ᠮᠧᠨ ᠳᠧᠦ ᠭᠸᠦ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠠ ᠦᠴᠤᠸᠠᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/9/15
     ᠲᠦᠷᠦᠭᠦᠬᠡᠨ᠂ ᠮᠧᠨ ᠳᠧᠦ ᠭᠸᠦ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠠ ᠦᠴᠤᠸᠠᠨ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠪᠠ᠃ ᠮᠠᠨ ᠤ ᠰᠢᠶᠠᠨ ᠤ ᠤᠳᠤᠷᠢᠳᠤᠯᠭ᠎ᠠ ᠼᠤᠤ ᠽᠢ ᠯᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠮᠠᠨ ᠤ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠮᠧᠨ ᠳᠧᠦ ᠭᠸᠤ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠤᠨ ᠲᠤᠬᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠼᠤᠤ ᠽᠢ ᠯᠢ ᠵᠢᠭᠠᠵᠤ ᠭᠠᠷᠭᠠᠭᠰᠠᠨ ᠨᠢ᠂ ᠦᠴᠤᠸᠠᠨ ᠰᠢᠶᠠᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ᠂ ᠳᠠᠯᠠᠨ ᠬᠠᠷ᠎ᠠ ᠠᠭᠤᠯᠠ ᠶᠢᠨ ᠠᠷᠤ ᠬᠤᠷᠮᠣᠶ ᠳᠤ ᠪᠠᠶᠢᠷᠢᠯᠠᠵᠤ᠂ ᠨᠡᠶᠢᠲᠡᠯᠢᠭ ᠬᠡᠯᠪᠡᠷᠢ ᠶᠢᠨ ᠬᠠᠭᠤᠷᠠᠶ ᠲᠠᠷᠢᠶᠠᠯᠠᠬᠤ ᠣᠷᠣᠨ ᠳᠤ ᠬᠠᠷᠢᠶᠠᠯᠠᠭᠳᠠᠨ᠎ᠠ᠃ ᠰᠢᠶᠠᠨ ᠤ ᠬᠡᠪᠴᠢᠶᠡᠨ ᠤ ᠠᠵᠤ ᠠᠬᠤᠶ ᠨᠢ ᠲᠠᠷᠢᠶᠠᠯᠠᠩ ᠮᠠᠯ ᠠᠵᠤ ᠠᠬᠤᠶ ᠪᠠᠷ ᠭᠤᠣᠯ ᠪᠣᠯᠭᠠᠵᠤ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠲᠠᠷᠢᠶᠠᠯᠠᠩ ᠤᠨ ᠪᠦᠲᠦᠭᠡᠭᠳᠡᠬᠦᠨ ᠴᠢᠨᠠᠷ ᠰᠠᠶᠢᠲᠠᠢ᠂ ᠭᠤᠣᠯ ᠲᠠᠷᠢᠮᠠᠯ ᠳᠤ ᠲᠥᠮᠥᠰᠥ᠂ ᠪᠤᠭᠤᠳᠠᠢ᠂ ᠶᠤᠤᠮᠠᠢ᠂ ᠰᠠᠭᠠᠭ᠂ ᠪᠤᠷᠴᠠᠭ ᠤᠨ ᠵᠦᠢᠯ᠂ ᠲᠣᠰᠣᠯᠢᠭ ᠲᠠᠷᠢᠮᠠᠯ ᠵᠡᠷᠭᠡ ᠪᠤᠢ᠃ ᠦᠴᠤᠸᠠᠨ ᠳᠤ ᠬᠤᠨᠴᠢᠷ ᠡᠯᠪᠡᠭ ᠭᠠᠷᠳᠠᠭ᠂ ᠮᠧᠨ ᠲᠸᠤ ᠭᠸᠦ ᠲᠣᠭᠤᠷᠢᠭ ᠲᠤ ᠵᠠᠬ᠎ᠠ ᠳᠡᠯᠭᠡᠭᠦᠷ᠂ ᠮᠡᠳᠡᠭᠡ ᠵᠠᠩᠭᠢ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠳᠠᠪᠠᠭᠤᠯᠢᠭ ᠲᠠᠢ ᠪᠠᠶᠢᠵᠤ᠂ ᠬᠤᠶᠠᠷ ᠭᠠᠵᠠᠷ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠠᠮᠲᠤᠷᠠᠯᠴᠠᠭ᠎ᠠ ᠰᠠᠶᠢᠨ ᠰᠠᠶᠢᠬᠠᠨ ᠢᠷᠡᠭᠡᠳᠦᠢ ᠲᠠᠢ ᠶᠤᠮ᠃ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠵᠣᠯᠭᠠᠭᠤᠯᠬᠤ ᠶᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ᠃ ᠬᠤᠯᠪᠣᠭ᠎ᠠ ᠠᠪᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠳᠤ ᠤᠷᠤᠭᠰᠢᠲᠠᠢ ᠰᠣᠯᠢᠯᠴᠠᠭᠠᠨ ᠤ ᠲᠠᠪᠴᠠᠩ ᠪᠠᠶᠢᠭᠤᠯᠵᠤ ᠥᠭᠬᠦ ᠬᠡᠷᠡᠭᠲᠡᠢ︔ ᠠᠵᠤ ᠠᠬᠤᠶᠢᠯᠠᠯ ᠤᠨ ᠬᠤᠭᠤᠷᠣᠨᠳᠣᠬᠢ ᠬᠠᠮᠲᠤᠷᠠᠯᠴᠠᠭ᠎ᠠ ᠪᠠᠶᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠳᠤ ᠲᠦᠰᠢᠭᠯᠡᠨ᠂ ᠠᠰᠢᠭ ᠲᠤᠰᠠ ᠶᠢᠨ ᠬᠤᠯᠪᠣᠯᠳᠤᠯ ᠤᠨ ᠲᠣᠭᠲᠠᠴᠠ ᠶᠢ ᠪᠦᠷᠢᠯᠳᠦᠭᠦᠯᠵᠦ᠂ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠶ ᠭᠡᠪᠡ᠃ ︵ᠭᠦᠸᠧ ᠯᠢ    ᠴᠧᠨ ᠪᠥᠸᠧ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号