ᠶᠦᠨ ᠬᠠᠢ ᠦᠴᠤᠸᠠᠨ ᠰᠢᠶᠠᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020/8/27
     ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠱᠦᠵᠢ ᠶᠦᠨ ᠬᠠᠶ᠂ ᠦᠴᠤᠸᠠᠨ ᠰᠢᠶᠠᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠶᠦᠨ ᠬᠠᠢ ᠨᠠᠷ ᠶᠢᠩ ᠪᠢᠨ ᠵᠠᠮ ᠤᠨ ᠵᠡᠭᠡᠯᠢ ᠳᠠᠭᠠᠤ ᠬᠤᠳᠠᠯᠳᠤᠭᠠᠨ ᠤ ᠳᠡᠯᠭᠡᠭᠦᠷ ᠤᠨ ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ᠂ ᠡᠷᠬᠢᠨ ᠲᠣᠭᠤᠷᠢᠨ ᠤ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠬᠤᠭ ᠨᠣᠪᠰᠢ ᠶᠢ ᠵᠠᠰᠠᠬᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ  ᠦᠵᠡᠪᠡ᠃      ᠶᠦᠨ ᠬᠠᠢ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠠᠰᠠᠭᠤᠳᠠᠯ ᠤᠨ ᠤᠳᠤᠷᠢᠳᠤᠮᠵᠢ ᠶᠢ ᠳᠣᠪᠤᠶᠢᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠠᠬᠢᠭᠤᠯᠤᠨ᠎ᠠ ᠃ ᠮᠣᠳᠣᠨ ᠳᠣᠲᠤᠷᠠᠬᠢ᠂ ᠨᠣᠭᠤᠭᠠᠷᠠᠭᠤᠯᠤᠯᠲᠠ ᠶᠢᠨ ᠪᠦᠰᠡ ᠶᠢ ᠪᠦᠬᠦ ᠲᠠᠯ᠎ᠠ ᠪᠠᠷ ᠢᠯᠭᠠᠷᠠᠭᠤᠯᠤᠨ ᠴᠡᠭᠴᠡᠯᠡᠵᠦ᠂ ᠵᠡᠭᠡᠯᠢ ᠳᠠᠭᠠᠤ ᠳᠡᠯᠭᠡᠭᠦᠷ ᠤᠳ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠯ᠎ᠡ  ᠰᠠᠭᠤᠭᠠᠯᠢ ᠲᠣᠭᠤᠷᠢᠭ ᠬᠤᠭ ᠨᠣᠪᠰᠢ ᠶᠢ ᠪᠥᠬᠦ ᠲᠠᠯ᠎ᠠ ᠪᠠᠷ ᠵᠠᠰᠠᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠳᠦᠷ ᠲᠤᠲᠤᠮ ᠤᠨ ᠬᠠᠮᠢᠶᠠᠷᠤᠯᠲᠠ ᠪᠠ ᠰᠤᠷᠭᠠᠨ ᠬᠥᠮᠦᠵᠢᠯ ᠢ ᠴᠢᠩᠭᠠᠳᠬᠠᠵᠤ᠂ ᠰᠢᠨ᠎ᠡ ᠠᠮᠢᠳᠤᠷᠠᠯ ᠤᠨ ᠠᠷᠭ᠎ᠠ ᠬᠡᠯᠪᠡᠷᠢ ᠪᠣᠯᠤᠨ ᠦᠢᠯᠡ ᠠᠵᠢᠯᠯᠠᠭ᠎ᠠ ᠶᠢᠨ ᠠᠷᠭ᠎ᠠ ᠬᠡᠯᠪᠡᠷᠢ ᠶᠢ ᠰᠠᠨᠠᠭᠠᠴᠢᠯᠠᠨ ᠣᠯᠠᠨ ᠢ ᠬᠥᠲᠥᠯᠥᠨ ᠵᠢᠯᠣᠭᠤᠳᠴᠤ ᠰᠠᠶᠢᠨ ᠰᠠᠶᠢᠬᠠᠨ ᠦᠢᠯᠡᠳᠪᠦᠷᠢᠯᠡᠯ ᠠᠮᠢᠳᠤᠷᠠᠯ ᠤᠨ ᠵᠠᠩ ᠳᠠᠳᠬᠠᠯ ᠢ ᠪᠦᠷᠢᠯᠳᠦᠭᠦᠯᠵᠦ᠂ ᠬᠤᠲᠠ ᠶᠢᠨ ᠣᠷᠴᠢᠨ ᠲᠣᠭᠤᠷᠢᠨ ᠤ ᠡᠮᠬᠢ ᠳᠢᠭᠯᠢᠮ ᠢ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠬᠡᠷᠡᠭᠲᠡᠢ ᠭᠡᠪᠡ᠃ ︵ ᠵᠧᠨ ᠶᠤᠸᠠᠨ ᠪᠦᠸᠧ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号