᠤᠳᠪᠠ᠃ ᠮᠠᠨ ᠤ ᠲᠣᠪᠴᠢᠶᠠᠨ ᠤ ᠬᠠᠤᠯᠢ ᠪᠠᠷ ᠵᠠᠰᠠᠬᠤ ᠡᠳ᠋ ᠤᠨ ᠵᠠᠰᠠᠭ ᠢ ᠥᠷᠨᠢᠭᠦᠯᠦᠭᠰᠡᠨ | ᠪᠠᠶᠢᠳᠠᠯ ᠢ ᠦᠨᠳᠦᠰᠦᠯᠡᠨ᠂ ︽ᠪᠢ ᠦᠨᠳᠦᠰᠦᠨ ᠬᠠᠤᠯᠢ ᠲᠠᠢ︾ ᠪᠢᠴᠢᠯ ᠸᠢᠳᠢᠣ᠋᠂ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠢᠴᠢᠯ ᠸᠢᠳᠢᠣ᠋ ᠶᠢ ᠦᠢᠯᠡᠳᠴᠦ ᠡᠳ᠋ ᠤᠨ ᠵᠠᠰᠠᠭ ᠤᠨ ᠶᠠᠮᠤᠨ ᠳᠤ | ᠮᠡᠳᠡᠭᠦᠯᠦᠨ ᠰᠢᠯᠭᠠᠷᠠᠭᠤᠯᠤᠯᠲᠠ ᠳᠤ ᠤᠷᠤᠯᠴᠠᠭᠤᠯᠵᠤ᠂ ᠪᠦᠬᠦ ᠲᠤᠪᠴᠢᠶ᠎ᠠ ᠶᠢᠨ ᠺᠠᠳ᠋ᠷ ᠠᠵᠢᠯᠲᠠᠳ ᠢ ᠵᠣᠬᠢᠶᠠᠨ | ᠪᠠᠶᠢᠭᠤᠯᠤᠨ ᠦᠨᠳᠦᠰᠦᠨ ᠬᠠᠤᠯᠢ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠪᠠ ᠪᠢᠴᠢᠯ ᠸᠢᠳᠢᠣ᠋ ᠶᠢ ᠳᠡᠯᠭᠡᠨ | ᠨᠡᠪᠲᠡᠷᠡᠭᠦᠯᠬᠦ ᠠᠵᠢᠯᠯᠠᠭ᠎ᠠ ᠥᠷᠨᠢᠬᠦᠯᠵᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ | ᠤᠬᠠᠭᠤᠯᠬᠤ᠂ ᠦᠨᠳᠦᠰᠦᠨ ᠬᠠᠤᠯᠢ ᠶᠢᠨ ᠡᠷᠬᠡ ᠰᠦᠷ ᠢ ᠪᠣᠢ ᠪᠣᠯᠭᠠᠬᠤ ᠬᠠᠯᠠᠭᠤᠨ ᠤᠷᠮ᠎ᠠ ᠰᠡᠳᠬᠢᠯᠭᠡ ᠶᠢ ᠨᠡᠩ | ᠬᠦᠨᠵᠡᠭᠡᠶᠢᠷᠡᠭᠦᠯᠪᠡ᠃ | ᠭᠤᠷᠪᠠ ᠳᠤ ᠲᠤᠬᠠᠶ ᠶᠢᠨ ᠲᠠᠯᠠᠪᠤᠷ ᠲᠤ ᠣᠷᠣᠯᠴᠠᠨ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ | ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠢᠴᠢᠶᠡᠯ ᠢ ᠰᠠᠶᠢᠲᠤᠷ ᠤᠷᠤᠪᠠ᠃ ᠨᠡᠶᠢᠲᠡᠯᠢᠭ ᠬᠡᠷᠡᠭ ᠤᠨ ᠵᠢᠱᠢᠶ᠎ᠡ ᠶᠢ | ᠰᠣᠩᠭᠤᠵᠤ᠂ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ᠬᠦᠬᠡᠬᠤᠲᠠ ᠶᠢᠨ ᠳᠤᠮᠳᠠ ᠵᠡᠷᠭᠡ ᠶᠢᠨ ᠰᠢᠭᠦᠬᠦ | ᠬᠤᠷᠢᠶᠠᠨ ᠳᠤ ᠬᠦᠷᠴᠦ ᠰᠢᠭᠦᠬᠦ ᠬᠤᠷᠢᠶᠠᠨ ᠤ ᠲᠢᠩᠬᠢᠮ ᠤᠨ ᠰᠢᠭᠦᠯᠲᠡ ᠶᠢ ᠰᠤᠯᠠ ᠰᠣᠨᠣᠰᠴᠤ᠂ ᠠᠮᠢᠳᠤᠯᠢᠭ | ᠰᠢᠭᠤᠳ ᠬᠠᠤᠯᠢ ᠴᠠᠭᠠᠵᠠ ᠶᠢᠨ ᠬᠥᠮᠦᠵᠢᠯ ᠢ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ | ᠬᠢᠴᠢᠶᠡᠯ ᠢ ᠰᠠᠶᠢᠲᠤᠷ ᠤᠷᠤᠵᠤ᠂ ᠦᠨᠳᠦᠰᠦᠨ ᠬᠠᠤᠯᠢ ᠵᠢᠴᠢ ᠬᠤᠯᠪᠤᠭᠳᠠᠯ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠤᠨ ᠮᠡᠳᠡᠯᠭᠡ ᠶᠢ ᠰᠢᠭᠤᠳ ᠲᠠᠷᠢᠬᠢᠨ ᠳᠤ ᠪᠠᠨ ᠰᠢᠩᠭᠡᠭᠡᠵᠦ ᠰᠡᠳᠬᠢᠯ ᠳᠤ ᠪᠠᠨ ᠬᠠᠳᠠᠩᠰᠢᠭᠤᠯᠤᠨ᠂ | ᠪᠣᠳᠠᠲᠠᠶ ᠳᠤ ᠨᠠᠶᠢᠳᠠᠪᠤᠷᠢᠵᠢᠭᠤᠯᠪᠠ᠃ | ᠲᠦᠷᠪᠡ ᠳᠤ ᠰᠡᠳᠦᠪ ᠬᠠᠷᠢᠭᠤᠯᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠠᠷᠭ᠎ᠠ ᠵᠠᠮ ᠢ | ᠥᠷᠭᠡᠳᠬᠡᠨ ᠦᠨᠳᠦᠰᠦᠨ ᠬᠠᠤᠯᠢ ᠬᠠᠤᠯᠢ ᠴᠠᠭᠠᠵᠠ ᠶᠢᠨ ᠮᠡᠳᠡᠯᠭᠡ ᠶᠢ ᠡᠵᠡᠮᠰᠢᠪᠡ᠃ ᠦᠨᠳᠦᠰᠦᠨ ᠬᠠᠤᠯᠢ ᠬᠠᠤᠯᠢ | ᠴᠠᠭᠠᠵᠠ ᠶᠢᠨ ᠮᠡᠳᠡᠯᠭᠡ ᠶᠢᠨ ᠰᠡᠳᠦᠪ ᠬᠠᠷᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠦᠨᠳᠦᠰᠦᠨ | ᠬᠠᠤᠯᠢ ᠶᠢᠨ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ ︽ᠦᠨᠳᠦᠰᠦᠨ ᠬᠠᠤᠯᠢ ᠵᠢᠴᠢ ᠡᠳ᠋ ᠤᠨ ᠵᠠᠰᠠᠭ | ᠠᠵᠤ ᠠᠬᠤᠶ ᠶᠢᠨ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠲᠠ︾ ᠶᠢ ᠥᠷᠨᠢᠬᠦᠯᠵᠦ᠂ ︽ᠦᠨᠳᠦᠰᠦᠨ | ᠬᠠᠤᠯᠢ ᠶᠢᠨ ᠤᠬᠠᠭᠤᠯᠭ᠎ᠠ ᠵᠢᠴᠢ ᠪᠥᠬᠦ ᠠᠷᠠᠳ ᠲᠤ ᠬᠠᠤᠯᠢ ᠲᠦᠭᠡᠮᠡᠯᠵᠢᠭᠦᠯᠬᠦ ᠰᠦᠯᠵᠢᠶᠡᠨ ᠳᠡᠭᠡᠷ᠎ᠡ ᠰᠡᠳᠦᠪ | ᠬᠠᠷᠢᠭᠤᠯᠬᠤ ᠱᠠᠩᠨᠠᠯᠳᠤ ᠠᠵᠢᠯᠯᠠᠭ᠎ᠠ︾᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠰᠠᠷ᠎ᠠ︾ ᠶᠢᠨ ᠬᠠᠤᠯᠢ | ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠦᠨᠳᠦᠰᠦᠨ ᠬᠠᠤᠯᠢ | ᠬᠠᠤᠯᠢ ᠴᠠᠭᠠᠵᠠ ᠶᠢᠨ ᠤᠬᠠᠮᠰᠠᠷ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠪᠠ᠃ | ᠲᠠᠪᠤ ᠳᠤ ᠰᠢᠨ᠎ᠡ ᠵᠠᠭᠤᠴᠢᠯᠠᠭᠤᠷ ᠢ ᠬᠦᠢᠴᠡᠳ ᠠᠰᠢᠭᠯᠠᠵᠤ᠂ ᠡᠳ᠋ ᠤᠨ ᠵᠠᠰᠠᠭ ᠤᠨ ᠠᠵᠢᠯ ᠤᠨ | ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠪᠠ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠡᠷᠭᠡ | ᠵᠠᠭᠤᠴᠢ ᠪᠠᠷ ᠳᠠᠮᠵᠢᠭᠤᠯᠤᠨ ᠡᠳ᠋ ᠤᠨ ᠵᠠᠰᠠᠭ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠨᠡᠶᠢᠭᠡᠮ ᠳᠤ | ᠥᠷᠭᠡᠨ ᠢᠶᠠᠷ ᠤᠬᠠᠭᠤᠯᠵᠤ᠂ ᠡᠳ᠋ ᠤᠨ ᠵᠠᠰᠠᠭ ᠤᠨ ᠬᠠᠮᠤᠭ ᠤᠨ ᠰᠢᠨ᠎ᠡ ᠠᠵᠢᠯ ᠤᠨ ᠪᠠᠶᠢᠳᠠᠯ ᠢ ᠲᠠᠨᠢᠯᠴᠠᠭᠤᠯᠵᠤ᠂ | ᠮᠠᠨ ᠤ ᠬᠤᠲᠠ ᠶᠢᠨ ᠴᠢᠬᠤᠯᠠ ᠶᠡᠭᠡ ᠲᠥᠷᠥᠯ ᠵᠦᠢᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ | ᠰᠤᠷᠭᠠᠨ ᠬᠥᠮᠦᠵᠢᠯ ᠤᠨ ᠬᠦᠭᠵᠢᠯᠲᠡ᠂ ᠠᠷᠠᠳ ᠤᠨ ᠠᠮᠢᠳᠤᠷᠠᠯ ᠤᠨ ᠢᠨᠵᠧᠨᠧᠷᠢᠩ ᠵᠡᠷᠭᠡ ᠳᠤ ᠪᠠᠯᠠ | ᠤᠷᠤᠭᠤᠯᠤᠭᠰᠠᠨ ᠪᠠᠶᠢᠳᠠᠯ ᠢ ᠭᠠᠳᠠᠭᠰᠢ ᠨᠡᠶᠢᠳᠡᠯᠡᠪᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠡᠳ᠋ ᠤᠨ | ᠵᠠᠰᠠᠭ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠭᠦᠨᠵᠡᠭᠡᠶᠢᠷᠡᠭᠦᠯᠪᠡ᠃ | ᠪᠦᠬᠦ ᠬᠤᠲᠠ ᠶᠢᠨ ᠡᠳ᠋ ᠤᠨ ᠵᠠᠰᠠᠭ ᠤᠨ ᠮᠡᠳᠡᠭᠡ ᠵᠠᠩᠭᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ | ᠤᠨ ᠰᠢᠰᠲ᠋ᠧᠮ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ᠂ ᠬᠤᠲᠠ ᠶᠢᠨ ᠵᠠᠰᠠᠭ ᠤᠨ ᠣᠷᠳᠣᠨ ᠤ | ᠮᠡᠳᠡᠭᠡ ᠵᠠᠩᠭᠢ ᠶᠢᠨ ᠭᠠᠵᠠᠷ ᠤᠨ ᠨᠡᠷᠡᠰ ᠤᠨ ᠵᠢᠭᠰᠠᠭᠠᠯᠲᠠ ᠳᠤ ᠲᠡᠷᠢᠭᠦᠯᠡᠭᠰᠡᠨ ᠰᠠᠶᠢᠨ ᠬᠢᠷᠢ ᠪᠦᠲᠦᠮᠵᠢ ᠣᠯᠪᠠ᠃ | ᠠᠯᠪᠠᠨ ᠰᠥᠯᠵᠢᠶ᠎ᠡ ᠪᠠ ᠪᠢᠴᠢᠯ ᠪᠦᠷᠭᠡ ᠸᠢᠴᠠᠲ ᠤᠨ ᠲᠠᠪᠴᠠᠩ ᠢᠶᠠᠨ ᠲᠡᠰ ᠳᠡᠪᠰᠢᠭᠦᠯᠦᠨ ᠦᠭᠡᠷᠡᠴᠢᠯᠡᠬᠦ ᠪᠠᠷ | ᠳᠠᠮᠵᠢᠭᠤᠯᠤᠨ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠲᠤᠰᠬᠠᠶ | ᠪᠤᠯᠤᠩ ᠢ ᠰᠢᠨᠡᠳᠬᠡᠵᠦ᠂ ᠰᠦᠯᠵᠢᠶᠡᠴᠢᠳ ᠤᠨ ᠠᠰᠠᠭᠤᠭᠰᠠᠨ ᠠᠰᠠᠭᠤᠯᠲᠠ ᠪᠣᠯᠭᠠᠨ ᠳᠤ ᠬᠠᠷᠢᠭᠤᠯᠲᠠ ᠲᠠᠢ᠂ | ᠶᠠᠪᠤᠳᠠᠯ ᠪᠦᠬᠦᠨ ᠳᠤ ᠬᠠᠷᠢᠭᠤ ᠲᠤᠰᠬᠠᠯ ᠲᠠᠢ ᠪᠠᠶᠢᠬᠤ ᠶᠢ ᠦᠨᠡᠨᠬᠦ ᠪᠡᠶᠡᠯᠡᠬᠦᠯᠵᠡᠢ ᠃ | 11.ᠬᠠᠮᠢᠶᠠᠷᠤᠭᠴᠢ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠭᠠᠵᠠᠷ ᠤᠨ ᠲᠡᠰ ᠤᠨ ᠤᠳᠤᠷᠢᠳᠤᠯᠭ᠎ᠠ ᠯᠢ | ᠯᠦᠩ ᠯᠦᠩ᠂ ᠬᠠᠤᠯᠢ ᠲᠦᠷᠢᠮ ᠭᠠᠶᠢᠯᠢ ᠶᠢᠨ ᠲᠥᠷᠥ ᠶᠢᠨ ᠪᠤᠳᠤᠯᠭ᠎ᠠ ᠶᠢᠨ ᠰᠠᠯᠠᠭ᠎ᠠ ᠶᠢᠨ ᠲᠡᠳ᠋ ᠰᠠᠯᠠᠭᠠᠨ | ᠲᠠᠷᠤᠭ᠎ᠠ ᠯᠢ ᠰᠧ ᠶᠣᠣ ᠳᠤ ᠪᠠᠶᠠᠷᠯᠠᠯ᠎ᠠ᠂ ᠰᠦᠯᠵᠢᠶᠡᠨ ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠤᠭᠰᠠᠨ ᠳᠤ | ᠪᠠᠶᠠᠷᠯᠠᠯ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃ |