ᠶᠦᠨ ᠬᠠᠢ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠪᠠ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/7/27
     ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠪᠠ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠮᠠᠨ ᠤ ᠰᠢᠶᠠᠨ ᠤ ᠭᠤᠷᠪᠠᠨ ᠬᠤᠲᠠ ᠶᠢ ᠬᠠᠮᠲᠤᠪᠠᠷ ᠴᠣᠭᠴᠠᠯᠠᠭᠰᠠᠨ ᠠᠵᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ᠂ ᠮᠠᠨ ᠤ ᠰᠢᠶᠠᠨ ᠤ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ︔ ᠬᠥᠬᠡ ᠡᠷᠭᠢ ᠪᠠᠯᠭᠠᠰᠤ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠪᠠ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠪᠠ᠃      ᠶᠦᠨ ᠬᠠᠢ ᠵᠢᠭᠠᠵᠤ ᠭᠠᠷᠭᠠᠭᠰᠠᠨ ᠨᠢ᠂ ᠪᠦᠬᠦ ᠰᠢᠶᠠᠨ ᠢᠶᠠᠷ ᠢᠶᠠᠨ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠠᠵᠢᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠤᠳᠤᠷᠢᠳᠤᠯᠭ᠎ᠠ ᠪᠠᠨ ᠴᠢᠩᠭᠠᠳᠬᠠᠵᠤ ᠂ ᠬᠠᠷᠢᠯᠴᠠᠨ ᠬᠠᠮᠵᠢᠯᠴᠠᠵᠤ᠂ ᠤᠬᠠᠭᠤᠯᠭ᠎ᠠ ᠬᠥᠮᠦᠵᠢᠯ ᠬᠢᠵᠦ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ︽ᠬᠥᠮᠦᠨ ᠪᠦᠬᠦᠨ ᠭᠤᠷᠪᠠ ᠶᠢ ᠡᠭᠦᠳᠦᠨ ᠴᠣᠭᠴᠠᠯᠠᠬᠤ ᠳᠤ ᠣᠷᠣᠯᠴᠠᠵᠤ᠂ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ︾ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠬᠠᠷᠢᠭᠤᠴᠠᠯᠭ᠎ᠠ ᠶᠢᠨ ᠲᠥᠷᠥᠯ ᠵᠦᠢᠯ ᠢ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠵᠤ᠂ ᠰᠢᠮᠳᠠᠭᠤᠯᠤᠨ ᠪᠠᠶᠢᠴᠠᠭᠠᠬᠤ᠂ ᠰᠢᠮᠳᠠᠭᠤᠯᠤᠨ ᠵᠢᠯᠣᠭᠤᠳᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠪᠠ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠵᠤ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠴᠡᠭᠴᠡᠯᠡᠨ ᠵᠠᠰᠠᠬᠤ ᠶᠢᠨ ᠳᠠᠭᠠᠤ ᠲᠣᠭᠲᠠᠴᠠ ᠲᠣᠭᠲᠠᠭᠠᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠲᠤᠬᠠᠶ ᠶᠢᠨ ᠭᠠᠵᠠᠷ ᠲᠤᠨᠢ ᠳᠣᠭᠢᠷᠠᠭᠤᠯᠤᠨ᠂ ᠮᠠᠨ ᠤ ᠰᠢᠶᠠᠨ ᠤ ︽ᠭᠤᠷᠪᠠᠨ ᠬᠤᠲᠠ ᠶᠢ ᠬᠠᠮᠲᠤ ᠪᠠᠷ ᠴᠣᠭᠴᠠᠯᠠᠬᠤ︾ ᠪᠠ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠨᠠᠩ ᠥᠨᠳᠥᠷ ᠳᠡᠭᠲᠡᠷ ᠲᠤ ᠭᠠᠷᠭᠠᠬᠤ ᠬᠡᠷᠡᠭᠲᠡᠶ ᠭᠡᠪᠡ᠃ ︵ᠯᠢᠦᠶ ᠫᠢᠩ ᠫᠢᠩ᠂ ᠯᠢᠦ ᠰᠢᠶᠤᠤ ᠰᠢᠤᠢ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号