ᠶᠢᠨ ᠴᠦᠨ ᠯᠢᠶᠠᠩ ᠪᠠᠭᠰᠢ ᠶᠢᠨ ᠪᠠᠶᠠᠷ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/9/11
     36 ᠳ᠋ᠤᠭᠠᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠦᠴᠤᠸᠠᠨ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠭᠤᠷᠪᠠᠳᠤᠭᠠᠷ ᠬᠡᠤᠬᠡᠳ ᠤᠨ ᠴᠡᠴᠡᠷᠯᠢᠭ᠂ ᠦᠴᠤᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠪᠠᠭᠰᠢ ᠶᠢᠨ ᠪᠠᠶᠠᠷ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠰᠤᠷᠭᠠᠨ ᠬᠥᠮᠦᠵᠢᠯ ᠤᠨ ᠹᠷᠣᠨᠲ ᠳᠠᠬᠢ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠪᠣᠯᠤᠨ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠵᠡᠶ᠃ ᠪᠠᠰᠠ ᠲᠤᠬᠠᠢ ᠶᠢᠨ ᠲᠠᠯᠠᠪᠤᠷ ᠲᠤ ᠪᠠᠶᠢᠭᠰᠠᠨ ᠰᠢᠯᠢᠳᠡᠭ ᠪᠠᠭᠰᠢ ᠨᠠᠷ ᠲᠤ ᠲᠣᠬᠤᠨᠢᠭᠤᠯᠬᠤ ᠪᠣᠳᠠᠰ ᠣᠯᠭᠤᠵᠠᠢ᠃ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠯᠢ ᠶᠢᠩ ᠴᠦᠨ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠡᠷᠬᠢᠨ ᠦᠵᠡᠵᠦ ᠲᠣᠬᠤᠨᠢᠭᠤᠯᠪᠠ᠃      ᠵᠠᠯᠭᠠᠭᠠᠳ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠶᠢᠨ ᠴᠦᠨ ᠯᠢᠶᠠᠩ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠰᠠᠭᠤᠷᠢ ᠲᠥᠬᠦᠭᠡᠷᠦᠮᠵᠢ ᠶᠢᠨ ᠪᠥᠲᠦᠭᠡᠨ ᠪᠠᠶᠢᠭᠤᠯᠤᠯᠲᠠ ᠪᠠ ᠪᠠᠭᠰᠢ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠰᠤᠷᠭᠠᠭᠤᠯᠢ ᠶᠢᠨ ᠪᠠᠭᠰᠢ ᠨᠠᠷ ᠲᠠᠢ ᠭᠦᠨᠵᠡᠭᠡᠶ ᠶᠠᠷᠢᠯᠴᠠᠪᠠ᠃       ᠶᠢᠨ ᠴᠦᠨ ᠯᠢᠶᠠᠩ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠦᠷᠭᠡᠨ ᠬᠥᠭᠵᠢᠯᠲᠡ ᠪᠠ ᠣᠯᠤᠭᠰᠠᠨ ᠬᠢᠷᠢ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ᠄ ᠰᠤᠷᠭᠠᠨ ᠬᠥᠮᠦᠵᠢᠯ ᠤᠨ ᠦᠢᠯᠡᠰ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠮᠥᠩᠬᠡ ᠠᠰᠢᠭ ᠲᠤᠰᠠ ᠲᠠᠢ ᠪᠠᠶᠢᠵᠤ᠂ ᠪᠠᠭᠰᠢ ᠪᠣᠯᠤᠭᠰᠠᠳ ᠬᠥᠮᠦᠨ ᠲᠥᠷᠥᠯᠬᠢᠲᠡᠨ ᠤ ᠣᠶᠤᠨ ᠰᠠᠨᠠᠭᠠᠨ ᠤ ᠢᠨᠵᠧᠨᠧᠷ ᠪᠣᠯᠤᠭᠰᠠᠨ ᠤ ᠬᠤᠪᠢ ᠳᠤ᠂ ᠢᠮᠠᠭᠲᠠ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠪᠠᠷ ᠰᠤᠷᠭᠠᠨ ᠬᠥᠮᠦᠵᠢᠯ ᠤᠨ ᠦᠨᠳᠦᠰᠦᠨ ᠡᠭᠦᠷᠭᠡ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠠᠮ ᠦᠭᠡᠢ ᠵᠣᠷᠢᠭᠤᠯᠬᠤ᠂ ᠰᠢᠷᠭᠠᠭᠤ ᠬᠠᠲᠠᠭᠤᠵᠢᠯᠲᠠᠶ ᠰᠤᠳᠤᠯᠬᠤ ᠰᠢᠯᠢᠳᠡᠭ ᠰᠤᠷᠲᠠᠯ ᠢ ᠦᠷᠭᠦᠯᠵᠢᠯᠡᠨ ᠪᠠᠳᠠᠷᠠᠭᠤᠯᠵᠤ᠂ ᠶᠣᠰᠣ ᠰᠤᠷᠲᠠᠬᠤᠨ ᠢ ᠤᠯᠠᠮᠵᠢᠯᠠᠵᠤ ᠲᠥᠭᠡᠷᠢᠭᠳᠡᠯ ᠢ ᠠᠷᠢᠯᠭᠠᠬᠤ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠲᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃ ︵ᠯᠢᠦᠶ ᠫᠢᠩ ᠫᠢᠩ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号