ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠶᠢᠨ ᠴᠦᠨ ᠯᠢᠶᠠᠩ | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠠ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠰᠠᠨᠠᠭᠤᠯᠭ᠎ᠠ ᠪᠠᠨ ᠳᠤᠷᠠᠳᠬᠤ ᠪᠣᠯᠪᠠᠤ᠃ | 2019 ᠣᠨ ᠤ ᠠᠵᠢᠯ ᠤᠨ ᠡᠷᠭᠢᠴᠡᠭᠦᠯᠦᠯ | 2019 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ | ᠤᠢ ᠪᠣᠯᠤᠨ᠎ᠠ᠂ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠨ | ᠳᠡᠭᠡᠭᠰᠢᠯᠡᠭᠦᠯᠬᠦ ᠵᠠᠩᠭᠢᠯᠠᠭ᠎ᠠ ᠶᠢᠨ ᠵᠢᠯ ᠮᠦᠨ᠂ ᠨᠡᠩ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠰᠢᠢᠳᠪᠦᠷᠢᠲᠦ ᠢᠯᠠᠯᠲᠠ ᠶᠢ ᠤᠯᠬᠤ ᠦᠨᠳᠦᠰᠦ ᠶᠢ ᠪᠠᠲᠤᠳᠬᠠᠵᠤ ᠰᠠᠭᠤᠷᠢ ᠶᠢ ᠪᠠᠬᠢᠵᠢᠭᠦᠯᠬᠦ ᠨᠢᠭᠡ ᠵᠢᠯ ᠪᠣᠯᠤᠨ᠎ᠠ᠃ | ᠨᠢᠭᠡ ᠵᠢᠯ ᠤᠨ ᠲᠤᠷᠰᠢ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠨᠠᠨᠳᠢᠨ | ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ︽ᠲᠦᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ | ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ | ᠨᠢᠭᠡ ᠵᠢᠯ ᠤᠨ ᠲᠤᠷᠰᠢ᠂ ᠪᠢᠳᠡᠨ ᠤ ᠡᠭᠦᠷᠭᠡᠯᠡᠭᠰᠡᠨ ᠡᠭᠦᠷᠭᠡ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠵᠤ᠂ | ᠤᠷᠢᠳ ᠡᠮᠦᠨ᠎ᠡ ᠪᠠᠶᠢᠭ᠎ᠠ ᠥᠬᠡᠶ ᠳᠠᠷᠤᠯᠲᠠ ᠳᠤ ᠲᠤᠯᠭᠠᠷᠠᠵᠤ᠂ ᠪᠥᠬᠦ ᠰᠢᠶᠠᠨ ᠢᠶᠠᠷ ᠢᠶᠠᠨ ᠨᠢᠭᠡ ᠰᠡᠳᠬᠢᠯ | ᠨᠡᠶᠢᠲᠡ ᠶᠢᠨ ᠵᠣᠷᠢᠭ ᠢᠶᠠᠷ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ︽ᠠᠮᠢ ᠠᠬᠤᠶ ᠪᠠᠷ ᠰᠢᠶᠠᠨ ᠢ | ᠪᠠᠶᠢᠭᠤᠯᠵᠤ᠂ ᠪᠣᠬᠢᠷᠲᠤᠯ ᠥᠬᠡᠶ ᠪᠠᠷ ᠰᠢᠶᠠᠨ ᠢ ᠬᠦᠴᠦᠷᠬᠡᠭᠵᠢᠭᠦᠯᠬᠦ︾ ᠪᠥᠲᠥᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠨ ᠠᠬᠢᠭᠤᠯᠵᠤ᠂ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾ ᠲᠡᠤᠬᠡᠲᠦ | ᠴᠢᠨᠠᠷᠲᠠᠶ ᠰᠢᠪᠲᠤᠯᠤᠯᠲᠠ ᠲᠠᠢ ᠪᠣᠯᠵᠣ᠂ ᠠᠵᠤ ᠠᠬᠤᠶ ᠶᠢᠨ ᠠᠵᠢᠯᠯᠠᠭᠠᠨ ᠡᠷᠡᠭᠦᠯ ᠪᠥᠭᠡᠳ ᠲᠣᠭᠲᠠᠭᠤᠨ ᠪᠠᠶᠢᠵᠤ᠂ | ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠣᠯᠪᠠ᠃ | ᠵᠢᠱᠢᠯᠲᠡ ᠪᠠᠷ᠂ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 53.5 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ︔ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 9. | 6% ᠪᠠᠷ ᠨᠡᠮᠡᠭᠳᠡᠪᠡ︔ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 22% ᠳᠤ | ᠬᠦᠷᠴᠡᠶ ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2.53 ᠳ᠋ᠦᠩᠰᠢᠭᠤᠷ ᠲᠥᠭᠦᠷᠢᠭ | ᠪᠡᠶᠡᠯᠡᠭᠦᠯᠵᠦ᠂ 6.28% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 15.8 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 2.6% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠪᠦᠬᠦ ᠲᠤᠭ᠎ᠠ14.7 ᠳ᠋ᠦᠩᠰᠢᠭᠤᠷ ᠲᠥᠭᠦᠷᠢᠭ ᠲᠤ ᠬᠦᠷᠴᠦ᠂ 2% ᠢᠶᠠᠷ ᠨᠡᠮᠡᠭᠳᠡᠪᠡ︔ | ᠬᠤᠲᠠ ᠪᠠᠯᠭᠠᠰᠤ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 28683 ᠲᠥᠭᠦᠷᠢᠭ᠂ 9524 ᠲᠥᠭᠦᠷᠢᠭ ᠪᠡᠶᠡᠯᠡᠭᠦᠯᠵᠦ᠂ 6. | 1%᠂ 10.5% ᠪᠠᠷ ᠨᠡᠮᠡᠭᠳᠡᠪᠡ᠃ | ᠡᠨᠡ ᠨᠢᠭᠡ ᠵᠢᠯ ᠳᠤ᠂ ᠲᠦᠢᠯ ᠤᠨ ᠬᠠᠲᠠᠭᠤ ᠪᠡᠷᠬᠡ ᠲᠡᠦᠬᠡ ᠶᠢᠨ ᠬᠦᠨᠳᠦ ᠡᠭᠦᠷᠭᠡ ᠶᠢᠨ ᠡᠮᠦᠨ᠎ᠡ᠂ ᠪᠢᠳᠡ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠨᠢᠨ ᠳᠡᠭᠡᠷ᠎ᠡ ᠨᠢ ᠬᠦᠴᠦᠯᠡᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ | ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠥᠭᠦᠯᠡᠯᠲᠡ ᠶᠢ | ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ ︽ᠠᠷᠪᠠᠨ ᠵᠦᠢᠯ ᠢ ᠠᠷᠢᠯᠭᠠᠵᠤ ᠪᠠᠷᠢᠮᠵᠢᠶ᠎ᠠ ᠳᠤ ᠬᠦᠷᠭᠡᠬᠦ︾ ᠪᠠᠷ | ᠬᠦᠴᠦ ᠪᠠᠨ ᠲᠥᠪᠯᠡᠷᠡᠭᠦᠯᠵᠦ᠂ 49 ᠡᠷᠤᠬᠡ 91 ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ᠤᠯᠤᠰ ᠤᠨ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠰᠢᠯᠭᠠᠨ ᠠᠪᠬᠤ ᠶᠢ | ᠤᠷᠤᠭᠰᠢᠲᠠᠢ ᠥᠩᠭᠡᠷᠡᠭᠡᠵᠦ᠂ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠥᠨᠳᠥᠷ ᠶᠠᠰᠤ ᠴᠢᠨᠠᠷ ᠲᠠᠢ ᠪᠠᠷ | ᠪᠡᠶᠡᠯᠡᠭᠦᠯᠪᠡ᠃ | — ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ᠂ ᠠᠩᠬᠠᠷᠤᠯ ᠢᠶᠠᠨ ᠲᠥᠪᠯᠡᠷᠡᠭᠦᠯᠦᠨ | ᠬᠦᠴᠦᠨ ᠢᠶᠠᠨ ᠲᠥᠪᠯᠡᠷᠡᠭᠦᠯᠵᠦ᠂ ᠦᠷ᠎ᠡ ᠠᠰᠢᠭ ᠲᠤᠪᠤᠶᠢᠮ᠎ᠠ ᠪᠣᠯᠪᠠ᠃ ᠲᠥᠮᠥᠰᠥ᠂ ᠢᠳᠡᠭᠡᠨ ᠤ ᠮᠥᠭᠦ᠂ | ᠨᠣᠬᠠᠶ ᠶᠢᠨ ᠬᠤᠰᠢᠭᠤ ᠂ ᠰᠠᠭᠠᠭ᠂ ᠠᠯᠠᠰᠢᠨ ᠬᠤᠨᠢ᠂ ᠶᠠᠰᠤᠨ ᠬᠤᠨᠢ᠂ ᠬᠢᠲᠠᠳ ᠡᠮ ᠤᠨ ᠮᠠᠲ᠋ᠧᠷᠢᠶᠠᠯ ᠵᠡᠷᠭᠡ | ᠳᠦᠷᠪᠡᠨ ᠠᠵᠤ ᠦᠢᠯᠡᠰ ᠤᠨ ᠬᠡᠯᠬᠢᠶ᠎ᠡ ᠶᠢ ᠪᠦᠬᠦ ᠬᠦᠴᠦᠨ ᠢᠶᠠᠷ ᠢᠶᠠᠨ ᠡᠭᠦᠳᠴᠦ᠂ ᠮᠧᠩ ᠾᠧ ᠶᠤᠸᠠᠨ᠂ ᠶᠠᠨ ᠬᠦ᠋ | ᠹᠠᠩ ᠵᠡᠷᠭᠡ ᠶᠠᠳᠠᠭᠤ ᠶᠢ ᠲᠡᠳᠬᠦᠬᠦ ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂ ᠠᠰᠢᠭ ᠲᠤᠰᠠ ᠶᠢᠨ | ᠬᠤᠯᠪᠣᠭ᠎ᠠ ᠶᠢ ᠴᠢᠨᠠᠭᠰᠢᠳᠠ ᠴᠢᠩᠭᠠᠳᠬᠠᠵᠤ᠂ 21 ᠠᠵᠤ ᠠᠬᠤᠶᠢᠯᠠᠯ 5168 ᠡᠷᠤᠬᠡ 10853 ᠬᠥᠮᠦᠨ ᠢ | ᠳᠠᠶᠢᠴᠢᠯᠠᠵᠤ᠂ 28 ᠬᠤᠷᠰᠢᠶᠠᠵᠢᠯ 1154 ᠡᠷᠤᠬᠡ 2339 ᠬᠥᠮᠦᠨ ᠢ ᠳᠠᠶᠢᠴᠢᠯᠠᠵᠤ᠂ ᠡᠷᠦᠭᠡ ᠪᠦᠷᠢ ᠶᠢᠨ | ᠵᠢᠯ ᠤᠨ ᠳᠤᠮᠳᠠᠴᠢ ᠣᠷᠣᠯᠭ᠎ᠠ ᠨᠢ ᠲᠤᠰ ᠲᠤᠰ 3668 ᠲᠥᠭᠦᠷᠢᠭ᠂ 4860 ᠲᠥᠭᠦᠷᠢᠭ ᠲᠤ ᠬᠦᠷᠴᠡᠢ᠃ 1.1 | ᠳ᠋ᠦᠩᠰᠢᠭᠤᠷ ᠲᠥᠭᠦᠷᠢᠭ ᠤᠨ ᠲᠠᠷᠢᠶᠠᠯᠠᠩ ᠳᠤ ᠬᠤᠯᠪᠣᠭᠳᠠᠬᠤ ᠡᠯ᠎ᠡ ᠲᠥᠷᠥᠯ ᠤᠨ ᠪᠠᠯᠠ ᠮᠥᠩᠭᠦ ᠶᠢ ᠡᠮᠬᠢᠯᠡᠨ | ᠨᠡᠶᠢᠯᠡᠭᠦᠯᠵᠦ᠂ ᠶᠠᠳᠠᠭᠤ ᠶᠢ ᠲᠡᠳᠬᠦᠬᠦ ᠠᠵᠤ ᠦᠢᠯᠡᠰ ᠲᠤ ᠨᠠᠷᠢᠯᠢᠭ ᠣᠨᠣᠴᠠᠲᠠᠶ ᠪᠠᠷ ᠣᠷᠣᠭᠤᠯᠤᠨ᠂ 8111 | ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠰᠢᠭ ᠬᠦᠷᠲᠡᠭᠡᠪᠡ︔ ᠬᠥᠳᠡᠯᠮᠦᠷᠢ ᠶᠢᠨ ᠬᠦᠴᠦᠨ ᠦᠭᠡᠢ 4898 | ᠶᠠᠳᠠᠭᠤ ᠬᠦᠴᠢᠷᠳᠡᠯ ᠲᠠᠢ ᠬᠥᠮᠦᠨ ᠠᠮᠠ ᠳᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠬᠤᠪᠢ ᠣᠷᠣᠭᠤᠯᠵᠤ | ᠠᠰᠢᠭ ᠬᠤᠪᠢᠶᠠᠬᠤ ᠵᠡᠷᠭᠡ ᠬᠡᠯᠪᠡᠷᠢ ᠪᠠᠷ ᠣᠷᠣᠯᠭ᠎ᠠ ᠢ ᠨᠢ ᠨᠡᠮᠡᠭᠳᠡᠭᠦᠯᠪᠡ᠃ ᠦᠴᠤᠸᠠᠨ ᠰᠢᠶᠠᠨ ᠤ ᠶᠠᠳᠠᠭᠤ ᠶᠢ | ᠲᠡᠳᠬᠦᠬᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢ ᠪᠠᠶᠢᠭᠤᠯᠵᠤ᠂ ᠡᠳ᠋ ᠬᠦᠷᠦᠩᠭᠡ ᠶᠢ ᠪᠦᠷᠢᠳᠬᠡᠨ | ᠬᠠᠷᠭᠤᠭᠤᠯᠬᠤ ᠠᠵᠢᠯ ᠢ ᠪᠦᠬᠦᠨ ᠢ ᠪᠡᠶᠡᠯᠡᠭᠦᠯᠵᠦ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ | ᠪᠦᠷᠢᠯᠳᠦᠬᠦᠨ ᠤ ᠪᠡᠶ᠎ᠡ ᠬᠡᠮ ᠢ 881 ᠠᠶᠢᠯ ᠲᠣᠰᠬᠤᠨ ᠢᠶᠠᠷ ᠮᠠᠭᠠᠳᠯᠠᠨ ᠲᠣᠭᠲᠠᠭᠠᠵᠤ᠂ ᠪᠡᠶᠡᠯᠡᠭᠦᠯᠦᠭᠰᠡᠨ | ᠨᠤᠷᠮ᠎ᠠ ᠨᠢ 91.6% ᠳᠤ ᠬᠦᠷᠪᠡ᠃ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠨᠤᠲᠠᠯᠠᠨ ᠦᠨᠡᠮᠯᠡᠯ | ᠣᠯᠭᠤᠬᠤ ᠵᠠᠯᠭᠠᠮᠵᠢ ᠠᠵᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠦᠨᠡᠮᠯᠡᠯ ᠣᠯᠭᠤᠭᠰᠠᠨ ᠨᠤᠷᠮ᠎ᠠ ᠶᠢ 96. | 8% ᠳᠤ ᠬᠦᠷᠭᠡᠵᠦ᠂ ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠳᠤ ᠬᠦᠴᠦᠲᠡᠶ ᠲᠦᠰᠢᠭ | ᠲᠤᠯᠭᠠᠭᠤᠷᠢ ᠬᠠᠩᠭᠠᠪᠠ᠃ | — ᠦᠨᠳᠦᠰᠦᠨ ᠪᠠᠲᠤᠯᠠᠭ᠎ᠠ ᠶᠢᠨ ᠲᠠᠯ᠎ᠠ ᠪᠠᠷ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠵᠢᠭᠦᠯᠵᠦ᠂ ᠪᠠᠬᠢᠵᠢᠭᠦᠯᠦᠨ ᠳᠡᠭᠡᠭᠰᠢᠯᠡᠭᠦᠯᠪᠡ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ | ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠶᠢ ᠪᠠᠲᠤ ᠰᠠᠬᠢᠵᠤ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ | ᠰᠢᠯᠢᠳᠡᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠴᠢᠬᠤᠯᠠᠴᠢᠯᠠᠵᠤ᠂ 647.9 ᠲᠦᠮᠡᠨ | ᠲᠥᠭᠦᠷᠢᠭ ᠤᠨ ᠪᠠᠯᠠ ᠣᠷᠣᠭᠤᠯᠵᠤ᠂ ᠬᠥᠳᠡᠭᠡ ᠲᠣᠰᠬᠤᠨ ᠤ 424 ᠡᠷᠦᠬᠡ ᠶᠢᠨ ᠨᠤᠷᠠᠬᠤ ᠠᠶᠤᠯᠲᠠᠶ ᠬᠡᠷ | ᠪᠠᠶᠢᠰᠢᠩ ᠢ ᠥᠭᠡᠷᠡᠴᠢᠯᠡᠨ ᠵᠠᠰᠠᠵᠤ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ | ᠠᠶᠤᠯᠲᠠᠶ ᠬᠡᠷ ᠪᠠᠶᠢᠰᠢᠩ ᠢ ᠬᠥᠳᠡᠯᠦᠩᠭᠦᠶ ᠪᠠᠷ ᠴᠡᠪᠡᠷᠯᠡᠪᠡ᠃ 934.3 ᠲᠦᠮᠡᠨ ᠲᠥᠭᠦᠷᠢᠭ ᠤᠨ ᠪᠡᠯᠡ | ᠣᠷᠣᠭᠤᠯᠵᠤ᠂ 87 ᠠᠶᠢᠯ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠢ ᠰᠢᠢᠳᠪᠦᠷᠢᠯᠡᠪᠡ︔ 547.4 | ᠲᠦᠮᠡᠨ ᠲᠥᠭᠦᠷᠢᠭ ᠤᠨ ᠪᠠᠯᠠ ᠣᠷᠣᠭᠤᠯᠵᠤ᠂ 11 ᠠᠶᠢᠯ ᠲᠣᠰᠬᠤᠨ ᠤ ᠤᠰᠤᠨ ᠤ ᠡᠬᠢ ᠰᠤᠷᠪᠤᠯᠵᠢ ᠶᠢ ᠰᠣᠯᠢᠬᠤ | ᠪᠠ ᠴᠡᠪᠡᠷᠰᠢᠭᠦᠯᠬᠦ ᠢᠨᠵᠧᠨᠧᠷᠢᠩ ᠢ ᠪᠡᠶᠡᠯᠡᠭᠦᠯᠪᠡ᠃ 844 ᠶᠠᠳᠠᠭᠤ ᠬᠦᠴᠢᠷᠳᠡᠯᠲᠡᠶ ᠰᠤᠷᠤᠭᠴᠢᠳ ᠲᠤ 350 | ᠲᠦᠮᠡᠨ ᠲᠥᠭᠦᠷᠢᠭ ᠤᠨ ᠰᠤᠷᠭᠠᠨ ᠬᠥᠮᠦᠵᠢᠯ ᠤᠨ ᠨᠥᠬᠦᠪᠥᠷᠢ ᠣᠯᠭᠤᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠳᠤ ᠰᠤᠷᠤᠯᠭ᠎ᠠ ᠪᠠᠨ ᠳᠣᠷᠭᠤᠨ ᠵᠣᠭᠰᠣᠬᠤ ᠥᠬᠡᠶ ᠪᠠᠶᠢᠬᠤ ᠶᠢ ᠪᠡᠶᠡᠯᠡᠭᠦᠯᠪᠡ᠃ 647.9 | ᠲᠦᠮᠡᠨ ᠲᠥᠭᠦᠷᠢᠭ ᠤᠨ ᠪᠠᠯᠠ ᠣᠷᠣᠭᠤᠯᠵᠤ᠂ 11 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ | 76 ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠠᠵᠢᠯᠲᠠᠨ᠂ ᠲᠥᠬᠦᠭᠡᠷᠦᠮᠵᠢ᠂ ᠡᠮ ᠤᠨ ᠵᠦᠢᠯ ᠤᠨ | ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠬᠦ ᠳᠤ ᠲᠥᠬᠦᠮ | ᠦᠵᠡᠭᠦᠯᠪᠡ᠃ ︽ᠤᠷᠢᠳᠠᠪᠠᠷ ᠣᠨᠣᠰᠢᠯᠠᠨ ᠡᠮᠨᠡᠵᠦ᠂ ᠳᠠᠷᠠᠭ᠎ᠠ ᠨᠢ ᠰᠦᠢᠳᠬᠡᠯ ᠲᠤᠰᠢᠶᠠᠬᠤ︾ ᠦᠢᠯᠡᠴᠢᠯᠡᠭᠡ ᠶᠢ | ᠪᠥᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ | ᠨᠣᠷᠮ᠎ᠠ ᠶᠢ 100% ᠳᠤ ᠬᠦᠷᠭᠡᠵᠦ᠂ ᠬᠡᠷ ᠪᠦᠯᠢ ᠶᠢᠨ ᠡᠮᠴᠢ ᠶᠢᠨ ᠭᠠᠷ ᠤᠨ ᠥᠰᠥᠭ ᠵᠢᠷᠤᠬᠤ ᠶᠣᠰᠣᠲᠠᠶ ᠶᠢ ᠨᠢ | ᠴᠥᠮ ᠭᠠᠷ ᠤᠨ ᠥᠰᠥᠭ ᠵᠢᠷᠤᠵᠤ᠂ ᠨᠢᠭᠡᠳᠦᠯᠲᠡᠶ ᠲᠥᠯᠥᠪᠯᠡᠨ ᠳᠥᠯᠥᠵᠦ ᠲᠠᠩᠰᠠ ᠲᠠᠶᠢᠯᠬᠤ ᠬᠠᠷᠢᠴᠠᠯ ᠢ | 90% ᠳᠤ ᠬᠦᠷᠦᠭᠦᠯᠪᠡ᠃ | — ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠪᠠᠷ | ᠦᠨᠳᠦᠰᠦᠨ ᠵᠦᠢᠯ ᠢ ᠪᠠᠲᠤᠯᠠᠪᠠ᠃ ︽ᠵᠠᠬ᠎ᠠ ᠬᠢᠵᠠᠭᠠᠷ ᠤᠨ ᠡᠷᠦᠬᠡ ᠶᠢᠨ ᠶᠠᠳᠠᠭᠤᠷᠠᠬᠤ ᠪᠠ ᠶᠠᠳᠠᠭᠤ ᠬᠦᠴᠢᠷᠳᠡᠯᠲᠡᠶ | ᠡᠷᠦᠬᠡ ᠶᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠬᠡᠷᠡᠭᠵᠢᠭᠦᠯᠬᠦ ᠰᠠᠨᠠᠯ︾ ︽ᠶᠠᠳᠠᠭᠤ ᠶᠢ ᠲᠡᠳᠬᠦᠬᠦ | ᠲᠥᠷᠥᠯ ᠵᠦᠢᠯ ᠤᠨ ᠠᠰᠢᠭ ᠣᠷᠣᠯᠭ᠎ᠠ ᠶᠢᠨ ᠪᠠᠯᠠ ᠮᠥᠩᠭᠦ ᠶᠢᠨ ᠬᠡᠷᠡᠭᠯᠡᠯᠲᠡ ᠪᠠ ᠬᠠᠮᠢᠶᠠᠷᠤᠯᠲᠠ ᠶᠢᠨ ᠠᠷᠭ᠎ᠠ︾ | ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠳᠠᠬᠢᠨ | ᠶᠠᠳᠠᠭᠤᠷᠠᠬᠤ ᠶᠢ ᠪᠦᠲᠦᠮᠵᠢᠲᠡᠶ ᠰᠡᠷᠭᠡᠶᠢᠯᠡᠪᠡ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢ ᠨᠡᠩ ᠢᠯᠡᠭᠦᠦ | ᠲᠤᠪᠤᠶᠢᠯᠭᠠᠵᠤ᠂ ᠶᠠᠳᠠᠭᠤ ᠬᠦᠴᠢᠷᠳᠡᠯ ᠲᠠᠢ ᠡᠷᠦᠭᠡ ᠶᠢᠨ ᠳᠣᠲᠣᠷ᠎ᠠ ᠠᠴᠠ 188 ᠤᠢ ᠬᠠᠮᠠᠭᠠᠯᠠᠭᠴᠢ᠂ ᠭᠠᠯ | ᠰᠡᠷᠭᠡᠶᠢᠯᠡᠭᠴᠢ ᠶᠢ ᠤᠷᠢᠨ ᠬᠡᠷᠡᠭᠯᠡᠵᠦ᠂ 1111 ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠵᠤ᠂ | ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠶᠢᠨ ᠨᠡᠮᠡᠭᠳᠡᠯ 3600 ᠲᠥᠭᠦᠷᠢᠭ ᠲᠤ ᠬᠦᠷᠪᠡ᠃ ︽ᠭᠠᠳᠠᠭᠰᠢ | ᠭᠠᠷᠬᠤ᠂ ᠣᠷᠣᠭᠤᠯᠵᠤ ᠢᠷᠡᠬᠦ︾ ᠠᠷᠭ᠎ᠠ ᠮᠠᠶ᠋ᠢᠭ ᠢᠶᠠᠷ 330 ᠶᠠᠳᠠᠭᠤ ᠬᠦᠴᠢᠷᠳᠡᠯ ᠲᠠᠢ ᠬᠥᠮᠦᠨ ᠠᠮᠠ ᠶᠢ | ᠪᠣᠯᠪᠠᠰᠤᠷᠠᠭᠤᠯᠪᠠ︔ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠣᠷᠣᠯᠴᠠᠭᠰᠠᠨ ᠪᠦᠷᠬᠦᠴᠡ ᠶᠢᠨ ᠨᠤᠷᠮ᠎ᠠ 100% ᠳᠤ ᠬᠦᠷᠴᠦ᠂ 4677 ᠬᠥᠮᠦᠨ ᠳᠤ ᠬᠠᠷᠠᠭᠠᠯᠵᠠᠯ ᠬᠦᠷᠲᠡᠭᠡᠪᠡ | ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠠᠪᠤᠨ ᠪᠠᠲᠤᠯᠠᠭᠠᠲᠤ ᠶᠠᠳᠠᠭᠤ ᠬᠦᠴᠢᠷᠳᠡᠯᠲᠡᠶ 47 ᠡᠷᠦᠬᠡ | 85 ᠬᠥᠮᠦᠨ ᠢ ᠰᠢᠨ᠎ᠡ ᠪᠠᠷ ᠣᠷᠣᠭᠤᠯᠪᠠ᠃ ᠳᠠᠩᠰᠠᠯᠠᠨ ᠺᠠᠷᠲᠯᠠᠭᠰᠠᠨ 7914 ᠶᠠᠳᠠᠭᠤ ᠬᠦᠴᠢᠷᠳᠡᠯ ᠲᠠᠢ ᠬᠥᠮᠦᠨ | ᠠᠮᠠ ᠳᠤ ᠡᠮ ᠡᠮᠨᠡᠯᠭᠡ ᠶᠢᠨ ᠳᠠᠭᠠᠳᠬᠠᠯ ᠢ ᠬᠥᠮᠦᠨ ᠪᠦᠷᠢ ᠵᠢᠯ ᠳᠤ 500 ᠲᠥᠭᠦᠷᠢᠭ ᠲᠤᠰᠢᠶᠠᠵᠠᠶ᠃ ᠡᠳ᠋ ᠤᠨ | ᠵᠠᠰᠠᠭ ᠤᠨ ᠶᠠᠳᠠᠭᠤ ᠶᠢ ᠲᠡᠳᠬᠦᠬᠦ ᠲᠦᠭᠰᠢᠭᠦᠷᠢ ᠶᠢᠨ ᠨᠥᠬᠦᠪᠥᠷᠢ ᠪᠠ ᠳᠠᠮ ᠬᠦᠤ ᠶᠢᠨ ᠮᠥᠩᠭᠦ 5850 ᠲᠦᠮᠡᠨ | ᠲᠥᠭᠦᠷᠢᠭ ᠣᠷᠣᠭᠤᠯᠵᠤ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ 2263.8 ᠲᠦᠮᠡᠨ ᠲᠥᠭᠦᠷᠢᠭ | ᠲᠠᠷᠬᠠᠭᠠᠵᠤ᠂ 509 ᠡᠷᠦᠬᠡ ᠶᠠᠳᠠᠭᠤ ᠬᠦᠴᠢᠷᠳᠡᠯᠲᠡᠶ ᠬᠡᠷ ᠪᠦᠯᠢ ᠳᠤ ᠠᠰᠢᠭ ᠬᠦᠷᠲᠡᠭᠡᠪᠡ᠃ | — ᠨᠡᠶᠢᠭᠡᠮ ᠤᠨ ᠬᠠᠪᠰᠤᠷᠤᠨ ᠲᠡᠳᠬᠦᠬᠦ ᠲᠠᠯ᠎ᠠ ᠪᠠᠷ᠂ ᠪᠠᠶᠢᠳᠠᠯ ᠢ ᠠᠰᠢᠭᠯᠠᠨ ᠬᠦᠴᠦᠯᠡᠨ | ᠴᠢᠷᠮᠠᠶᠢᠭᠰᠠᠨ ᠢᠶᠠᠷ ᠢᠯᠡᠳᠲᠡ ᠦᠷ᠎ᠡ ᠪᠦᠲᠦᠮᠵᠢ ᠤᠯᠪᠠ᠃ ᠪᠡᠭᠡᠵᠢᠩ ᠥᠪᠥᠷ ᠮᠣᠩᠭᠤᠯ ᠤᠨ ᠶᠠᠳᠠᠭᠤ ᠶᠢ | ᠲᠡᠳᠬᠦᠬᠦ ᠳᠤ 1764.6 ᠲᠦᠮᠡᠨ ᠲᠥᠭᠦᠷᠢᠭ ᠤᠨ ᠪᠠᠯᠠ ᠣᠷᠣᠭᠤᠯᠵᠤ᠂ 23 ᠲᠥᠷᠥᠯ ᠵᠦᠢᠯ ᠢ ᠬᠡᠷᠡᠭᠵᠢᠭᠦᠯᠦᠨ᠂ | 3000 ᠭᠠᠷᠤᠶ ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠰᠢᠭ ᠬᠦᠷᠲᠡᠭᠡᠪᠡ᠃ ᠲᠦᠩ ᠶᠦᠩ | ᠮᠡᠷᠭᠡᠵᠢᠯ ᠤᠨ ᠪᠦᠯᠦᠭᠯᠡᠯ 810 ᠲᠦᠮᠡᠨ ᠲᠥᠭᠦᠷᠢᠭ ᠣᠷᠣᠭᠤᠯᠵᠤ᠂ ᠡᠭᠦᠨ ᠳᠤ 670 ᠲᠦᠮᠡᠨ ᠲᠥᠭᠦᠷᠢᠭ ᠢ | ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ | ᠪᠠᠶᠢᠭᠤᠯᠬᠤ ᠳᠤ ᠬᠡᠷᠡᠭᠯᠡᠵᠦ᠂ 5500 ᠮᠥ ᠬᠢᠲᠠᠳ ᠡᠮ ᠤᠨ ᠮᠠᠲ᠋ᠧᠷᠢᠶᠠᠯ ᠢ ᠳᠠᠷᠢᠵᠤ᠂ ᠪᠥᠬᠦ ᠰᠢᠶᠠᠨ ᠢ ᠳᠠᠶᠢᠴᠢᠯᠠᠨ | 2.5 ᠲᠦᠮᠡᠨ ᠮᠥ ᠲᠠᠷᠢᠪᠠ᠃ ᠪᠡᠭᠡᠵᠢᠩ ᠤᠨ ᠱᠸᠤ ᠴᠤᠸᠠᠩ ᠪᠦᠯᠦᠭᠯᠡᠯ᠂ ᠥᠪᠥᠷ ᠮᠣᠩᠭᠤᠯ ᠤᠨ ᠺᠦᠨᠮᠢᠩ ᠤᠨ | ᠶᠠᠩᠵᠤᠤᠷ ᠲᠠᠮᠠᠬᠢ ᠶᠢᠨ ᠬᠢᠵᠠᠭᠠᠷᠲᠤ ᠺᠣᠮᠫᠠᠨᠢ ᠶᠢᠨ ᠶᠠᠳᠠᠭᠤ ᠶᠢ ᠲᠡᠳᠬᠦᠬᠦ ᠳᠡᠮᠵᠢᠯᠭᠡ ᠶᠢ ᠢᠳᠡᠪᠬᠢᠲᠡᠶ ᠵᠣᠯᠭᠠᠭᠤᠯᠵᠤ | ᠂ 900 ᠲᠦᠮᠡᠨ ᠲᠥᠭᠦᠷᠢᠭ ᠤᠨ ᠪᠠᠯᠠ ᠮᠥᠩᠭᠦ ᠶᠢ ᠴᠢᠷᠮᠠᠶᠢᠨ ᠣᠯᠪᠠ᠃ 83 ᠡᠷᠦᠬᠡ ︽ᠵᠠᠭᠤᠨ ᠠᠵᠤ | ᠠᠬᠤᠶᠢᠯᠠᠯ ᠵᠠᠭᠤᠨ ᠲᠣᠰᠬᠤᠨ ᠬᠤᠯᠪᠤᠭᠠᠯᠠᠬᠤ︾ ᠠᠵᠤ ᠠᠬᠤᠶᠢᠯᠠᠯ ᠠᠴᠠ 71 ᠲᠣᠰᠬᠤᠨ ᠢ ᠬᠠᠪᠰᠤᠷᠤᠨ | ᠲᠡᠳᠬᠦᠵᠦ᠂ 270 ᠲᠦᠮᠡᠨ ᠲᠥᠭᠦᠷᠢᠭ ᠤᠨ ᠪᠠᠯᠠ ᠣᠷᠣᠭᠤᠯᠵᠤ᠂ 42 ᠲᠥᠷᠥᠯ ᠵᠦᠢᠯ ᠢ ᠨᠠᠶᠢᠳᠠᠪᠤᠷᠢᠵᠢᠭᠤᠯᠪᠠ᠃ | 10 ᠰᠠᠶ᠎ᠠ ᠸᠠᠲ ᠤᠨ ᠬᠡᠷᠡᠯ ᠸᠣᠯᠲ ᠢᠶᠠᠷ ᠶᠠᠳᠠᠭᠤ ᠶᠢ ᠲᠡᠳᠬᠦᠬᠦ ᠲᠥᠷᠥᠯ ᠵᠦᠢᠯ ᠤᠨ ᠦᠷ᠎ᠡ ᠠᠰᠢᠭ ᠢᠯᠡᠷᠬᠡᠶ | ᠪᠠᠶᠢᠵᠤ᠂ 379 ᠡᠷᠦᠬᠡ ᠬᠥᠳᠡᠯᠮᠦᠷᠢᠯᠡᠬᠦ ᠴᠢᠳᠠᠪᠤᠷᠢ ᠥᠬᠡᠶ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ | ᠡᠷᠦᠬᠡ ᠳᠤ 113.7 ᠲᠦᠮᠡᠨ ᠲᠥᠭᠦᠷᠢᠭ ᠣᠯᠭᠤᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠨᠢ 3000 | ᠲᠥᠭᠦᠷᠢᠭ ᠨᠡᠮᠡᠭᠳᠡᠪᠡ᠃ | ᠡᠨᠡ ᠨᠢᠭᠡ ᠵᠢᠯ ᠳᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠤᠯᠠᠮ ᠴᠢᠩᠭ᠎ᠠ ᠪᠠᠷᠢᠮᠵᠢᠶ᠎ᠠ ᠶᠢᠨ ᠡᠮᠦᠨ᠎ᠡ᠂ | ᠪᠢᠳᠡ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠶᠡᠷᠦᠩᠬᠡᠶᠢᠯᠡᠨ ᠵᠠᠰᠠᠵᠤ᠂ ᠪᠣᠬᠢᠷᠲᠤᠯ ᠢ | ᠰᠡᠷᠭᠡᠶᠢᠯᠡᠨ ᠵᠠᠰᠠᠬᠤ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ ᠤᠯᠪᠠ᠃ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠬᠦᠴᠦᠲᠡᠢ ᠠᠬᠢᠭᠤᠯᠵᠤ᠂ | ᠠᠮᠢ ᠠᠬᠤᠢ ᠶᠢᠨ ᠣᠷᠴᠢᠨ ᠲᠣᠭᠤᠷᠢᠨ ᠤ ᠪᠠᠶᠢᠳᠠᠯ ᠢᠯᠡᠳᠲᠡ ᠰᠠᠶᠢᠵᠢᠷᠠᠪᠠ᠃ | — ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠃ 10 ᠲᠣᠨ ᠠᠴᠠ ᠳᠣᠷᠣᠭᠰᠢᠬᠢ | ᠨᠡᠭᠦᠷᠡᠰᠦ ᠰᠢᠲᠠᠭᠠᠬᠤ 16 ᠵᠢᠵᠢᠭ ᠭᠦᠸᠧᠯᠦ ᠶᠢ ᠰᠢᠭᠰᠢᠭᠳᠡᠭᠦᠯᠵᠦ᠂ ᠠᠭᠠᠷ ᠤᠨ ᠡᠨᠧᠷᠭᠢ ᠶᠢᠨ ᠴᠠᠬᠢᠯᠭᠠᠨ | ᠢᠯᠴᠢ ᠶᠢᠨ ᠭᠦᠸᠧᠯᠦ ᠪᠠ ᠰᠢᠲᠠᠮᠠᠬᠠᠶ ᠬᠡᠢ ᠶᠢᠨ ᠭᠦᠸᠧᠯᠦ ᠪᠣᠯᠭᠠᠨ ᠥᠭᠡᠷᠡᠴᠢᠯᠡᠵᠦ᠂ ᠨᠡᠭᠦᠷᠡᠰᠦᠨ ᠤ ᠬᠤᠷᠣᠭᠳᠠᠯ ᠢ | 2563 ᠲᠣᠨ ᠪᠠᠭᠠᠰᠬᠠᠪᠠ᠃ ᠲᠣᠭᠤᠰᠣ ᠳᠡᠭᠳᠡᠬᠦ᠂ ᠠᠭᠠᠷ ᠮᠠᠨᠳᠠᠯ ᠤᠨ ᠪᠣᠬᠢᠷᠲᠤᠯ ᠢ ᠲᠤᠰᠬᠠᠶᠢᠯᠠᠨ ᠵᠠᠰᠠᠬᠤ | ᠠᠵᠢᠯ ᠢ ᠭᠦᠨᠵᠡᠭᠡᠶ ᠥᠷᠨᠢᠭᠦᠯᠵᠦ᠂ 9 ᠱᠦᠢᠨᠢ ᠵᠢᠭᠤᠷᠠᠬᠤ ᠦᠷᠳᠡᠭᠡ ᠶᠢ ᠨᠤᠷᠠᠭᠠᠵᠤ᠂ ᠭᠤᠷᠪᠠᠳᠤᠭᠠᠷ᠂ | ᠳᠥᠷᠪᠡᠳᠦᠭᠡᠷ ᠢᠯᠴᠢ ᠶᠢᠨ ᠰᠤᠷᠪᠤᠯᠵᠢ ᠶᠢᠨ ᠦᠢᠯᠡᠳᠪᠦᠷᠢ ᠳᠤ ᠬᠦᠬᠦᠷ ᠥᠬᠡᠶᠢᠳᠡᠭᠦᠯᠬᠦ ᠪᠠ ᠭᠦᠸᠧᠯᠦ ᠶᠢᠨ | ᠲᠣᠭᠤᠰᠣ ᠠᠷᠢᠯᠭᠠᠬᠤ ᠥᠭᠡᠷᠡᠴᠢᠯᠡᠯᠲᠡ ᠶᠢ ᠪᠡᠶᠡᠯᠡᠭᠦᠯᠪᠡ᠃ ᠡᠰᠢ ᠰᠦᠷᠡᠯ ᠢ ᠵᠠᠳᠠᠭᠠᠶ ᠰᠢᠲᠠᠭᠠᠬᠤ ᠶᠢ ᠪᠦᠲᠦᠮᠵᠢᠲᠡᠶ | ᠬᠠᠮᠢᠶᠠᠷᠤᠨ ᠡᠵᠡᠮᠳᠡᠵᠦ᠂ ᠪᠥᠬᠦ ᠵᠢᠯ ᠳᠤ ᠬᠦᠬᠦᠷ ᠤᠨ ᠳᠠᠪᠬᠤᠷ ᠢᠰᠦᠯ 730 ᠲᠣᠨ᠂ ᠠᠽᠣᠲ ᠤᠨ ᠢᠰᠦᠮᠡᠭ | 125 ᠲᠣᠨ ᠭᠠᠳᠠᠭᠰᠢᠯᠠᠭᠤᠯᠬᠤ ᠶᠢ ᠪᠠᠭᠠᠰᠬᠠᠵᠤ᠂ ᠠᠭᠠᠷ ᠤᠨ ᠶᠠᠰᠤ ᠴᠢᠨᠠᠷ ᠢ ᠤᠯᠤᠰ ᠤᠨ ᠬᠤᠶᠠᠳᠤᠭᠠᠷ ᠳᠡᠰ ᠤᠨ | ᠪᠠᠷᠢᠮᠵᠢᠶ᠎ᠠ ᠳᠤ ᠬᠦᠷᠦᠭᠦᠯᠵᠦ᠂ ᠠᠭᠠᠷ ᠤᠨ ᠴᠡᠪᠡᠷᠴᠡ ᠰᠢᠯᠢᠳᠡᠭ ᠡᠳᠦᠷ ᠤᠨ ᠲᠤᠭ᠎ᠠ ᠶᠢ 310 ᠡᠳᠦᠷ ᠲᠤ | ᠬᠦᠷᠦᠭᠦᠯᠪᠡ᠃ | — ᠤᠰᠤᠨ ᠰᠤᠷᠪᠤᠯᠵᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠃ 653 ᠲᠦᠮᠡᠨ | ᠲᠥᠭᠦᠷᠢᠭ ᠣᠷᠣᠭᠤᠯᠵᠤ᠂ ᠬᠠᠷᠠᠴᠢᠨ ᠤᠰᠤᠨ ᠴᠥᠭᠦᠷᠥᠮ ᠤᠨ ᠨᠢᠭᠡᠳᠦᠭᠡᠷ ᠳᠡᠰ ᠤᠨ ᠤᠰᠤᠨ ᠰᠤᠷᠪᠤᠯᠵᠢ ᠶᠢᠨ | ᠭᠠᠵᠠᠷ ᠢ ᠬᠦᠷᠢᠶᠡᠯᠡᠨ ᠪᠢᠲᠡᠭᠦᠮᠵᠢᠯᠡᠬᠦ ᠪᠠ ᠬᠢᠨᠠᠨ ᠡᠵᠡᠮᠳᠡᠬᠦ ᠲᠥᠬᠦᠭᠡᠷᠦᠮᠵᠢ ᠶᠢ ᠤᠭᠰᠠᠷᠠᠬᠤ ᠶᠢ ᠪᠡᠶᠡᠯᠡᠭᠦᠯᠪᠡ᠃ | ᠰᠢᠶᠠᠨ ᠰᠢᠶᠠᠩ ᠤᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠨᠡᠶᠢᠳᠡ 415 ᠤᠳᠠᠭ᠎ᠠ ᠭᠤᠣᠯ ᠮᠥᠷᠡᠨ ᠢ ᠲᠣᠭᠤᠷᠢᠨ ᠪᠠᠶᠢᠴᠠᠭᠠᠵᠤ᠂ ᠭᠤᠣᠯ ᠮᠥᠷᠡᠨ ᠤ ᠵᠠᠮ ᠠᠴᠠ ᠬᠠᠤᠯᠢ | ᠪᠤᠰᠤ ᠪᠠᠷ ᠡᠯᠡᠰᠦ ᠮᠠᠯᠲᠠᠭᠰᠠᠨ 5 ᠭᠠᠵᠠᠷ ᠲᠤ ᠴᠣᠬᠢᠯᠲᠠ ᠥᠭᠴᠦ ᠴᠠᠭᠠᠵᠠᠯᠠᠪᠠ᠃ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠮᠡᠷᠭᠡᠵᠢᠯ ᠤᠨ ᠥᠭᠡᠷᠡᠴᠢᠯᠡᠯᠲᠡ ᠬᠢᠵᠦ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ | ᠪᠡᠶᠡᠯᠡᠭᠦᠯᠵᠦ᠂ ᠪᠦᠬᠦ ᠵᠢᠯ ᠳᠤ 292 ᠲᠦᠮᠡᠨ ᠲᠣᠨ ᠪᠣᠬᠢᠷ ᠤᠰᠤ ᠶᠢ ᠰᠢᠢᠳᠪᠦᠷᠢᠯᠡᠵᠦ᠂ 145 ᠲᠦᠮᠡᠨ ᠲᠣᠨ | ᠳᠤᠮᠳᠠ ᠵᠡᠷᠭᠡ ᠶᠢᠨ ᠤᠰᠤ ᠶᠢ ᠡᠭᠡᠭᠦᠯᠦᠨ ᠬᠡᠷᠡᠭᠯᠡᠪᠡ᠃ ᠴᠠᠷᠳᠠᠭᠤᠯ᠂ ᠱᠦᠢᠨᠢ ᠦᠢᠯᠡᠳᠬᠦ ᠵᠡᠷᠭᠡ ᠪᠣᠬᠢᠷᠲᠤᠯ ᠪᠣᠳᠠᠰ | ᠭᠠᠳᠠᠭᠰᠢᠯᠠᠭᠤᠯᠬᠤ 19 ᠠᠵᠤ ᠠᠬᠤᠶᠢᠯᠠᠯ ᠳᠤ ᠵᠥᠪᠰᠢᠶᠡᠷᠡᠯ ᠤᠨ ᠦᠨᠡᠮᠯᠡᠯ ᠤᠯᠪᠠ᠃ | — ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠃ ᠲᠠᠷᠢᠶᠠᠯᠠᠩ ᠤᠨ ᠤᠯᠠᠨ | ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ︽ᠲᠦᠷᠪᠡ ᠶᠢ ᠬᠢᠵᠠᠭᠠᠷᠯᠠᠬᠤ︾ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠠᠳᠠᠯᠢ | ᠬᠤᠭᠤᠴᠠᠭᠠᠨ ᠤ ᠬᠢ ᠠᠴᠠ 2% ᠢᠶᠠᠷ ᠪᠠᠭᠠᠰᠬᠠᠪᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠰᠠᠬᠤ ᠠᠵᠢᠯ ᠢ | ᠭᠦᠨᠵᠡᠭᠡᠶ ᠲᠦᠯᠬᠢᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ ᠬᠢᠨᠠᠯᠲᠠ | ᠬᠠᠮᠢᠶᠠᠷᠤᠯᠲᠠ ᠶᠢ ᠪᠡᠶᠡᠯᠡᠭᠦᠯᠪᠡ᠃ ᠤᠯᠤᠰ ᠤᠨ ᠠᠯᠲᠠᠨ ᠤ ᠠᠭᠤᠷᠬᠠᠶ ᠶᠢᠨ ᠦᠢᠯᠡᠰ ᠴᠠᠩ ᠹᠦ᠋ ᠯᠦᠩ ᠤᠨ | ᠠᠯᠲᠠᠨ ᠤ ᠠᠭᠤᠷᠬᠠᠶ ᠶᠢ ᠪᠦᠬᠦᠯᠢ ᠴᠣᠭᠴᠠ ᠪᠠᠷ ᠨᠢ ᠨᠤᠷᠠᠭᠠᠵᠤ᠂ ᠬᠠᠮᠠᠭᠠᠯᠠᠯᠲᠠ ᠶᠢᠨ ᠣᠷᠣᠨ ᠳᠠᠬᠢ 51 | ᠠᠭᠤᠷᠬᠠᠶ ᠶᠢᠨ ᠠᠵᠤ ᠠᠬᠤᠶᠢᠯᠠᠯ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ | ᠪᠡᠶᠡᠯᠡᠭᠦᠯᠵᠦ᠂ ᠪᠦᠬᠦᠨ ᠢ ᠬᠦᠴᠦᠨ ᠥᠬᠡᠶ ᠪᠣᠯᠭᠠᠪᠠ᠃ ᠬᠠᠮᠠᠭᠠᠯᠠᠯᠲᠠ ᠶᠢᠨ ᠣᠷᠣᠨ ᠤ ᠭᠠᠳᠠᠨᠠᠬᠢ 61 | ᠠᠭᠤᠷᠬᠠᠶ ᠶᠢᠨ ᠠᠵᠤ ᠠᠬᠤᠶᠢᠯᠠᠯ ᠭᠠᠵᠠᠷ ᠰᠢᠨᠵᠢᠯᠡᠭᠡᠨ ᠤ ᠣᠷᠴᠢᠨ ᠠᠬᠤᠶ ᠶᠢᠨ ᠵᠠᠰᠠᠯᠲᠠ ᠶᠢ ᠪᠡᠶᠡᠯᠡᠭᠦᠯᠦᠭᠰᠡᠨ | ᠪᠥᠭᠡᠳ ᠲᠤᠰᠬᠠᠶ ᠮᠡᠷᠭᠡᠵᠢᠯᠲᠡᠨ ᠤ ᠰᠢᠯᠭᠠᠯᠲᠠ ᠶᠢ ᠥᠩᠭᠡᠷᠡᠭᠡᠪᠡ᠃ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ | ᠵᠤᠰᠠᠯᠠᠩ ᠢ ᠢᠯᠭᠠᠷᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ 19 | ᠵᠢᠷᠤᠭ ᠤᠨ ᠲᠣᠯᠪᠤ ᠶᠢ ᠵᠠᠬ᠎ᠠ ᠳᠠᠷᠠᠭᠠᠯᠠᠨ ᠪᠠᠶᠢᠴᠠᠭᠠᠨ ᠭᠠᠷᠭᠠᠵᠤ᠂ 4 ᠭᠠᠵᠠᠷ ᠢ ᠨᠤᠷᠠᠭᠠᠨ᠂ 1 ᠭᠠᠵᠠᠷ ᠢ ᠬᠤᠷᠢᠶᠠᠨ | ᠠᠪᠤᠪᠠ᠃ ︽ᠲᠤᠮᠤ ᠣᠷᠣᠨ ᠰᠠᠭᠤᠴᠠ︾ ᠶᠢᠨ ᠲᠤᠰᠬᠠᠶ ᠵᠠᠰᠠᠯᠲᠠ ᠶᠢ ᠭᠦᠨᠵᠡᠭᠡᠶ ᠲᠦᠯᠬᠢᠨ ᠠᠬᠢᠭᠤᠯᠵᠤ᠂ 23 ︽ | ᠲᠤᠮᠤ ᠣᠷᠣᠨ ᠰᠠᠭᠤᠴᠠ︾ ᠶᠢ ᠨᠤᠷᠠᠭᠠᠨ ᠴᠡᠭᠴᠡᠯᠡᠵᠦ ᠥᠭᠡᠷᠡᠴᠢᠯᠡᠬᠦ ᠶᠢ ᠪᠡᠶᠡᠯᠡᠭᠦᠯᠪᠡ᠃ | ᠡᠨᠡ ᠨᠢᠭᠡ ᠵᠢᠯ ᠳᠤ᠂ ᠡᠳ᠋ ᠮᠥᠩᠭᠦᠨ ᠤ ᠢᠷᠡᠯᠲᠡ ᠬᠦᠷᠦᠯᠴᠡᠬᠦ ᠥᠬᠡᠶ᠂ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠳᠠᠪᠬᠤᠷ ᠳᠠᠷᠤᠯᠲᠠ ᠶᠢᠨ ᠡᠮᠦᠨ᠎ᠡ᠂ ᠪᠢᠳᠡ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ | ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ | ᠰᠢ ᠶᠢᠨ ᠫᠢᠩ ᠶᠡᠷᠦᠩᠬᠡᠶ ᠱᠦᠵᠢ ᠶᠢᠨ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ | ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠨ᠂ ᠰᠠᠨᠠᠭᠠᠰᠢᠷᠠᠨ ᠵᠣᠪᠠᠨᠢᠬᠤ | ᠤᠬᠠᠮᠰᠠᠷ ᠢᠶᠠᠨ ᠴᠢᠩᠭᠠᠷᠠᠭᠤᠯᠵᠤ᠂ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ | ︽ᠭᠤᠷᠪᠠ ᠶᠢ ᠪᠠᠲᠤᠯᠠᠬᠤ︾ ᠶᠢ ᠪᠠᠲᠤᠯᠠᠬᠤ᠂ 5371 ᠲᠦᠮᠡᠨ ᠲᠥᠭᠦᠷᠢᠭ ᠤᠨ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠲᠦᠢᠯ ᠤᠨ ᠬᠦᠴᠢᠷᠲᠡᠶ ᠬᠦᠴᠢᠷᠳᠡᠯ ᠤᠨ ᠳᠤᠮᠳᠠ᠂ ᠢᠳᠡᠪᠬᠢᠲᠡᠶ ᠪᠠᠷ ᠪᠠᠯᠠ ᠮᠥᠩᠭᠦ | ᠴᠤᠭᠯᠠᠭᠤᠯᠵᠤ᠂ ᠵᠠᠰᠠᠭ ᠤᠨ ᠣᠷᠳᠣᠨ ᠤ ᠳᠠᠯᠳᠠ ᠥᠭᠴᠡᠭᠡ᠂ ᠳᠤᠮᠳᠠ ᠵᠢᠵᠢᠭ ᠠᠵᠤ ᠠᠬᠤᠶᠢᠯᠠᠯ ᠤᠨ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠤᠨ ᠥᠷᠢ ᠥᠭᠴᠡᠭᠡ ᠶᠢ ᠠᠷᠢᠯᠭᠠᠬᠤ ᠣᠨ ᠤ ᠬᠠᠷᠠᠯᠲᠠᠲᠤ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠭᠦᠨ ᠤ ᠬᠠᠮᠲᠤ᠂ ᠲᠦᠭᠰᠢᠭᠦᠷᠢ ᠶᠢ ᠰᠡᠷᠭᠡᠶᠢᠯᠡᠬᠦ ᠠᠵᠢᠯ ᠢ | ᠪᠥᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠪᠠᠯᠠ ᠳᠣᠭᠢᠷᠠᠭᠤᠯᠬᠤ ᠠᠵᠢᠯᠯᠠᠭ᠎ᠠ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠳᠠᠯᠳᠠ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠰᠡᠷᠭᠡᠶᠢᠯᠡᠨ ᠬᠤᠷᠢᠭᠯᠠᠵᠤ᠂ | ᠪᠥᠬᠦ ᠵᠢᠯ ᠳᠤ ᠵᠠᠰᠠᠭ ᠤᠨ ᠣᠷᠳᠣᠨ ᠤ ᠴᠢᠨᠠᠷᠲᠠᠶ ᠵᠢᠭᠡᠯᠡᠯᠭᠡ ᠠᠪᠴᠤ ᠪᠠᠯᠠ ᠣᠷᠤᠭᠤᠯᠤᠭᠰᠠᠨ ᠲᠥᠷᠥᠯ ᠵᠦᠢᠯ | ᠪᠠᠶᠢᠬᠤ ᠥᠬᠡᠶ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠰᠡᠷᠭᠡᠶᠢᠯᠡᠨ ᠵᠠᠰᠠᠬᠤ | ᠪᠠ ᠤᠬᠠᠭᠤᠯᠬᠤ ᠡᠷᠴᠢᠮ ᠢ ᠦᠨᠡᠨ ᠬᠦ ᠴᠢᠩᠭᠠᠷᠠᠭᠤᠯᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ᠂ | ᠬᠠᠤᠯᠢ ᠪᠤᠰᠤ ᠪᠠᠷ ᠵᠢᠭᠡᠯᠡᠯᠭᠡ ᠲᠠᠯᠪᠢᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠦᠴᠦᠲᠡᠶ | ᠪᠠᠶᠢᠴᠠᠭᠠᠨ ᠰᠢᠢᠳᠪᠦᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠪᠡ᠃ | ᠡᠨᠡ ᠨᠢᠭᠡ ᠵᠢᠯ ᠳᠤ᠂ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠬᠠᠲᠠᠭᠤ ᠰᠢᠯᠭᠠᠯᠲᠠ ᠶᠢᠨ ᠡᠮᠦᠨ᠎ᠡ᠂ | ᠪᠢᠳᠡ ᠦᠨᠳᠦᠰᠦ ᠪᠠᠨ ᠪᠠᠬᠢᠵᠢᠭᠦᠯᠦᠨ ᠰᠠᠭᠤᠷᠢ ᠪᠠᠨ ᠪᠠᠬᠢᠵᠢᠭᠦᠯᠵᠦ᠂ ᠲᠥᠷᠥᠯ ᠵᠦᠢᠯ ᠢ ᠭᠤᠣᠯᠯᠠᠨ ᠰᠤᠳᠤᠯᠵᠤ᠂ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠠᠯ᠎ᠠ ᠪᠠᠷ ᠯᠠᠪᠳᠠᠭᠤᠨ ᠪᠠᠲᠤᠲᠠᠶ ᠠᠯᠬᠤᠮ ᠢ ᠠᠯᠬᠤᠵᠠᠶ᠃ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠵᠤ᠂ ᠠᠵᠤ ᠦᠢᠯᠡᠰ ᠤᠨ ᠳᠠᠯᠳᠠ ᠬᠦᠴᠦᠨ ᠢ ᠠᠭᠤᠳᠠᠯᠵᠤ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠢᠳᠡᠪᠬᠢᠲᠡᠢ ᠠᠬᠢᠭᠤᠯᠵᠤ᠂ ᠪᠣᠬᠢᠷᠲᠤᠯ ᠦᠭᠡᠢ ᠠᠮᠢ ᠠᠬᠤᠢ ᠶᠢᠨ | ᠠᠵᠤ ᠦᠢᠯᠡᠰ ᠤᠨ ᠪᠦᠲᠦᠴᠡ ᠶᠢ ᠠᠩᠬ᠎ᠠ ᠠᠯᠬᠤᠮ ᠪᠦᠷᠢᠯᠳᠦᠭᠦᠯᠪᠡ᠃ | — ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢ ᠲᠥᠪᠯᠡᠷᠡᠭᠦᠯᠦᠨ | ᠬᠥᠭᠵᠢᠭᠦᠯᠪᠡ᠃ ᠨᠢᠭᠡ ᠳᠤ᠂ ᠬᠡᠪᠴᠢᠶᠡᠵᠢᠬᠦ ᠬᠠᠨᠳᠤᠰᠢ ᠢᠯᠡᠷᠡᠪᠡ᠃ ᠲᠥᠮᠥᠰᠥ ᠶᠢᠨ ᠤᠤᠯ ᠡᠭᠦᠯᠳᠡᠷ ᠤᠨ | ᠰᠠᠭᠤᠷᠢᠨ ᠭᠠᠵᠠᠷ᠂ ᠪᠢᠴᠢᠯ ᠬᠡᠯᠪᠡᠷᠢ ᠶᠢᠨ ᠲᠥᠮᠥᠰᠥ ᠶᠢᠨ ᠰᠠᠭᠤᠷᠢᠨ ᠭᠠᠵᠠᠷ 5᠂ ᠲᠠᠸᠠᠷ ᠤᠨ ᠲᠥᠮᠥᠰᠥ ᠶᠢᠨ | ᠰᠠᠭᠤᠷᠢᠨ ᠭᠠᠵᠠᠷ ᠢ 100 ᠶᠢ ᠰᠢᠨ᠎ᠡ ᠪᠠᠷ ᠪᠠᠶᠢᠭᠤᠯᠵᠤ᠂ ᠶᠡᠷᠦᠩᠬᠡᠶ ᠳᠠᠷᠢᠬᠤ ᠲᠠᠯᠠᠪᠠᠶ ᠨᠢ 56.6 ᠲᠦᠮᠡᠨ ᠮᠥ | ᠬᠦᠷᠪᠡ᠃ ᠢᠳᠡᠭᠡᠨ ᠤ ᠮᠦᠬᠦ ᠶᠢᠨ ᠲᠦᠷᠦᠯ ᠵᠦᠢᠯ ᠢ 9 ᠵᠦᠢᠯ ᠪᠣᠯᠭᠠᠨ ᠨᠡᠮᠡᠭᠳᠡᠭᠦᠯᠵᠦ᠂ ᠭᠠᠷᠤᠯᠲᠠ ᠶᠢ 1800 | ᠲᠣᠨ ᠳᠤ ᠬᠦᠷᠭᠡᠵᠦ᠂ 1000 ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃ ᠵᠠᠬᠢᠶᠠᠯᠠᠭ᠎ᠠ ᠪᠠᠷ 16.5 | ᠲᠦᠮᠡᠨ ᠮᠥ ᠨᠣᠬᠠᠶ ᠶᠢᠨ ᠬᠤᠰᠢᠭᠤ ᠳᠠᠷᠢᠵᠤ᠂ ᠵᠢᠱᠢᠶ᠎ᠡ ᠦᠵᠡᠭᠦᠯᠬᠦ ᠣᠷᠣᠨ ᠳᠤ 2 ᠲᠦᠮᠡᠨ ᠮᠥ ᠲᠠᠷᠢᠪᠠ᠃ | ᠬᠤᠭᠤᠯᠠᠢ ᠠᠭᠤᠯᠠ ᠶᠢᠨ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠬᠠᠷ᠎ᠠ ᠬᠤᠰᠢᠭᠤ ᠶᠢᠨ ᠦᠨᠦᠷᠲᠦ ᠨᠢᠴᠦᠭᠦᠨ | ᠬᠤᠪᠣᠯᠣ ᠪᠠ ᠳᠡᠭᠡᠷ᠎ᠡ ᠲᠣᠬᠤᠢ ᠶᠢᠨ ᠲᠠᠷᠪᠤᠰ᠂ ᠭᠦᠵᠡᠯᠵᠡᠭᠡᠨ᠎ᠡ ᠵᠡᠷᠭᠡ ᠤᠨᠴᠠᠯᠢᠭᠳᠤ ᠲᠠᠷᠢᠮᠠᠯ ᠠᠩᠬ᠎ᠠ ᠠᠯᠬᠤᠮ ᠤᠨ | ᠦᠷ᠎ᠡ ᠪᠦᠲᠦᠮᠵᠢ ᠤᠯᠪᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠳᠤ ᠣᠷᠣᠨ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠬᠠᠮᠠᠭᠠᠯᠠᠯᠲᠠ ᠶᠢᠨ ᠣᠷᠣᠨ ᠢ 64 ᠲᠦᠮᠡᠨ ᠮᠦ ᠵᠠᠭᠠᠭᠯᠠᠨ ᠲᠣᠭᠲᠠᠭᠠᠪᠠ᠃ | ᠦᠯᠡᠳᠡᠭᠳᠡᠯ ᠪᠦᠷᠬᠦᠭᠦᠯ ᠢ ᠡᠭᠡᠭᠦᠯᠦᠨ ᠬᠤᠷᠢᠶᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ 1 ᠥᠷᠨᠢᠭᠦᠯᠵᠦ᠂ | ᠤᠯᠤᠰ ᠤᠨ ᠲᠠᠰ ᠤᠨ ᠰᠦᠯᠢᠶᠣᠣ ᠪᠦᠷᠬᠦᠭᠦᠯ ᠤᠨ ᠣᠭ ᠪᠠᠶᠢᠷᠢ ᠶᠢᠨ ᠪᠠᠶᠢᠴᠠᠭᠠᠨ ᠬᠡᠮᠵᠢᠬᠦ ᠴᠡᠭ ᠢ 15 ᠪᠠᠶᠢᠭᠤᠯᠪᠠ | ᠃ ᠬᠤᠶᠠᠷ ᠲᠤ᠂ ᠲᠦᠷᠦᠯ ᠳᠡᠮᠳᠡᠭᠵᠢᠬᠦ ᠬᠠᠨᠳᠤᠰᠢ ᠢᠯᠡᠷᠡᠪᠡ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠡᠮᠳᠡᠭ ᠤᠨ ︽ᠶᠤᠸᠠᠨ ᠸᠧᠢ ᠦᠴᠦᠸᠠᠨ︾ ᠣᠲᠣ ᠶᠠᠭ ᠲᠠᠸᠠᠷ ᠤᠨ ᠲᠡᠮᠳᠡᠭ ᠢ ᠳᠠᠩᠰᠠᠯᠠᠭᠤᠯᠵᠤ ᠪᠣᠶ᠃ | ︽ᠦᠴᠤᠸᠠᠨ ᠤ ᠢᠳᠡᠭᠡᠨ ᠤ ᠮᠥᠭᠦ︾ ︽ᠦᠴᠤᠸᠠᠨ ᠤ ᠶᠤᠤᠮᠠᠢ︾ ᠣᠲᠣ ᠶᠠᠭ ᠪᠥᠬᠦ ᠤᠯᠤᠰ ᠤᠨ ︽ᠨᠠᠷᠠᠲᠤ | ᠣᠨᠴᠠ ᠰᠢᠯᠢᠳᠡᠭ︾ ᠭᠡᠷᠡᠴᠢᠯᠡᠯᠲᠡ ᠶᠢ ᠭᠤᠶᠤᠴᠢᠯᠠᠨ ᠮᠡᠳᠡᠭᠦᠯᠵᠦ ᠪᠣᠶ︔ ᠪᠠᠶ ᠯᠢᠩ ᠭᠤᠯᠢᠷ᠂ ᠸᠠᠨ ᠾᠧ ᠯᠢ | ᠱᠧᠩ᠂ ᠱᠧᠩ ᠹᠧᠩ ᠬᠤᠷᠰᠢᠶᠠᠵᠢᠯ ᠠᠴᠠ 7 ᠵᠦᠢᠯ ᠤᠨ ᠪᠣᠬᠢᠷᠲᠤᠯ ᠦᠭᠡᠢ ᠪᠦᠲᠦᠭᠡᠭᠳᠡᠬᠦᠨ ᠢ ᠭᠤᠶᠤᠴᠢᠯᠠᠨ | ᠮᠡᠳᠡᠭᠦᠯᠪᠡ᠃ ︽ᠦᠴᠤᠸᠠᠨ ᠤ ᠶᠤᠤᠮᠠᠢ︾ ︽ᠦᠴᠤᠸᠠᠨ ᠤ ᠰᠠᠭᠠᠭ︾ ︽ᠦᠴᠤᠸᠠᠨ ᠤ ᠲᠥᠮᠥᠰᠥ︾ ︽ | ᠦᠴᠤᠸᠠᠨ ᠤ ᠬᠤᠨᠴᠢᠷ︾ ᠨᠢ ᠶᠠᠭ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠳᠡᠮᠳᠡᠭ ᠢ ᠭᠤᠶᠤᠴᠢᠯᠠᠨ ᠮᠡᠳᠡᠭᠦᠯᠵᠦ ᠪᠤᠢ᠃ 11 ᠠᠵᠤ | ᠠᠬᠤᠶᠢᠯᠠᠯ ᠤᠨ 13 ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠨ | ᠤᠬᠤᠴᠢᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠪᠠ᠃ ᠭᠤᠷᠪᠠ ᠳᠤ᠂ ᠵᠣᠬᠢᠶᠠᠨ | ᠪᠠᠶᠢᠭᠤᠯᠤᠯᠴᠠᠬᠤ ᠬᠠᠨᠳᠤᠰᠢ ᠢᠯᠡᠷᠡᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠲᠥᠴᠢ ᠠᠵᠤ | ᠠᠬᠤᠶᠢᠯᠠᠯ ᠢ ᠰᠢᠨ᠎ᠡ ᠪᠠᠷ 3 ᠨᠡᠮᠡᠭᠳᠡᠭᠦᠯᠵᠦ᠂ ᠬᠤᠲᠠ ᠶᠢᠨ ᠲᠠᠰ ᠠᠴᠠ ᠳᠡᠭᠡᠭᠰᠢᠬᠢ ᠬᠥᠲᠥᠴᠢ ᠠᠵᠤ ᠠᠬᠤᠶᠢᠯᠠᠯ ᠢ | 50 ᠪᠤᠯᠭᠠᠪᠠ᠃ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠰᠢᠨ᠎ᠡ ᠪᠠᠷ 40 ᠨᠡᠮᠡᠭᠳᠡᠭᠦᠯᠵᠦ᠂ ᠨᠡᠶᠢᠲᠡ | 121 ᠪᠣᠯᠭᠠᠪᠠ᠃ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶᠠᠵᠢᠯ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ | 12 ᠭᠤᠶᠤᠴᠢᠯᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠤᠷᠰᠢᠶᠠᠵᠢᠯ ᠢ | 18 ᠪᠤᠯᠭᠠᠪᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ ᠢ 380 ᠬᠥᠮᠦᠨ ᠬᠥᠮᠦᠵᠢᠭᠦᠯᠪᠠ᠃ | ᠠᠯᠠᠰᠢᠨ ᠬᠤᠨᠢᠨ ᠤ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ 20᠂ ᠪᠠᠷᠢᠮᠵᠢᠶᠠᠵᠢᠭᠤᠯᠤᠭᠰᠠᠨ | ᠲᠡᠵᠢᠭᠡᠨ ᠦᠷᠡᠵᠢᠭᠦᠯᠬᠦ ᠲᠠᠯᠠᠪᠠᠶ 50᠂ ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ | ᠲᠠᠯᠠᠪᠠᠶ ︵ᠡᠷᠦᠬᠡ︶ ᠶᠢ 10 ᠰᠢᠨ᠎ᠡ ᠪᠠᠷ ᠪᠠᠶᠢᠭᠤᠯᠪᠠ᠃ ᠡᠭᠦᠨ ᠤ ᠬᠠᠮᠲᠤ᠂ ᠠᠹᠷᠢᠺᠠ ᠲᠢᠪ ᠤᠨ ᠭᠠᠭ᠋ᠠᠶ ᠶᠢᠨ | ᠬᠢᠵᠢᠭ ᠵᠡᠷᠭᠡ ᠬᠦᠨᠳᠦ ᠶᠡᠭᠡ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠥᠬᠦ | ᠲᠠᠯ᠎ᠠ ᠪᠠᠷ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠢᠷᠢ ᠲᠦᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠪᠡ᠃ | —ᠠᠵᠤ ᠦᠢᠯᠡᠳᠪᠦᠷᠢ ᠶᠢᠨ ᠠᠵᠤ ᠠᠬᠤᠶ ᠶᠢᠨ ᠪᠦᠲᠦᠴᠡ ᠡᠳᠦᠷ ᠢᠷᠡᠬᠦᠶ᠎ᠡ ᠰᠢᠯᠢᠳᠡᠭᠵᠢᠪᠡ᠃ ᠰᠢᠨ᠎ᠡ | ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠬᠦᠴᠦᠯᠡᠨ ᠠᠬᠢᠭᠤᠯᠵᠤ᠂ ᠠᠮᠢ ᠠᠬᠤᠶ ᠶᠢᠨ ᠠᠵᠤ ᠦᠢᠯᠡᠰ᠂ | ᠪᠣᠬᠢᠷᠲᠤᠯ ᠦᠭᠡᠢ ᠠᠵᠤ ᠦᠢᠯᠡᠳᠪᠦᠷᠢ ᠪᠠᠷ ᠭᠤᠣᠯ ᠴᠣᠭᠴᠠ ᠪᠣᠯᠭᠠᠭᠰᠠᠨ ᠤᠳᠤ ᠦᠶ᠎ᠡ ᠶᠢᠨ ᠠᠵᠤ ᠠᠬᠤᠶ ᠶᠢᠨ | ᠰᠢᠰᠲ᠋ᠧᠮ ᠶᠠᠭ ᠪᠦᠷᠢᠯᠳᠦᠵᠦ ᠪᠣᠢ᠃ ᠪᠥᠬᠦ ᠵᠢᠯ ᠳᠤ 7 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ | ᠢ ᠬᠡᠷᠡᠭᠵᠢᠭᠦᠯᠵᠦ᠂ 6.83 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 3 ᠠᠵᠤ | ᠠᠬᠤᠶᠢᠯᠠᠯ ᠢ ᠰᠢᠨ᠎ᠡ ᠪᠠᠷ ᠲᠣᠭᠲᠠᠭᠠᠯ ᠳᠤ ᠣᠷᠣᠭᠤᠯᠪᠠ᠃ ᠶᠠᠨ ᠬᠥ᠋ ᠹᠠᠩ᠂ ᠰᠢᠩ ᠨᠦᠩ ᠲᠠᠢ ᠬᠤᠸᠠ᠂ ᠶᠠᠨ | ᠴᠢᠶᠣᠣ ᠶᠤᠸᠠᠨ᠂ ᠬᠤᠸᠠ ᠭᠤᠸᠠᠨ ᠮᠥᠭᠦ ᠶᠢᠨ ᠵᠢᠶᠠᠩ ᠤᠨ ᠲᠥᠷᠥᠯ ᠵᠦᠢᠯ ᠤᠨ ᠭᠤᠤᠯ ᠴᠣᠭᠴᠠ ᠶᠢᠨ ᠠᠵᠢᠯ ᠢ | ᠳᠠᠭᠤᠰᠬᠠᠪᠠ︔ ᠷᠠᠰᠢᠶᠠᠨ ᠡᠮ ᠤᠨ ᠦᠢᠯᠡᠰ᠂ ᠰᠠᠨ ᠽᠢ ᠡᠮ ᠤᠨ ᠦᠢᠯᠡᠰ᠂ ᠶᠤᠸᠠᠨ ᠲᠧᠩ ᠪᠤᠯᠭᠤᠭᠰᠠᠨ | ᠮᠢᠬᠠᠨ ᠤ ᠢᠳᠡᠭᠡᠨ᠂ ᠶᠢᠦ ᠯᠢ ᠺᠠ ᠴᠠᠭᠠᠨ ᠢᠳᠡᠭᠡᠨ᠂ ᠫᠦ᠋ ᠵᠧᠨ ᠴᠠᠭᠠᠨ ᠢᠳᠡᠭᠡᠨ᠂ ᠵᠢᠶᠧ ᠲᠠᠢ ᠨᠦᠸᠧ | ᠢᠳᠡᠭᠡᠨ ᠤ ᠰᠫᠢᠷᠲ ᠤᠨ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠪᠠ᠃ ᠬᠤᠸᠠ ᠨᠧᠩ ᠭᠡᠷᠡᠯ ᠸᠣᠯᠲ᠂ | ᠾᠧᠪᠸᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ᠂ ᠱᠠᠨᠳᠦ᠋ᠩ ᠤᠨ ᠭᠦᠸᠧ ᠹᠧᠩ ᠲᠦᠷᠦᠯ | ᠵᠦᠢᠯ ᠢ ᠲᠣᠣᠷ ᠲᠤ ᠣᠷᠣᠭᠤᠯᠬᠤ ᠪᠠᠷ ᠪᠠᠶᠢᠨ᠎ᠠ︔ ᠭᠦᠸᠧ ᠯᠦᠩ ᠰᠢᠨ᠎ᠡ ᠡᠨᠧᠷᠭᠢ ᠶᠢᠨ ᠨᠢᠭᠡᠳᠦᠭᠡᠷ᠂ ᠬᠤᠶᠠᠳᠤᠭᠠᠷ | ᠬᠤᠭᠤᠴᠠᠭ᠎ᠠ ᠪᠠ ᠮᠧᠩ ᠲᠢᠶᠠᠨ ᠰᠠᠯᠬᠢᠨ ᠡᠨᠧᠷᠭᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠡᠬᠢᠯᠡᠭᠦᠯᠵᠦ᠂ ᠵᠢᠯ ᠤᠨ ᠳᠣᠲᠣᠷ᠎ᠠ 35 ᠲᠦᠮᠡᠨ ᠺᠢᠯᠣᠸᠠᠲ ᠤᠨ ᠪᠠᠷᠢᠯᠭ᠎ᠠ ᠶᠢ ᠰᠢᠨ᠎ᠡ ᠪᠠᠷ ᠡᠬᠢᠯᠡᠭᠦᠯᠪᠡ︔ ᠥᠪᠥᠷ | ᠮᠣᠩᠭᠤᠯ ᠤᠨ ᠡᠨᠧᠷᠭᠢ ᠶᠢᠨ ᠰᠠᠯᠬᠢᠨ ᠬᠦᠴᠦᠨ ᠤ ᠴᠠᠬᠢᠯᠭᠠᠨ᠂ ᠳᠣᠷᠣᠨᠠᠳᠠᠬᠢᠨ ᠤ ᠰᠢᠨ᠎ᠡ ᠡᠨᠧᠷᠭᠢ ᠶᠢᠨ ᠲᠥᠷᠥᠯ | ᠵᠦᠢᠯ ᠢ ᠢᠳᠡᠪᠬᠢᠲᠡᠶ ᠠᠬᠢᠭᠤᠯᠪᠠ᠃ ᠴᠡᠪᠡᠷ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠶ | ᠪᠠᠭᠲᠠᠭᠠᠮᠵᠢ ᠶᠢ 195 ᠲᠦᠮᠡᠨ ᠺᠢᠯᠣᠸᠠᠲ ᠲᠤ ᠬᠦᠷᠭᠡᠪᠡ᠃ | — ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠥᠷᠨᠢᠭᠦᠨ ᠪᠠᠳᠠᠷᠠᠩᠭᠤᠶ ᠠᠮᠢᠵᠢᠷᠠᠯ ᠤᠨ ᠬᠦᠴᠦᠨ | ᠢᠯᠡᠷᠡᠪᠡ᠃ 1600 ᠲᠦᠮᠡᠨ ᠲᠥᠭᠦᠷᠢᠭ ᠤᠨ ᠪᠡᠯᠡ ᠣᠷᠣᠭᠤᠯᠵᠤ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠤ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠬᠤᠪᠢᠰᠬᠠᠯ ᠤᠨ | ᠤᠳᠤᠮᠰᠢᠯ ᠤᠨ ᠲᠠᠪᠴᠠᠩ ᠢ ᠪᠠᠶᠢᠭᠤᠯᠪᠠ᠃ ᠬᠤᠪᠢᠰᠬᠠᠯ ᠤᠨ ᠲᠡᠣᠬᠡ ᠶᠢᠨ ᠵᠢᠭᠤᠯᠴᠢᠯᠠᠯ ᠤᠨ ᠭᠤᠷᠪᠠᠳᠤᠭᠠᠷ | ᠬᠤᠭᠤᠴᠠᠭᠠᠨ ᠤ ᠢᠨᠵᠧᠨᠧᠷᠢᠩ ᠢ ᠪᠦᠬᠦᠨ ᠢ ᠳᠠᠭᠤᠰᠬᠠᠵᠤ᠂ ᠵᠢᠯ ᠤᠨ ᠳᠣᠲᠣᠷ᠎ᠠ 1100 ᠲᠦᠮᠡᠨ ᠲᠥᠭᠦᠷᠢᠭ ᠤᠨ | ᠪᠠᠯᠠ ᠣᠷᠣᠭᠤᠯᠵᠤ᠂ ᠦᠵᠡᠮᠵᠢ ᠶᠢᠨ ᠣᠷᠣᠨ ᠤ ᠵᠠᠮ ᠤᠨ ᠪᠥᠲᠥᠭᠡᠨ ᠪᠠᠶᠢᠭᠤᠯᠤᠯᠲᠠ ᠪᠠ ᠵᠤᠭᠠᠴᠠᠭᠰᠠᠳ ᠤᠨ | ᠦᠢᠯᠡᠴᠢᠯᠡᠭᠡᠨ ᠤ ᠲᠥᠪ ᠤᠨ ᠵᠠᠰᠠᠨ ᠴᠢᠮᠡᠭᠯᠡᠵᠦ ᠳᠡᠯᠭᠡᠨ ᠦᠵᠡᠭᠦᠯᠬᠦ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ | ᠣᠷᠣᠨ ᠤ 3A ᠲᠠᠰ ᠤᠨ ᠦᠵᠡᠮᠵᠢ ᠶᠢᠨ ᠣᠷᠣᠨ ᠤ ᠦᠨᠡᠯᠡᠯᠲᠡ ᠶᠢ ᠤᠯᠪᠠ᠃ ᠬᠥᠳᠡᠭᠡ ᠲᠣᠰᠬᠤᠨ ᠤ | ᠵᠢᠭᠤᠯᠴᠢᠯᠠᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ 13 ᠡᠷᠦᠬᠡ ᠲᠠᠷᠢᠶᠠᠴᠢᠨ ᠠᠶᠢᠯ ᠤᠨ | ᠵᠤᠭᠠᠴᠠᠯ ᠤᠨ ᠦᠢᠯᠡᠰ ᠲᠤ 105 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠪᠠ᠃ ︽ᠵᠣᠷᠯᠣᠩ ᠤᠨ | ᠬᠤᠪᠢᠰᠬᠠᠯ︾ ᠢ ᠢᠳᠡᠪᠬᠢᠲᠡᠶ ᠠᠬᠢᠭᠤᠯᠵᠤ᠂ ᠵᠢᠭᠤᠯᠴᠢᠯᠠᠯ ᠤᠨ ᠤᠰᠤ ᠪᠠᠷ ᠤᠬᠢᠶᠠᠬᠤ ᠵᠣᠷᠯᠣᠩ ᠢ ᠰᠢᠨ᠎ᠡ ᠪᠠᠷ 6 | ᠪᠠᠶᠢᠭᠤᠯᠪᠠ᠃ ᠬᠤᠶᠠᠳᠤᠭᠠᠷ ᠬᠤᠭᠤᠴᠠᠭᠠᠨ ᠤ ᠮᠥᠰᠥ ᠴᠠᠰᠤᠨ ᠤ ᠰᠣᠶᠣᠯ ᠵᠢᠭᠤᠯᠴᠢᠯᠠᠯ ᠤᠨ ᠨᠠᠶᠢᠷ᠂ ᠳᠣᠯᠣᠳᠤᠭᠠᠷ | ᠬᠤᠭᠤᠴᠠᠭᠠᠨ ᠤ ᠨᠣᠬᠠᠶ ᠶᠢᠨ ᠬᠤᠰᠢᠭᠤ ᠶᠢᠨ ᠰᠣᠶᠣᠯ ᠤᠨ ᠨᠠᠶᠢᠷ ᠢ ᠠᠮᠵᠢᠯᠲᠠ ᠲᠠᠢ ᠡᠷᠭᠢᠯᠡᠵᠦ᠂ ᠵᠢᠭᠤᠯᠴᠢᠯᠠᠯ ᠤᠨ | ᠠᠯᠳᠠᠷᠰᠢᠯ ᠲᠠᠰᠤᠷᠠᠯᠲᠠ ᠥᠬᠡᠶ ᠳᠡᠭᠡᠭᠰᠢᠯᠡᠪᠡ᠃ ᠪᠥᠬᠦ ᠵᠢᠯ ᠳᠤ 58.8 ᠲᠦᠮᠡᠨ ᠵᠤᠭᠠᠴᠠᠭᠰᠠᠳ ᠢ ᠭᠥᠯᠢᠶᠡᠨ | ᠠᠪᠴᠤ᠂ 1.18 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠵᠦ᠂ ᠲᠣᠰ ᠲᠣᠰ 8.8% ᠪᠠ 9. | 2% ᠢᠶᠠᠷ ᠨᠡᠮᠡᠭᠳᠡᠪᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ | ᠵᠢᠱᠢᠶ᠎ᠡ ᠦᠵᠡᠭᠦᠯᠬᠦ ᠰᠢᠶᠠᠨ ᠳᠤ ᠣᠷᠣᠭᠤᠯᠬᠤ ᠵᠦᠢᠯᠡᠰ ᠤᠨ ᠳᠤᠮᠳᠠ ᠬᠤᠭᠤᠴᠠᠭᠠᠨ ᠤ ᠬᠢᠨᠠᠨ ᠰᠢᠯᠭᠠᠯᠲᠠ ᠶᠢ | ᠥᠩᠭᠡᠷᠡᠭᠡᠵᠦ᠂ ᠦᠴᠤᠸᠠᠨ ᠤ ᠢᠨᠲ᠋ᠧᠷ ᠰᠦᠯᠵᠢᠶᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠲᠣᠤᠷ ᠴᠡᠭ 49 ᠪᠣᠯᠵᠣ᠂ ᠡᠯᠧᠺᠲᠷᠣᠨ ᠬᠤᠳᠠᠯᠳᠤᠭᠠᠨ ᠤ | ᠪᠣᠯᠪᠠᠰᠤᠷᠠᠭᠤᠯᠤᠯ 3843 ᠬᠥᠮᠦᠨ ︵ᠤᠳᠠᠭ᠎ᠠ︶ ᠬᠦᠷᠴᠦ᠂ 1691 ᠬᠥᠮᠦᠨ ᠤ ᠠᠵᠢᠯ ᠣᠯᠭᠤᠯᠲᠠ ᠶᠢ | ᠳᠠᠶᠢᠴᠢᠯᠠᠪᠠ᠃ ᠭᠦᠸᠧ ᠷᠦᠩ ᠦᠨᠡᠲᠦ ᠲᠡᠮᠳᠡᠭᠲᠦ ᠶᠢᠨ ᠰᠢᠨ᠎ᠡ ᠭᠤᠷᠪᠠᠳᠤᠭᠠᠷ ᠬᠡᠰᠡᠭ ᠫᠠᠶᠢᠰᠠ ᠡᠯᠭᠦᠨ ᠪᠥᠬᠦ | ᠤᠯᠤᠰ ᠲᠤ 2 ᠳ᠋ᠤᠭᠠᠷ ᠲᠤ ᠵᠢᠭᠰᠠᠭᠠᠭᠳᠠᠵᠤ᠂ 4589 ᠲᠦᠮᠡᠨ ᠲᠥᠭᠦᠷᠢᠭ ᠤᠨ ᠭᠠᠶᠢᠯᠢ ᠲᠤᠰᠢᠶᠠᠪᠠ᠃ | ᠡᠨᠡ ᠨᠢᠭᠡ ᠵᠢᠯ ᠳᠤ᠂ ᠵᠠᠰᠠᠭ ᠤᠨ ᠣᠷᠳᠣᠨ ᠤ ᠴᠢᠨᠠᠷᠲᠠᠶ ᠪᠠᠯᠠ ᠣᠷᠣᠭᠤᠯᠤᠯᠲᠠ ᠪᠠᠭᠠᠰᠤᠭᠰᠠᠨ ᠪᠥᠲᠥᠭᠡᠨ | ᠪᠠᠶᠢᠭᠤᠯᠤᠯᠲᠠ ᠶᠢᠨ ᠬᠦᠴᠢᠷᠳᠡᠯ ᠤᠨ ᠡᠮᠦᠨ᠎ᠡ᠂ ᠪᠢᠳᠡ ᠴᠢᠳᠠᠯ ᠤᠨ ᠢᠶᠠᠨ ᠬᠢᠷᠢ ᠪᠠᠷ ᠬᠢᠵᠦ᠂ ᠴᠢᠳᠠᠮᠵᠢ ᠪᠠᠨ | ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠬᠥᠭᠵᠢᠯᠲᠡ ᠶᠢ ᠨᠠᠩ ᠲᠠᠲᠠᠬᠤ ᠬᠦᠴᠦᠨ ᠲᠠᠢ ᠪᠣᠯᠭᠠᠪᠠ | — ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | ᠪᠠᠷᠢᠮᠵᠢᠶᠠᠵᠢᠭᠤᠯᠤᠭᠰᠠᠨ ᠴᠢᠯᠠᠭᠤᠨ ᠲᠣᠰᠣᠨ ᠤ ᠬᠡᠶ ᠬᠠᠳᠠᠭᠠᠯᠠᠵᠤ ᠳᠣᠭᠢᠷᠠᠭᠤᠯᠬᠤ ᠥᠷᠲᠡᠭᠡ ᠶᠢ ᠠᠰᠢᠭᠯᠠᠯᠲᠠ ᠳᠤ | ᠣᠷᠣᠭᠤᠯᠵᠤ᠂ 1320 ᠡᠷᠦᠬᠡ ᠶᠢᠨ ᠬᠡᠷᠡᠭᠯᠡᠭᠡ ᠶᠢ ᠬᠠᠩᠭᠠᠪᠠ᠃ ᠰᠢᠲᠠᠮᠠᠬᠠᠢ ᠬᠡᠢ ᠶᠢᠨ ᠬᠤᠭᠤᠯᠠᠶ ᠶᠢᠨ ᠵᠠᠮ ᠢ | ᠰᠢᠨ᠎ᠡ ᠪᠠᠷ 8 ᠵᠢᠵᠢᠭ ᠲᠣᠭᠤᠷᠢᠭ ᠲᠤ ᠨᠡᠮᠡᠭᠳᠡᠭᠦᠯᠵᠦ᠂ ᠡᠷᠬᠢᠯᠡᠨ ᠬᠠᠮᠢᠶᠠᠷᠬᠤ ᠲᠣᠣᠷ ᠢ 22 ᠺᠢᠯᠣᠮᠧᠲᠷ ᠲᠤ | ᠬᠦᠷᠭᠡᠵᠦ᠂ ᠬᠡᠷᠡᠭᠯᠡᠬᠦ ᠡᠷᠦᠬᠡ ᠶᠢ 3351 ᠡᠷᠦᠬᠡ ᠳᠤ ᠬᠦᠷᠭᠡᠪᠡ᠃ ᠳ᠋ᠦᠩ ᠾᠧ ᠶᠢᠨ ᠪᠦᠰᠡᠯᠢᠭ ᠴᠡᠴᠡᠷᠯᠢᠭ ᠢ | ᠦᠨᠳᠦᠰᠦᠨ ᠳᠡᠭᠡᠨ ᠪᠠᠶᠢᠭᠤᠯᠵᠤ ᠳᠠᠭᠤᠰᠬᠠᠨ᠂ 8 ᠪᠠᠷᠢᠮᠵᠢᠶᠠᠲᠤ ᠪᠡᠶ᠎ᠡ ᠴᠢᠭᠢᠷᠠᠭᠵᠢᠭᠤᠯᠬᠤ ᠣᠷᠣᠨ ᠢ | ᠳᠣᠭᠢᠷᠠᠭᠤᠯᠤᠨ ᠪᠠᠶᠢᠭᠤᠯᠵᠤ᠂ 200 ᠢᠵᠢ ᠵᠤᠭ᠎ᠠ ᠴᠡᠩᠭᠡᠯ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ | ᠤᠭᠰᠠᠷᠠᠪᠠ᠃ ᠲᠢᠶᠠᠨ ᠹᠦ᠋ ᠶᠠ ᠶᠤᠸᠠᠨ᠂ ᠳ᠋ᠢ ᠶᠢᠨ ᠴᠧᠩ ᠬᠤᠲᠠ ᠶᠢᠨ ᠬᠤᠳᠠᠯᠳᠤᠭᠠᠨ ᠤ ᠣᠷᠣᠨ ᠰᠠᠭᠤᠴᠠ ᠶᠢᠨ | ᠵᠢᠵᠢᠭ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠪᠠ᠃ ᠢᠷᠠᠭᠤ ᠠᠯᠳᠠᠷ ᠤᠨ | ᠬᠦᠷᠢᠶᠡᠯᠡᠩ ᠤᠨ ᠦᠷᠭᠦᠯᠵᠢᠯᠡᠨ ᠪᠠᠶᠢᠭᠤᠯᠬᠤ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠪᠡ᠃ ᠬᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠤᠨ ᠠᠰᠠᠭᠤᠳᠠᠯ ᠢ ᠢᠳᠡᠪᠬᠢᠲᠡᠶ ᠪᠠᠷ ᠰᠢᠢᠳᠪᠦᠷᠢᠯᠡᠵᠦ᠂ | ᠶᠤᠸᠠᠨ ᠵᠥᠩ ᠶᠤᠸᠠᠨ᠂ ᠵᠢᠩ ᠲᠠᠢ ᠵᠢᠶᠠ ᠶᠤᠸᠠᠨ᠂ ᠾᠧ ᠲᠠᠢ ᠪᠠᠷᠠᠭᠤᠨ ᠲᠣᠭᠤᠷᠢᠭ ᠵᠡᠷᠭᠡ 7 ᠵᠢᠵᠢᠭ | ᠲᠣᠭᠤᠷᠢᠭ ᠤᠨ ᠰᠠᠭᠤᠭᠠᠯᠢ ᠡᠷᠦᠬᠡ ᠳᠤ ᠥᠯᠥ ᠬᠥᠳᠡᠯᠬᠦ ᠬᠥᠷᠥᠩᠭᠡ ᠶᠢᠨ ᠦᠨᠡᠮᠯᠡᠯ ᠣᠯᠭᠤᠪᠠ᠃ ᠪᠠᠲᠤᠯᠠᠭ᠎ᠠ ᠶᠢᠨ | ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠢᠵᠢ ᠪᠦᠷᠢᠳᠦᠭᠦᠯᠬᠦ ᠪᠦᠳᠦᠭᠡᠨ ᠪᠠᠶᠢᠭᠤᠯᠤᠯᠲᠠ ᠶᠢ | ᠲᠦᠷᠭᠡᠳᠬᠡᠵᠦ᠂ 80 ᠢᠵᠢ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠡᠷᠦᠭᠡ ᠳᠤ ᠬᠤᠪᠢᠶᠠᠷᠢᠯᠠᠪᠠ᠃ | ᠾᠧ ᠰᠢᠶᠧ ᠴᠧᠩ᠂ ᠺᠧ ᠺᠧ ᠬᠤᠸᠠ ᠶᠤᠸᠠᠨ ᠵᠡᠷᠭᠡ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠳᠤ | ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ 550 ᠲᠦᠮᠡᠨ ᠲᠥᠭᠦᠷᠢᠭ ᠤᠨ ᠪᠠᠯᠠ ᠣᠷᠣᠭᠤᠯᠵᠤ ᠤᠰᠤ | ᠵᠠᠯᠠᠬᠤ ᠬᠤᠭᠤᠯᠠᠶ ᠶᠢᠨ ᠲᠣᠤᠷ ᠢ ᠥᠭᠡᠷᠡᠴᠢᠯᠡᠨ᠂ ᠰᠠᠭᠤᠭᠠᠯᠢ ᠠᠷᠠᠳ ᠤᠨ ᠲᠣᠭᠤᠷᠢᠭ ᠤᠨ ᠵᠠᠮ ᠵᠡᠷᠭᠡ ᠰᠠᠭᠤᠷᠢ | ᠲᠥᠬᠦᠭᠡᠷᠦᠮᠵᠢ ᠶᠢ ᠰᠡᠯᠪᠢᠨ ᠵᠠᠰᠠᠪᠠ᠃ | — ᠬᠤᠲᠠ ᠪᠠᠯᠭᠠᠰᠤ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠤᠨ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠴᠡᠴᠡᠷᠯᠢᠭ ᠤᠨ ᠨᠣᠭᠤᠭᠠᠷᠠᠭᠤᠯᠤᠯᠲᠠ ᠳᠤ ᠡᠯ᠎ᠡ | ᠲᠥᠷᠥᠯ ᠤᠨ 26.8 ᠲᠦᠮᠡᠨ ᠰᠠᠭᠤᠷᠢ ᠴᠡᠴᠡᠭ ᠡᠪᠡᠰᠦ ᠶᠢ ᠳᠠᠷᠢᠵᠤ᠂ ᠮᠥᠰᠥ ᠴᠠᠰᠤᠨ ᠤ ᠬᠦᠷᠢᠶᠡᠯᠡᠩ᠂ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ᠂ ᠠᠯᠲᠠᠨ ᠭᠤᠷᠪᠠᠯᠵᠢᠨ ᠬᠦᠷᠢᠶᠡᠯᠡᠩ ᠲᠣᠭᠤᠷᠢᠭ ᠵᠡᠷᠭᠡ | ᠣᠷᠣᠨ ᠤ ᠬᠡᠰᠡᠭ ᠤᠨ ᠨᠣᠭᠤᠭᠠᠷᠠᠭᠤᠯᠤᠯᠲᠠ ᠶᠢ ᠬᠡᠷᠡᠭᠵᠢᠭᠦᠯᠵᠦ᠂ ᠡᠯ᠎ᠡ ᠲᠥᠷᠥᠯ ᠤᠨ ᠪᠣᠳᠠ ᠮᠣᠳᠣ 6957 | ᠰᠠᠭᠤᠷᠢ᠂ 4700 ᠲᠡᠭᠰᠢ ᠳᠥᠷᠪᠡᠯᠵᠢᠨ ᠮᠧᠲᠷ ᠨᠣᠭᠤᠭᠠᠨ ᠭᠠᠵᠠᠷ ᠢ ᠳᠠᠷᠢᠪᠠ᠃ ᠬᠤᠲᠠ ᠶᠢᠨ ᠦᠵᠡᠮᠵᠢ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ 421 ᠨᠡᠭᠦᠳᠡᠯ ᠳᠡᠯᠭᠡᠭᠡ ᠮᠠᠶᠢᠮᠠᠶ ᠶᠢᠨ ᠴᠡᠭ ᠢ ᠴᠡᠭᠴᠡᠯᠡᠨ ᠴᠠᠭᠠᠵᠠᠯᠠᠵᠤ᠂ 335 ᠵᠠᠮ | ᠡᠵᠡᠯᠡᠨ ᠣᠪᠣᠭᠠᠯᠠᠵᠤ ᠲᠠᠯᠪᠢᠭᠰᠠᠨ ᠡᠳ᠋ ᠪᠣᠳᠠᠰ ᠢ ᠴᠡᠭᠴᠡᠯᠡᠨ ᠵᠠᠰᠠᠪᠠ᠃ ᠠᠷᠠᠳ ᠲᠤ ᠲᠥᠬᠦᠮ ᠦᠵᠡᠭᠦᠯᠬᠦ | ᠪᠠᠷᠢᠮᠵᠢᠶ᠎ᠠ ᠪᠠᠷ ᠵᠠᠬ᠎ᠠ ᠳᠡᠯᠭᠡᠭᠦᠷ ᠢ ᠠᠰᠢᠭᠯᠠᠯᠲᠠ ᠳᠤ ᠣᠷᠣᠭᠤᠯᠵᠤ᠂ 80 ᠬᠤᠳᠠᠯᠳᠤᠭᠠᠴᠢᠨ ᠡᠷᠦᠬᠡ ᠣᠷᠣᠵᠤ | ᠰᠠᠭᠤᠭᠠᠳ ᠡᠵᠡᠩᠨᠡᠯᠲᠡ ᠬᠢᠵᠦ᠂ ᠨᠢᠭᠡᠳᠦᠯᠲᠡᠶ ᠬᠠᠮᠢᠶᠠᠷᠴᠤ᠂ ᠵᠢᠷᠤᠮᠵᠢᠭᠤᠯᠤᠨ ᠠᠵᠢᠯᠯᠠᠭᠤᠯᠵᠤ᠂ ᠬᠤᠲᠠ | ᠪᠠᠯᠭᠠᠰᠤᠨ ᠤ ᠰᠠᠭᠤᠭᠠᠯᠢ ᠠᠷᠠᠳ ᠲᠤ ᠴᠡᠪᠡᠷ ᠪᠥᠭᠡᠳ ᠳᠥᠭᠦᠮ ᠳᠥᠲᠡ ᠵᠠᠬ᠎ᠠ ᠳᠡᠯᠭᠡᠭᠦᠷ ᠤᠨ ᠣᠷᠴᠢᠨ | ᠨᠥᠬᠦᠴᠡᠯ ᠢ ᠬᠠᠩᠭᠠᠪᠠ᠃ ︽ᠭᠤᠷᠪᠠᠨ ᠳᠤᠷ᠎ᠠ ᠪᠠᠷ ᠢᠶᠠᠨ ᠬᠡᠷᠡᠭᠯᠡᠭᠰᠡᠨ ᠵᠢᠵᠢᠭ ᠵᠠᠷ︾ ᠤᠨ 150 ᠭᠠᠷᠤᠶ ᠭᠠᠵᠠᠷ᠂ | ᠬᠠᠤᠯᠢ ᠠᠴᠠ ᠵᠥᠷᠢᠴᠡᠭᠰᠡᠨ 12000 ᠲᠡᠭᠰᠢ ᠳᠥᠷᠪᠡᠯᠵᠢᠨ ᠮᠧᠲᠷ ᠤᠨ ᠬᠡᠷᠡᠮ ᠤᠨ ᠵᠠᠷ ᠢ ᠴᠡᠪᠡᠷᠯᠡᠵᠦ᠂ | ᠬᠤᠳᠠ ᠶᠢᠨ ᠲᠣᠭᠤᠷᠢᠭ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ 535 ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠪᠡ᠃ ᠬᠤᠲᠠ ᠪᠠᠯᠭᠠᠰᠤ ᠶᠢᠨ ᠬᠤᠭ ᠨᠣᠪᠰᠢ ᠶᠢ ᠡᠳᠦᠷ ᠠᠴᠠ ᠡᠳᠦᠷ ᠴᠡᠪᠡᠷᠵᠢᠭᠦᠯᠵᠦ᠂ ᠬᠤᠲᠠ ᠶᠢᠨ | ᠶᠠᠪᠤᠳᠠᠯ ᠤᠨ ᠵᠠᠮ᠂ ᠨᠣᠭᠤᠭᠠᠷᠠᠭᠤᠯᠤᠯᠲᠠ ᠶᠢᠨ ᠪᠦᠰᠡ᠂ ᠴᠡᠴᠡᠷᠯᠢᠭ ᠤᠨ ᠣᠷᠣᠨ ᠤ ᠬᠡᠰᠡᠭ ᠢ ᠴᠡᠪᠡᠷ ᠲᠡᠭᠰᠢ | ᠪᠤᠯᠭᠠᠪᠠ᠃ | — ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠠᠶᠢᠵᠢᠷᠠᠭᠤᠯᠪᠠ᠃ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠲᠤᠬᠠᠢ ᠰᠠᠨᠠᠯ︾ ᠪᠣᠯᠤᠨ ︽ᠦᠴᠤᠸᠠᠨ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ︾ ᠶᠣᠰᠣᠭᠠᠷ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠤᠷᠰᠢᠯᠲᠠ ᠶᠢᠨ ᠴᠢᠭ᠋ ᠤᠨ 6 ᠲᠣᠰᠬᠤᠨ ᠢ ᠲᠣᠭᠲᠠᠭᠠᠪᠠ᠃ 180 | ᠲᠦᠮᠡᠨ ᠲᠥᠭᠦᠷᠢᠭ ᠤᠨ ᠪᠠᠯᠠ ᠣᠷᠣᠭᠤᠯᠵᠤ᠂ 1 ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠶᠠᠩ | ᠪᠠᠯᠭᠠᠰᠤ᠂ 10 ᠣᠶ ᠰᠢᠭᠤᠶ ᠶᠢᠨ ᠠᠶᠢᠯ ᠲᠣᠰᠬᠤᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ 440 ᠮᠥ | ᠲᠠᠯᠠᠪᠠᠶ ᠶᠢ ᠨᠣᠭᠤᠭᠠᠷᠠᠭᠤᠯᠪᠠ᠃ 2350 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠣᠬᠢᠷ ᠪᠤᠷᠳᠤᠭᠤᠷ ᠢ | ᠲᠥᠪᠯᠡᠷᠡᠭᠦᠯᠦᠨ ᠰᠢᠢᠳᠪᠦᠷᠢᠯᠡᠬᠦ 99 ᠪᠡᠯᠡᠳᠬᠡᠮᠵᠢ᠂ ᠣᠷᠣᠨ ᠪᠦᠰᠡ ᠶᠢᠨ ᠪᠣᠬᠢᠷ ᠪᠤᠷᠳᠤᠭᠤᠷ ᠢ ᠰᠢᠢᠳᠪᠦᠷᠢᠯᠡᠬᠦ | ᠲᠥᠪ ᠢ 1 ᠪᠠᠶᠢᠭᠤᠯᠵᠤ᠂ ᠪᠣᠬᠢᠷ ᠪᠤᠷᠳᠤᠭᠤᠷ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 80% ᠳᠤ | ᠬᠦᠷᠦᠭᠦᠯᠵᠦ᠂ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 85% ᠳᠤ ᠬᠦᠷᠦᠭᠦᠯᠪᠡ᠃ | ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ 970 ᠠᠷᠢᠭᠤᠨ ᠴᠡᠪᠡᠷ ᠤᠨ ᠴᠡᠪᠡᠷᠯᠡᠭᠴᠢ ᠲᠣᠬᠢᠷᠠᠭᠤᠯᠵᠤ᠂ | ᠬᠥᠳᠡᠭᠡ ᠲᠣᠰᠬᠤᠨ ᠤ 148 ᠲᠣᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ᠂ ᠬᠥᠳᠡᠭᠡ ᠲᠣᠰᠬᠤᠨ ᠤ | ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠪᠡᠷ ᠴᠡᠮᠴᠡᠭᠡᠷ ᠪᠣᠯᠭᠠᠪᠠ᠃ | ᠡᠨᠡ ᠨᠢᠭᠡ ᠵᠢᠯ ᠳᠤ᠂ ᠰᠠᠭᠤᠷᠢ ᠨᠢᠮᠭᠡᠨ ᠬᠥᠭᠵᠢᠯᠲᠡ ᠶᠢᠨ ᠪᠣᠭᠤᠮᠢ ᠶᠢᠨ ᠡᠮᠦᠨ᠎ᠡ᠂ ᠪᠢᠳᠡ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠬᠠᠲᠠᠭᠤ ᠲᠣᠨᠤᠭ | ᠲᠥᠬᠦᠭᠡᠷᠦᠮᠵᠢ ᠶᠢᠨ ᠳᠠᠭᠠᠭᠠᠬᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠃ | — ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠰᠢᠨ᠎ᠡ ᠠᠶᠠᠨ ᠢᠶᠠᠨ ᠡᠬᠢᠯᠡᠭᠦᠯᠪᠡ᠃ ︽ᠬᠥᠬᠡᠮᠳᠦᠭ | ᠠᠭᠤᠯᠠ ᠶᠢ ᠨᠣᠭᠤᠭᠠᠷᠠᠭᠤᠯᠵᠤ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ 7 ᠵᠢᠯ ᠤᠨ ᠬᠤᠭᠤᠴᠠᠭ᠎ᠠ ᠶᠢ ᠠᠰᠢᠭᠯᠠᠨ᠂ | ᠠᠲᠠᠷ ᠬᠥᠲᠥᠯ ᠢ ᠣᠶᠢᠵᠢᠭᠤᠯᠬᠤ᠂ ᠭᠤᠤ ᠭᠠᠩᠭ᠎ᠠ ᠶᠢ ᠵᠠᠰᠠᠬᠤ᠂ ᠠᠮᠢ ᠠᠬᠤᠶ ᠶᠢ ᠰᠡᠷᠭᠦᠭᠡᠬᠦ᠂ ᠳᠤᠷᠠᠰᠬᠠᠯ ᠤᠨ | ᠮᠣᠳᠣ ᠳᠠᠷᠢᠬᠤ ᠵᠡᠷᠭᠡ 10 ᠶᠡᠭᠡ ᠡᠭᠦᠷᠭᠡ ᠶᠢ ᠬᠡᠷᠡᠭᠵᠢᠭᠦᠯᠵᠦ᠂ ᠣᠷᠣᠨ ᠤ ᠲᠥᠪ ᠤᠨ ᠬᠤᠶᠢᠲᠤ ᠬᠡᠰᠡᠭ ᠤᠨ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠵᠢᠯ ᠤᠨ ᠳᠣᠲᠣᠷ᠎ᠠ 7 ᠲᠦᠮᠡᠨ ᠮᠥ ᠮᠣᠳᠣ | ᠳᠠᠷᠢᠬᠤ ᠪᠠᠷ ᠲᠥᠯᠥᠪᠯᠡᠵᠦ ᠪᠠᠶᠢᠨ᠎ᠠ᠃ ᠪᠠᠶᠢᠭᠠᠯᠢ ᠶᠢᠨ ᠣᠶ ᠰᠢᠭᠤᠶ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ | ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ ᠵᠡᠷᠭᠡ ᠢᠨᠵᠧᠨᠧᠷᠢᠩ ᠢ 12.5 ᠲᠦᠮᠡᠨ ᠮᠥ ᠪᠡᠶᠡᠯᠡᠭᠦᠯᠵᠦ᠂ | ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠰᠤᠷᠪᠤᠯᠵᠢ ᠶᠢ ᠵᠠᠰᠠᠬᠤ 15 ᠲᠦᠮᠡᠨ ᠮᠥ ᠮᠣᠳᠤ ᠶᠢ ᠬᠠᠰᠢᠶᠠᠯᠠᠨ | ᠪᠢᠲᠡᠭᠦᠮᠵᠢᠯᠡᠵᠦ ᠪᠤᠶᠢᠵᠢᠭᠤᠯᠪᠠ᠃ ᠠᠷᠠᠳ ᠨᠡᠶᠢᠲᠡ ᠪᠠᠷ ᠢᠶᠠᠨ 32 ᠲᠦᠮᠡᠨ ᠰᠠᠭᠤᠷᠢ ᠠᠯᠪᠠᠨ ᠵᠢᠷᠤᠮ ᠤᠨ ᠮᠣᠳᠣ | ᠲᠠᠷᠢᠪᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ | ᠤᠯᠠᠮ ᠨᠢᠭᠡ ᠠᠯᠬᠤᠮ ᠴᠢᠩᠭᠠᠳᠬᠠᠵᠤ᠂ 20 ᠵᠦᠢᠯ ᠤᠨ ᠭᠠᠯ ᠰᠡᠷᠭᠡᠶᠢᠯᠡᠯᠲᠡ ᠶᠢᠨ ᠳᠡᠭᠡᠳᠦ ᠲᠣᠳᠣ ᠬᠢᠨᠠᠨ | ᠡᠵᠡᠮᠳᠡᠯ ᠢ ᠤᠭᠰᠠᠷᠠᠵᠤ᠂ 56 ᠣᠶ ᠰᠢᠭᠤᠶ ᠶᠢᠨ ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠨ ᠰᠢᠢᠳᠪᠦᠷᠢᠯᠡᠪᠡ᠃ | — ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠰᠢᠨ᠎ᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠪᠡ᠃ 2100 | ᠲᠦᠮᠡᠨ ᠲᠥᠭᠦᠷᠢᠭ ᠤᠨ ᠪᠠᠯᠠ ᠣᠷᠣᠭᠤᠯᠵᠤ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠲᠥᠷᠥᠯ | ᠵᠦᠢᠯ ᠤᠨ ᠦᠷᠭᠦᠯᠵᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ 2.12 ᠲᠦᠮᠡᠨ ᠮᠥ ᠤᠰᠤᠨ ᠤ | ᠠᠷᠪᠢᠯᠠᠯᠲᠠ ᠶᠢᠨ ᠤᠰᠤᠯᠠᠯᠲᠠ ᠶᠢ ᠰᠢᠨ᠎ᠡ ᠪᠠᠷ ᠨᠡᠮᠡᠭᠳᠡᠭᠦᠯᠵᠦ᠂ ᠪᠥᠬᠦ ᠰᠢᠶᠠᠨ ᠳᠤ 38 ᠲᠦᠮᠡᠨ ᠮᠥ ᠳᠤ | ᠬᠦᠷᠦᠭᠦᠯᠪᠡ᠃ 2260 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠵᠢᠵᠢᠭ ᠰᠠᠪᠠ ᠭᠠᠵᠠᠷ ᠤᠨ 44 ᠲᠡᠭᠰᠢ | ᠳᠥᠷᠪᠡᠯᠵᠢᠨ ᠺᠢᠯᠣᠮᠧᠲᠷ ᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠪᠡ᠃ ᠳᠤᠮᠳᠠ ᠬᠤᠶᠢᠲᠤ ᠭᠤᠣᠯ ᠤᠨ ᠵᠠᠮ ᠢ | ᠵᠠᠰᠠᠵᠤ ᠦᠷᠭᠦᠯᠵᠢᠯᠡᠨ ᠪᠠᠶᠢᠭᠤᠯᠬᠤ 2 ᠺᠢᠯᠣᠮᠧᠲᠷ ᠤᠨ ᠪᠠᠷᠢᠯᠭ᠎ᠠ ᠶᠢ ᠳᠠᠭᠤᠰᠬᠠᠪᠠ᠃ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠪᠠ ᠤᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢ ᠲᠠᠰᠤᠷᠠᠯᠲᠠ ᠥᠬᠡᠶ | ᠴᠢᠩᠭᠠᠳᠬᠠᠵᠤ᠂ 630 ᠲᠦᠮᠡᠨ ᠲᠥᠭᠦᠷᠢᠭ ᠤᠨ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠨᠥᠬᠦᠪᠥᠷᠢ | ᠰᠦᠢᠳᠬᠡᠯ ᠲᠠᠲᠠᠪᠤᠷᠢᠯᠠᠪᠠ᠃ | — ᠵᠠᠮ ᠬᠠᠷᠢᠯᠴᠠᠭ᠎ᠠ ᠴᠠᠬᠢᠯᠭᠠᠨ ᠬᠦᠴᠦᠨ ᠲᠦᠷᠭᠡᠨ ᠬᠥᠭᠵᠢᠯᠲᠡ ᠲᠠᠢ ᠪᠤᠯᠠᠪᠠ᠃ 209 ᠤᠯᠤᠰ ᠤᠨ | ᠵᠠᠰᠠᠮᠠᠯ ᠵᠠᠮ ᠤᠨ ᠬᠥᠬᠡᠬᠤᠲᠠ ᠠᠴᠠ ᠦᠴᠦᠸᠠᠨ ᠬᠦᠷᠬᠦ ᠵᠠᠮ ᠤᠨ ᠰᠢᠶᠠᠨ ᠤ ᠬᠡᠰᠡᠭ ᠪᠦᠬᠦᠨ ᠢᠶᠠᠷ ᠢᠶᠠᠨ ᠲᠡᠷᠭᠡ | ᠨᠡᠪᠲᠡᠷᠡᠪᠡ᠃ ᠮᠤᠵᠢ ᠶᠢᠨ ᠵᠠᠮ ᠤᠨ 311 ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠷᠢᠯᠭ᠎ᠠ ᠶᠢᠨ ᠠᠵᠢᠯ ᠪᠠ | ᠬᠢᠨᠠᠨ ᠬᠠᠮᠢᠶᠠᠷᠬᠤ ᠳᠠᠭᠠᠭᠠᠴᠢᠯᠠᠯᠲᠠ ᠵᠠᠷᠯᠠᠬᠤ ᠠᠵᠢᠯ ᠢ ᠳᠠᠭᠤᠰᠬᠠᠪᠠ᠃ ᠨᠡᠶᠢᠲᠡ 4185 ᠲᠦᠮᠡᠨ ᠲᠥᠭᠦᠷᠢᠭ ᠤᠨ | ᠪᠠᠯᠠ ᠣᠷᠣᠭᠤᠯᠵᠤ᠂ ᠳ᠋ᠠ ᠱᠠ ᠳ᠋ᠠᠶ — ᠶᠠᠨ ᠵᠢᠶᠠ ᠭᠸᠦ᠂ ᠡᠯ ᠹᠧᠨ ᠽᠢ — ᠨᠠ ᠯᠢᠩ ᠾᠧ ᠵᠡᠷᠭᠡ 9 | ᠵᠤᠷᠪᠤᠰ ᠲᠣᠰᠬᠤᠨ ᠳᠤ ᠨᠡᠪᠲᠡᠷᠡᠬᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠠᠰᠠᠭ | ᠵᠠᠬᠢᠷᠭᠠᠨ ᠤ ᠲᠣᠰᠬᠤᠨ ᠤ ᠬᠠᠲᠠᠭᠤᠷᠠᠭᠤᠯᠤᠭᠰᠠᠨ ᠵᠠᠮ 98.9% ᠳᠤ ᠬᠦᠷᠴᠦ᠂ ᠠᠶᠢᠯ ᠲᠣᠰᠬᠤᠨ ᠳᠤ | ᠬᠠᠲᠠᠭᠤᠷᠠᠭᠤᠯᠤᠭᠰᠠᠨ ᠵᠠᠮ 60.9% ᠳᠤ ᠬᠦᠷᠴᠦ᠂ ᠲᠤᠯᠤᠭᠠᠨ ᠬᠥᠨᠳᠡᠯᠡᠨ ᠨᠠᠢᠮᠠᠨ ᠭᠤᠯᠳᠤ ᠵᠠᠮ | ᠬᠠᠷᠢᠯᠴᠠᠭᠠᠨ ᠤ ᠪᠦᠲᠦᠴᠡ ᠨᠠᠩ ᠲᠡᠭᠦᠯᠳᠡᠷᠵᠢᠪᠡ᠃ ETC ᠶᠢᠨ ᠲᠠᠷᠬᠠᠭᠠᠯᠲᠠ ᠶᠢᠨ ᠠᠵᠢᠯ ᠤᠷᠤᠭᠰᠢᠲᠠᠶ | ᠶᠠᠪᠤᠭᠳᠠᠵᠤ᠂ 3.5 ᠲᠦᠮᠡᠨ ᠮᠠᠰᠢᠨ ᠲᠡᠷᠭᠡ ᠤᠭᠰᠠᠷᠠᠪᠠ᠃ 9186 ᠲᠦᠮᠡᠨ ᠲᠥᠭᠦᠷᠢᠭ ᠤᠨ ᠪᠠᠯᠠ ᠣᠷᠣᠭᠤᠯᠵᠤ | ᠬᠥᠳᠡᠭᠡ ᠲᠣᠰᠬᠤᠨ ᠤ ᠴᠠᠬᠢᠯᠭᠠᠨ ᠲᠣᠤᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠵᠦ᠂ 679 | ᠲᠦᠮᠡᠨ ᠲᠥᠭᠦᠷᠢᠭ ᠤᠨ ᠪᠠᠯᠠ ᠣᠷᠣᠭᠤᠯᠵᠤ ᠮᠠᠰᠢᠨ ᠬᠤᠳᠳᠤᠭ ᠤᠨ ᠴᠠᠬᠢᠯᠭᠠᠨ ᠨᠡᠪᠲᠡᠷᠡᠭᠦᠯᠬᠦ ᠪᠠ ᠲᠣᠤᠷ | ᠳᠣᠭᠢᠷᠠᠭᠤᠯᠬᠤ ᠠᠦ᠋ᠲ᠋ᠣᠴᠢᠯᠠᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠪᠥᠬᠦ ᠵᠢᠯ ᠤᠨ ᠴᠠᠬᠢᠯᠭᠠᠨ | ᠪᠣᠷᠣᠯᠠᠭᠤᠯᠤᠭᠰᠠᠨ ᠬᠡᠮᠵᠢᠶ᠎ᠡ 7.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 26.6% ᠪᠠᠷ ᠨᠡᠮᠡᠭᠳᠡᠪᠡ᠃ | ᠡᠨᠡ ᠨᠢᠭᠡ ᠵᠢᠯ ᠳᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠤᠨ | ᠡᠮᠦᠨ᠎ᠡ᠂ ᠪᠢᠳᠡ ᠤᠯᠠᠨ ᠲᠠᠯ᠎ᠠ ᠪᠠᠷ ᠪᠡᠯᠡ ᠣᠷᠣᠭᠤᠯᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠠᠷᠠᠳ ᠤᠨ ᠠᠮᠢᠳᠤᠷᠠᠯ ᠤᠨ ᠪᠤᠶᠠᠨ ᠬᠡᠰᠢᠭ ᠢᠯᠡᠳᠲᠡ ᠨᠡᠮᠡᠭᠳᠡᠵᠡᠢ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠦᠢᠯᠡᠳᠦᠯᠭᠡᠵᠢᠭᠦᠯᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠶᠢ ᠵᠠᠰᠠᠭ ᠤᠨ ᠣᠷᠳᠣᠨ ᠤ ᠠᠵᠢᠯ ᠤᠨ ᠡᠭᠦᠰᠦᠯᠲᠡ ᠪᠠ ᠲᠡᠭᠦᠰᠬᠡᠯ ᠪᠣᠯᠭᠠᠵᠤ᠂ | ᠠᠷᠠᠳ ᠤᠨ ᠠᠮᠢᠳᠤᠷᠠᠯ ᠤᠨ ᠵᠠᠷᠤᠯᠭ᠎ᠠ ᠶᠢ 12.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠤᠯᠠᠨ ᠨᠡᠶᠢᠲᠡ ᠶᠢᠨ | ᠲᠥᠰᠦᠪ ᠤᠨ ᠵᠠᠷᠤᠯᠭ᠎ᠠ ᠶᠢᠨ 75.86% ᠢ ᠡᠵᠡᠯᠡᠪᠡ᠃ | — ᠨᠡᠶᠢᠭᠡᠮ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠪᠡ᠃ ᠰᠤᠷᠭᠠᠭᠤᠯᠢ ᠶᠢᠨ ᠪᠠᠶᠢᠷᠢᠰᠢᠯ ᠢ ᠵᠣᠬᠢᠰᠲᠠᠶ | ᠲᠣᠬᠢᠷᠠᠭᠤᠯᠵᠤ᠂ 28 ᠪᠠᠭᠰᠢ ᠶᠢ ᠣᠷᠣᠭᠤᠯᠤᠨ ᠠᠪᠴᠢᠷᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠬᠠᠮᠢᠶᠠᠷᠤᠯᠲᠠ ᠶᠢᠨ ᠡᠩᠨᠡᠭᠡ ᠪᠠ ᠪᠠᠭᠰᠢ ᠶᠢᠨ ᠬᠦᠴᠦᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠢᠭᠡᠳᠦᠭᠡᠷ | ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ᠂ | ᠨᠢᠭᠡᠳᠦᠭᠡᠷ ᠪᠠᠭ᠎ᠠ ᠰᠤᠷᠭᠠᠭᠤᠯᠢ ᠳᠤ ᠴᠡᠷᠢᠭᠵᠢᠭᠦᠯᠦᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠥᠨᠳᠥᠷ | ᠳᠤᠮᠳᠠᠳᠤ ᠶᠢᠨ ᠰᠢᠯᠭᠠᠯᠲᠠ ᠪᠠ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ | ᠲᠣᠭᠲᠠᠭᠤᠨ ᠢᠶᠠᠷ ᠰᠠᠶᠢᠵᠢᠷᠠᠭᠤᠯᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠮᠳᠠᠳᠤ ᠰᠤᠷᠭᠠᠭᠤᠯᠢ ᠶᠢᠨ | ᠲᠠᠷᠢᠶᠠᠯᠠᠩ ᠤᠨ ᠤᠬᠠᠭᠠᠨ ᠤ ᠠᠰᠠᠷ ᠢ ᠠᠰᠢᠭᠯᠠᠯᠲᠠ ᠳᠤ ᠣᠷᠣᠭᠤᠯᠵᠤ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ | ᠲᠠᠪᠤᠨ ᠬᠥᠮᠦᠨ ᠤ ᠬᠡᠷ ᠳᠣᠲᠣᠷᠠᠬᠢ ᠬᠥᠯ ᠪᠥᠮᠪᠦᠭᠡ ᠶᠢᠨ ᠣᠷᠳᠣᠨ ᠢ ᠰᠢᠨ᠎ᠡ ᠪᠠᠷ ᠪᠠᠶᠢᠭᠤᠯᠪᠠ᠃ ᠠᠷᠠᠳ ᠠᠴᠠ | ᠡᠷᠭᠢᠯᠡᠭᠰᠡᠨ 4 ᠬᠡᠤᠬᠡᠳ ᠤᠨ ᠴᠡᠴᠡᠷᠯᠢᠭ ᠢ ᠴᠡᠭᠴᠡᠯᠡᠨ ᠥᠭᠡᠷᠡᠴᠢᠯᠡᠵᠦ ᠵᠢᠷᠤᠮᠵᠢᠭᠤᠯᠤᠨ᠂ ᠭᠤᠷᠪᠠᠨ ᠬᠡᠤᠬᠡᠳ ᠤᠨ | ᠴᠡᠴᠡᠷᠯᠢᠭ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠲᠥᠯᠥᠪᠵᠢᠭᠦᠯᠭᠡ ᠶᠢᠨ ᠭᠠᠵᠠᠷ ᠰᠣᠩᠭᠤᠬᠤ ᠶᠢ | ᠪᠡᠶᠡᠯᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ | 11.8 ᠲᠦᠮᠡᠨ ᠬᠥᠮᠦᠨ ᠣᠷᠤᠵᠤ᠂ ᠡᠮᠨᠡᠯᠭᠡ ᠳᠤ ᠰᠠᠭᠤᠭᠰᠠᠨ ᠬᠥᠮᠦᠰ ᠤᠨ ᠲᠠᠩᠰᠠ ᠲᠠᠶᠢᠯᠤᠭᠰᠠᠨ ᠨᠢ 906 | ᠬᠥᠮᠦᠨ ︵ᠤᠳᠠᠭ᠎ᠠ︶ 684 ᠲᠦᠮᠡᠨ ᠲᠥᠭᠦᠷᠢᠭ᠂ ᠬᠦᠨᠳᠦ ᠡᠪᠡᠳᠴᠢᠨ ᠤ ᠨᠥᠬᠦᠪᠥᠷᠢ ᠳᠠᠭᠠᠳᠬᠠᠯ ᠤᠨ | ᠨᠥᠬᠦᠪᠥᠷᠢ 1269 ᠬᠥᠮᠦᠨ ︵ᠤᠳᠠᠭ᠎ᠠ︶ 652 ᠲᠦᠮᠡᠨ ᠲᠥᠭᠦᠷᠢᠭ ᠲᠤ ᠬᠦᠷᠴᠡᠶ᠃ ᠬᠡᠷ ᠪᠦᠯᠢ ᠶᠢᠨ ᠡᠮᠴᠢ | 7.9 ᠲᠦᠮᠡᠨ ᠬᠥᠮᠦᠨ ᠲᠠᠢ ᠭᠠᠷ ᠤᠨ ᠦᠰᠦᠭ ᠵᠢᠷᠤᠪᠠ᠃ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠲᠡᠶ ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠤᠨ ᠬᠤᠰᠢᠭᠤ ᠰᠢᠶᠠᠨ ᠪᠣᠯᠤᠨ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠶ ᠡᠪᠡᠳᠴᠢᠨ ᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠰᠢᠶᠠᠨ ᠤ ᠰᠢᠯᠭᠠᠨ ᠬᠤᠷᠢᠶᠠᠵᠤ ᠬᠢᠨᠠᠨ ᠲᠣᠭᠲᠠᠭᠠᠬᠤ ᠶᠢ | ᠬᠦᠯᠢᠶᠡᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠦᠵᠡᠯ ᠤᠬᠠᠮᠰᠠᠷ ᠢᠯᠡᠳᠲᠡ ᠳᠡᠭᠡᠭᠰᠢᠯᠡᠪᠡ᠃ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠬᠤᠪᠢᠰᠬᠠᠯ ᠤᠨ ᠳᠠᠭᠤᠤ ᠨᠠᠶᠢᠷᠠᠯ | ᠳᠠᠭᠤᠤ ᠶᠢᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ︽ᠬᠥᠬᠡᠮᠳᠦᠭ ᠠᠭᠤᠯᠠ ᠶᠢᠨ ᠢᠨᠠᠭ ᠳᠤᠷᠠᠯᠠᠯ︾ | ᠨᠢ ︽16 ᠳ᠋ᠤᠭᠠᠷ ᠬᠤᠭᠤᠴᠠᠭᠠᠨ ᠤ ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ︾ ᠤᠨ | ᠴᠣᠷ ᠤᠨ ᠭᠠᠭᠴᠠ ᠬᠢᠲᠠᠳ ᠬᠡᠯᠡᠨ ᠤ ᠦᠵᠡᠭᠦᠯᠦᠯᠭᠡ ᠶᠢᠨ ᠵᠦᠴᠦᠭᠡ ᠪᠠᠷ ᠦᠨᠡᠯᠡᠭᠳᠡᠪᠡ᠃ ᠬᠤᠶᠠᠷ ᠬᠥᠮᠦᠨ ᠤ | ᠡᠯᠭᠦᠯᠴᠡᠭᠡ ︽ᠪᠠᠷᠠᠭᠤᠨ ᠧᠦ᠋ᠷᠣᠫᠠ ᠳᠤ ᠶᠠᠪᠤᠭᠰᠠᠨ ᠨᠢ︾ ᠨᠢ ᠤᠯᠤᠰ ᠤᠨ ᠤᠷᠠᠯᠢᠭ ᠤᠨ ᠰᠠᠭᠤᠷᠢ ᠮᠥᠩᠭᠦ ᠪᠠᠷ | ᠲᠣᠭᠤᠷᠢᠨ ᠲᠣᠭᠯᠠᠬᠤ ᠪᠦᠲᠦᠭᠡᠯ ᠢᠶᠠᠷ ᠰᠣᠩᠭᠤᠭᠳᠠᠵᠠᠶ᠃ ᠳ᠋ᠦᠩ ᠾᠧ ᠶᠢᠨ ᠪᠦᠰᠡᠯᠢᠭ ᠴᠡᠴᠡᠷᠯᠢᠭ ᠲᠤ 200 | ᠲᠦᠮᠡᠨ ᠲᠥᠭᠦᠷᠢᠭ ᠤᠨ ᠪᠠᠯᠠ ᠣᠷᠣᠭᠤᠯᠵᠤ᠂ 1ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠣᠷᠳᠣᠨ ᠢ | ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠲᠤ | 3800 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠥᠬᠦ ᠤᠯᠤᠰ ᠤᠨ ᠲᠡᠷᠢᠭᠦᠨ ᠤ ᠪᠠᠷᠢᠮᠵᠢᠶᠠᠵᠢᠭᠰᠠᠨ ᠲᠣᠤᠷ | ᠪᠥᠮᠪᠦᠭᠡ ᠶᠢᠨ ᠣᠷᠳᠣᠨ ᠪᠠ 200 ᠮᠧᠲᠷ ᠤᠨ ᠭᠦᠶᠦᠯᠲᠡ ᠶᠢᠨ ᠵᠠᠮ ᠤᠨ ᠬᠦᠨᠳᠦ ᠬᠥᠩᠭᠡᠨ ᠲᠠᠮᠢᠷ ᠤᠨ | ᠣᠷᠳᠣᠨ ᠢ ᠰᠢᠨ᠎ᠡ ᠪᠠᠷ ᠪᠠᠶᠢᠭᠤᠯᠵᠤ᠂ ᠪᠠᠷᠢᠯᠭ᠎ᠠ ᠶᠢᠨ ᠲᠠᠯᠠᠪᠠᠶ ᠨᠢ 7400 ᠲᠡᠭᠰᠢ ᠳᠥᠷᠪᠡᠯᠵᠢᠨ ᠮᠧᠲᠷ ᠪᠣᠯᠤᠨ᠎ᠠ᠃ | | — ᠠᠷᠠᠳ ᠤᠨ ᠠᠮᠢᠳᠤᠷᠠᠯ ᠤᠨ ᠪᠠᠲᠤᠯᠠᠭ᠎ᠠ ᠡᠷᠡᠰ ᠴᠢᠩᠭ᠎ᠠ ᠪᠥᠭᠡᠳ ᠬᠦᠴᠦᠲᠡᠶ ᠪᠤᠯᠪᠠ᠃ ᠬᠤᠳᠠ | ᠪᠠᠯᠭᠠᠰᠤᠨ ᠤ 1361 ᠬᠥᠮᠦᠨ ᠳᠤ ᠰᠢᠨ᠎ᠡ ᠪᠠᠷ ᠠᠵᠢᠯ ᠣᠯᠭᠤᠵᠤ᠂ 629 ᠨᠡᠷ᠎ᠡ ᠬᠤᠳᠠ ᠪᠠᠯᠭᠠᠰᠤᠨ ᠤ ᠠᠵᠢᠯ | ᠠᠯᠳᠠᠭᠰᠠᠳ ᠳᠤ ᠲᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 121 ᠬᠥᠮᠦᠨ ᠳᠤ ᠲᠠᠬᠢᠨ ᠠᠵᠢᠯ | ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ 2.8% ᠳᠤ ᠬᠦᠷᠪᠡ᠃ | ᠬᠥᠳᠡᠭᠡ ᠲᠣᠰᠬᠤᠨ ᠤ ᠬᠥᠳᠡᠯᠮᠦᠷᠢ ᠶᠢᠨ ᠬᠦᠴᠦᠨ ᠤ ᠠᠵᠢᠯ ᠣᠯᠵᠤ ᠰᠢᠯᠵᠢᠭᠰᠡᠨ ᠬᠥᠮᠦᠨ 4 ᠲᠦᠮᠡ ᠭᠠᠷᠤᠶ | ᠪᠣᠯᠪᠠ᠃ ᠰᠢᠨ᠎ᠡ ᠪᠠᠷ ᠡᠯᠰᠡᠭᠰᠡᠨ ᠠᠯᠪᠠᠲᠠᠨ 8 ᠬᠥᠮᠦᠨ᠂ ᠰᠣᠩᠭᠤᠨ ᠰᠢᠯᠵᠢᠭᠦᠯᠦᠭᠰᠡᠨ ᠰᠣᠷᠣᠭᠴᠢ 14 ᠬᠥᠮᠦᠨ | ᠪᠠᠶᠢᠨ᠎ᠠ᠃ ᠥᠨᠳᠥᠷ ᠰᠤᠷᠤᠯᠭ᠎ᠠ ᠶᠢᠨ ᠨᠠᠮᠲᠠᠷ ᠲᠠᠢ 18 ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠣᠲᠣ ᠶᠠᠭ | ᠬᠤᠶᠠᠳᠤᠭᠠᠷ ᠪᠦᠯᠦᠭ ᠤᠨ 10 ᠴᠢᠳᠠᠪᠤᠷᠢᠲᠠᠨ ᠢ ᠣᠷᠣᠭᠤᠯᠤᠨ ᠠᠪᠴᠢᠷᠠᠵᠤ ᠪᠣᠶ᠃ ᠴᠡᠷᠢᠭ ᠠᠴᠠ ᠬᠠᠯᠠᠭᠳᠠᠭᠰᠠᠨ | ᠪᠠᠭ᠎ᠠ ᠣᠹᠢᠼᠧᠷ 3 ᠬᠥᠮᠦᠨ᠂ ᠴᠡᠷᠢᠭ ᠢ ᠳᠠᠭᠠᠭᠰᠠᠨ ᠭᠡᠷ ᠪᠦᠯᠢ ᠶᠢᠨ 1 ᠬᠥᠮᠦᠨ ᠢ ᠲᠣᠬᠢᠲᠠᠶ ᠲᠥᠪᠬᠢᠨᠡᠭᠦᠯᠪᠡ᠃ | ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠶᠢ ᠪᠡᠶᠡᠯᠡᠭᠦᠯᠬᠦ ᠠᠰᠠᠭᠤᠳᠠᠯ ᠢ ᠦᠨᠡᠨ ᠬᠦ | ᠰᠢᠢᠳᠪᠦᠷᠢᠯᠡᠵᠦ᠂ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠤ ᠬᠠᠷᠠᠭᠠᠯᠵᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ | ᠬᠥᠮᠦᠨ ᠤ ᠲᠤᠭ᠎ᠠ 9.8 ᠲᠦᠮᠡ ᠳᠤ ᠬᠦᠷᠴᠦ᠂ ᠬᠤᠳᠠ ᠪᠠᠯᠭᠠᠰᠤᠨ ᠤ ᠠᠵᠤ ᠠᠬᠤᠶᠢᠯᠠᠯ ᠤᠨ ᠠᠵᠢᠯᠳᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 5502 ᠬᠥᠮᠦᠨ ᠣᠷᠤᠯᠴᠠᠪᠠ᠃ ᠨᠡᠶᠢᠲᠡ 401 | ᠠᠵᠢᠯ ᠠᠯᠳᠠᠭᠰᠠᠳ ᠲᠤ 542.8 ᠲᠦᠮᠡᠨ ᠲᠥᠭᠦᠷᠢᠭ ᠤᠨ ᠳᠠᠭᠠᠳᠬᠠᠯ ᠤᠨ ᠮᠥᠩᠭᠦ ᠣᠯᠭᠤᠪᠠ᠃ ᠬᠤᠲᠠ | ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠬᠥᠮᠦᠨ | ᠪᠦᠷᠢ ︵ᠰᠠᠷ᠎ᠠ ᠪᠦᠷᠢ︶ 725 ᠲᠥᠭᠦᠷᠢᠭ ᠪᠠ 510 ᠲᠥᠭᠦᠷᠢᠭ ᠪᠣᠯᠭᠠᠵᠤ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠶᠢᠲᠡ 8216.6 ᠲᠦᠮᠡᠨ ᠲᠥᠭᠦᠷᠢᠭ ᠲᠠᠷᠬᠠᠭᠠᠪᠠ᠃ ᠲᠥᠪᠯᠡᠷᠡᠭᠰᠡᠨ | ᠂ ᠲᠠᠷᠠᠬᠠᠶ ᠣᠨᠴᠠ ᠬᠦᠴᠢᠷᠳᠡᠯ ᠲᠠᠢ ᠬᠥᠮᠦᠰ ᠤᠨ ᠠᠰᠠᠷᠠᠨ ᠲᠡᠵᠢᠭᠡᠬᠦ ᠪᠠᠷᠢᠮᠵᠢᠶ᠎ᠠ ᠶᠢ ᠬᠥᠮᠦᠨ ᠪᠦᠷᠢ ︵ᠰᠠᠷ᠎ᠠ ᠪᠦᠷᠢ | ︶ ᠳᠤ 815 ᠲᠥᠭᠦᠷᠢᠭ ᠪᠠ 665 ᠲᠥᠭᠦᠷᠢᠭ ᠪᠣᠯᠭᠠᠨ ᠳᠡᠭᠡᠭᠰᠢᠯᠡᠭᠦᠯᠪᠡ᠃ ᠬᠤᠲᠠ ᠬᠥᠳᠡᠭᠡ ᠶᠢᠨ ᠣᠨᠴᠠ | ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠮᠥᠩᠭᠦ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ᠂ | ᠥᠨᠥᠴᠢᠨ ᠬᠡᠤᠬᠡᠳ ᠤᠨ ᠨᠥᠬᠦᠪᠥᠷᠢ ᠪᠠ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠶᠢᠨ | ᠨᠥᠬᠦᠪᠥᠷᠢ᠂ ᠠᠮᠢᠳᠤᠷᠠᠯ ᠤᠨ ᠨᠥᠬᠦᠪᠥᠷᠢ᠂ ᠡᠮ ᠡᠮᠨᠡᠯᠭᠡ ᠶᠢᠨ ᠨᠥᠬᠦᠪᠥᠷᠢ᠂ ᠬᠤᠲᠠ ᠬᠥᠳᠡᠭᠡ ᠶᠢᠨ ᠠᠯᠪᠠᠨ | ᠵᠢᠷᠤᠮ ᠤᠨ ᠴᠡᠷᠢᠭ ᠤᠨ ᠬᠠᠷᠠᠭᠠᠯᠵᠠᠯ ᠤᠨ ᠮᠥᠩᠭᠦ ᠶᠢ ᠨᠡᠶᠢᠲᠡ 2791 ᠲᠦᠮᠡᠨ ᠲᠥᠭᠦᠷᠢᠭ ᠲᠠᠷᠬᠠᠭᠠᠪᠠ᠃ | ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ ᠠᠰᠠᠭᠤᠳᠠᠯ ᠢ ᠦᠨᠳᠦᠰᠦᠨ ᠠᠴᠠ ᠨᠢ | ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠪᠠᠶᠢᠭᠤᠯᠵᠤ ᠪᠠᠶᠢᠭ᠎ᠠ | ᠵᠦᠢᠯᠡᠰ ᠲᠤ ᠴᠥᠮ ︽ᠲᠦᠷᠪᠡᠨ ᠲᠦᠷᠢᠮ ᠬᠤᠶᠠᠷ ᠮᠥᠩᠭᠦ︾ ᠶᠢᠨ ᠲᠦᠷᠢᠮ ᠢ ᠬᠡᠷᠡᠭᠵᠢᠭᠦᠯᠵᠦ᠂ 2820 | ᠬᠥᠮᠦᠨ ᠤ ᠬᠥᠳᠡᠯᠮᠦᠷᠢ ᠶᠢᠨ ᠭᠡᠷ᠎ᠡ ᠶᠢ ᠰᠢᠨ᠎ᠡ ᠪᠠᠷ ᠭᠠᠷ ᠤᠨ ᠦᠰᠦᠭ ᠵᠢᠷᠤᠵᠤ ᠨᠥᠬᠦᠪᠥᠷᠢᠯᠡᠨ ᠭᠠᠷ ᠤᠨ ᠦᠰᠦᠭ | ᠵᠢᠷᠤᠵᠤ᠂ ᠭᠠᠷ ᠤᠨ ᠦᠰᠦᠭ ᠵᠢᠷᠤᠭᠰᠠᠨ ᠨᠤᠷᠮ᠎ᠠ ᠨᠢ 100% ᠳᠤ ᠬᠦᠷᠴᠦ᠂ ᠬᠥᠳᠡᠯᠮᠦᠷᠢ ᠶᠢᠨ | ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ 9 ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ | ᠪᠦᠬᠦᠨ ᠢ ᠳᠠᠭᠤᠰᠬᠠᠵᠤ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ | ᠪᠦᠲᠦᠮᠵᠢᠲᠡᠶ ᠪᠠᠲᠤᠯᠠᠪᠠ᠃ | — ᠨᠡᠶᠢᠭᠡᠮ ᠤᠨ ᠶᠡᠭᠡ ᠲᠠᠯ᠎ᠠ ᠠᠮᠤᠷ ᠲᠣᠭᠲᠠᠭᠤᠨ ᠡᠶ᠎ᠡ ᠵᠣᠬᠢᠴᠠᠯ ᠪᠤᠯᠪᠠ᠃ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠠᠬᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ | ᠬᠢᠨᠠᠨ ᠵᠢᠯᠣᠭᠤᠳᠴᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠨ᠂ ᠠᠭᠤᠷᠬᠠᠢ ᠶᠢᠨ ᠬᠦᠷᠢᠶ᠎ᠡ᠂ ᠫᠤᠤ ᠵᠡᠪᠰᠡᠭ ᠠᠶᠤᠯᠲᠠᠢ ᠳᠡᠯᠪᠡᠷᠡᠯᠲᠡ ᠳᠤ ᠬᠤᠯᠪᠣᠭᠳᠠᠭᠰᠠᠨ᠂ | ᠵᠣᠭᠤᠰ ᠨᠠᠭᠠᠳᠬᠤ ᠵᠡᠷᠭᠡ ︽8+3︾ ᠢ ᠲᠤᠰᠬᠠᠢ ᠴᠡᠭᠴᠡᠯᠡᠨ ᠵᠠᠰᠠᠬᠤ ᠪᠠ ︽ᠲᠦᠷᠪᠡᠨ ᠵᠠᠭᠤᠨ ᠡᠳᠦᠷ ᠤᠨ | ᠪᠣᠭᠤᠮᠲᠠ ᠰᠢᠪᠲᠤᠯᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 1 ᠬᠠᠷ᠎ᠠ ᠪᠦᠯᠦᠭᠲᠡᠨ ᠳᠤ ᠬᠤᠯᠪᠤᠭᠳᠠᠭᠰᠠᠨ | ᠬᠡᠷᠡᠭ ᠢ ᠲᠡᠰ ᠳᠡᠪᠰᠢᠭᠦᠯᠦᠨ ᠲᠠᠩᠨᠠᠨ ᠰᠢᠢᠳᠪᠦᠷᠢᠯᠡᠵᠦ᠂ 1 ᠬᠠᠷ᠎ᠠ ᠬᠠᠷᠭᠢᠰ ᠬᠦᠴᠦᠨ ᠤ ᠪᠦᠯᠦᠭᠯᠡᠯ᠂ 4 ᠡᠪᠰᠡᠯ | ᠪᠥᠯᠦᠭ ᠢ ᠤᠰᠠᠳᠬᠠᠵᠤ᠂ 33 ᠡᠷᠡᠭᠦᠦ ᠶᠢᠨ ᠬᠡᠷᠡᠭ ᠢ ᠢᠯᠡᠷᠡᠭᠦᠯᠪᠡ᠃ ᠶᠠᠯᠠᠲᠤ ᠬᠡᠷᠡᠭ ᠲᠤ ᠬᠤᠯᠪᠣᠭᠳᠠᠭᠰᠠᠨ 11 | ᠬᠡᠷᠡᠭ ᠢ ᠪᠠᠷᠢᠪᠴᠢᠯᠠᠬᠤ ᠪᠠᠷ ᠵᠥᠪᠰᠢᠶᠡᠷᠡᠵᠦ᠂ 9 ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ 6 ᠬᠡᠷᠡᠭ ᠲᠤ | ᠠᠯᠪᠠᠨ ᠵᠠᠭᠠᠯᠳᠤᠯᠭ᠎ᠠ ᠭᠠᠷᠭᠠᠵᠤ᠂ 5 ᠬᠡᠷᠡᠭ ᠢ ᠲᠢᠩᠬᠢᠮ ᠨᠡᠭᠡᠭᠡᠵᠦ ᠰᠢᠭᠦᠨ ᠲᠠᠰᠤᠯᠪᠠ᠃ ᠱᠠᠰᠢᠨ ᠰᠤᠷᠲᠠᠬᠤᠨ ᠤ | ᠠᠵᠢᠯ ᠤᠨ ᠲᠤᠬᠠᠶ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ | ᠰᠠᠶᠢᠲᠤᠷ ᠠᠳᠬᠤᠵᠤ᠂ 2 ᠲᠤᠮᠤ ᠬᠡᠯᠪᠡᠷᠢ ᠶᠢᠨ ᠵᠠᠳᠠᠭᠠᠶ ᠬᠥᠷᠥᠭ ᠢ ᠬᠠᠤᠯᠢ ᠲᠣᠭᠲᠠᠭᠠᠯ ᠶᠣᠰᠣᠭᠠᠷ ᠨᠤᠷᠠᠭᠠᠪᠠ᠃ | ︽ᠯᠠᠯᠤ︾ ᠶᠢᠨ ᠤᠬᠠᠭᠳᠠᠬᠤᠨ ᠤ ᠲᠡᠯᠡᠷᠡᠯᠳᠡ ᠪᠠ ᠬᠠᠤᠯᠢ ᠪᠤᠰᠤ ᠱᠠᠰᠢᠨ ᠰᠤᠷᠲᠠᠬᠤᠨ ᠤ ᠬᠡᠪᠯᠡᠭᠳᠡᠬᠦᠨ ᠢ ᠵᠠᠰᠠᠬᠤ | ᠠᠵᠢᠯ ᠢ ᠲᠥᠪᠯᠡᠷᠡᠭᠦᠯᠦᠨ ᠥᠷᠨᠢᠭᠦᠯᠵᠦ᠂ ᠱᠠᠰᠢᠨ ᠰᠤᠷᠲᠠᠬᠤᠨ ᠤ ᠲᠠᠯᠠᠪᠤᠷ ᠭᠠᠵᠠᠷ ᠤᠨ ︽ᠲᠠᠪᠤ ᠶᠢ ᠳᠠᠪᠰᠢᠭᠤᠯᠵᠤ | ᠲᠦᠷᠪᠡ ᠶᠢ ᠣᠳᠣᠬᠢᠴᠢᠯᠠᠬᠤ︾ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠱᠠᠰᠢᠨ ᠰᠤᠷᠲᠠᠬᠤᠨ ᠤ ᠠᠵᠢᠯ | ᠢᠯᠡᠳᠲᠡ ᠦᠷ᠎ᠡ ᠪᠦᠲᠦᠮᠵᠢ ᠤᠯᠪᠠ᠃ ︽ᠭᠡᠭᠡᠨ ᠰᠠᠷᠠᠭᠤᠯ ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠦ᠂ ︽ | ᠤᠶᠤᠨᠲᠤ ᠠᠮᠤᠷ ᠠᠮᠤᠭᠤᠯᠠᠩ ᠬᠤᠳᠠ︾ ᠶᠢᠨ ᠪᠦᠳᠦᠭᠡᠨ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ | ᠤᠯᠪᠠ᠃ ᠠᠶᠤᠯᠭᠦᠶ ᠦᠢᠯᠡᠳᠪᠦᠷᠢᠯᠡᠯ ᠤᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ | ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠰᠢᠶᠠᠨ ᠳᠤ ᠠᠶᠤᠯᠭᠦᠶ ᠦᠢᠯᠡᠳᠪᠦᠷᠢᠯᠡᠯ ᠤᠨ ᠬᠦᠨᠳᠦ ᠶᠡᠭᠡ ᠣᠨᠴᠠ | ᠶᠡᠭᠡ ᠡ᠊ᠨᠳᠡᠯ ᠭᠠᠷᠤᠭᠰᠠᠨ ᠦᠭᠡᠢ᠃ ᠵᠥᠷᠢᠴᠡᠯ ᠵᠢᠭᠤᠷᠠᠯᠳᠤᠭᠠᠨ ᠢ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ | ᠠᠷᠢᠯᠭᠠᠬᠤ᠂ ᠶᠡᠭᠡ ᠪᠠᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯᠴᠢᠨ ᠤ ᠪᠡᠶ᠎ᠡ | ᠬᠡᠮ ᠲᠠᠢ ᠡᠮᠡᠭᠲᠡᠶ ᠠᠵᠢᠯᠳᠠᠨ ᠠᠵᠢᠯᠴᠢᠨ ᠤ ᠠᠵᠢᠯ ᠠᠴᠠ ᠪᠠᠨ ᠪᠠᠭᠤᠵᠤ ᠠᠮᠠᠷᠠᠬᠤ ᠶᠢ ᠬᠤᠶᠢᠰᠢᠯᠠᠭᠤᠯᠬᠤ ᠪᠠᠷ | ᠱᠠᠭᠠᠷᠳᠠᠭᠰᠠᠨ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠪᠡᠷᠬᠡᠲᠡᠶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠦᠨᠡᠨ ᠬᠦ ᠰᠢᠢᠳᠪᠦᠷᠢᠯᠡᠪᠡ᠃ | ᠡᠨᠡ ᠨᠢᠭᠡ ᠵᠢᠯ ᠳᠤ᠂ ᠨᠠᠩ ᠥᠨᠳᠥᠷ ᠤᠯᠤᠰ ᠲᠥᠷᠥ ᠶᠢᠨ ᠬᠠᠷᠢᠭᠤᠴᠠᠯᠭ᠎ᠠ ᠶᠢᠨ ᠡᠮᠦᠨ᠎ᠡ᠂ ᠪᠢᠳᠡ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠤᠷᠲᠠᠯ ᠢᠶᠠᠨ ᠬᠤᠪᠢᠷᠠᠭᠤᠯᠵᠤ᠂ ᠵᠠᠰᠠᠭ ᠤᠨ ᠣᠷᠳᠣᠨ ᠤ ᠵᠠᠰᠠᠭ | ᠵᠠᠬᠢᠷᠭᠠᠨ ᠤ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ | — ︽ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠡᠬᠦ | ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ︽ᠤᠬ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠵᠦ᠂ ᠵᠦᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠢ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡ ᠶᠢ ᠪᠣᠳᠠᠲᠠᠶᠢᠵᠢᠭᠤᠯᠬᠤ︾ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠪᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ | ᠬᠤᠯᠪᠣᠭᠳᠠᠭᠰᠠᠨ 62 ᠠᠰᠠᠭᠤᠳᠠᠯ ᠢ ᠰᠢᠢᠳᠪᠦᠷᠢᠯᠡᠵᠦ᠂ ᠰᠢᠨ᠎ᠡ ᠬᠠᠭᠤᠴᠢᠨ ᠲᠣᠭᠤᠷᠢᠭ ᠤᠨ ᠡᠷᠡᠭᠦᠯ | ᠬᠠᠮᠠᠭᠠᠯᠠᠯ ᠤᠨ ᠬᠤᠷᠢᠶ᠎ᠠ ᠶᠢ ᠨᠡᠭᠦᠯᠭᠡᠬᠦ᠂ ᠬᠢᠲᠠᠳ ᠡᠮᠨᠡᠯᠭᠡ ᠶᠢᠨ ᠬᠤᠷᠢᠶ᠎ᠠ ᠳᠤ ᠴᠢᠰᠤ ᠨᠡᠪᠴᠢᠭᠦᠯᠦᠨ ᠢᠯᠭᠠᠷᠠᠭᠤᠯᠬᠤ | ᠲᠠᠰᠤᠭ ᠢ ᠰᠢᠨ᠎ᠡ ᠪᠠᠷ ᠨᠡᠮᠡᠬᠦ᠂ ᠬᠡᠷᠡᠭ ᠡᠷᠬᠢᠯᠡᠬᠦ ᠴᠣᠩᠬᠤ ᠶᠢ ᠰᠢᠯᠢᠳᠡᠭᠵᠢᠭᠦᠯᠦᠨ ᠨᠡᠮᠡᠵᠦ ᠪᠠᠶᠢᠭᠤᠯᠬᠤ ᠵᠡᠷᠭᠡ ᠤᠯᠠᠨ | ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠨᠢᠭᠡ ᠪᠦᠯᠦᠭ ᠠᠰᠠᠭᠤᠳᠠᠯ ᠢ ᠦᠨᠡᠨ ᠬᠦ | ᠰᠢᠢᠳᠪᠦᠷᠢᠯᠡᠪᠡ᠃ | — ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠯᠡᠳᠲᠡ ᠴᠢᠩᠭᠠᠳᠬᠠᠪᠠ᠃ ︽ | ᠢᠨᠲ᠋ᠧᠷ ᠰᠦᠯᠵᠢᠶ᠎ᠡ + ᠬᠢᠨᠠᠨ ᠬᠠᠮᠢᠶᠠᠷᠬᠤ ᠵᠦᠢᠯᠡᠰ︾ ᠤᠨ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ | 594 ᠵᠦᠢᠯ ᠢ ᠲᠠᠨᠢᠨ ᠠᠪᠴᠤ᠂ 520 ᠵᠦᠢᠯ ᠤᠨ ᠲᠣᠳᠣᠷᠬᠠᠶ ᠬᠠᠭᠤᠳᠠᠰᠤ ᠶᠢ ᠨᠠᠶᠢᠷᠠᠭᠤᠯᠤᠨ ᠵᠣᠬᠢᠶᠠᠭᠰᠠᠨ ᠪᠠ | ᠬᠢᠨᠠᠨ ᠬᠠᠷᠭᠤᠭᠤᠯᠵᠤ᠂ ᠪᠡᠶᠡᠯᠡᠭᠦᠯᠦᠭᠰᠡᠨ ᠨᠤᠷᠮ᠎ᠠ ᠨᠢ 87.5% ᠳᠤ ᠬᠦᠷᠴᠡᠶ︔ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠨ ᠦᠢᠯᠡ ᠠᠵᠢᠯᠯᠠᠭ᠎ᠠ ᠳᠤ 27 ᠰᠠᠯᠠᠭ᠎ᠠ ᠮᠥᠴᠢᠷ᠂ 28 ᠵᠦᠢᠯ ᠤᠨ ᠪᠠᠶᠢᠴᠠᠭᠠᠯᠲᠠ ᠶᠢᠨ ᠦᠢᠯᠡ | ᠠᠵᠢᠯᠯᠠᠭ᠎ᠠ᠂ 290 ᠬᠠᠤᠯᠢ ᠬᠡᠷᠡᠭᠵᠢᠭᠦᠯᠬᠦ ᠠᠵᠢᠯᠲᠠᠨ ᠢ ᠴᠤᠭᠯᠠᠭᠤᠯᠤᠨ ᠣᠷᠣᠭᠤᠯᠪᠠ᠃ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠤᠨ ᠲᠤᠬᠠᠶ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ᠨᠡᠶᠢᠭᠡᠮ ᠳᠤ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠠᠷᠠᠳ ᠤᠯᠠᠨ ᠤ ᠠᠰᠢᠭ | ᠲᠤᠰᠠ ᠲᠠᠢ ᠨᠢᠭᠲᠠ ᠬᠤᠯᠪᠣᠭ᠎ᠠ ᠲᠠᠢ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠤᠨ ᠲᠤᠬᠠᠶ ᠶᠠᠷᠢᠯᠴᠠᠬᠤ | ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠨᠤᠲᠠᠯᠠᠯᠲᠠ ᠶᠢᠨ ᠬᠤᠷᠠᠯ ᠢ 50 ᠭᠠᠷᠤᠶ ᠤᠳᠠᠭ᠎ᠠ ᠬᠤᠷᠠᠯᠳᠤᠭᠤᠯᠵᠤ | ᠥᠷᠭᠡᠨ ᠢᠶᠠᠷ ᠰᠠᠨᠠᠯ ᠰᠣᠨᠣᠰᠴᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠬᠠᠤᠯᠢ ᠶᠣᠰᠣᠭᠠᠷ | ᠵᠠᠰᠠᠭ ᠶᠠᠪᠤᠭᠤᠯᠬᠤ ᠬᠢᠷᠢ ᠬᠡᠮᠵᠢᠶ᠎ᠡ ᠪᠠᠨ ᠲᠠᠰᠤᠷᠠᠯᠳᠠ ᠦᠭᠡᠢ ᠳᠡᠭᠡᠭᠰᠢᠯᠡᠭᠦᠯᠪᠡ᠃ | — ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ | ᠰᠦᠯᠵᠢᠶᠡᠨ ᠳᠡᠭᠡᠷ᠎ᠡ ᠭᠦᠢᠴᠡᠳᠬᠡᠭᠰᠡᠨ ᠨᠣᠷᠮ᠎ᠠ 81.5% ᠳᠤ ᠬᠥᠷᠪᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠵᠦ᠂ ᠦᠢᠯᠡᠴᠢᠯᠡᠭᠡᠨ ᠤ | ᠵᠦᠢᠯᠡᠰ ᠢ ᠨᠡᠶᠢᠲᠡ 45.7 ᠲᠦᠮᠡᠨ ᠬᠤᠪᠢ ᠭᠦᠢᠴᠡᠳᠬᠡᠵᠣ᠂ 410 ᠵᠦᠢᠯ ᠤᠨ ᠨᠠᠷᠢᠨ ᠲᠠᠩᠰᠠ ᠶᠢ ᠨᠡᠶᠢᠲᠡᠯᠡᠨ | ᠬᠡᠷᠡᠭᠵᠢᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ 168 ᠵᠦᠢᠯ ᠢ ᠡᠮᠬᠢᠯᠡᠨ ᠳᠢᠭᠯᠡᠵᠦ᠂ | ᠦᠢᠯᠡᠴᠢᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠪᠡ᠃ ︽ᠣᠯᠠᠨ ᠦᠨᠡᠮᠯᠡᠯ ᠢ | ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢ ᠶᠡᠬᠡᠪᠡᠷ ᠳᠥᠯᠭᠢᠨ | ᠠᠬᠢᠭᠤᠯᠵᠤ᠂ ᠠᠵᠤ ᠠᠬᠤᠶᠢᠯᠠᠯ ᠤᠨ ᠳᠠᠩᠰᠠᠯᠠᠭᠤᠯᠤᠯᠲᠠ ᠳᠤ ︽ᠬᠠᠮᠤᠭ ᠤᠨ ᠠᠷᠪᠢᠨ ᠳᠠᠭᠠᠨ ᠨᠢᠭᠡ ᠯᠡ ᠤᠳᠠᠭ᠎ᠠ | ᠬᠥᠷᠬᠦ︾ ᠶᠢ ᠪᠡᠶᠡᠯᠡᠭᠦᠯᠪᠡ᠃ ︽ᠬᠤᠶᠠᠷ ᠢ ᠲᠣᠬᠢᠶᠠᠯᠳᠤᠮᠵᠢ ᠪᠠᠷ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ 48 ᠤᠳᠠᠭ᠎ᠠ 555 ᠡᠷᠦᠬᠡ ᠶᠢ | ᠰᠣᠩᠭᠤᠨ ᠪᠠᠶᠢᠴᠠᠭᠠᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ | — ᠡᠷᠬᠡ ᠶᠢᠨ ᠠᠵᠢᠯᠯᠠᠭᠠᠨ ᠢ ᠨᠡᠩ ᠵᠢᠷᠤᠮᠵᠢᠭᠤᠯᠪᠠ᠃ ᠰᠢᠶᠠᠨ ᠤ ᠨᠠᠮ ᠤᠨ ᠬᠤᠷᠢᠶᠠᠨ ᠤ ᠡᠯ᠎ᠡ | ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ 22 ᠬᠤᠪᠢ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ ᠶᠢ73 ᠬᠤᠪᠢ ᠭᠦᠢᠴᠡᠳᠬᠡᠪᠡ᠃ ᠪᠥᠬᠦ ᠵᠢᠯ ᠳᠤ ᠡᠯ᠎ᠡ | ᠲᠦᠷᠦᠯ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ 5514 ᠵᠤᠷᠪᠤᠰ ᠢᠯᠡ ᠪᠣᠯᠭᠠᠪᠠ᠃ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ︽ᠪᠡᠶᠡᠴᠢ ᠴᠣᠭᠴᠠ ᠶᠢᠨ ᠬᠠᠷᠢᠭᠤᠴᠠᠯᠭ᠎ᠠ︾ | ᠪᠠ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ | ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ᠂ ᠠᠷᠠᠳ ᠤᠨ ᠠᠮᠢᠳᠤᠷᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠰᠢᠶᠠᠨ ᠤ ᠲᠤᠰ ᠱᠠᠲᠤᠨ ᠤ ᠲᠥᠰᠦᠪ ᠢ ᠭᠦᠢᠴᠡᠳᠬᠡᠬᠦ᠂ ᠬᠤᠶᠠᠷ ᠰᠢᠶᠠᠩ ᠪᠠᠯᠭᠠᠰᠤᠨ ᠤ ᠡᠳ᠋ ᠤᠨ ᠵᠠᠰᠠᠭ ᠤᠨ | ᠲᠥᠰᠦᠪ ᠤᠨ ᠭᠦᠢᠴᠡᠳᠬᠡᠯ ᠪᠠ 7 ᠨᠢᠭᠡᠴᠢ ᠶᠢᠨ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ | ᠬᠢᠨᠠᠨ ᠪᠤᠳᠤᠯᠳᠠ ᠶᠢ ᠪᠡᠶᠡᠯᠡᠭᠦᠯᠪᠡ᠃ | — ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠷ᠎ᠡ ᠪᠦᠲᠦᠮᠵᠢ ᠲᠤᠪᠤᠶᠢᠮ᠎ᠠ ᠪᠣᠯᠪᠠ᠃ | ᠪᠠᠶᠢᠭᠤᠯᠤᠮᠵᠢ ᠶᠢᠨ ᠥᠭᠡᠷᠡᠴᠢᠯᠡᠯᠲᠡ᠂ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢᠨ ᠡᠭᠦᠷᠭᠡ ᠶᠢ | ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠵᠡᠷᠭᠡ 5 ᠰᠠᠯᠠᠭ᠎ᠠ ᠮᠥᠴᠢᠷ ᠢ ᠰᠢᠨ᠎ᠡ ᠪᠠᠷ ᠪᠠᠶᠢᠭᠤᠯᠵᠤ | ᠂ ᠵᠠᠰᠠᠭ ᠤᠨ ᠣᠷᠳᠣᠨ ᠤ 26 ᠪᠦᠷᠢᠯᠳᠦᠬᠦᠨ ᠰᠠᠯᠠᠭ᠎ᠠ ᠮᠥᠴᠢᠷ ᠲᠥᠪᠯᠡᠷᠡᠭᠦᠯᠦᠨ ᠫᠠᠶᠢᠰᠠ ᠡᠯᠭᠦᠬᠦ᠂ ᠠᠵᠢᠯᠳᠠᠨ ᠢ | ᠰᠢᠯᠵᠢᠭᠦᠯᠦᠨ ᠬᠠᠷᠢᠶᠠᠯᠠᠭᠤᠯᠬᠤ᠂ ᠡᠳ᠋ ᠬᠦᠷᠦᠩᠭᠡ ᠶᠢ ᠬᠤᠪᠢᠶᠠᠷᠢᠯᠠᠨ ᠰᠢᠯᠵᠢᠭᠦᠯᠬᠦ ᠶᠢ ᠪᠡᠶᠡᠯᠡᠭᠦᠯᠵᠦ᠂ ᠭᠤᠷᠪᠠ ᠶᠢ | ᠲᠣᠭᠲᠠᠭᠠᠬᠤ ᠲᠥᠰᠦᠯ ᠢ ᠲᠣᠭᠲᠠᠭᠠᠵᠤ᠂ ᠨᠡᠶᠢᠳᠡ 330 ᠭᠠᠷᠤᠶ ᠠᠵᠢᠯᠳᠠᠨ ᠢ ᠰᠢᠯᠵᠢᠭᠦᠯᠦᠨ ᠬᠠᠷᠢᠶᠠᠯᠠᠭᠤᠯᠵᠤ᠂ | ᠵᠠᠰᠠᠭ ᠤᠨ ᠣᠷᠳᠣᠨ ᠤ ᠠᠵᠢᠯᠯᠠᠭᠠᠨ ᠢ ᠨᠡᠩ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠪᠣᠯᠭᠠᠪᠠ᠃ | ᠰᠢᠶᠠᠩ ᠪᠠᠯᠭᠠᠰᠤᠨ ᠤ ᠥᠭᠡᠷᠡᠴᠢᠯᠡᠯᠲᠡ ᠪᠠ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠠᠮᠢ | ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠤᠨ ᠵᠠᠬ᠎ᠠ ᠳᠡᠯᠭᠡᠭᠦᠷ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠡᠷᠭᠡ 5 ᠬᠦᠷᠢᠶᠡᠨ ᠳᠠᠬᠢ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠢᠳᠡᠪᠬᠢᠲᠡᠶ ᠪᠠᠷ ᠠᠬᠢᠭᠤᠯᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | ᠠᠵᠢᠯᠴᠢᠨ ᠤ ᠡᠪᠯᠡᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ᠂ ᠴᠠᠭ ᠠᠭᠤᠷ᠂ ᠭᠠᠯ ᠤᠨᠲᠠᠷᠠᠭᠠᠬᠤ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠵᠠᠷ | ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠠᠵᠢᠯᠴᠢᠨ ᠤ | ᠡᠪᠯᠡᠯ᠂ ᠵᠠᠯᠠᠭᠤᠴᠤᠳ ᠤᠨ ᠡᠪᠯᠡᠯ᠂ ᠨᠠᠰᠤᠲᠠᠶᠢᠴᠤᠳ ᠢ ᠠᠬᠢᠭᠤᠯᠬᠤ ᠡᠪᠯᠡᠯ᠂ ᠨᠡᠶᠢᠭᠡᠮ ᠤᠨ ᠠᠬᠢᠭᠤᠯᠬᠤ ᠡᠪᠯᠡᠯ᠂ | ᠨᠢᠭᠦᠯᠡᠰᠦᠩᠭᠦᠶ ᠶᠢᠨ ᠶᠡᠷᠦᠩᠬᠡᠶ ᠡᠪᠯᠡᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠡᠯ᠎ᠡ ᠵᠦᠢᠯ ᠤᠨ ᠠᠵᠢᠯ | ᠦᠢᠯᠡᠰ ᠰᠢᠨ᠎ᠡ ᠠᠮᠵᠢᠯᠲᠠ ᠪᠦᠲᠦᠮᠵᠢ ᠤᠯᠪᠠ᠃ | ᠲᠥᠯᠥᠭᠡᠯᠡᠭᠴᠢᠳ ᠡ︕ ᠨᠢᠭᠡ ᠵᠢᠯ ᠤᠨ ᠲᠤᠷᠰᠢᠬᠢ ᠬᠠᠶᠢᠨ ᠰᠥᠪᠡᠭᠴᠢᠯᠡᠯᠲᠡ ᠶᠢᠨ ᠦᠢᠯᠡᠳᠦᠯᠭᠡ ᠪᠠᠨ | ᠡᠷᠭᠢᠴᠡᠭᠦᠯᠬᠦᠶ᠎ᠡ᠂ ᠪᠢᠳᠡᠨ ᠳᠤ᠄ | ᠥᠩᠭᠡᠷᠡᠭᠰᠡᠨ ᠨᠢᠭᠡ ᠵᠢᠯ ᠪᠣᠯ ᠲᠡᠶᠢᠮᠦ ᠬᠢᠯᠪᠡᠷ ᠪᠢᠰᠢ ᠶᠤᠮ᠃ ᠪᠢᠳᠡ ᠦᠯᠡᠳᠡᠭᠰᠡᠨ ᠶᠠᠳᠠᠭᠤ | ᠬᠦᠴᠢᠷᠳᠡᠯ ᠲᠠᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ᠂ ᠵᠠᠰᠠᠭ ᠤᠨ ᠣᠷᠳᠣᠨ ᠤ ᠥᠷᠢ | ᠥᠭᠴᠡᠭᠡ ᠶᠢ ᠠᠷᠢᠯᠭᠠᠬᠤ᠂ ᠲᠤᠮᠤ ᠣᠷᠣᠨ ᠰᠠᠭᠤᠴᠠ ᠶᠢ ᠴᠡᠭᠴᠡᠯᠡᠨ ᠵᠠᠰᠠᠬᠤ᠂ ᠲᠣᠭᠲᠠᠭᠠᠯ ᠠᠴᠠ ᠵᠦᠷᠢᠴᠡᠭᠰᠡᠨ | ᠵᠤᠰᠠᠯᠠᠩ ᠤᠨ ᠭᠠᠵᠠᠷ ᠢ ᠴᠡᠪᠡᠷᠯᠡᠬᠦ᠂ ᠱᠠᠰᠢᠨ ᠰᠤᠷᠲᠠᠬᠤᠨ ᠵᠢᠴᠢ ᠯᠠᠯᠤ ᠶᠢᠨ ᠬᠠᠤᠯᠢ ᠶᠢ ᠲᠦᠭᠡᠮᠡᠯᠵᠢᠭᠦᠯᠦᠨ | ᠴᠡᠭᠴᠡᠯᠡᠨ ᠰᠠᠶᠢᠵᠢᠷᠠᠭᠤᠯᠬᠤ ᠵᠡᠷᠭᠡ ᠠᠯᠢ ᠤᠯᠠᠨ ᠪᠡᠷᠬᠡ ᠪᠣᠭᠤᠮᠲᠠ ᠶᠢ ᠰᠢᠪᠲᠤᠯᠪᠠ᠃ ᠪᠦᠬᠦ ᠰᠢᠶᠠᠨ ᠤ ᠺᠠᠳ᠋ᠷ | ᠤᠯᠠᠨ ᠲᠦᠮᠡᠨ ᠡᠷᠡᠰ ᠰᠢᠭᠤᠷᠬᠠᠢ ᠪᠠᠷ ᠡᠳᠦᠷᠵᠢᠨ ᠰᠥᠨᠢᠵᠢᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ᠂ | ᠢᠯᠠᠩᠭᠤᠶ᠎ᠠ ᠤᠷᠳᠤ ᠬᠤᠭᠤᠴᠠᠭ᠎ᠠ ᠪᠠᠷ ᠬᠥᠳᠡᠭᠡ ᠲᠣᠰᠬᠤᠨ ᠳᠤ ᠦᠨᠳᠦᠰᠦᠯᠡᠵᠦ᠂ ᠡᠮᠦᠨ᠎ᠡ ᠹᠷᠣᠨᠲ ᠲᠤ ᠡᠷᠡᠯᠬᠡᠭᠯᠡᠨ | ᠪᠠᠶᠢᠯᠳᠤᠵᠤ ᠪᠠᠶᠢᠭᠰᠠᠨ ᠦᠨᠳᠦᠰᠦᠨ ᠱᠠᠲᠤᠨ ᠤ ᠺᠠᠳ᠋ᠷ ᠦᠭᠡ ᠳᠠᠭᠤᠨ ᠦᠭᠡᠢ ᠠᠵᠢᠯᠯᠠᠵᠤ᠂ ᠵᠣᠪᠠᠭᠤᠷᠢ | ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠥᠪᠡᠷ ᠤᠨ ᠵᠣᠪᠠᠭᠤᠷᠢ ᠵᠦᠳᠡᠭᠦᠷᠢ ᠶᠢᠨ ᠵᠢᠭᠠᠯᠲᠠ ᠲᠤᠭ᠎ᠠ ᠪᠠᠷ ᠢᠶᠠᠨ | ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠣᠯᠢᠵᠤ ᠠᠪᠴᠢᠷᠠᠭᠰᠠᠨ ᠪᠠᠶᠢᠨ᠎ᠠ᠃ | ᠥᠩᠭᠡᠷᠡᠭᠰᠡᠨ ᠨᠢᠭᠡ ᠵᠢᠯ ᠪᠣᠯ ᠲᠦᠢᠯ ᠤᠨ ᠶᠡᠷᠦ ᠪᠤᠰᠤ ᠶᠢᠨ ᠶᠤᠮ᠃ ᠪᠢᠳᠡ ᠠᠵᠤ ᠠᠬᠤᠶ ᠶᠢᠨ | ᠪᠠᠭᠤᠷᠠᠯᠲᠠ ᠶᠢᠨ ᠳᠠᠷᠤᠯᠲᠠ ᠶᠢ ᠰᠠᠶᠢᠲᠤᠷ ᠠᠷᠭᠠᠴᠠᠭᠠᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ | ᠰᠣᠯᠢᠭᠳᠠᠯ᠂ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢᠨ ᠰᠢᠪᠲᠤᠯᠤᠯᠲᠠ ᠵᠡᠷᠭᠡ ᠤᠯᠠᠨ ᠴᠢᠬᠤᠯᠠ | ᠶᠡᠭᠡ ᠥᠷᠢᠰᠥᠯᠳᠦᠭᠡᠨ ᠢ ᠲᠣᠬᠢᠲᠠᠶ ᠠᠷᠭᠠᠴᠠᠪᠠ᠃ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ︽ᠠᠮᠢ ᠠᠬᠤᠢ ᠪᠠᠷ ᠰᠢᠶᠠᠨ ᠢ ᠪᠠᠶᠢᠭᠤᠯᠵᠤ᠂ ᠪᠣᠬᠢᠷᠲᠤᠯ ᠦᠭᠡᠢ ᠪᠠᠷ ᠰᠢᠶᠠᠨ ᠢ | ᠬᠦᠴᠦᠷᠬᠡᠭᠵᠢᠭᠦᠯᠬᠦ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠪᠦᠲᠦᠴᠡ ᠶᠢᠨ | ᠲᠤᠬᠢᠷᠠᠭᠤᠯᠤᠯᠳᠠ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠪᠣᠬᠢᠷᠲᠤᠯ ᠦᠭᠡᠢ ᠠᠵᠤ ᠦᠢᠯᠡᠰ ᠤᠨ | ᠲᠠᠯ᠎ᠠ ᠪᠠᠷ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠰᠠᠭᠤᠷᠢ ᠲᠠᠯᠪᠢᠬᠤ᠂ ᠠᠯᠤᠰ | ᠬᠡᠳᠤ ᠳᠤ ᠠᠰᠢᠭᠲᠠᠢ ᠶᠡᠭᠡ ᠶᠠᠪᠤᠳᠠᠯ ᠴᠢᠬᠤᠯᠠ ᠶᠠᠪᠤᠳᠠᠯ ᠤᠳ ᠤᠨ ᠠᠰᠠᠭᠤᠳᠠᠯ ᠢ ᠰᠢᠢᠳᠪᠦᠷᠢᠯᠡᠪᠡ᠃ | ᠥᠩᠭᠡᠷᠡᠭᠰᠡᠨ ᠨᠢᠭᠡ ᠵᠢᠯ ᠪᠣᠯ ᠲᠡᠶᠢᠮᠦ ᠬᠢᠯᠪᠡᠷ ᠪᠢᠰᠢ ᠶᠤᠮ᠃ ᠪᠢᠳᠡ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ | ᠰᠢᠯᠭᠠᠨ ᠠᠪᠬᠤ᠂ ᠲᠥᠪ ᠤᠨ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ | ᠮᠤᠵᠢ ᠶᠢᠨ ᠬᠤᠭᠤᠷᠣᠨᠳᠣᠬᠢ ᠦᠷ᠎ᠡ ᠪᠦᠲᠦᠮᠵᠢ ᠶᠢ ᠬᠢᠨᠠᠨ ᠰᠢᠯᠭᠠᠬᠤ ︽ᠡᠷᠬᠢᠨ ᠬᠠᠷᠠᠬᠤ︾᠂ ᠶᠠᠳᠠᠭᠤ ᠶᠢ | ᠲᠡᠳᠬᠦᠬᠦ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠢᠴᠢ ᠲᠥᠪ ᠤᠨ ᠱᠠᠰᠢᠨ ᠰᠤᠷᠲᠠᠬᠤᠨ ᠤ | ᠬᠢᠨᠠᠨ ᠪᠠᠶᠢᠴᠠᠭᠠᠯᠲᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠬᠢᠨᠠᠨ ᠵᠢᠯᠣᠭᠤᠳᠬᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ︽ᠡᠷᠬᠢᠨ ᠬᠠᠷᠠᠬᠤ︾ ᠵᠡᠷᠭᠡ 21 ᠤᠳᠠᠭ᠎ᠠ ᠶᠢᠨ | ᠴᠢᠬᠤᠯᠠ ᠶᠡᠭᠡ ᠰᠢᠯᠭᠠᠨ ᠪᠠᠶᠢᠴᠠᠭᠠᠯᠲᠠ ᠶᠢ ᠬᠦᠯᠢᠶᠡᠪᠡ᠃ ᠵᠢᠯ ᠤᠨ ᠡᠬᠢᠨ ᠳᠤ ᠠᠮᠠᠯᠠᠭᠰᠠᠨ ᠠᠷᠠᠳ ᠤᠨ | ᠠᠮᠢᠳᠤᠷᠠᠯ ᠤᠨ ᠠᠷᠪᠠᠨ ᠵᠦᠢᠯ ᠤᠨ ᠪᠣᠳᠠᠲᠤ ᠶᠠᠪᠤᠳᠠᠯ ᠤᠨ ᠳᠣᠲᠣᠷ᠎ᠠ ᠠᠴᠠ ᠬᠤᠳᠠ ᠶᠢᠨ ᠱᠠᠲᠤᠨ ᠤ ᠰᠠᠯᠠᠭ᠎ᠠ | ᠮᠥᠴᠢᠷ ᠤᠨ ᠲᠤᠰᠠᠯᠠᠨ ᠪᠠᠶᠢᠭᠤᠯᠤᠭᠰᠠᠨ ᠬᠤᠳᠠ ᠶᠢᠨ ᠶᠠᠪᠤᠳᠠᠯ ᠤᠨ ᠭᠤᠷᠪᠠᠨ ᠵᠦᠢᠯ ᠤᠨ ᠵᠠᠮ ᠢ ᠠᠵᠢᠯ | ᠡᠬᠢᠯᠡᠭᠦᠯᠦᠭᠡᠳᠦᠶ ᠠᠴᠠ ᠪᠤᠰᠤᠳ ᠢ ᠨᠢ ᠴᠥᠮ ᠪᠡᠶᠡᠯᠡᠭᠦᠯᠵᠡᠶ᠃ ᠪᠦᠬᠦ ᠰᠢᠶᠠᠨ ᠢᠶᠠᠷ ᠢᠶᠠᠨ ᠵᠢᠷᠭᠠᠯ ᠵᠣᠪᠠᠯᠠᠩ ᠢᠶᠠᠨ | ᠬᠠᠮᠲᠤᠳᠬᠠᠵᠤ᠂ ᠬᠦᠴᠢᠷ ᠪᠡᠷᠬᠡᠰᠢᠶᠡᠯ ᠢ ᠰᠦᠷᠦᠨ ᠤᠷᠤᠭᠰᠢᠯᠠᠵᠤ᠂ ᠴᠢᠩᠭ᠎ᠠ ᠬᠦᠴᠦᠲᠡᠢ ᠤᠯᠤᠰ ᠲᠦᠷᠦ ᠶᠢᠨ | ᠰᠥᠰᠥ ᠵᠣᠷᠢᠭ ᠪᠣᠯᠤᠨ ᠡᠭᠦᠷᠭᠡ ᠬᠠᠷᠢᠭᠤᠴᠠᠯᠭ᠎ᠠ ᠪᠠᠷ ᠬᠦᠴᠢᠷ ᠪᠡᠷᠬᠡ ᠶᠢ ᠲᠤᠭᠤᠯᠬᠤ ᠪᠡᠷᠬᠡᠰᠢᠶᠡᠯᠲᠦ ᠠᠶᠠᠨ ᠳᠤ | ᠲᠡᠦᠬᠡ ᠶᠢᠨ ᠰᠢᠯᠭᠠᠯᠲᠠ ᠶᠢ ᠲᠤᠭᠤᠯᠵᠠᠢ᠃ | ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠠᠮᠵᠢᠯᠲᠠ ᠪᠦᠲᠦᠮᠵᠢ ᠨᠢ ᠬᠥᠮᠦᠰ ᠤᠨ | ᠰᠡᠳᠬᠢᠯ ᠢ ᠬᠥᠭᠵᠢᠭᠡᠨ᠎ᠡ᠃ ᠡᠳᠡᠭᠡᠷ ᠠᠮᠵᠢᠯᠲᠠ ᠶᠢ ᠣᠯᠤᠭᠰᠠᠨ ᠶᠠᠪᠤᠳᠠᠯ ᠪᠣᠯ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠶᠢ ᠶᠡᠷᠦᠩᠬᠡᠶᠢᠯᠡᠨ | ᠵᠢᠯᠣᠭᠤᠳᠴᠤ᠂ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠲᠠᠯᠪᠢᠵᠤ᠂ ᠪᠦᠬᠦ ᠬᠦᠴᠦᠨ ᠢᠶᠠᠷ ᠢᠶᠠᠨ | ᠳᠡᠮᠵᠢᠭᠰᠡᠨ ᠤ ᠦᠷ᠎ᠡ ᠳ᠋ᠦᠩ ᠮᠥᠨ᠂ ᠡᠯ᠎ᠡ ᠱᠠᠲᠤᠨ ᠤ ᠬᠠᠪᠰᠤᠷᠤᠨ ᠲᠡᠳᠬᠦᠬᠦ ᠨᠢᠭᠡᠴᠢ ᠪᠠ ᠠᠵᠢᠯ | ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠰᠠᠯᠠᠭ᠎ᠠ ᠮᠥᠴᠢᠷ ᠤᠨ ᠬᠦᠴᠦᠯᠡᠨ ᠬᠠᠪᠰᠤᠷᠴᠤ᠂ ᠬᠠᠮᠲᠤ ᠪᠠᠷ | ᠴᠢᠷᠮᠠᠶᠢᠭᠰᠠᠨ ᠤ ᠦᠷ᠎ᠡ ᠳ᠋ᠦᠩ ᠮᠥᠨ᠂ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠠᠵᠢᠯᠯᠠᠵᠤ ᠪᠣᠳᠠᠲᠠᠶ ᠠᠵᠢᠯᠯᠠᠭᠰᠠᠨ ᠤ ᠦᠷ᠎ᠡ ᠳ᠋ᠦᠩ ᠮᠥᠨ᠃ | ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠥᠬᠦᠳ ᠲᠤ᠂ | ᠦᠴᠤᠸᠠᠨ ᠤ ᠬᠥᠭᠵᠢᠯᠲᠡ ᠳᠤ ᠬᠦᠴᠦᠨ ᠨᠡᠮᠡᠷᠢᠯᠡᠭᠰᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ | ᠨᠠᠷ ᠲᠤ᠂ ᠰᠢᠶᠠᠨ ᠳᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ᠂ ᠳᠣᠲᠣᠭᠠᠳᠤ ᠶᠢ | ᠬᠠᠮᠠᠭᠠᠯᠠᠬᠤ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠲᠤ᠂ ᠦᠴᠤᠸᠠᠨ ᠤ ᠪᠦᠲᠦᠭᠡᠨ | ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠮᠦᠨ᠎ᠡ ᠹᠷᠣᠨᠲ ᠲᠤ ᠲᠡᠮᠡᠴᠡᠵᠦ ᠪᠠᠶᠢᠭ᠎ᠠ ᠺᠠᠳ᠋ᠷ ᠤᠯᠠᠨ | ᠲᠦᠮᠡᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠭᠦᠢᠴᠡᠳ ᠨᠤᠲᠠᠯᠠᠬᠤ ᠶᠢᠨ ᠬᠠᠮᠲᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠤᠨ | ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠰᠢᠨ᠎ᠡ ᠬᠦᠰᠡᠯ ᠡᠷᠡᠮᠡᠯᠵᠡᠯ ᠢ ᠢᠯᠡᠳᠬᠡᠬᠦ ᠳᠤ ᠪᠠᠰᠠ ᠴᠥᠭᠡᠨ ᠪᠤᠰᠤ ᠬᠥᠭᠵᠢᠯᠲᠡ ᠶᠢᠨ ︽ᠳᠤᠲᠠᠭᠤᠳᠠᠯ︾ | ᠪᠠ ︽ᠡᠪᠡᠷᠰᠢᠶᠡᠯ︾ ᠣᠷᠣᠰᠢᠵᠤ ᠪᠠᠶᠢᠬᠤ ᠶᠢ ᠪᠢᠳᠡ ᠨᠡᠩ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠨᠢᠭᠡ ᠳᠤ᠂ | ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠳᠤ ᠳᠠᠪᠠᠭᠤᠯᠢᠭ ᠠᠵᠤ ᠦᠢᠯᠡᠰ ᠤᠨ ᠳᠠᠶᠢᠴᠢᠯᠠᠬᠤ ᠴᠢᠳᠠᠪᠤᠷᠢ | ᠴᠢᠩᠭ᠎ᠠ ᠪᠢᠰᠢ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠳᠠᠶᠢᠴᠢᠯᠠᠬᠤ ᠦᠢᠯᠡᠳᠦᠯ ᠬᠠᠷᠠᠬᠠᠨ ᠪᠦᠷᠢᠯᠳᠦᠭᠡᠳᠦᠢ | ᠪᠠᠶᠢᠬᠤ ᠵᠡᠷᠭᠡ ᠠᠯᠢ ᠤᠯᠠᠨ ᠬᠦᠴᠢᠷᠳᠡᠯ ᠲᠤᠯᠭᠠᠷᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠠᠲᠠᠭᠤ | ᠲᠤᠯᠭᠠᠭᠤᠷᠢᠯᠠᠯ ᠳᠤᠲᠠᠭᠳᠠᠵᠤ᠂ ᠠᠵᠤ ᠠᠬᠤᠢ ᠶᠢᠨ ᠪᠣᠳᠠᠲᠤ ᠬᠦᠴᠦᠨ ᠪᠦᠬᠦ ᠬᠤᠳᠠ ᠳᠤ ᠬᠤᠶᠢᠨ᠎ᠠ | ᠵᠢᠭᠰᠠᠭᠠᠭᠳᠠᠵᠤ ᠪᠤᠢ᠃ ᠬᠤᠶᠠᠷ ᠲᠤ᠂ ᠠᠮᠢ ᠠᠬᠤᠶ ᠶᠢᠨ ᠣᠷᠴᠢᠨ ᠨᠥᠬᠦᠴᠡᠯ ᠤᠨ ᠰᠠᠭᠤᠷᠢ ᠨᠡᠯᠢᠶᠡᠳ ᠪᠠᠭᠤᠷᠠᠶ | ᠪᠠᠶᠢᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ︽ᠭᠤᠷᠪᠠᠨ ᠤᠮᠠᠷᠠᠲᠤ︾ ᠶᠢᠨ | ᠬᠠᠯᠬᠠᠪᠴᠢ ᠤᠢ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ᠂ ᠬᠥᠷᠥᠰᠥ | ᠰᠢᠷᠣᠶ ᠶᠢ ᠬᠠᠮᠠᠭᠠᠯᠠᠬᠤ ᠵᠡᠷᠭᠡ ᠵᠦᠢᠯᠡᠰ ᠢ ᠬᠡᠷᠡᠭᠵᠢᠭᠦᠯᠦᠭᠰᠡᠨ ᠨᠢ ᠲᠡᠩᠴᠡᠭᠦᠷᠢ ᠦᠭᠡᠢ ᠪᠠᠶᠢᠵᠤ᠂ ᠢᠯᠠᠩᠭᠤᠶ᠎ᠠ | ᠪᠠᠷᠠᠭᠤᠨ ᠬᠡᠰᠡᠭ ᠤᠨ ᠭᠠᠵᠠᠷ ᠣᠷᠣᠨ ᠤ ᠨᠤᠲᠤᠭ ᠪᠡᠯᠴᠢᠭᠡᠷ ᠮᠠᠭᠤᠳᠠᠬᠤ᠂ ᠠᠲᠠᠷ ᠬᠥᠲᠥᠯ ᠤᠨ ᠰᠠᠯᠬᠢᠨ ᠳᠤ | ᠢᠳᠡᠭᠳᠡᠵᠦ ᠡᠯᠡᠰᠦᠵᠢᠬᠦ ᠶᠠᠪᠤᠳᠠᠯ ᠢ ᠦᠨᠳᠦᠰᠦᠨ ᠠᠴᠠ ᠨᠢ ᠬᠤᠷᠢᠭᠯᠠᠵᠤ ᠴᠢᠳᠠᠭᠠᠳᠤᠶ ᠪᠠᠶᠢᠭᠰᠠᠭᠠᠷ᠃ ᠭᠤᠷᠪᠠ ᠳᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠨ ᠳᠡᠭᠡᠭᠰᠢᠯᠡᠭᠦᠯᠬᠦ ᠴᠡᠭ ᠤᠯᠠᠨ ᠲᠠᠯ᠎ᠠ | ᠥᠷᠭᠡᠨ ᠪᠠᠶᠢᠵᠤ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠪᠠᠰᠠ | ᠭᠦᠨᠵᠡᠭᠡᠶᠢᠷᠡᠭᠦᠯᠦᠭᠡᠳᠦᠢ᠂ ᠠᠷᠠᠳ ᠤᠯᠠᠨ ᠤ ᠵᠣᠯ ᠵᠢᠷᠭᠠᠯ ᠤᠨ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠪᠠᠰᠠ | ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠦᠨᠳᠦ ᠨᠦᠰᠡᠷ ᠪᠠᠶᠢᠵᠤ᠂ | ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢᠨ ᠲᠡᠦᠬᠡᠨ ᠥᠷᠢ ᠶᠡᠭᠡ ᠪᠠᠶᠢᠵᠤ᠂ ᠠᠮᠢ ᠠᠬᠤᠢ ᠶᠢ | ᠰᠡᠷᠭᠦᠭᠡᠬᠦ ᠳᠤ ᠨᠡᠩ ᠶᠡᠭᠡ ᠬᠦᠴᠦ ᠣᠷᠣᠭᠤᠯᠬᠤ ᠴᠢᠬᠤᠯᠠᠲᠠᠢ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠨᠡᠩ ᠲᠤᠪᠤᠶᠢᠮ᠎ᠠ ᠪᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ᠂ ︽ | ᠭᠤᠷᠪᠠ ᠶᠢ ᠪᠠᠲᠤᠯᠠᠬᠤ︾ ᠳᠠᠷᠤᠯᠲᠠ ᠨᠡᠮᠡᠭᠳᠡᠵᠦ ᠪᠠᠶᠢᠨ᠎ᠠ᠃ ᠲᠦᠷᠪᠡ ᠳᠤ᠂ ᠠᠷᠠᠳ ᠤᠨ ᠠᠮᠢᠳᠤᠷᠠᠯ ᠤᠨ | ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ᠂ ᠬᠥᠭᠵᠢᠯᠲᠡ ᠲᠡᠩᠴᠡᠭᠦᠷᠢ ᠦᠭᠡᠢ᠂ ᠭᠦᠢᠴᠡᠳ | ᠦᠭᠡᠢ ᠪᠠᠶᠢᠬᠤ ᠬᠢᠵᠠᠭᠠᠷᠯᠠᠯ ᠠᠴᠠ ᠪᠤᠯᠵᠤ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠯᠦᠭᠡ ᠮᠥᠨ ᠯᠡ ᠵᠣᠬᠢᠬᠤ ᠵᠦᠷᠢᠶ᠎ᠡ ᠲᠠᠢ ᠪᠠᠶᠢᠵᠤ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ | ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠥᠲᠡᠯᠪᠡᠯ ᠬᠦᠷᠳᠡᠬᠦ | ᠠᠰᠠᠷᠠᠮᠵᠢ ᠲᠠᠢ ᠪᠠᠶᠢᠬᠤ ᠵᠡᠷᠭᠡ ᠲᠠᠯ᠎ᠠ ᠪᠠᠷ ᠮᠥᠨ ᠯᠡ ᠴᠢᠩᠭᠠᠳᠬᠠᠬᠤ ᠴᠢᠬᠤᠯᠠᠲᠠᠢ ᠪᠠᠶᠢᠨ᠎ᠠ᠃ ᠲᠠᠪᠤ ᠳᠤ᠂ ᠠᠵᠤ | ᠠᠬᠤᠶ ᠶᠢᠨ ᠬᠥᠭᠵᠢᠯᠲᠡ ᠶᠢᠨ ᠵᠥᠭᠡᠯᠡᠨ ᠣᠷᠴᠢᠨ ᠨᠥᠬᠦᠴᠡᠯ ᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ | ᠴᠢᠬᠤᠯᠠᠲᠠᠶ ᠪᠠᠶᠢᠵᠤ᠂ ᠣᠨᠴᠠ ᠵᠠᠷᠢᠮ ᠰᠠᠯᠠᠭ᠎ᠠ ᠮᠥᠴᠢᠷ ᠪᠠ ᠺᠠᠳ᠋ᠷᠴᠤᠳ ᠤᠨ ᠦᠵᠡᠯ ᠰᠠᠨᠠᠭ᠎ᠠ | ᠣᠶᠢᠯᠠᠭᠠᠭᠳᠠᠬᠤᠨ ᠨᠢ ᠬᠤᠴᠣᠷᠤᠩᠭᠤᠶ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠨᠢ ᠴᠢᠩᠭ᠎ᠠ ᠪᠢᠰᠢ᠂ | ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠨᠢ ᠬᠦᠷᠦᠯᠴᠡᠬᠦ ᠦᠭᠡᠢ᠂ ᠦᠢᠯᠡᠴᠢᠯᠡᠭᠡᠨ ᠤ ᠦᠷ᠎ᠡ ᠪᠦᠲᠦᠮᠵᠢ ᠨᠢ | ᠥᠨᠳᠥᠷ ᠪᠢᠰᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠨᠢ ᠬᠥᠮᠦᠨ ᠤ ᠰᠠᠨᠠᠭᠠᠨ ᠳᠤ ᠬᠦᠷᠬᠦ ᠦᠭᠡᠢ ᠪᠠᠶᠢᠨ᠎ᠠ | ᠃ ᠡᠭᠦᠨ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠡᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠦᠨᠡᠨ ᠬᠦ ᠰᠢᠢᠳᠪᠦᠷᠢᠯᠡᠬᠦ ᠪᠣᠯᠤᠨ᠎ᠠ᠃ | 2020 ᠣᠨ ᠤ ᠠᠵᠢᠯ ᠤᠨ ᠡᠭᠦᠷᠭᠡ | 2020 ᠣᠨ ᠪᠣᠯ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ | ᠮᠥᠨ᠂ ᠪᠠᠰᠠ ᠴᠤ ᠮᠠᠨ ᠤ ᠰᠢᠶᠠᠨ ᠤ ᠪᠦᠬᠦ ᠬᠤᠳᠠ ᠶᠢᠨ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ | ᠨᠡᠶᠢᠭᠡᠮ ᠳᠤ ᠲᠠᠪᠰᠢᠨ ᠣᠷᠣᠬᠤ ᠰᠢᠢᠳᠪᠦᠷᠢᠲᠦ ᠳᠠᠶᠢᠯᠠᠯᠳᠤᠭᠠᠨ ᠰᠢᠢᠳᠪᠦᠷᠢᠲᠦ ᠢᠯᠠᠯᠲᠠ ᠶᠢ ᠤᠯᠬᠤ ᠵᠢᠯ ᠮᠥᠨ᠃ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠨᠢ ᠪᠢᠳᠡᠨ ᠤ ︽ᠠᠮᠢ ᠠᠬᠤᠢ ᠪᠠᠷ ᠰᠢᠶᠠᠨ ᠢ ᠪᠠᠶᠢᠭᠤᠯᠵᠤ᠂ ᠪᠣᠬᠢᠷᠲᠤᠯ | ᠦᠭᠡᠢ ᠪᠠᠷ ᠰᠢᠶᠠᠨ ᠢ ᠬᠦᠴᠦᠷᠬᠡᠭᠵᠢᠭᠦᠯᠬᠦ︾ ᠶᠢ ᠡᠷᠡᠰ ᠭᠤᠶᠢᠪᠢᠰᠢ ᠦᠭᠡᠢ ᠠᠬᠢᠭᠤᠯᠬᠤ ᠳᠤ ᠵᠢᠷᠤᠮᠯᠠᠯ ᠬᠠᠩᠭᠠᠵᠤ᠂ | ᠴᠢᠭᠯᠡᠯ ᠢ ᠲᠣᠳᠣᠷᠬᠠᠢ ᠵᠢᠭᠠᠵᠤ ᠥᠭᠴᠡᠢ᠃ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ | ᠬᠤᠷᠠᠯᠳᠤᠭᠤᠯᠤᠭᠰᠠᠨ ᠪᠥᠬᠦ ᠭᠡᠰᠢᠭᠦᠳ ᠤᠨ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠠᠴᠠ ︽ᠠᠮᠢ | ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ︾ ᠴᠢᠨᠠᠷ ᠰᠠᠶᠢᠲᠠᠶ ᠬᠥᠭᠵᠢᠯᠲᠡ ᠶᠢᠨ | ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠶᠢ ᠨᠠᠩ ᠲᠣᠳᠣᠷᠬᠠᠶ ᠲᠣᠭᠲᠠᠭᠠᠵᠠᠶ᠂ ᠡᠶᠢᠮᠦ ᠠᠴᠠ ᠪᠢᠳᠡ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠳᠥᠯᠭᠢᠨ ᠠᠬᠢᠭᠤᠯᠬᠤ ᠶᠠᠪᠤᠴᠠ ᠳᠤ ᠨᠠᠩ ᠠᠰᠢᠭᠲᠠᠶ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠪᠠ | ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠶᠢ ᠤᠯᠬᠤ ᠨᠢ ᠯᠠᠪᠲᠠᠶ ᠶᠤᠮ᠃ ᠰᠢᠨ᠎ᠡ ᠭᠠᠷᠤᠭ᠎ᠠ ᠳᠡᠭᠡᠷ᠎ᠡ | ᠵᠣᠭᠰᠣᠵᠤ᠂ ᠰᠢᠶᠠᠨ ᠤ ᠨᠠᠮ ᠤᠨ ᠬᠤᠷᠢᠶ᠎ᠠ ᠠᠴᠠ ︽ᠬᠤᠶᠠᠷ ᠬᠠᠯᠬᠠᠪᠴᠢ︾ ᠶᠢᠨ ᠪᠦᠳᠦᠬᠡᠨ ᠪᠠᠶᠢᠭᠤᠯᠤᠭᠴᠢ᠂ ︽ | ᠬᠤᠶᠠᠷ ᠠᠭᠤᠯᠠ ᠶᠢᠨ ᠤᠨᠤᠯ︾ ᠤᠨ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ᠬᠥᠭᠵᠢᠯᠲᠡ ᠶᠢᠨ | ᠤᠢᠢᠯᠠᠭᠠᠭᠳᠠᠬᠤᠨ ᠢ ᠬᠤᠪᠢᠷᠠᠭᠤᠯᠬᠤ ᠪᠠᠷ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠬᠦᠳᠦᠯᠦᠨ | ᠳᠠᠭᠠᠭᠤᠯᠵᠤ᠂ ︽ᠠᠮᠢ ᠠᠬᠤᠢ ᠪᠠᠷ ᠰᠢᠶᠠᠨ ᠢ ᠪᠠᠶᠢᠭᠤᠯᠵᠤ᠂ ᠪᠣᠬᠢᠷᠲᠤᠯ ᠦᠭᠡᠢ ᠪᠠᠷ ᠰᠢᠶᠠᠨ ᠢ ᠬᠦᠴᠦᠷᠬᠡᠭᠵᠢᠭᠦᠯᠬᠦ︾ | ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ᠂ ᠪᠦᠬᠦ ᠰᠢᠶᠠᠨ ᠤ ᠠᠵᠤ ᠠᠬᠤᠢ ᠶᠢᠨ ᠬᠡᠯᠪᠡᠷᠢ ᠶᠢ | ᠬᠤᠪᠢᠷᠠᠭᠤᠯᠤᠨ ᠬᠥᠭᠵᠢᠬᠦ ᠶᠢᠨ ᠰᠤᠳᠠᠰᠤ ᠶᠢ ᠰᠠᠶᠢᠲᠤᠷ ᠡᠵᠡᠮᠳᠡᠵᠦ᠂ ᠴᠢᠭᠯᠡᠯ ᠢ ᠣᠨᠣᠪᠴᠢᠲᠠᠢ ᠲᠣᠭᠲᠠᠭᠠᠵᠤ | ᠥᠭᠴᠡᠢ᠃ ᠮᠠᠨ ᠤ ᠬᠥᠭᠵᠢᠯᠲᠡ ᠶᠢᠨ ᠪᠠᠶᠢᠳᠠᠯ ᠠᠴᠠ ᠦᠵᠡᠪᠡᠯ᠂ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ | ᠲᠡᠮᠦᠷ ᠵᠠᠮ ᠵᠢᠩᠬᠢᠨᠢ ᠪᠠᠷ ᠲᠡᠷᠭᠡ ᠨᠡᠪᠲᠡᠷᠡᠵᠦ᠂ ᠤᠯᠤᠰ ᠤᠨ ᠵᠠᠰᠠᠮᠠᠯ ᠵᠠᠮ 209 ᠤᠨ ᠬᠥᠬᠡᠬᠤᠲᠠ ᠠᠴᠠ | ᠦᠴᠦᠸᠠᠨ ᠬᠦᠷᠬᠦ ᠬᠡᠰᠡᠭ ᠤᠨ ᠪᠥᠬᠦ ᠱᠤᠭᠤᠮ ᠢ ᠤᠳᠠᠯ ᠥᠬᠡᠶ ᠨᠡᠪᠲᠡᠷᠡᠭᠦᠯᠵᠦ᠂ ᠮᠤᠵᠢ ᠶᠢᠨ ᠵᠠᠰᠠᠮᠠᠯ ᠵᠠᠮ 311 | ᠤᠳᠠᠯ ᠥᠬᠡᠶ ᠡᠬᠢᠯᠡᠨ᠂ ᠣᠷᠣᠨ ᠤ ᠲᠥᠪ ᠤᠨ ᠤᠮᠠᠷᠠᠰᠢ ᠨᠡᠭᠡᠭᠡᠯᠲᠡ ᠨᠠᠩ ᠰᠠᠭᠠᠳ ᠥᠬᠡᠶ ᠨᠡᠪᠲᠡᠷᠡᠵᠦ᠂ | ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠴᠢᠨᠠᠷ ᠰᠠᠶᠢᠲᠠᠶ ᠠᠭᠠᠷ | ᠪᠠ ᠭᠠᠵᠠᠷ ᠳᠣᠤᠷᠠᠬᠢ ᠤᠰᠤ᠂ ᠥᠪᠡᠷᠮᠢᠴᠡ ᠪᠠᠶᠢᠭᠠᠯᠢ ᠶᠢᠨ ᠥᠩᠭᠡ ᠦᠵᠡᠮᠵᠢ᠂ ᠬᠥᠳᠡᠭᠡ ᠲᠣᠰᠬᠤᠨ ᠤ ᠥᠩᠭᠡ | ᠦᠵᠡᠮᠵᠢ ᠨᠢ ᠦᠴᠤᠸᠠᠨ ᠤ ᠬᠠᠮᠤᠭ ᠤᠨ ᠡᠷᠬᠢᠮ ᠨᠠᠨᠳᠢᠨ ᠡᠬᠢ ᠪᠠᠶᠠᠯᠢᠭ ᠤᠨ ᠳᠠᠪᠠᠭᠤᠯᠢᠭ ᠢ ᠪᠣᠶ ᠪᠣᠯᠭᠠᠵᠤ᠂ | ᠬᠤᠲᠠ ᠶᠢᠨ ᠲᠡᠭᠦᠷᠭᠡ ᠶᠢᠨ ᠠᠭᠤᠰᠤᠯᠴᠠᠬᠤ ᠮᠠᠶ᠋ᠢᠭ ᠤᠨ᠂ ᠰᠣᠯᠪᠢᠴᠠᠬᠤ ᠮᠠᠶ᠋ᠢᠭ ᠤᠨ᠂ ᠨᠥᠬᠦᠪᠥᠷᠢᠯᠡᠬᠦ ᠮᠠᠶ᠋ᠢᠭ ᠤᠨ | ᠠᠵᠤ ᠠᠬᠤᠶ ᠶᠢᠨ ᠰᠢᠰᠲ᠋ᠧᠮ ᠤᠨ ᠣᠷᠣᠨ ᠪᠠᠶᠢᠷᠢ ᠶᠢᠨ ᠳᠠᠪᠠᠭᠤᠯᠢᠭ ᠢ ᠪᠣᠶ ᠪᠣᠯᠭᠠᠬᠤ ᠪᠠᠷ ᠪᠠᠶᠢᠨ᠎ᠠ᠃ ᠲᠡᠦᠬᠡ ᠶᠢᠨ | ᠠᠵᠠ ᠲᠣᠬᠢᠶᠠᠯ ᠳᠠᠪᠬᠤᠴᠠᠵᠤ ᠠᠰᠢᠭᠲᠠᠢ ᠨᠥᠬᠦᠴᠡᠯ ᠣᠯᠠᠨ ᠪᠣᠢ᠂ ᠪᠢᠳᠡ ᠡᠷᠬᠡᠪᠰᠢ ᠪᠠᠲᠤ ᠡᠵᠡᠮᠳᠡᠬᠦ ᠬᠡᠷᠡᠭᠲᠡᠢ᠂ | ᠪᠦᠬᠦ ᠰᠢᠶᠠᠨ ᠢᠶᠠᠷ ᠢᠶᠠᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠲᠣᠭᠲᠠᠯ ᠬᠦᠴᠦᠨ ᠢᠶᠠᠨ ᠪᠠᠲᠤᠯᠠᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠳᠠᠭ ᠯᠠ ᠶᠤᠮ ᠪᠣᠯ ᠪᠦᠬᠦ | ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠶᠠᠨ ᠵᠠᠮ ᠳᠤ ᠯᠠᠪᠲᠠᠢ | ᠠᠯᠤᠰ ᠤᠨ ᠲᠥᠰᠦᠪ ᠢ ᠳᠡᠯᠭᠡᠨ ᠦᠵᠡᠭᠦᠯᠵᠦ ᠴᠢᠳᠠᠬᠤ ᠶᠤᠮ᠃ | ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ | ᠬᠤᠷᠠᠯ ᠤᠨ ᠲᠣᠬᠢᠷᠠᠭᠤᠯᠤᠯᠲᠠ ᠶᠣᠰᠣᠭᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ | ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ | ᠬᠤᠷᠠᠯ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ | ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠣᠬᠢᠷᠲᠤᠯ ᠦᠭᠡᠶ ᠴᠢᠨᠠᠷ | ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠬᠦ ᠪᠠᠷ ᠬᠠᠷᠠᠯᠲᠠ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ︽ᠵᠢᠷᠭᠤᠭ᠎ᠠ ᠶᠢ ᠲᠣᠭᠲᠠᠭᠤᠨ | ᠪᠠᠶᠢᠯᠭᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ | ᠬᠤᠶᠠᠷ ᠬᠠᠯᠬᠠᠪᠴᠢ︾ ᠶᠢᠨ ᠪᠥᠲᠥᠭᠡᠨ ᠪᠠᠶᠢᠭᠤᠯᠤᠭᠴᠢ᠂ ︽ᠬᠤᠶᠠᠷ ᠠᠭᠤᠯᠠ ᠶᠢᠨ ᠣᠨᠣᠯ︾ ᠤᠨ | ᠦᠢᠯᠡᠳᠦᠯᠭᠡᠵᠢᠭᠦᠦᠭᠴᠢ ᠪᠣᠯᠬᠤ ᠪᠠᠷ ᠴᠢᠷᠮᠠᠶᠢᠵᠤ᠂ ︽ᠠᠮᠢ ᠠᠬᠤᠶ ᠪᠠᠷ ᠰᠢᠶᠠᠨ ᠢ ᠪᠠᠶᠢᠭᠤᠯᠵᠤ᠂ ᠪᠣᠬᠢᠷᠲᠤᠯ | ᠥᠬᠡᠶ ᠪᠠᠷ ᠰᠢᠶᠠᠨ ᠢ ᠬᠦᠴᠦᠷᠬᠡᠭᠵᠢᠭᠦᠯᠬᠦ︾ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠲᠠᠶ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ | ᠠᠮᠢᠳᠤᠷᠠᠯ ᠤᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠲᠥᠯᠥᠭᠡ ᠴᠥᠬᠦᠷᠡᠰᠢ ᠥᠬᠡᠶ ᠲᠡᠮᠡᠴᠡᠨ᠎ᠡ᠃ | ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠶᠢᠨ ᠬᠤᠯᠪᠣᠭᠳᠠᠯ ᠪᠥᠬᠦᠶ ᠴᠢᠨᠠᠷ ᠪᠠ ᠬᠡᠮᠵᠢᠶ᠎ᠡ | ᠲᠣᠭᠲᠠᠭᠠᠬᠤ ᠭᠦᠢᠴᠡᠳᠬᠡᠯ ᠲᠤᠭ᠎ᠠ ᠲᠠᠢ ᠬᠠᠷᠢᠴᠠᠭᠤᠯᠵᠤ ᠦᠵᠡᠪᠡᠯ᠂ ᠡᠨᠡ ᠵᠢᠯ ᠤᠨ ᠪᠥᠬᠦ | ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠪᠥᠬᠦ ᠰᠢᠶᠠᠨ ᠤ | ᠭᠠᠵᠠᠷ ᠣᠷᠣᠨ ᠤᠦᠢᠯᠡᠳᠪᠦᠷᠢᠯᠡᠯ ᠤᠨ ᠪᠥᠬᠦ ᠥᠷᠲᠡᠭ ᠢ 5% ᠪᠠᠷ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ | ᠪᠡᠯᠡ ᠣᠷᠣᠭᠤᠯᠤᠯᠲᠠ ᠶᠢ 8% ᠪᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ11% ᠪᠤᠯᠭᠠᠨ᠎ᠠ︔ ᠡᠩ ᠤᠨ ᠤᠯᠠᠨ ᠨᠡᠶᠢᠲᠡ ᠶᠢᠨ | ᠲᠥᠰᠦᠪ ᠤᠨ ᠣᠷᠣᠯᠭ᠎ᠠ ᠠᠴᠠ ᠬᠠᠰᠤᠵᠤ ᠭᠠᠷᠭᠠᠭᠰᠠᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ | ᠡᠯᠧᠮᠧᠨ᠋ᠲ ᠢ ᠲᠦᠷᠦᠭᠦᠦ ᠵᠢᠯ ᠤᠨ ᠬᠢ ᠲᠠᠢ ᠲᠡᠩᠴᠡᠭᠦᠦ ᠪᠠᠶᠢᠯᠭᠠᠨ᠎ᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 3% ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤ ᠪᠠ ᠬᠥᠳᠡᠭᠡ | ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠳᠣᠣᠷ᠎ᠠ ᠪᠠᠶᠢᠯᠭᠠᠬᠤ ᠦᠭᠡᠢ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ 3 ᠭᠤᠣᠯᠳᠠᠯᠭ᠎ᠠ ᠶᠢ ᠪᠠᠲᠤ ᠠᠳᠬᠤᠬᠤ | ᠬᠡᠷᠡᠭᠲᠡᠢ᠄ ᠨᠢᠭᠡ ᠳᠤ᠂ ︽ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤᠪᠠᠷ | ᠡᠳ᠋ᠯᠡᠬᠦ︾ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ︾ ᠱᠠᠭᠠᠷᠳᠠᠯᠭ᠎ᠠ ᠶᠢ | ᠣᠨᠣᠪᠴᠢᠲᠠᠢ ᠡᠵᠡᠮᠳᠡᠵᠦ᠂ ︽ᠲᠦᠷᠪᠡᠨ ᠠᠵᠤ ᠦᠢᠯᠡᠰ ᠤᠨ ᠬᠡᠯᠬᠢᠶ᠎ᠡ︾ ᠶᠢᠨ ᠶᠠᠰᠤ ᠴᠢᠨᠠᠷ ᠪᠣᠳᠠᠲᠤ ᠬᠦᠴᠦᠨ ᠢ | ᠦᠷᠭᠦᠯᠵᠢᠯᠡᠨ ᠴᠢᠩᠭᠠᠳᠬᠠᠵᠤ᠂ ᠠᠷᠢᠭᠤᠨ ᠴᠡᠪᠡᠷ ᠡᠨᠧᠷᠭᠢ ᠶᠢᠨ ᠠᠵᠤ ᠦᠢᠯᠡᠰ ᠤᠨ ᠳᠠᠪᠠᠭᠤᠯᠢᠭ ᠢ ᠬᠥᠭᠵᠢᠭᠡᠵᠦ᠂ | ᠪᠣᠬᠢᠷᠲᠤᠯ ᠦᠭᠡᠢ ᠬᠤᠪᠢᠰᠬᠠᠯ ᠤᠨ ᠰᠣᠶᠣᠯ ᠵᠤᠭᠠᠴᠠᠯ ᠤᠨ ᠡᠬᠢ ᠪᠠᠶᠠᠯᠢᠭ ᠢ ᠠᠭᠤᠳᠠᠯᠵᠤ᠂ ᠪᠣᠬᠢᠷᠲᠤᠯ ᠦᠭᠡᠢ | ᠬᠥᠭᠵᠢᠯᠲᠡ ᠶᠢᠨ ᠲᠠᠯ᠎ᠠ ᠪᠠᠷ ᠭᠦᠢᠴᠡᠳ ᠠᠵᠢᠯ ᠬᠢᠬᠦ ᠬᠡᠷᠡᠭᠲᠡᠢ᠃ ᠬᠤᠶᠠᠷ ᠲᠤ᠂ ︽ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ︾ ᠢ ᠬᠦᠴᠦᠯᠡᠨ ᠰᠠᠶᠢᠲᠤᠷ ᠬᠢᠨ᠎ᠠ᠃ ᠶᠠᠳᠠᠭᠤ ᠠᠴᠠ ᠠᠩᠭᠢᠵᠢᠷᠠᠭᠤᠯᠬᠤ ᠦᠷ᠎ᠡ | ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠲᠠᠯ᠎ᠠ ᠪᠠᠷ᠂ ᠲᠠᠬᠢᠨ ︽ᠬᠤᠸᠠᠷ ᠬᠠᠳᠬᠤᠬᠤ ᠡᠷᠳᠡᠮ︾ ᠣᠷᠣᠭᠤᠯᠵᠤ | ᠂ ︽ᠡᠷᠬᠢᠨ ᠬᠠᠷᠠᠬᠤ︾ ᠶᠢ ᠦᠷᠭᠦᠯᠵᠢᠯᠡᠨ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ | ᠬᠦᠴᠦᠯᠡᠨ ᠪᠠᠲᠤᠳᠬᠠᠬᠤ ᠬᠡᠷᠡᠭᠲᠡᠢ︔ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠬᠦᠬᠡ ᠣᠭᠲᠠᠷᠭᠤᠢ᠂ | ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠵᠦ᠂ ᠠᠵᠤ ᠠᠬᠤᠢ | ᠂ ᠵᠠᠰᠠᠭ ᠵᠠᠬᠢᠷᠭᠠᠨ᠂ ᠬᠠᠤᠯᠢ ᠴᠠᠭᠠᠵᠠ ᠶᠢᠨ ᠠᠷᠭ᠎ᠠ ᠬᠡᠮᠵᠢᠶ᠎ᠡ ᠠᠪᠴᠤ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ | ᠲᠠᠯ᠎ᠠ ᠪᠠᠷ ᠠᠬᠢᠭᠤᠯᠬᠤ ᠬᠡᠷᠡᠭᠲᠡᠢ︔ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ᠂ | ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ | ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠭᠤᠣᠯᠳᠠᠯᠭ᠎ᠠ ᠪᠣᠯᠭᠠᠵᠤ᠂ ᠡᠯ᠎ᠡ | ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ | ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠢᠮᠠᠭᠲᠠ ᠮᠠᠨ ᠤ ᠲᠡᠮᠡᠴᠡᠯ ᠤᠨ | ᠬᠠᠷᠠᠯᠲᠠ ᠪᠠᠨ ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠵᠤ᠂ | ᠤᠯᠠᠨ ᠨᠡᠶᠢᠲᠡ ᠶᠢᠨ ᠦᠢᠯᠡᠳᠬᠦᠨ ᠤ ᠬᠠᠩᠭᠠᠯᠭ᠎ᠠ ᠶᠢ ᠲᠠᠰᠤᠷᠠᠯᠳᠠ ᠦᠭᠡᠢ ᠴᠢᠩᠭᠠᠳᠬᠠᠵᠤ᠂ ᠨᠡᠩ ᠤᠯᠠᠨ | ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠢ ᠠᠷᠠᠳ ᠤᠨ ᠠᠮᠢᠳᠤᠷᠠᠯ ᠤᠨ ᠦᠢᠯᠡᠰ ᠲᠤ | ᠣᠷᠣᠭᠤᠯᠬᠤ ᠬᠡᠷᠡᠭᠲᠡᠶ᠃ | ᠡᠨᠡ ᠵᠢᠯ ᠪᠢᠳᠡ ᠳᠣᠣᠷᠠᠬᠢ ᠬᠡᠳᠦᠨ ᠲᠠᠯ᠎ᠠ ᠶᠢᠨ ᠠᠵᠢᠯ ᠢ ᠳᠤᠪᠤᠶᠢᠯᠭᠠᠨ ᠰᠠᠶᠢᠲᠤᠷ ᠠᠳᠬᠤᠨ᠎ᠠ᠃ | ᠨᠢᠭᠡ᠂ ᠡᠷᠡᠰ ᠭᠤᠶᠢᠪᠢᠰᠢ ᠦᠭᠡᠢ ᠪᠠᠷ ᠬᠦᠴᠦᠨ ᠢᠶᠠᠨ ᠨᠢᠭᠲᠠᠷᠠᠭᠤᠯᠵᠤ᠂ ᠠᠷᠭ᠎ᠠ ᠬᠡᠮᠵᠢᠶ᠎ᠡ ᠪᠠᠨ | ᠴᠢᠩᠭᠠᠳᠬᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ | ᠃ | ︵ᠨᠢᠭᠡ︶ ᠬᠠᠳᠬᠤᠮᠠᠯ ᠬᠠᠳᠬᠤᠬᠤ ᠬᠦᠴᠦᠨ ᠢ ᠭᠦᠢᠴᠡᠳ ᠪᠠᠳᠠᠷᠠᠭᠤᠯᠵᠤ᠂ ᠨᠡᠩ ᠣᠨᠢᠨ ᠳᠡᠭᠡᠷ᠎ᠡ ᠨᠢ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠰᠢ ᠶᠢᠨ ᠫᠢᠩ | ᠶᠡᠷᠦᠩᠬᠡᠢ ᠱᠦᠵᠢ ᠶᠢᠨ ︽ᠲᠦᠷᠪᠡ ᠶᠢ ᠬᠠᠰᠤᠬᠤ ᠦᠭᠡᠢ︾ ︽ᠭᠤᠷᠪᠠ ᠶᠢ ᠬᠠᠰᠤᠬᠤ ᠦᠭᠡᠢ︾ ︽ᠨᠢᠭᠡ ᠶᠢ | ᠪᠠᠭᠤᠷᠠᠭᠤᠯᠬᠤ ᠦᠭᠡᠢ︾ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠪᠠᠬᠢᠵᠢᠭᠦᠯᠦᠨ ᠳᠡᠭᠡᠭᠰᠢᠯᠡᠭᠦᠯᠬᠦ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠰᠠᠶᠢᠲᠤᠷ ᠠᠳᠬᠤᠵᠤ᠂ ᠴᠢᠨᠠᠷ ᠰᠠᠶᠢᠲᠠᠢ | ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ | ᠠᠷᠭ᠎ᠠ ᠬᠡᠮᠵᠢᠶ᠎ᠡ ᠶᠢ ᠦᠷᠬᠦᠯᠵᠢᠯᠡᠨ ᠥᠷᠨᠢᠭᠦᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠠᠪᠤᠳᠠᠯ ᠢ | ᠶᠠᠳᠠᠭᠤ ᠠᠴᠠ ᠠᠩᠭᠢᠵᠢᠷᠠᠭᠤᠯᠬᠤ ᠰᠢᠢᠳᠪᠦᠷᠢᠲᠦ ᠢᠯᠠᠯᠲᠠ ᠶᠢ ᠤᠯᠬᠤ ᠶᠢᠨ ᠦᠨᠳᠦᠰᠦᠨ ᠠᠴᠠ ᠨᠢ ᠵᠠᠰᠠᠬᠤ ᠠᠷᠭ᠎ᠠ | ᠪᠣᠳᠣᠯᠭ᠎ᠠ ᠪᠣᠯᠭᠠᠵᠤ᠂ ᠠᠷᠠᠳ ᠢ ᠪᠠᠶᠠᠵᠢᠭᠤᠯᠬᠤ 10 ᠵᠦᠢᠯ ᠤᠨ ᠠᠵᠤ ᠦᠢᠯᠡᠰ ᠤᠨ ᠲᠣᠭᠤᠷᠢᠨ ᠳᠤ᠂ ᠮᠧᠩ ᠾᠧ | ᠶᠤᠸᠠᠨ᠂ ᠶᠠᠨ ᠬᠥ᠋ ᠹᠠᠩ᠂ ᠱᠤ᠋ ᠶᠤᠸᠠᠨ ᠺᠠᠩ᠂ ᠥᠪᠥᠷ ᠮᠣᠩᠭᠤᠯ ᠤᠨ ᠲᠦᠩ ᠶᠦᠩ ᠬᠢᠲᠠᠳ ᠡᠮ᠂ ᠶᠠᠰᠤᠨ | ᠬᠤᠨᠢ ᠵᠡᠷᠭᠡ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠢᠶᠠᠷ ᠲᠤᠯᠭᠠᠭᠤᠷᠢᠯᠠᠯ ᠪᠣᠯᠭᠠᠵᠤ᠂ ︽ᠳᠥᠷᠪᠡᠨ | ᠵᠦᠢᠯ ᠤᠨ ᠠᠵᠤ ᠦᠢᠯᠡᠰ ᠤᠨ ᠬᠡᠯᠬᠢᠶ᠎ᠡ︾ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠡᠯᠬᠢᠶ᠎ᠡ ᠶᠢ ᠤᠷᠲᠤᠳᠬᠠᠬᠤ ᠶᠢ | ᠬᠦᠴᠦᠯᠡᠨ ᠠᠬᠢᠭᠤᠯᠵᠤ᠂ ᠳᠠᠷᠢᠵᠤ ᠲᠡᠵᠢᠭᠡᠬᠦ᠂ ᠨᠠᠷᠢᠯᠢᠭ ᠡᠳ᠋ᠰᠢᠭᠦᠯᠬᠦ᠂ ᠨᠠᠷᠠᠲᠤ ᠲᠡᠮᠳᠡᠭᠲᠦ ᠶᠢ ᠡᠭᠦᠳᠬᠦ᠂ ᠵᠠᠬ᠎ᠠ | ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠵᠡᠷᠭᠡ ᠭᠤᠭᠴᠤᠭ᠎ᠠ ᠶᠢᠨ ᠲᠠᠯ᠎ᠠ ᠪᠠᠷ ᠨᠢᠭᠲᠠ ᠬᠡᠯᠪᠡᠷᠢ ᠶᠢᠨ ᠡᠷᠦᠬᠡ | ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠵᠤ᠂ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠶᠠᠳᠠᠭᠤ ᠶᠢ ᠲᠡᠳᠬᠦᠬᠦ ᠪᠠᠯᠠ ᠮᠥᠩᠭᠦ ᠪᠠ | ᠲᠠᠷᠢᠶᠠᠯᠠᠩ ᠳᠤ ᠬᠤᠯᠪᠣᠭᠳᠠᠬᠤ ᠪᠠᠯᠠ ᠮᠥᠩᠭᠦ ᠶᠢ ᠢᠳᠡᠪᠬᠢᠲᠡᠶ ᠪᠠᠷ ᠡᠮᠬᠢᠯᠡᠨ ᠨᠡᠶᠢᠯᠡᠭᠦᠯᠵᠦ᠂ ᠪᠡᠯᠡᠳᠭᠡᠮᠵᠢᠳᠤ | ᠲᠠᠷᠢᠶᠠᠯᠠᠩ᠂ ᠤᠨᠴᠠᠯᠢᠬᠳᠤ ᠠᠵᠤ ᠦᠢᠯᠡᠰ᠂ ᠬᠥᠳᠡᠭᠡ ᠲᠣᠰᠬᠤᠨ ᠤ ᠵᠢᠭᠤᠯᠴᠢᠯᠠᠯ ᠳᠤ ᠨᠠᠷᠢᠯᠢᠭ ᠣᠨᠣᠴᠠᠲᠠᠶ ᠪᠠᠷ | ᠣᠷᠣᠭᠤᠯᠤᠨ᠂ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠪᠠ ᠮᠥᠷᠳᠡᠨ ᠳᠠᠭᠠᠵᠤ ᠦᠷ᠎ᠡ ᠪᠦᠲᠦᠮᠵᠢ | ᠠᠰᠠᠭᠤᠬᠤ ᠶᠢ ᠴᠢᠩᠭᠠᠳᠬᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠬᠥᠭᠵᠢᠭᠦᠯᠦᠨ | ᠪᠤᠵᠠᠭᠠᠶᠢᠷᠠᠭᠤᠯᠤᠨ᠎ᠠ᠃ ᠶᠠᠳᠠᠭᠤ ᠶᠢ ᠲᠡᠳᠬᠦᠬᠦ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠳᠠᠯᠠᠵᠤ᠂ ᠶᠠᠳᠠᠭᠤ ᠶᠢ | ᠲᠡᠳᠬᠦᠬᠦ ᠪᠡᠯᠡ ᠮᠥᠩᠭᠦ ᠶᠢᠨ ᠪᠤᠢ ᠪᠣᠯᠤᠭᠰᠠᠨ ᠡᠳ᠋ ᠬᠦᠷᠦᠩᠭᠡ ᠶᠢ ᠬᠢᠨᠠᠨ ᠬᠠᠮᠢᠶᠠᠷᠴᠤ ᠬᠡᠷᠡᠭᠯᠡᠬᠦ ᠶᠢ ᠴᠢᠩᠭᠠᠳᠬᠠᠵᠤ | ᠂ ᠶᠠᠳᠠᠭᠤ ᠶᠢ ᠲᠡᠳᠬᠦᠬᠦ ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠪᠠᠲᠤᠯᠠᠨ᠎ᠠ᠃ | ᠤᠷᠲᠤ ᠬᠤᠭᠤᠴᠠᠭᠠᠨ ᠤ ᠬᠦᠴᠦᠨ ᠪᠦᠬᠦᠢ ᠶᠠᠳᠠᠭᠤ ᠠᠴᠠ ᠠᠩᠭᠢᠵᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠴᠢᠬᠤᠯᠠ ᠪᠠᠶᠢᠷᠢᠨ ᠳᠤ ᠲᠠᠯᠪᠢᠵᠤ᠂ ︽ᠦᠴᠤᠸᠠᠨ ᠰᠢᠶᠠᠨ ᠤ ᠵᠠᠬ᠎ᠠ | ᠬᠢᠵᠠᠭᠠᠷ ᠤᠨ ᠡᠷᠦᠬᠡ ᠶᠢᠨ ᠶᠠᠳᠠᠭᠤᠷᠠᠬᠤ ᠶᠢ ᠰᠡᠷᠭᠡᠶᠢᠯᠡᠬᠦ ᠪᠠ ᠶᠠᠳᠠᠭᠤ ᠬᠦᠴᠢᠷᠳᠡᠯ ᠲᠠᠢ ᠡᠷᠦᠬᠡ ᠶᠢᠨ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠠᠵᠢᠯ ᠤᠨ ᠬᠡᠷᠡᠭᠵᠢᠭᠦᠯᠬᠦ ᠰᠠᠨᠠᠯ︾ ︽ᠦᠴᠤᠸᠠᠨ ᠰᠢᠶᠠᠨ ᠤ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠳᠠᠭᠠᠳᠬᠠᠯ ᠤᠨ ᠬᠡᠷᠡᠭᠵᠢᠭᠦᠯᠬᠦ ᠲᠥᠰᠦᠯ︾ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠰᠦᠪᠡᠭᠴᠢᠯᠡᠨ ᠪᠠᠶᠢᠭᠤᠯᠵᠤ᠂ ᠳᠠᠬᠢᠨ | ᠶᠠᠳᠠᠭᠤᠷᠠᠭᠰᠠᠨ ᠬᠥᠮᠦᠨ ᠠᠮᠠ ᠪᠠ ᠰᠢᠨ᠎ᠡ ᠪᠠᠷ ᠡᠭᠦᠰᠦᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠨᠡᠨ ᠬᠦ ᠰᠠᠶᠢᠲᠤᠷ ᠬᠢᠵᠦ᠂ | ᠭᠤᠤᠯᠳᠠᠯᠭ᠎ᠠ ᠲᠠᠢ ᠬᠥᠮᠦᠰ ᠢ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ᠂ ᠶᠠᠳᠠᠭᠤᠷᠠᠬᠤ ᠪᠠ ᠳᠠᠬᠢᠨ | ᠶᠠᠳᠠᠭᠤᠷᠠᠬᠤ ᠶᠢ ᠡᠷᠡᠰ ᠰᠡᠷᠭᠡᠶᠢᠯᠡᠵᠦ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨ ᠬᠦ | ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ︽ | ᠭᠤᠷᠪᠠ ᠶᠢ ᠪᠠᠲᠤᠯᠠᠬᠤ︾ ᠪᠠᠷ ᠭᠤᠤᠯᠳᠠᠯᠭ᠎ᠠ ᠪᠣᠯᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠠᠴᠠ | ᠠᠩᠭᠢᠵᠢᠷᠠᠭᠤᠯᠬᠤ ᠪᠠᠷᠢᠮᠵᠢᠶ᠎ᠠ ᠶᠢ ᠪᠠᠷᠢᠮᠲᠠᠯᠠᠨ᠂ ᠳᠡᠭᠡᠭᠰᠢᠯᠡᠭᠦᠯᠬᠦ ᠥᠬᠡᠶ ᠮᠥᠷᠲᠡᠭᠡᠨ ᠪᠠᠭᠤᠷᠠᠭᠤᠯᠬᠤ ᠴᠤ ᠥᠬᠡᠶ | ᠪᠠᠶᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠤᠳᠠᠭ᠎ᠠ ᠪᠦᠷᠢ ᠶᠢᠨ ᠪᠠᠶᠢᠴᠠᠭᠠᠵᠤ ᠬᠢᠨᠠᠨ ᠰᠢᠯᠭᠠᠵᠤ | ᠦᠨᠡᠯᠡᠨ ᠵᠢᠱᠢᠵᠦ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠠᠢ ᠨᠢᠭᠲᠠ | ᠤᠶᠠᠯᠳᠤᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠨᠢᠮᠪᠠᠶ᠂ ᠴᠡᠭᠴᠡᠯᠡᠨ ᠰᠠᠶᠢᠵᠢᠷᠠᠭᠤᠯᠬᠤ ᠶᠢ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ | ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ | ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠰᠤᠷᠤᠯᠭ᠎ᠠ ᠠᠯᠳᠠᠬᠤ | ᠥᠬᠡᠶ᠂ ᠰᠤᠷᠤᠯᠭ᠎ᠠ ᠪᠠᠨ ᠳᠣᠷᠭᠤᠨ ᠵᠣᠭᠰᠣᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ︔ ᠡᠷᠡᠭᠦᠯ ᠮᠡᠨᠳᠦ ᠪᠠᠷ | ᠶᠠᠳᠠᠭᠤ ᠶᠢ ᠲᠡᠳᠬᠦᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢᠨ ᠭᠡᠷ ᠤᠨ | ᠡᠮᠴᠢ᠂ ᠬᠡᠷ ᠪᠦᠯᠢ ᠶᠢᠨ ᠡᠪᠡᠳᠴᠢᠲᠡᠨ ᠤ ᠣᠷᠣ᠂ ᠡᠭᠦᠳᠡᠨ ᠡᠮᠨᠡᠯᠭᠡ ᠶᠢᠨ ᠲᠠᠩᠰᠠ ᠲᠠᠶᠢᠯᠬᠤ ᠶᠢ ᠨᠢᠭᠡ | ᠴᠤᠭᠴᠠᠵᠢᠭᠤᠯᠬᠤ ᠲᠣᠭᠲᠠᠴᠠ ᠶᠢ ᠪᠠᠶᠢᠭᠤᠯᠤᠨ᠂ ᠬᠦᠨᠳᠦ ᠡᠪᠡᠳᠴᠢᠨ ᠢ ᠲᠥᠷᠥᠯ ᠬᠤᠪᠢᠶᠠᠨ ᠬᠠᠮᠢᠶᠠᠷᠬᠤ ᠪᠠ | ᠲᠥᠪᠯᠡᠷᠡᠭᠦᠯᠦᠨ ᠡᠮᠨᠡᠨ ᠠᠪᠤᠷᠠᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠠᠶᠢᠩᠭᠤ ᠲᠣᠬᠢᠶᠠᠯᠳᠤᠳᠠᠭ | ᠡᠪᠡᠳᠴᠢᠨ᠂ ᠤᠳᠠᠭᠠᠨ ᠴᠢᠨᠠᠷᠲᠠᠶ ᠡᠪᠡᠳᠴᠢᠲᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠪᠠ ᠡᠮᠴᠢᠯᠡᠭᠡᠨ ᠳᠤ | ᠬᠦᠷᠭᠡᠵᠦ ᠡᠮ ᠨᠠᠶᠢᠷᠠᠭᠤᠯᠬᠤ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠪᠣᠶ ᠪᠥᠬᠦᠶ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠦᠨᠡᠨᠬᠦ ᠪᠠᠲᠤᠯᠠᠨ᠎ᠠ︔ ᠣᠷᠣᠨ ᠰᠠᠭᠤᠴᠠ ᠶᠢᠨ | ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ | ᠪᠠᠬᠢᠵᠢᠭᠦᠯᠦᠨ ᠳᠡᠭᠡᠭᠰᠢᠯᠡᠭᠦᠯᠬᠦ ᠶᠢ ᠰᠠᠶᠢᠲᠤᠷ ᠬᠢᠵᠦ᠂ ᠬᠠᠮᠠᠭᠠᠯᠠᠨ ᠬᠠᠮᠢᠶᠠᠷᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠮᠤᠷ ᠲᠦᠪᠰᠢᠨ ᠬᠡᠷ ᠲᠤ | ᠰᠠᠭᠤᠬᠤ᠂ ᠰᠠᠨᠠᠭ᠎ᠠ ᠠᠮᠤᠷ ᠤᠰᠤ ᠤᠤᠭᠤᠬᠤ ᠶᠢ ᠦᠨᠡᠨᠬᠦ ᠪᠠᠲᠤᠯᠠᠬᠤ ᠬᠡᠷᠡᠭᠲᠡᠶ᠃ ᠦᠨᠳᠦᠰᠦᠨ ᠵᠦᠢᠯ ᠢ | ᠪᠠᠲᠤᠯᠠᠬᠤ ᠪᠠᠲᠤᠯᠠᠭ᠎ᠠ ᠶᠢ ᠬᠦᠴᠦᠯᠡᠨ ᠴᠢᠩᠭᠠᠳᠬᠠᠵᠤ᠂ ︽ᠬᠤᠶᠠᠷ ᠵᠦᠢᠯ ᠤᠨ ᠲᠦᠷᠢᠮ︾ ᠢ ᠰᠠᠶᠢᠲᠤᠷ | ᠵᠣᠯᠭᠠᠭᠤᠯᠵᠤ᠂ ᠲᠦᠷᠦ ᠶᠢᠨ ᠪᠤᠳᠤᠯᠭ᠎ᠠ ᠶᠢᠨ ᠨᠥᠬᠦᠴᠡᠯ ᠳᠤ ᠨᠡᠶᠢᠴᠡᠬᠦ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ | ᠬᠦᠴᠢᠷᠳᠡᠯ ᠲᠠᠢ ᠬᠥᠮᠦᠨ ᠠᠮᠠ ᠶᠢᠨ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠨ᠎ᠠ᠃ ᠪᠡᠭᠡᠵᠢᠩ ᠥᠪᠥᠷ | ᠮᠣᠩᠭᠤᠯ ᠤᠨ ᠨᠡᠪᠲᠡᠷᠡᠯᠴᠡᠭᠡ ᠶᠢᠨ ᠦᠢᠯᠡᠳᠦᠯ ᠢ ᠪᠠᠳᠠᠷᠠᠭᠤᠯᠤᠨ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ | ᠢᠳᠡᠪᠬᠢᠲᠡᠶ ᠵᠣᠬᠢᠶᠠᠨ ᠪᠠᠶᠢᠭᠤᠯᠵᠤ᠂ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠤᠨ᠂ ᠰᠢᠯᠵᠢᠭᠦᠯᠦᠨ ᠠᠵᠢᠯ | ᠣᠯᠭᠤᠬᠤ ᠶᠢ ᠠᠬᠢᠭᠤᠯᠵᠤ᠂ ᠣᠶ ᠬᠠᠮᠠᠭᠠᠯᠠᠭᠴᠢ᠂ ᠭᠠᠯ ᠰᠡᠷᠭᠡᠶᠢᠯᠡᠭᠴᠢ ᠪᠠ ᠨᠡᠶᠢᠲᠡ ᠶᠢᠨ ᠠᠰᠠᠷᠠᠮᠵᠢ ᠶᠢᠨ | ᠠᠵᠢᠯ ᠤᠨ ᠪᠠᠶᠢᠷᠢ ᠶᠢᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠠᠶᠢᠲᠤᠷ | ᠨᠠᠶᠢᠳᠠᠪᠤᠷᠢᠵᠢᠭᠤᠯᠤᠨ᠎ᠠ᠃ ᠶᠠᠳᠠᠭᠤ ᠶᠢ ᠲᠡᠳᠬᠦᠬᠦ ᠪᠠ ᠵᠣᠷᠢᠭ ᠰᠠᠨᠠᠭ᠎ᠠ ᠤᠶᠤᠨ ᠤᠬᠠᠭᠠᠨ ᠢᠶᠠᠷ ᠲᠡᠳᠬᠦᠬᠦ ᠶᠢ | ᠤᠶᠠᠯᠳᠤᠭᠤᠯᠬᠤ ᠶᠢ ᠴᠢᠩᠭᠠᠳᠬᠠᠵᠤ᠂ ᠤᠯᠠᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ | ᠳᠣᠲᠣᠭᠠᠳᠤ ᠶᠢᠨ ᠬᠥᠳᠡᠯᠭᠡᠬᠦ ᠬᠦᠴᠦᠨ ᠢ ᠲᠠᠰᠤᠷᠠᠯᠳᠠ ᠦᠭᠡᠢ ᠬᠥᠭᠵᠢᠭᠡᠨ᠎ᠡ᠃ ᠨᠡᠶᠢᠭᠡᠮ ᠤᠨ ᠬᠠᠪᠰᠤᠷᠤᠨ | ᠲᠡᠳᠬᠦᠬᠦ ᠦᠷ᠎ᠡ ᠪᠦᠲᠦᠮᠵᠢ ᠶᠢ ᠯᠠᠪᠳᠠᠭᠤᠨ ᠢᠶᠠᠷ ᠥᠷᠭᠡᠳᠬᠡᠨ᠎ᠡ᠃ ᠪᠡᠭᠡᠵᠢᠩ ᠥᠪᠥᠷ ᠮᠣᠩᠭᠤᠯ ᠤᠨ ᠠᠵᠢᠯ | ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠪᠠ ᠲᠥᠪ ᠤᠨ ᠨᠢᠭᠡᠴᠢ ᠶᠢᠨ ᠴᠢᠬ ᠲᠣᠭᠲᠠᠭᠠᠨ | ᠬᠠᠪᠰᠤᠷᠤᠨ ᠲᠡᠳᠬᠦᠬᠦ ᠶᠢᠨ ᠭᠦᠨᠴᠡ ᠪᠠ ᠥᠷᠭᠡᠴᠡ ᠶᠢ ᠦᠷᠭᠦᠯᠵᠢᠯᠡᠨ ᠥᠷᠭᠡᠳᠬᠡᠵᠦ᠂ ᠮᠧᠨ ᠳᠧᠦ ᠭᠧᠤ | ᠲᠣᠭᠤᠷᠢᠭ᠂ ᠲᠦᠩ ᠶᠦᠩ ᠪᠦᠯᠦᠭᠯᠡᠯ ᠯᠦᠭᠡ ᠶᠢᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ᠃ | ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠶ ᠰᠠᠶᠢᠲᠤᠷ | ᠠᠳᠬᠤᠵᠤ᠂ ︽ᠳᠤᠮᠳᠠᠳᠤ ᠤᠯᠤᠰ ᠤᠨ ᠲᠦᠩ ᠶᠦᠩ ᠪᠥᠯᠦᠭᠯᠡᠯ ᠦᠨᠦᠴᠤᠸᠠᠨ ᠤ ᠶᠠᠳᠠᠭᠤ ᠶᠢ ᠲᠡᠳᠬᠦᠬᠦ ᠠᠵᠤ | ᠦᠢᠯᠡᠰ ᠤᠨ ᠬᠠᠮᠲᠤᠷᠠᠯᠴᠠᠭᠠᠨ ᠤ ᠣᠷᠣᠨ︾ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ | 2043.5 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ | 16 ᠲᠥᠷᠥᠯ ᠵᠦᠢᠯ ᠢ ᠬᠡᠷᠡᠭᠵᠢᠭᠦᠯᠦᠨ᠎ᠡ᠃ ᠪᠡᠭᠡᠵᠢᠩ ᠤᠨ ᠱᠸᠤ ᠴᠤᠸᠠᠩ ᠪᠦᠯᠦᠭᠯᠡᠯ᠂ ᠥᠪᠥᠷ ᠮᠣᠩᠭᠤᠯ ᠤᠨ | ᠺᠦᠨᠮᠢᠩ ᠤᠨ ᠶᠠᠩᠵᠤᠤᠷ ᠲᠠᠮᠠᠬᠢ ᠶᠢᠨ ᠬᠢᠵᠠᠭᠠᠷᠲᠤ ᠺᠣᠮᠫᠠᠨᠢ ᠶᠢᠨ ᠶᠠᠳᠠᠭᠤ ᠶᠢ ᠲᠡᠳᠬᠦᠬᠦ ᠲᠥᠷᠥᠯ ᠵᠦᠢᠯ ᠢ | ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠤᠨ᠎ᠠ᠃ ︽ᠵᠠᠭᠤᠨ ᠠᠵᠤ ᠠᠬᠤᠶᠢᠯᠠᠯ ᠵᠠᠭᠤᠨ ᠲᠣᠰᠬᠤᠨ ᠲᠠᠢ | ᠬᠤᠯᠪᠣᠭᠠᠯᠠᠬᠤ︾ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠭᠦᠨᠵᠡᠭᠡᠶᠢᠷᠡᠭᠦᠯᠦᠨ᠎ᠡ᠃ | ︵ᠬᠤᠶᠠᠷ︶ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ | ᠵᠠᠰᠠᠵᠤ ᠶᠡᠷᠦᠩᠬᠡᠶᠢᠯᠡᠨ ᠵᠠᠰᠠᠬᠤ ᠲᠠᠯ᠎ᠠ ᠪᠠᠷ ᠠᠮᠵᠢᠯᠲᠠ ᠪᠦᠲᠦᠮᠵᠢ ᠭᠠᠷᠭᠠᠨ᠎ᠠ᠃ ᠤᠨᠢᠨ ᠳᠡᠭᠡᠷ᠎ᠡ ᠨᠢ ᠪᠣᠬᠢᠷᠲᠤᠯ ᠢ | ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ | ᠲᠤᠪᠤᠶᠢᠯᠭᠠᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠶᠣᠰᠣᠭᠠᠷ ᠨᠢ ᠪᠡᠶᠡᠯᠡᠭᠦᠯᠵᠦ᠂ ᠲᠩᠷᠢ ᠨᠢ ᠨᠡᠩ ᠴᠡᠯᠮᠡᠭ᠂ | ᠠᠭᠤᠯᠠ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ᠂ ᠬᠤᠳᠠ ᠨᠢ ᠨᠡᠩ ᠭᠤᠶᠤ ᠦᠵᠡᠰᠬᠦᠯᠡᠩᠲᠦ ᠰᠠᠶᠢᠬᠠᠨ | ᠭᠡᠷ ᠣᠷᠣᠨ ᠢ ᠪᠦᠳᠦᠭᠡᠨ ᠪᠠᠶᠢᠭᠤᠯᠤᠨ᠎ᠠ᠃ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ | ᠵᠠᠪᠠᠯ ᠣᠯᠤᠨ᠎ᠠ᠃ ᠠᠭᠠᠷ ᠮᠠᠨᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ | ᠠᠬᠢᠭᠤᠯᠵᠤ᠂ ᠬᠦᠬᠦᠷ ᠥᠬᠡᠶᠢᠳᠡᠭᠦᠯᠬᠦ᠂ ᠱᠡᠤ ᠥᠬᠡᠶᠢᠳᠡᠭᠦᠯᠬᠦ᠂ ᠲᠣᠭᠤᠰᠣ ᠠᠷᠢᠯᠭᠠᠬᠤ ᠠᠰᠠᠭᠤᠳᠠᠯ ᠢ | ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠬᠠᠶᠠᠭᠳᠠᠮᠠᠯ ᠬᠡᠶ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ | ᠦᠨᠡᠨᠬᠦ ᠪᠠᠲᠤᠯᠠᠵᠤ᠂ ᠨᠡᠭᠦᠷᠡᠰᠦ ᠰᠢᠲᠠᠭᠠᠬᠤ ᠭᠦᠸᠧᠯᠦ ᠶᠢ ᠰᠢᠭᠰᠢᠭᠳᠡᠭᠦᠯᠬᠦ ᠡᠷᠴᠢᠮ ᠢ ᠴᠢᠩᠭᠠᠷᠠᠭᠤᠯᠤᠨ᠂ ᠴᠡᠪᠡᠷ | ᠡᠨᠧᠷᠭᠢ ᠪᠠᠷ ᠳᠤᠯᠠᠭᠠᠯᠠᠬᠤ ᠶᠢ ᠦᠷᠭᠦᠯᠵᠢᠯᠡᠨ ᠠᠬᠢᠭᠤᠯᠵᠤ᠂ ᠡᠰᠢ ᠰᠦᠷᠡᠯ ᠢ ᠰᠢᠲᠠᠭᠠᠬᠤ ᠵᠢᠴᠢ ᠣᠯᠠᠨ ᠡᠬᠢᠳᠤ | ᠪᠣᠬᠢᠷᠲᠤᠯ ᠢ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠰᠠᠶᠢᠲᠤᠷ ᠬᠢᠨ᠎ᠠ᠃ ᠡᠯ᠎ᠡ ᠲᠥᠷᠥᠯ ᠤᠨ ᠪᠠᠷᠠᠭᠠᠨ ᠤ ᠲᠠᠯᠠᠪᠠᠶ | ᠂ ᠮᠠᠲ᠋ᠧᠷᠢᠶᠠᠯ ᠤᠨ ᠲᠠᠯᠠᠪᠠᠶ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠶᠢ ᠰᠡᠷᠭᠡᠶᠢᠯᠡᠨ ᠵᠠᠰᠠᠬᠤ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠠᠷ ᠰᠠᠶᠢᠨ ᠡᠳᠦᠷ ᠤᠨ ᠲᠤᠭ᠎ᠠ ᠶᠢ 300 ᠡᠳᠦᠷ ᠠᠴᠠ ᠳᠡᠭᠡᠭᠰᠢ | ᠪᠠᠶᠢᠯᠭᠠᠬᠤ ᠶᠢ ᠪᠠᠲᠤᠯᠠᠨ᠎ᠠ᠃ ᠨᠣᠮᠢᠨ ᠤᠰᠤᠨ ᠤ ᠬᠠᠮᠠᠭᠠᠯᠠᠯᠲᠠ ᠶᠢᠨ ᠪᠠᠶᠢᠯᠳᠤᠭᠠᠨ ᠢ ᠬᠦᠴᠦᠯᠡᠨ ᠰᠠᠶᠢᠲᠤᠷ ᠬᠢᠨ᠎ᠡ᠃ | ᠤᠤᠭᠤᠬᠤ ᠤᠰᠤᠨ ᠤ ᠡᠬᠢ ᠰᠤᠷᠪᠤᠯᠵᠢ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠶᠠᠨ ᠰᠢᠶᠠᠩ ᠲᠣᠰᠬᠤᠨ ᠤ ᠭᠤᠤᠯ | ᠮᠥᠷᠡᠨ ᠤ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠰᠢᠶᠠᠨ ᠤ ᠡᠷᠭᠢ ᠶᠢᠨ ᠱᠤᠭᠤᠮ ᠢ | ᠵᠠᠭᠠᠭᠯᠠᠬᠤ᠂ ᠲᠥᠯᠥᠪᠵᠢᠭᠦᠯᠬᠦ ᠵᠢᠴᠢ ᠭᠤᠤᠯ ᠮᠥᠷᠡᠨ ᠨᠠᠭᠤᠷ ᠴᠥᠭᠦᠷᠥᠮ ᠤᠨ ᠡᠷᠬᠡ ᠶᠢ ᠨᠤᠲᠠᠯᠠᠨ | ᠲᠣᠭᠲᠠᠭᠠᠬᠤ ᠶᠢ ᠢᠳᠡᠪᠬᠢᠲᠡᠶ ᠠᠬᠢᠭᠤᠯᠵᠤ᠂ ᠭᠤᠤᠯ ᠤᠨ ᠵᠠᠮ ᠢ ᠳᠤᠷ᠎ᠠ ᠪᠠᠷ ᠢᠶᠠᠨ ᠮᠠᠯᠲᠠᠬᠤ ᠦᠢᠯᠡ | ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ | ︾ ᠠᠵᠤ ᠠᠬᠤᠶᠢᠯᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠦᠭᠦᠯᠦᠨ | ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ ︽ᠳᠥᠷᠪᠡᠨ ᠴᠠᠭᠠᠨ︾ ᠬᠦᠷᠢᠶᠡᠯᠡᠩ ᠲᠣᠭᠤᠷᠢᠭ ᠤᠨ ᠪᠣᠬᠢᠷ | ᠤᠰᠤ ᠶᠢ ᠰᠢᠢᠳᠪᠦᠷᠢᠯᠡᠨ ᠪᠠᠭᠲᠠᠭᠠᠮᠵᠢ ᠶᠢ ᠥᠷᠭᠡᠳᠬᠡᠬᠦ ᠢᠨᠵᠧᠨᠧᠷᠢᠩ ᠢ ᠡᠬᠢᠯᠡᠭᠦᠯᠦᠨ᠎ᠡ᠃ ᠴᠡᠪᠡᠷ ᠬᠥᠷᠥᠰᠥ ᠶᠢ | ᠬᠠᠮᠠᠭᠠᠯᠠᠬᠤ ᠳᠠᠶᠢᠨ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠬᠠᠮᠠᠭᠠᠯᠠᠯᠲᠠ ᠶᠢᠨ ᠣᠷᠣᠨ ᠤ ᠠᠭᠤᠷᠬᠠᠶ ᠶᠢᠨ | ᠠᠵᠤ ᠠᠬᠤᠶᠢᠯᠠᠯ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠵᠢᠴᠢ ᠨᠤᠲᠤᠭ ᠪᠡᠯᠴᠢᠭᠡᠷ ᠢ | ᠲᠠᠲᠠᠪᠤᠷᠢᠯᠠᠨ ᠡᠵᠡᠯᠡᠬᠦ᠂ ᠣᠶ ᠰᠢᠭᠤᠶ ᠶᠢ ᠰᠢᠮᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠳ᠋ᠤᠭᠠᠷ ᠢ ᠨᠢ ᠬᠠᠰᠤᠬᠤ ᠠᠵᠢᠯ ᠢ ᠪᠡᠶᠡᠯᠡᠭᠦᠯᠵᠦ᠂ ᠲᠥᠷᠥᠯ ᠵᠦᠢᠯ ᠤᠨ ᠪᠠᠯᠠ ᠮᠥᠩᠭᠦ ᠶᠢ ᠢᠳᠡᠪᠬᠢᠯᠡᠨ ᠣᠯᠵᠤ᠂ | ᠠᠮᠢ ᠠᠬᠤᠶ ᠶᠢ ᠰᠡᠷᠭᠦᠭᠡᠨ ᠵᠠᠰᠠᠬᠤ ᠶᠢ ᠥᠷᠨᠢᠭᠦᠯᠦᠨ᠎ᠡ᠃ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ | ᠠᠶᠤᠯᠲᠠᠶ ᠬᠠᠶᠠᠭᠳᠠᠮᠠᠯ ᠪᠣᠳᠠᠰ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠰᠢᠢᠳᠪᠦᠷᠢᠯᠡᠬᠦ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠨ᠎ᠡ᠃ ᠲᠠᠷᠢᠶᠠᠯᠠᠩ ᠤᠨ ︽ᠲᠦᠷᠪᠡ ᠶᠢ ᠬᠢᠵᠠᠭᠠᠷᠯᠠᠬᠤ︾ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠶᠢ ᠨᠡᠮᠡᠭᠳᠡᠭᠦᠯᠬᠦ | ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ | ︵ᠭᠤᠷᠪᠠ︶ ᠬᠤᠷᠢᠭ᠎ᠠ ᠱᠤᠭᠤᠮ ᠤᠨ ᠰᠡᠳᠬᠢᠬᠦᠶ ᠶᠢ ᠴᠢᠩᠭᠠᠷᠠᠭᠤᠯᠵᠤ᠂ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠦᠷ᠎ᠡ ᠪᠦᠲᠦᠮᠵᠢ ᠭᠠᠷᠭᠠᠨ᠎ᠠ᠃ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠦᠭᠰᠢᠭᠦᠷᠢ ᠶᠢᠨ ᠦᠵᠡᠯ | ᠤᠬᠠᠮᠰᠠᠷ ᠢ ᠴᠢᠩᠭᠠᠷᠠᠭᠤᠯᠤᠨ᠂ ᠠᠮᠤᠷ ᠲᠦᠪᠰᠢᠨ ᠪᠠᠶᠢᠬᠤ ᠦᠶ᠎ᠡ ᠳᠡᠭᠡᠨ ᠲᠦᠭᠰᠢᠭᠦᠷᠢ ᠶᠢ ᠮᠠᠷᠲᠠᠬᠤ ᠥᠬᠡᠶ᠂ | ᠪᠣᠷᠣᠭᠠᠨ ᠠᠴᠠ ᠡᠮᠦᠨ᠎ᠡ ᠪᠡᠯᠡᠳᠬᠡᠯ ᠬᠢᠬᠦ ᠬᠡᠷᠡᠭᠲᠡᠶ᠃ ᠵᠠᠰᠠᠭ ᠤᠨ ᠣᠷᠳᠣᠨ ᠤ ᠥᠷᠢ ᠥᠭᠴᠡᠭᠡ ᠶᠢᠨ | ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ | ᠬᠡᠷᠡᠭᠵᠢᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠡᠳ᠋ ᠤᠨ ᠵᠠᠰᠠᠭ ᠤᠨ ᠲᠥᠰᠦᠪ ᠤᠨ | ᠪᠠᠯᠠ ᠮᠥᠩᠭᠦ᠂ ᠦᠯᠡᠳᠡᠭᠡᠯ ᠪᠠᠯᠠ ᠮᠥᠩᠭᠦ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠠᠰᠢᠭ ᠣᠷᠣᠯᠭ᠎ᠠ᠂ | ᠰᠤᠯᠠ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠯᠵᠢᠭᠦᠯᠦᠨ ᠬᠤᠳᠠᠯᠳᠤᠭᠰᠠᠨ᠂ ᠳᠡᠭᠡᠳᠦ | ᠱᠠᠲᠤᠨ ᠤ ᠲᠤᠰᠬᠠᠶ ᠵᠦᠢᠯ ᠢᠶᠠᠷ ᠰᠢᠯᠵᠢᠭᠦᠯᠦᠨ ᠥᠭᠬᠦ᠂ ᠡᠳ᠋ ᠤᠨ ᠵᠠᠰᠠᠭ ᠤᠨ ᠨᠡᠮᠡᠭᠳᠡᠯ ᠤᠨ ᠬᠡᠰᠡᠭ ᠢ ᠡᠮᠬᠢᠯᠡᠨ | ᠨᠡᠶᠢᠯᠡᠭᠦᠯᠦᠭᠰᠡᠨ᠂ ᠰᠢᠶᠠᠩ ᠪᠠᠯᠭᠠᠰᠤ ᠶᠢᠨ ᠰᠠᠯᠠᠭ᠎ᠠ ᠮᠥᠴᠢᠷ ᠤᠨ ᠲᠠᠩᠰᠠᠨ ᠡᠷᠦᠬᠡ ᠶᠢᠨ ᠦᠯᠡᠳᠡᠪᠦᠷᠢ ᠪᠠᠯᠠ | ᠮᠥᠩᠭᠦ ᠶᠢ ᠡᠮᠬᠢᠯᠡᠨ ᠨᠡᠶᠢᠯᠡᠭᠦᠯᠦᠭᠰᠡᠨ ᠵᠡᠷᠭᠡ ᠠᠷᠭ᠎ᠠ ᠬᠡᠮᠵᠢᠶ᠎ᠡ ᠶᠢ ᠠᠪᠴᠤ᠂ ᠣᠨ ᠤ ᠥᠷᠢ ᠥᠭᠴᠡᠭᠡ ᠶᠢ | ᠠᠷᠢᠯᠭᠠᠬᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠵᠠᠰᠠᠭ ᠤᠨ ᠣᠷᠳᠣᠨ ᠤ ᠴᠢᠨᠠᠷᠲᠠᠶ ᠪᠡᠯᠡ | ᠣᠷᠣᠭᠤᠯᠤᠯᠲᠠ᠂ ᠪᠡᠯᠡ ᠲᠤᠬᠢᠷᠠᠭᠤᠯᠭ᠎ᠠ ᠶᠢᠨ ᠵᠦᠢᠯᠡᠰ ᠤᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ | ᠡᠯ᠎ᠡ ᠲᠦᠷᠦᠯ ᠤᠨ ᠪᠡᠯᠡ ᠣᠷᠣᠭᠤᠯᠤᠯᠲᠠ ᠶᠢᠨ ᠵᠦᠢᠯᠡᠰ ᠤᠨ ᠬᠡᠯᠡᠯᠴᠡᠭᠡᠷ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠳᠠᠯᠳᠠ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠰᠡᠷᠭᠡᠶᠢᠯᠡᠨ᠎ᠡ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ | ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠤᠬᠠᠭᠤᠯᠵᠤ ᠬᠥᠲᠥᠯᠥᠨ | ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠤᠰᠤ ᠪᠠᠷ ᠵᠢᠭᠡᠯᠡᠯᠭᠡ ᠲᠠᠯᠪᠢᠬᠤ᠂ ᠬᠠᠤᠯᠢ ᠪᠤᠰᠤ ᠪᠠᠷ ᠪᠡᠯᠡ | ᠮᠥᠩᠭᠦ ᠴᠤᠭᠯᠠᠭᠤᠯᠬᠤ᠂ ᠬᠠᠤᠯᠢ ᠪᠤᠰᠤ ᠪᠠᠷ ᠬᠠᠳᠠᠭᠠᠯᠠᠮᠵᠢ ᠲᠠᠲᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠵᠠᠯᠬᠠᠭᠠᠨ ᠰᠢᠢᠳᠬᠡᠨ᠎ᠡ᠃ | ᠬᠤᠶᠠᠷ᠂ ᠪᠦᠲᠦᠴᠡ ᠳᠤ ᠲᠣᠬᠢᠷᠠᠭᠤᠯᠤᠯᠲᠠ ᠬᠢᠵᠦ᠂ ᠳᠡᠭᠡᠭᠰᠢᠯᠡᠯᠲᠡ ᠶᠢ ᠠᠬᠢᠭᠤᠯᠵᠤ᠂ ᠠᠵᠤ ᠦᠢᠯᠡᠰ ᠤᠨ | ᠰᠢᠰᠲ᠋ᠧᠮᠵᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠤᠨ᠎ᠠ | ︵ᠨᠢᠭᠡ︶ ᠦᠨᠳᠦᠰᠦ ᠶᠢ ᠪᠠᠬᠢᠵᠢᠭᠦᠯᠦᠨ ᠰᠢᠨ᠎ᠡ ᠶᠢ ᠪᠤᠶᠢᠵᠢᠭᠤᠯᠵᠤ᠂ ᠠᠮᠢ ᠠᠬᠤᠶ ᠶᠢᠨ ᠲᠠᠷᠢᠶᠠᠯᠠᠩ ᠮᠠᠯ | ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠪᠠᠶᠢᠭᠤᠯᠤᠨ᠎ᠠ᠃ ᠪᠣᠬᠢᠷᠲᠤᠯ ᠥᠬᠡᠶ ᠪᠠᠷ | ᠲᠠᠷᠢᠶᠠᠯᠠᠩ ᠢ ᠬᠥᠭᠵᠢᠭᠦᠯᠬᠦ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ᠂ ᠤᠨᠴᠠᠯᠢᠭᠳᠤ | ᠳᠠᠷᠢᠵᠤ ᠦᠷᠡᠵᠢᠭᠦᠯᠬᠦ ᠦᠢᠯᠡᠰ ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠨᠠᠷᠠᠲᠤ ᠲᠡᠮᠳᠡᠭᠵᠢᠯᠲᠡ ᠶᠢᠨ | ᠬᠥᠭᠵᠢᠯᠲᠡ ᠶᠢ ᠬᠦᠴᠦᠯᠡᠨ ᠠᠬᠢᠭᠤᠯᠵᠤ᠂ ᠭᠤᠷᠪᠠᠨ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ | ᠪᠠᠷᠢᠮᠵᠢᠶᠠᠵᠢᠭᠤᠯᠤᠭᠰᠠᠨ ᠠᠵᠤ ᠦᠢᠯᠡᠰ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠠᠰᠤᠷᠠᠯᠳᠠ | ᠥᠭᠡᠢ ᠲᠥᠯᠬᠢᠨ ᠠᠬᠢᠭᠤᠯᠤᠨ᠎ᠠ᠃ ᠬᠤᠭᠤᠯᠠᠢ ᠠᠭᠤᠯᠠ᠂ ᠳᠡᠭᠡᠷ᠎ᠡ ᠲᠣᠬᠤᠢ᠂ ᠬᠠᠷᠠᠭᠤᠯ ᠪᠠᠯᠭᠠᠰᠤᠨ ᠤ | ᠬᠦᠯᠡᠮᠵᠢ ᠶᠢᠨ ᠥᠨᠳᠥᠷ ᠪᠦᠲᠦᠮᠵᠢᠲᠡᠶ ᠡᠵᠡᠩᠨᠡᠯᠲᠡ ᠶᠢ ᠬᠦᠴᠦᠯᠡᠨ ᠠᠬᠢᠭᠤᠯᠵᠤ᠂ ᠢᠳᠡᠭᠡᠨ ᠤ ᠮᠥᠭᠦ᠂ ᠬᠦᠢᠲᠡᠨ | ᠰᠡᠷᠢᠭᠦᠨ ᠢᠳᠡᠰᠢᠨ ᠨᠣᠭᠤᠭ᠎ᠠ᠂ ᠠᠮᠲᠠᠲᠤ ᠬᠡᠮᠬᠡ ᠶᠢᠨ ᠭᠦᠵᠡᠯᠵᠡᠭᠡᠨ᠎ᠡ ᠳᠠᠷᠢᠬᠤ ᠶᠢ ᠰᠠᠶᠢᠲᠤᠷ ᠲᠣᠭᠲᠠᠪᠤᠷᠢᠵᠢᠭᠤᠯᠵᠤ | ᠂ ᠡᠭᠦᠯᠳᠡᠷ᠂ ᠲᠠᠷᠭᠤᠯᠠᠭᠤᠯᠬᠤ ᠪᠣᠷᠲᠣᠭᠤᠷ ᠡᠮ ᠤᠨ ᠵᠦᠢᠯ ᠢ ᠬᠢᠵᠠᠭᠠᠷᠯᠠᠬᠤ ᠶᠢ ᠤᠯᠠᠮ ᠨᠢᠭᠡ ᠠᠯᠬᠤᠮ ᠥᠷᠭᠡᠳᠬᠡᠨ | ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ︔ ᠠᠮᠢ ᠠᠬᠤᠶ ᠶᠢᠨ ᠬᠡᠯᠪᠡᠷᠢ ᠶᠢᠨ᠂ | ᠪᠣᠬᠢᠷᠲᠤᠯ ᠥᠬᠡᠶ ᠬᠡᠯᠪᠡᠷᠢ ᠶᠢᠨ ᠲᠠᠷᠢᠶᠠᠯᠠᠩ ᠤᠨ ᠠᠵᠤ ᠦᠢᠯᠡᠰ ᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ | ᠲᠥᠮᠥᠰᠥ ᠶᠢᠨ ᠤᠤᠯ ᠡᠭᠦᠯᠳᠡᠷ᠂ ᠲᠠᠸᠠᠷ ᠤᠨ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠳᠠᠷᠢᠬᠤ ᠲᠠᠯᠠᠪᠠᠶ ᠶᠢ 60 ᠲᠦᠮᠡᠨ | ᠮᠥ ᠳᠤ ᠲᠣᠭᠲᠠᠪᠤᠷᠢᠵᠢᠭᠤᠯᠤᠨ᠎ᠠ᠃ ᠨᠣᠬᠠᠶ ᠶᠢᠨ ᠬᠤᠰᠢᠭᠤ ᠶᠢᠨ ᠭᠤᠤᠯ ᠵᠢᠱᠢᠶ᠎ᠡ ᠦᠵᠡᠭᠦᠯᠬᠦ ᠣᠷᠣᠨ ᠳᠤ 6 | ᠲᠦᠮᠡᠨ ᠮᠥ ᠳᠠᠷᠢᠵᠤ᠂ ᠲᠠᠷᠢᠶᠠᠴᠢᠨ ᠡᠷᠦᠬᠡ ᠶᠢ ᠳᠠᠶᠢᠴᠢᠯᠠᠨ 20 ᠲᠦᠮᠡᠨ ᠮᠥ ᠳᠠᠷᠢᠭᠤᠯᠤᠨ᠎ᠠ᠃ ᠬᠢᠲᠠᠳ ᠡᠮ ᠤᠨ | ᠮᠠᠲ᠋ᠧᠷᠢᠶᠠᠯ ᠤᠨ ᠰᠠᠭᠤᠷᠢᠨ ᠭᠠᠵᠠᠷ ᠤᠨ ᠲᠠᠷᠢᠮᠠᠯ ᠢ 3.5 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ︔ | ᠠᠯᠠᠰᠢᠨ ᠬᠤᠨᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠲᠡᠵᠢᠭᠡᠯ ᠡᠪᠡᠰᠦ ᠪᠣᠷᠳᠣᠭᠠᠨ ᠤ ᠠᠮᠤᠷ ᠲᠦᠪᠰᠢᠨ ᠤ ᠬᠢᠨᠠᠨ ᠡᠵᠡᠮᠳᠡᠬᠦ ᠶᠢ ᠴᠢᠩᠭᠠᠷᠠᠭᠤᠯᠤᠨ᠂ | ᠵᠢᠯ ᠤᠨ ᠳᠣᠲᠣᠷ᠎ᠠ 75 ᠲᠦᠮᠡᠨ ᠠᠯᠠᠰᠢᠨ ᠬᠤᠨᠢ᠂ 4500 ᠠᠯᠠᠰᠢᠨ ᠦᠬᠡᠷ᠂ 5000 ᠰᠠᠭᠠᠯᠢ ᠶᠢᠨ ᠦᠨᠢᠶ᠎ᠡ | ᠲᠡᠵᠢᠭᠡᠨ ᠦᠷᠡᠵᠢᠭᠦᠯᠦᠨ᠎ᠡ᠃ ᠡᠬᠢ ᠡᠭᠦᠰᠦᠯ ᠤᠨ ᠪᠣᠭᠤᠮᠲᠠ ᠶᠢ ᠬᠦᠴᠦᠯᠡᠨ ᠰᠠᠶᠢᠲᠤᠷ ᠠᠳᠬᠤᠵᠤ᠂ ᠠᠮᠢ | ᠠᠬᠤᠢ ᠶᠢᠨ ᠫᠠᠶᠢᠰᠠ ᠶᠢ ᠰᠠᠶᠢᠲᠤᠷ ᠡᠷᠭᠦᠵᠦ᠂ ᠪᠣᠬᠢᠷᠲᠤᠯ ᠦᠭᠡᠢ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠴᠣᠭᠴᠠᠯᠠᠨ᠎ᠠ᠃ ᠲᠠᠷᠢᠶᠠᠯᠠᠩ ᠤᠨ ᠠᠵᠤ ᠦᠢᠯᠡᠰᠵᠢᠭᠦᠯᠦᠨ ᠬᠥᠭᠵᠢᠭᠦᠯᠬᠦ ᠬᠡᠯᠬᠢᠶ᠎ᠡ ᠶᠢ ᠲᠠᠰᠤᠷᠠᠯᠲᠠ ᠦᠭᠡᠢ | ᠤᠷᠲᠤᠳᠬᠠᠨ᠎ᠠ᠃ ᠤᠨᠴᠠᠯᠢᠭᠳᠤ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠡᠬᠢ ᠬᠠᠨᠳᠤᠯᠭ᠎ᠠ ᠲᠠᠢ ᠪᠠᠷ ᠬᠡᠯᠬᠢᠶ᠎ᠡ ᠪᠠᠶᠢᠭᠤᠯᠵᠤ᠂ ᠬᠡᠯᠬᠢᠶ᠎ᠡ ᠶᠢ ᠨᠥᠬᠦᠪᠥᠷᠢᠯᠡᠵᠦ᠂ ᠬᠡᠯᠬᠢᠶ᠎ᠡ ᠶᠢ ᠴᠢᠩᠭᠠᠳᠬᠠᠵᠤ᠂ | ᠠᠮᠢ ᠠᠬᠤᠶ ᠶᠢᠨ ᠪᠣᠬᠢᠷᠲᠤᠯ ᠦᠭᠡᠶ ᠠᠵᠤ ᠦᠢᠯᠡᠰ ᠢ ᠳᠡᠮᠵᠢᠨ ᠪᠤᠶᠢᠵᠢᠭᠤᠯᠵᠤ᠂ ᠲᠥᠮᠥᠰᠥ᠂ ᠢᠳᠡᠭᠡᠨ ᠤ ᠮᠥᠭᠦ᠂ | ᠨᠣᠬᠠᠶ ᠶᠢᠨ ᠬᠤᠰᠢᠭᠤ᠂ ᠰᠠᠭᠠᠭ᠂ ᠬᠢᠲᠠᠳ ᠮᠣᠩᠭᠤᠯ ᠡᠮ ᠤᠨ ᠮᠠᠲ᠋ᠧᠷᠢᠶᠠᠯ᠂ ᠠᠯᠠᠰᠢᠨ ᠬᠤᠨᠢ ᠠᠯᠠᠰᠢᠨ ᠦᠬᠡᠷ ᠤᠨ | ᠠᠵᠤ ᠦᠢᠯᠡᠰ ᠤᠨ ᠲᠠᠰ ᠳᠡᠪᠰᠢᠬᠦ ᠶᠢ ᠶᠡᠬᠡᠪᠡᠷ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠨᠠᠷᠢᠯᠢᠭ ᠡᠳ᠋ᠰᠢᠭᠦᠯᠬᠦ | ᠲᠠᠯ᠎ᠠ ᠪᠠᠷ᠂ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠳᠠᠷᠢᠵᠤ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠤᠨ ᠣᠷᠭᠠᠨᠢᠭ ᠬᠤᠯᠪᠣᠯᠳᠤᠯ ᠢ ᠦᠷᠭᠦᠯᠵᠢᠯᠡᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢ ᠳᠣᠤᠷᠠᠳᠤ | ᠤᠷᠤᠰᠬᠠᠯ ᠳᠠᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠡᠭᠡᠳᠦ ᠲᠠᠰ ᠳᠠᠰᠢ ᠳᠡᠭᠡᠭᠰᠢᠯᠡᠭᠦᠯᠬᠦ ᠶᠢ | ᠠᠬᠢᠭᠤᠯᠵᠤ᠂ ᠬᠥᠲᠥᠴᠢ ᠠᠵᠤ ᠠᠬᠤᠶᠢᠯᠠᠯ ᠤᠨ ᠤᠨᠴᠠᠯᠢᠭᠳᠤ ᠪᠣᠬᠢᠷᠲᠤᠯ ᠥᠬᠡᠶ ᠪᠦᠲᠦᠭᠡᠭᠳᠡᠬᠦᠨ ᠤ ᠪᠥᠬᠦ | ᠤᠯᠤᠰ ᠤᠨ ᠵᠠᠬ᠎ᠠ ᠳᠡᠯᠭᠡᠭᠦᠷ ᠳᠠᠰᠢ ᠬᠥᠭᠵᠢᠬᠦ ᠶᠢ ᠠᠬᠢᠭᠤᠯᠤᠨ᠎ᠠ᠃ ᠨᠠᠷᠠᠲᠤ ᠲᠡᠮᠳᠡᠭᠴᠢᠯᠡᠭᠰᠡᠨ ᠵᠠᠬ᠎ᠠ ᠳᠡᠯᠭᠡᠭᠦᠷ ᠤᠨ | ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠨ᠎ᠡ᠃ ᠨᠠᠷᠠᠲᠤ ᠲᠥᠷᠥᠯ ᠲᠡᠮᠳᠡᠭᠲᠦ ᠶᠢᠨ | ᠦᠵᠡᠯ ᠤᠬᠠᠮᠰᠠᠷ ᠢ ᠴᠢᠩᠭᠠᠷᠠᠭᠤᠯᠤᠨ᠂ ᠣᠷᠣᠭᠤᠯᠵᠤ ᠭᠠᠷᠭᠠᠬᠤ ᠦᠢᠯᠡᠳᠬᠦᠨ ᠤ ᠶᠠᠰᠤ ᠴᠢᠨᠠᠷ ᠢ ᠴᠢᠩᠭ᠎ᠠ | ᠬᠠᠮᠢᠶᠠᠷᠴᠤ᠂ ︽ ᠶᠤᠸᠠᠨ ᠸᠧᠢ ᠦᠴᠦᠸᠠᠨ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠣᠬᠢᠷᠲᠤᠯ ᠥᠬᠡᠶ ᠳᠠᠪᠠᠭᠤᠯᠢᠭ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠪᠠᠷᠢᠮᠵᠢᠶ᠎ᠠ ᠶᠢ ᠨᠢᠭᠡᠳᠬᠡᠨ᠂ ᠨᠠᠷᠠᠲᠤ ᠲᠥᠷᠥᠯ ᠲᠡᠮᠳᠡᠭᠲᠦ ᠶᠢ ᠨᠢᠭᠡᠳᠬᠡᠨ᠂ ᠨᠢᠭᠡᠳᠦᠯᠲᠡᠶ ᠡᠵᠡᠩᠨᠡᠨ ᠪᠣᠷᠣᠯᠠᠭᠤᠯᠤᠨ᠎ᠠ᠃ | 15 ᠭᠠᠵᠠᠷ ᠵᠦᠶ ᠶᠢᠨ ᠲᠡᠮᠳᠡᠭ ᠲᠠᠢ ᠪᠦᠲᠦᠭᠡᠭᠳᠡᠬᠦᠨ ᠤ ᠭᠡᠷᠡᠴᠢᠯᠡᠭᠡ ᠬᠢᠯᠭᠡᠬᠦ ᠪᠠᠷ ᠭᠤᠶᠤᠴᠢᠯᠠᠬᠤ ᠶᠢ | ᠢᠳᠡᠪᠬᠢᠲᠡᠶ ᠪᠠᠷ ᠠᠬᠢᠭᠤᠯᠵᠤ᠂ ᠣᠷᠣᠨ ᠤ ᠲᠥᠪ ᠲᠤ ᠬᠠᠨᠳᠤᠭᠤᠯᠤᠭᠰᠠᠨ ︽ᠢᠳᠡᠰᠢᠨ ᠨᠣᠭᠤᠭ᠎ᠠ︾ ᠶᠢᠨ | ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ︔ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ | ᠳᠠᠮᠵᠢᠭᠤᠯᠤᠨ᠂ ᠮᠧᠨ ᠳᠧᠦ ᠭᠸᠦ ᠴᠢᠨᠠᠭᠰᠢᠯᠠᠪᠠᠯ ᠪᠡᠭᠡᠵᠢᠩ ᠣᠷᠣᠨ ᠳᠠᠬᠢ ᠡᠵᠡᠩᠨᠡᠨ ᠪᠣᠷᠣᠯᠠᠭᠤᠯᠬᠤ ᠵᠠᠬ᠎ᠠ | ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠨ᠎ᠡ᠃ ᠡᠯᠧᠺᠲᠷᠣᠨ ᠬᠤᠳᠠᠯᠳᠤᠭᠠᠨ ᠤ ᠲᠠᠪᠴᠠᠩ ᠤᠨ ᠰᠢᠭᠤᠳ | ᠪᠣᠷᠣᠯᠠᠭᠤᠯᠭ᠎ᠠ ᠶᠢ ᠢᠳᠡᠪᠬᠢᠲᠡᠶ ᠳᠡᠯᠭᠡᠷᠡᠭᠦᠯᠵᠦ᠂ ᠲᠣᠰᠬᠤᠨ ᠤ ᠱᠠᠲᠤᠨ ᠤ ᠲᠣᠤᠷ ᠰᠦᠯᠵᠢᠶ᠎ᠡ ᠶᠢ | ᠲᠡᠭᠦᠯᠳᠡᠷᠵᠢᠭᠦᠯᠦᠨ᠂ ᠡᠵᠡᠩᠨᠡᠯᠲᠡ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢᠨ ᠳᠡᠯᠭᠡᠷᠡᠭᠦᠯᠦᠯᠲᠡ ᠶᠢ | ᠴᠢᠩᠭᠠᠳᠬᠠᠵᠤ᠂ ᠦᠴᠤᠸᠠᠨ ᠤ ᠥᠪᠡᠷᠮᠢᠴᠡ ᠣᠨᠴᠠᠯᠢᠭ ᠲᠠᠢ ᠪᠣᠬᠢᠷᠲᠤᠯ ᠥᠬᠡᠶ ᠪᠦᠲᠦᠭᠡᠭᠳᠡᠬᠦᠨ ᠤ ᠳᠦᠷᠢ | ᠲᠥᠷᠬᠦ ᠶᠢ ᠱᠤᠭᠤᠵᠤ᠂ ᠪᠥᠬᠦ ᠤᠯᠤᠰ ᠲᠤ ᠬᠠᠨᠳᠤᠭᠤᠯᠤᠭᠰᠠᠨ ᠰᠦᠯᠵᠢᠶᠡᠨ ᠳᠡᠭᠡᠷᠡᠬᠢ ᠵᠠᠮ ᠱᠤᠭᠤᠮ ᠢ ᠤᠯᠠᠮ | ᠨᠢᠭᠡ ᠠᠯᠬᠤᠮ ᠨᠡᠭᠡᠭᠡᠨ᠎ᠡ᠃ | ︵ᠬᠤᠶᠠᠷ︶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠵᠦ᠂ ᠪᠣᠬᠢᠷᠲᠤᠯ ᠥᠬᠡᠶ ᠠᠵᠤ | ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠪᠠᠶᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠡᠬᠢ ᠪᠠᠶᠠᠯᠢᠭ ᠤᠨ | ᠳᠠᠪᠠᠭᠤᠯᠢᠭ ᠲᠤ ᠲᠦᠰᠢᠭᠯᠡᠨ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ᠃ ᠲᠦᠷᠦᠯ ᠵᠦᠢᠯ ᠢᠶᠠᠷ | ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠠᠶᠢᠴᠢᠯᠠᠨ ᠠᠬᠢᠭᠤᠯᠤᠨ᠎ᠠ᠃ ᠬᠦᠴᠦᠨ ᠢᠶᠠᠨ ᠲᠥᠪᠯᠡᠷᠡᠭᠦᠯᠦᠨ ᠪᠣᠬᠢᠷᠲᠤᠯ | ᠥᠬᠡᠶ ᠢᠳᠡᠭᠡᠨ᠂ ᠠᠷᠢᠭᠤᠨ ᠴᠡᠪᠡᠷ ᠡᠨᠧᠷᠭᠢ ᠵᠡᠷᠭᠡ ᠭᠤᠤᠯᠯᠠᠭᠴᠢ ᠠᠵᠤ ᠠᠬᠤᠶᠢᠯᠠᠯ ᠢ ᠲᠡᠳᠬᠦᠨ | ᠪᠤᠵᠠᠭᠠᠶᠢᠷᠠᠭᠤᠯᠵᠤ᠂ ᠶᠠᠨ ᠬᠥ᠋ ᠹᠠᠩ᠂ ᠰᠢᠩ ᠨᠦᠩ ᠲᠠᠢ ᠬᠤᠸᠠ᠂ ᠶᠠᠨ ᠴᠢᠶᠤᠤ ᠶᠤᠸᠠᠨ᠂ ᠬᠤᠸᠠ ᠭᠤᠸᠠᠨ | ᠲᠥᠷᠥᠯ ᠵᠦᠢᠯ ᠢ ᠡᠵᠡᠩᠨᠡᠯᠲᠡ ᠳᠤ ᠣᠷᠣᠭᠤᠯᠬᠤ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠰᠢ ᠪᠸᠢ ᠶᠢᠨ | ᠬᠤᠶᠠᠳᠤᠭᠠᠷ ᠬᠤᠭᠤᠴᠠᠭ᠎ᠠ᠂ ᠫᠦ᠋ ᠵᠧᠨ ᠴᠠᠭᠠᠨ ᠢᠳᠡᠭᠡᠨ᠂ ᠵᠢᠶᠧ ᠲᠠᠢ ᠨᠦᠸᠧ ᠢᠳᠡᠭᠡᠨ ᠤ ᠰᠫᠢᠷᠲ᠂ ᠷᠠᠰᠢᠶᠠᠨ | ᠡᠮ ᠤᠨ ᠵᠦᠢᠯᠡᠰ᠂ ᠰᠠᠨ ᠽᠢ ᠡᠮ ᠤᠨ ᠵᠦᠢᠯᠡᠰ᠂ ᠶᠢᠦ ᠯᠢ ᠺᠠ ᠴᠠᠭᠠᠨ ᠢᠳᠡᠭᠡᠨ᠂ ᠶᠤᠸᠠᠨ ᠲᠤᠩ ᠪᠤᠯᠭᠤᠭᠰᠠᠨ | ᠮᠢᠬᠠᠨ ᠢᠳᠡᠭᠡᠨ ᠵᠡᠷᠭᠡ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠳᠥᠯᠭᠢᠨ | ᠠᠬᠢᠭᠤᠯᠤᠨ᠎ᠠ᠃ ᠠᠷᠢᠭᠤᠨ ᠴᠡᠪᠡᠷ ᠡᠨᠧᠷᠭᠢ ᠶᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠂ ᠭᠦᠸᠧ ᠯᠦᠩ | ᠰᠢᠨ᠎ᠡ ᠡᠨᠧᠷᠭᠢ ᠶᠢᠨ ᠰᠤᠷᠪᠤᠯᠵᠢ᠂ ᠮᠧᠩ ᠲᠢᠶᠠᠨ ᠰᠠᠯᠬᠢᠨ ᠡᠨᠧᠷᠬᠢ᠂ ᠮᠧᠩ ᠨᠧᠩ ᠪᠣᠯᠤᠨ ᠳ᠋ᠦᠩ ᠹᠠᠩ ᠰᠠᠯᠬᠢᠨ | ᠬᠦᠴᠦᠨ ᠤ ᠴᠠᠬᠢᠯᠭᠠᠨ ᠤ ᠲᠦᠷᠦᠯ ᠵᠦᠢᠯ ᠤᠨ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠯᠬᠢᠨ | ᠠᠬᠢᠭᠤᠯᠵᠤ᠂ ᠰᠠᠯᠬᠢᠨ ᠶᠡᠬᠡᠲᠡᠶ᠂ ᠤᠯᠤᠰ ᠤᠨ ᠴᠠᠬᠢᠯᠭᠠᠨ ᠤ ᠠᠷᠢᠭᠤᠨ ᠴᠡᠪᠡᠷ ᠢᠯᠴᠢ ᠬᠠᠩᠭᠠᠬᠤ ᠲᠦᠷᠦᠯ ᠵᠦᠢᠯ | ᠪᠣᠯᠤᠨ ᠲᠢᠶᠠᠨ ᠬᠤᠢ ᠰᠠᠯᠬᠢᠨ ᠲᠠᠷᠠᠬᠠᠶ ᠪᠤᠲᠠᠷᠬᠠᠶ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ | ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠬᠥᠬᠡᠬᠤᠲᠠ ᠴᠠᠬᠢᠯᠭᠠᠨ | ᠦᠷᠲᠡᠭᠡ ᠵᠢᠨᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠵᠣᠬᠢᠴᠠᠭᠤᠯᠤᠨ ᠲᠦᠯᠬᠢᠨ ᠠᠬᠢᠭᠤᠯᠤᠨ᠎ᠠ᠃ ᠭᠦᠸᠧ ᠷᠦᠩ ᠲᠡᠮᠳᠡᠭᠲᠦ ᠶᠢᠨ ᠺᠣᠮᠫᠠᠨᠢ ᠶᠢᠨ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠨ᠎ᠡ᠃ ᠨᠥᠬᠦᠴᠡᠯ ᠪᠦᠷᠢᠳᠦᠭᠦᠯᠦᠭᠰᠡᠨ ᠠᠵᠤ ᠠᠬᠤᠶᠢᠯᠠᠯ ᠤᠨ ᠪᠣᠬᠢᠷᠲᠤᠯ ᠥᠭᠡᠢ | ᠠᠭᠤᠷᠬᠠᠶ ᠶᠢᠨ ᠪᠥᠳᠥᠭᠡᠨ ᠪᠠᠶᠢᠭᠤᠯᠤᠯᠲᠠ ᠥᠷᠨᠢᠭᠦᠯᠬᠦ ᠶᠢ ᠢᠳᠡᠪᠬᠢᠲᠡᠶ ᠪᠠᠷ ᠲᠥᠯᠬᠢᠨ ᠠᠬᠢᠭᠤᠯᠤᠨ᠎ᠠ᠃ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠵᠤ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠲᠠᠪᠴᠠᠩ ᠢ ᠡᠭᠦᠳᠦᠨ | ᠪᠠᠶᠢᠭᠤᠯᠤᠨ᠎ᠠ᠃ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠵᠠᠰᠠᠨ | ᠨᠠᠶᠢᠷᠠᠭᠤᠯᠬᠤ ᠠᠵᠢᠯ ᠢ ᠪᠡᠶᠡᠯᠡᠭᠦᠯᠵᠦ᠂ ︽ᠦᠬᠦᠰᠢᠷᠡᠮᠡᠯ︾ ᠠᠵᠤ ᠠᠬᠤᠶᠢᠯᠠᠯ ᠢ ᠪᠠᠶᠢᠴᠠᠭᠠᠨ ᠴᠡᠭᠴᠡᠯᠡᠬᠦ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠰᠤᠯᠠ ᠪᠠᠶᠢᠭ᠎ᠠ ᠭᠠᠵᠠᠷ ᠰᠢᠷᠣᠶ ᠶᠢ ᠬᠠᠤᠯᠢ ᠲᠣᠭᠲᠠᠭᠠᠯ ᠶᠣᠰᠣᠭᠠᠷ ᠬᠤᠷᠢᠶᠠᠨ | ᠠᠪᠴᠤ᠂ ᠲᠥᠷᠥᠯ ᠵᠦᠢᠯ ᠢ ᠣᠷᠣᠭᠤᠯᠤᠨ ᠠᠪᠴᠢᠷᠠᠬᠤ ᠳᠤ ᠣᠷᠣᠨ ᠵᠠᠶ ᠭᠠᠷᠭᠠᠵᠤ᠂ ᠠᠵᠤ ᠦᠢᠯᠡᠰ ᠢ | ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠨ᠂ ᠭᠤᠮ ᠰᠦᠯᠢᠶᠣᠣ ᠭᠦᠶᠦᠯᠲᠡ ᠶᠢᠨ ᠵᠠᠮ᠂ ᠰᠢᠨ᠎ᠡ | ᠬᠡᠯᠪᠡᠷᠢ ᠶᠢᠨ ᠪᠠᠷᠢᠯᠭ᠎ᠠ ᠶᠢᠨ ᠣᠷᠴᠢᠨ ᠲᠣᠭᠤᠷᠢᠨ ᠢ ᠬᠠᠮᠠᠭᠠᠯᠠᠬᠤ ᠮᠠᠲ᠋ᠧᠷᠢᠶᠠᠯ ᠤᠨ ᠲᠥᠷᠥᠯ ᠵᠦᠢᠯ ᠤᠨ | ᠠᠰᠢᠭᠯᠠᠯᠲᠠ ᠳᠤ ᠣᠷᠣᠬᠤ᠂ ᠮᠠᠰᠢᠨ ᠲᠥᠬᠦᠭᠡᠷᠦᠮᠵᠢ ᠦᠢᠯᠡᠳᠬᠦ ᠲᠥᠷᠥᠯ ᠵᠦᠢᠯ ᠤᠨ ᠠᠵᠢᠯ ᠡᠬᠢᠯᠡᠬᠦ ᠶᠢ | ᠢᠳᠡᠪᠬᠢᠲᠡᠶ ᠠᠬᠢᠭᠤᠯᠤᠨ᠎ᠠ᠃ ᠠᠯᠲᠠᠨ ᠭᠤᠷᠪᠠᠯᠵᠢᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ᠂ | ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ | ᠠᠵᠢᠯ ᠢ ᠪᠡᠶᠡᠯᠡᠭᠦᠯᠵᠦ᠂ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠢᠳᠡᠭᠡᠨ ᠤ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂ ᠠᠵᠤ ᠠᠬᠤᠶᠢᠯᠠᠯ ᠤᠨ | ᠵᠥᠪᠰᠢᠶᠡᠷᠡᠨ ᠣᠷᠣᠭᠤᠯᠬᠤ ᠪᠣᠭᠤᠮᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠶᠢ ᠴᠢᠩᠭ᠎ᠠ | ᠠᠳᠬᠤᠵᠤ᠂ ᠪᠠᠶᠢᠭᠤᠯᠵᠤ ᠪᠠᠶᠢᠭ᠎ᠠ ᠲᠥᠷᠥᠯ ᠵᠦᠢᠯ᠂ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠡᠵᠡᠩᠨᠡᠯᠲᠡ ᠶᠢ ᠲᠦᠷᠭᠡᠳᠬᠡᠨ ᠠᠬᠢᠭᠤᠯᠵᠤ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠳᠠᠶᠢᠴᠢᠯᠠᠬᠤ ᠰᠢᠨ᠎ᠡ ᠲᠠᠪᠴᠠᠩ ᠢ ᠬᠦᠴᠦᠯᠡᠨ ᠪᠣᠶ ᠪᠣᠯᠭᠠᠨ᠎ᠠ᠃ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠪᠠᠷ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠤᠨ᠎ᠠ᠃ ᠪᠣᠬᠢᠷᠲᠤᠯ | ᠥᠬᠡᠶ ᠬᠦᠴᠦᠷᠬᠡᠭ ᠰᠢᠶᠠᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠠᠵᠤ ᠦᠢᠯᠡᠰ ᠤᠨ ᠠᠮᠢ | ᠠᠬᠤᠶᠢᠵᠢᠯᠲᠠ᠂ ᠠᠮᠢ ᠠᠬᠤᠶ ᠶᠢᠨ ᠠᠵᠤ ᠦᠶᠢᠯᠡᠰᠵᠢᠯᠲᠡ ᠶᠢ ᠪᠠᠷᠢᠮᠲᠠᠯᠠᠵᠤ᠂ ᠠᠵᠤ ᠦᠢᠯᠡᠰ ᠤᠨ | ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠪᠠᠯᠠ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠠᠵᠤ | ᠦᠢᠯᠡᠰ ᠤᠨ ᠬᠤᠯᠪᠣᠭᠳᠠᠯ ᠢᠶᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠨᠢᠭᠡ ᠪᠦᠯᠦᠭ ᠪᠣᠬᠢᠷᠲᠤᠯ ᠥᠬᠡᠶ | ᠲᠥᠷᠥᠯ ᠵᠦᠢᠯ ᠢ ᠬᠦᠴᠦᠯᠡᠨ ᠣᠷᠣᠭᠤᠯᠵᠤ᠂ ︽ᠳᠥᠷᠪᠡᠨ ᠣᠯᠠᠨ ᠳᠥᠷᠪᠡᠨ ᠴᠥᠭᠡᠨ︾ ᠳᠤ ᠬᠤᠯᠪᠣᠭᠳᠠᠭᠰᠠᠨ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠣᠬᠢᠷᠠᠭᠤᠯᠤᠯᠲᠠ ᠬᠢᠬᠦ ᠶᠢ ᠲᠦᠷᠭᠡᠳᠬᠡᠨ ᠠᠬᠢᠭᠤᠯᠤᠨ᠎ᠠ᠃ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ᠂ ᠴᠡᠪᠡᠷ ᠡᠨᠧᠷᠭᠢ᠂ ᠵᠢᠭᠤᠯᠴᠢᠯᠠᠯ ᠤᠨ ᠨᠡᠭᠡᠭᠡᠨ | ᠬᠥᠭᠵᠢᠭᠦᠯᠦᠯᠲᠡ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ | ︽ᠬᠥᠬᠡᠬᠤᠲᠠ ᠪᠤᠭᠤᠲᠤ ᠣᠷᠳᠣᠰ︾ ᠢᠶᠠᠷ ᠲᠥᠪ ᠪᠣᠯᠭᠠᠵᠤ᠂ ︽ᠪᠡᠭᠡᠵᠢᠩ ᠲᠢᠶᠠᠨᠵᠢᠨ ᠾᠧᠪᠸᠢ︾ ᠵᠡᠷᠭᠡ | ᠭᠤᠤᠯᠳᠠᠯᠭ᠎ᠠ ᠲᠠᠢ ᠣᠷᠣᠨ ᠪᠦᠰᠡ ᠶᠢ ᠨᠥᠯᠥᠭᠡᠯᠡᠨ᠂ ᠬᠤᠳᠠᠯᠳᠤᠭᠠᠴᠢᠨ ᠤᠷᠢᠬᠤ ᠲᠣᠤᠷ ᠰᠦᠯᠵᠢᠶ᠎ᠡ ᠶᠢ | ᠲᠦᠷᠭᠡᠳᠬᠡᠨ ᠪᠠᠶᠢᠷᠢᠰᠢᠭᠤᠯᠵᠤ᠂ ᠠᠵᠤ ᠦᠢᠯᠡᠰ ᠤᠨ ᠰᠢᠯᠵᠢᠯᠲᠡ ᠶᠢ ᠮᠥᠷᠳᠡᠨ ᠵᠣᠯᠭᠠᠭᠤᠯᠬᠤ ᠬᠡᠷᠡᠭᠲᠡᠶ᠃ ᠪᠥᠬᠦ | ᠠᠵᠢᠯᠲᠠᠨ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ | ᠠᠬᠤᠶᠢᠯᠠᠯ ᠢᠶᠠᠷ ᠠᠵᠤ ᠠᠬᠤᠶᠢᠯᠠᠯ ᠢ ᠲᠠᠲᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠤᠬᠠᠭᠤᠯᠤᠨ | ᠲᠠᠨᠢᠯᠴᠠᠭᠤᠯᠬᠤ ᠠᠷᠭ᠎ᠠ ᠵᠠᠮ ᠢ ᠥᠷᠭᠡᠳᠬᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠮᠡᠳᠡᠭᠡ ᠵᠠᠩᠭᠢ ᠶᠢ | ᠬᠠᠮᠲᠤᠪᠠᠷ ᠡᠳ᠋ᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ | ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠎ᠠ᠃ | ︵ᠭᠤᠷᠪᠠ︶ ᠬᠡᠷᠡᠭᠴᠡᠭᠡ ᠶᠢ ᠥᠷᠭᠡᠳᠬᠡᠨ ᠠᠮᠢᠳᠤᠯᠢᠭ ᠪᠣᠯᠭᠠᠵᠤ᠂ ᠦᠢᠯᠡᠴᠢᠯᠡᠭᠡᠨ ᠤ ᠬᠡᠯᠪᠡᠷᠢ ᠶᠢᠨ ᠠᠵᠤ | ᠦᠢᠯᠡᠰ ᠤᠨ ᠪᠦᠲᠦᠴᠡ ᠶᠢ ᠲᠦᠷᠭᠡᠳᠬᠡᠨ ᠪᠠᠶᠢᠭᠤᠯᠤᠨ᠎ᠠ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢᠶᠠᠷ | ᠪᠦᠲᠦᠴᠡ ᠶᠢ ᠳᠣᠭᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ | ᠪᠠᠷᠢᠮᠲᠠᠯᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠵᠡᠷᠭᠡ | ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠲᠦᠷᠭᠡᠨ ᠵᠠᠮ ᠳᠤ ᠣᠷᠣᠬᠤ ᠶᠢ ᠠᠬᠢᠭᠤᠯᠤᠨ᠎ᠠ᠃ | ᠵᠢᠭᠤᠯᠴᠢᠯᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠨᠠᠷᠢᠯᠢᠭ ᠪᠣᠯᠭᠠᠨ᠎ᠠ᠃ ᠬᠤᠪᠢᠰᠬᠠᠯ ᠤᠨ ᠪᠠ ᠪᠣᠬᠢᠷᠲᠤᠯ | ᠥᠬᠡᠶ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ᠂ ︽ᠦᠴᠤᠸᠠᠨ ᠰᠢᠶᠠᠨ ᠤ ᠪᠥᠬᠦ ᠣᠷᠣᠨ | ᠪᠦᠰᠡ ᠶᠢᠨ ᠵᠢᠭᠤᠯᠴᠢᠯᠠᠯ ᠤᠨ ᠶᠡᠷᠦᠩᠬᠡᠶ ᠲᠥᠯᠥᠪᠵᠢᠭᠦᠯᠭᠡ︾ ᠶᠣᠰᠣᠭᠠᠷ᠂ ᠬᠤᠪᠢᠰᠬᠠᠯ ᠤᠨ ᠭᠧᠨ᠂ ᠣᠶ ᠰᠢᠭᠤᠶ | ᠨᠤᠲᠤᠭ ᠪᠡᠯᠴᠢᠭᠡᠷ᠂ ᠬᠥᠳᠡᠭᠡ ᠨᠤᠲᠤᠭ ᠤᠨ ᠥᠩᠭᠡ ᠦᠵᠡᠮᠵᠢ᠂ ᠠᠭᠤᠷ ᠠᠮᠢᠰᠬᠤᠯ ᠬᠦᠢᠲᠡᠨ ᠰᠡᠷᠢᠭᠦᠨ ᠡᠬᠢ | ᠪᠠᠶᠠᠯᠢᠭ ᠤᠨ ᠳᠠᠪᠠᠭᠤᠯᠢᠭ ᠢ ᠭᠦᠨᠵᠡᠭᠡᠶ ᠠᠭᠤᠳᠠᠯᠵᠤ᠂ ︽ᠠᠮᠢ ᠠᠬᠤᠶ + ᠰᠣᠶᠣᠯ + ᠵᠢᠭᠤᠯᠴᠢᠯᠠᠯ︾ ᠤᠨ ᠠᠵᠤ | ᠠᠬᠤᠶ ᠶᠢ ᠶᠡᠬᠡᠪᠡᠷ ᠬᠥᠭᠵᠢᠭᠦᠯᠵᠦ᠂ ᠥᠪᠡᠷᠮᠢᠴᠡ ᠣᠨᠴᠠᠯᠢᠭ ᠲᠠᠢ ︽ᠬᠤᠪᠢᠰᠬᠠᠯ ᠤᠨ ᠵᠢᠵᠢᠭ ᠪᠠᠯᠭᠠᠰᠤ︾ ︽ | ᠰᠡᠯᠡᠭᠦᠴᠡᠯ ᠤᠨ ᠵᠢᠵᠢᠭ ᠪᠠᠯᠭᠠᠰᠤ︾ ︽ᠠᠮᠢ ᠠᠬᠤᠶ ᠶᠢᠨ ᠵᠢᠵᠢᠭ ᠪᠠᠯᠭᠠᠰᠤ︾ ᠶᠢᠨ ᠵᠢᠭᠤᠯᠴᠢᠯᠠᠯ ᠤᠨ ᠬᠤᠲᠠ | ᠪᠠᠯᠭᠠᠰᠤ ᠶᠢ ᠴᠣᠭᠴᠠᠯᠠᠨ ᠪᠠᠶᠢᠭᠤᠯᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠬᠦᠴᠦᠯᠡᠨ | ᠠᠬᠢᠭᠤᠯᠤᠨ᠎ᠠ᠃ ᠬᠠᠳᠠᠭ ᠤᠨ ᠥᠨᠳᠦᠷᠯᠢᠭ ᠤᠨ ᠦᠵᠡᠮᠵᠢ ᠶᠢᠨ ᠣᠷᠣᠨ ᠤ ᠡᠳ᠋ ᠬᠥᠷᠥᠩᠭᠡ ᠶᠢ ᠳᠠᠬᠢᠨ ᠵᠣᠬᠢᠶᠠᠨ | ᠪᠠᠶᠢᠭᠤᠯᠬᠤ᠂ ᠭᠦᠨᠵᠡᠭᠡᠶ ᠨᠡᠭᠡᠭᠡᠨ ᠬᠥᠭᠵᠢᠭᠦᠯᠬᠦ ᠵᠢᠴᠢ ᠨᠠᠭᠤᠷ ᠤᠨ ᠬᠢᠷ᠎ᠠ ᠶᠢᠨ ᠥᠨᠳᠥᠷ ᠠᠭᠤᠯᠠ ᠶᠢᠨ ᠲᠠᠯ᠎ᠠ | ᠨᠤᠲᠤᠭ ᠤᠨ ᠬᠤᠳᠠᠯᠳᠤᠭᠠᠴᠢᠨ ᠤᠷᠢᠬᠤ ᠠᠵᠢᠯ ᠢ ᠰᠠᠶᠢᠲᠤᠷ ᠬᠢᠨ᠎ᠠ᠃ ︽ᠳᠠᠯᠠᠨ ᠬᠠᠷ᠎ᠠ ᠠᠭᠤᠯᠠ ᠶᠢᠨ | ᠵᠢᠭᠤᠯᠴᠢᠯᠠᠯ ᠤᠨ ᠥᠷᠲᠡᠭᠡ︾ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ | ᠤᠨᠴᠠᠯᠢᠭᠳᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ᠎ᠠ᠃ ᠰᠡᠯᠡᠭᠦᠴᠡᠯ ᠤᠨ | ᠦᠢᠯᠡᠴᠢᠯᠡᠭᠡᠨ ᠤ ᠬᠡᠯᠪᠡᠷᠢ ᠶᠢᠨ ᠠᠵᠤ ᠦᠢᠯᠡᠰ ᠢ ᠪᠣᠳᠠᠲᠠᠶᠢᠵᠢᠭᠤᠯᠤᠨ ᠠᠮᠢᠳᠤᠯᠢᠭ ᠪᠣᠯᠭᠠᠨ᠎ᠠ᠃ ᠰᠡᠯᠡᠭᠦᠴᠡᠯ ᠤᠨ | ᠲᠠᠷᠢᠶᠠᠯᠠᠩ ᠤᠨ ᠲᠠᠯᠠᠪᠠᠶ ᠶᠢ ᠲᠦᠷᠭᠡᠳᠬᠡᠨ ᠪᠤᠶᠢᠵᠢᠭᠤᠯᠵᠤ᠂ ᠲᠠᠷᠢᠶᠠᠯᠠᠩ᠂ ᠤᠨᠴᠠᠯᠢᠬᠳᠤ ᠠᠷᠠᠳ ᠤᠨ ᠣᠷᠣᠨ | ᠰᠠᠭᠤᠴᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠤᠩᠭᠤᠵᠤ᠂ ᠣᠳᠣᠨ ᠲᠠᠰ ᠤᠨ ᠬᠥᠳᠡᠭᠡ | ᠲᠣᠰᠬᠤᠨ ᠤ ᠵᠢᠭᠤᠯᠴᠢᠯᠠᠯ ᠤᠨ ᠴᠢᠬ᠂ ᠤᠯᠠᠭᠠᠨ ᠵᠢᠭᠤᠯᠴᠢᠯᠠᠯ ᠤᠨ 3A ᠲᠠᠰ ᠤᠨ ᠦᠵᠡᠮᠵᠢ ᠶᠢᠨ ᠣᠷᠣᠨ ᠤ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠷᠣᠨ ᠤ ᠲᠥᠪ ᠬᠤᠲᠠ ᠪᠣᠯᠤᠨ ᠡᠷᠬᠢᠨ | ᠲᠣᠭᠤᠷᠢᠨ ᠤ ᠬᠤᠰᠢᠭᠤ ᠰᠢᠶᠠᠨ ᠳᠤ ᠬᠠᠨᠳᠤᠭᠤᠯᠤᠨ᠂ ᠰᠣᠳᠣᠨ ᠵᠢᠭᠤᠯᠴᠢᠯᠠᠯ ᠤᠨ ᠣᠬᠤᠷ ᠱᠤᠭᠤᠮ ᠢ ᠨᠡᠭᠡᠭᠡᠨ | ᠬᠥᠭᠵᠢᠭᠦᠯᠵᠦ᠂ ᠬᠤᠪᠢᠰᠬᠠᠯ ᠤᠨ ᠰᠣᠶᠣᠯ᠂ ᠪᠡᠶ᠎ᠡ ᠰᠤᠪᠢᠯᠠᠯᠲᠠ ᠠᠮᠠᠷᠠᠯᠲᠠ᠂ ᠬᠡᠷ ᠤᠨ ᠭᠠᠳᠠᠨᠠᠬᠢ ᠬᠥᠳᠡᠯᠭᠡᠭᠡᠨ᠂ | ᠬᠥᠳᠡᠭᠡ ᠲᠣᠰᠬᠤᠨ ᠤ ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ | ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ | ᠣᠲᠣ ᠦᠶ᠎ᠡ ᠶᠢᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠡᠯᠪᠡᠷᠢ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠠᠷᠭ᠎ᠠ ᠮᠠᠶ᠋ᠢᠭ ᠢ ᠳᠡᠯᠭᠡᠷᠡᠭᠦᠯᠵᠦ᠂ ᠠᠷᠠᠯᠵᠢᠶ᠎ᠠ ᠬᠤᠳᠠᠯᠳᠤᠭᠠᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠲᠥᠷᠦᠯ ᠵᠦᠢᠯ ᠢ ᠲᠦᠭᠡᠮᠡᠯᠵᠢᠭᠦᠯᠦᠨ᠎ᠡ᠃ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭᠠᠨ ᠤ | ᠭᠦᠢᠯᠭᠡᠭᠡᠨ ᠤ ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠮᠥᠷᠭᠡᠯᠡᠨ ᠬᠠᠳᠠᠭᠠᠯᠠᠬᠤ | ᠳᠣᠭᠢᠷᠠᠭᠤᠯᠤᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠳᠡᠭᠡ | ᠲᠣᠰᠬᠤᠨ ᠳᠤ ᠠᠭᠤᠰᠤᠯᠴᠠᠬᠤ ᠶᠢ ᠲᠦᠷᠭᠡᠳᠬᠡᠨ ᠠᠬᠢᠭᠤᠯᠵᠤ᠂ ᠰᠢᠶᠠᠨ᠂ ᠰᠢᠶᠠᠩ᠂ ᠲᠣᠰᠬᠤᠨ ᠭᠤᠷᠪᠠᠨ | ᠱᠠᠲᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ | ᠰᠢᠰᠲ᠋ᠧᠮᠵᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠵᠠᠬ᠎ᠠ ᠳᠤ ᠭᠠᠷᠬᠤ ᠵᠠᠮ ᠱᠣᠭᠤᠮ ᠢ ᠰᠢᠯᠤᠭᠤᠳᠬᠠᠨ᠎ᠠ᠃ | ᠭᠤᠷᠪᠠ᠂ ᠢᠯᠠᠯᠲᠠ ᠶᠢᠨ ᠡᠷᠴᠢᠨ ᠳᠡᠭᠡᠷ᠎ᠡ ᠦᠢᠯᠡᠴᠢᠯᠡᠭᠡ ᠪᠠᠨ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠶᠢ | ᠡᠷᠢᠯᠬᠢᠯᠡᠵᠦ᠂ ᠥᠭᠡᠷᠡᠴᠢᠯᠡᠯᠲᠡ ᠨᠡᠭᠡᠭᠡᠯᠳᠡ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ︵ᠨᠢᠭᠡ︶ ᠵᠠᠩᠭᠢᠯᠠᠭ᠎ᠠ ᠶᠢ ᠡᠵᠡᠮᠳᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠡᠭᠡ ᠬᠠᠨᠳᠤᠰᠢ ᠳᠤ | ᠵᠣᠬᠢᠴᠠᠭᠤᠯᠤᠨ᠎ᠠ᠃ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠥᠭᠡᠷᠡᠴᠢᠯᠡᠯᠲᠡ ᠶᠢ | ᠲᠣᠭᠲᠠᠭᠤᠨ ᠢᠶᠠᠷ ᠥᠷᠨᠢᠭᠦᠯᠵᠦ᠂ ᠬᠢᠨᠠᠨ ᠵᠥᠪᠰᠢᠶᠡᠷᠡᠬᠦ ᠡᠷᠬᠡ ᠲᠤᠰᠢᠶᠠᠯ ᠢ ᠡᠮᠬᠢᠯᠡᠨ ᠨᠡᠶᠢᠯᠡᠭᠦᠯᠵᠦ᠂ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ | ᠪᠣᠳᠠᠲᠠᠶᠢᠵᠢᠭᠤᠯᠬᠤ︾ ᠶᠢ ᠨᠠᠶᠢᠳᠠᠪᠤᠷᠢᠵᠢᠭᠤᠯᠵᠤ᠂ ︽ᠢᠨᠲ᠋ᠧᠷ ᠰᠦᠯᠵᠢᠶ᠎ᠡ +︾ ᠶᠢᠨ ᠵᠠᠭᠪᠤᠷ ᠢ ᠪᠥᠬᠦ ᠲᠠᠯ᠎ᠠ ᠪᠠᠷ | ᠬᠡᠷᠡᠭᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ | ᠂ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠬᠠᠩᠭᠠᠯᠭ᠎ᠠ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠨ᠎ᠠ᠃ ᠰᠢᠶᠠᠩ ᠪᠠᠯᠭᠠᠰᠤᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠬᠥᠳᠡᠭᠡ ᠲᠣᠰᠬᠤᠨ ᠤ | ᠭᠤᠣᠯᠳᠠᠯᠭ᠎ᠠ ᠲᠠᠢ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠢ | ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠶ ᠶᠢᠨ ︽ᠭᠤᠷᠪᠠᠨ ᠡᠷᠬᠡ ᠶᠢ ᠰᠠᠯᠭᠠᠬᠤ︾ | ᠶᠢ ᠢᠳᠡᠪᠬᠢᠲᠡᠶ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠵᠢᠴᠢ | ᠡᠷᠭᠢᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ | ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠦᠨ᠎ᠡ᠃ ᠬᠥᠳᠡᠭᠡ ᠲᠣᠰᠬᠤᠨ ᠤ ᠭᠡᠷ ᠪᠠᠶᠢᠰᠢᠩ ᠭᠠᠵᠠᠷ ᠰᠢᠷᠣᠶ ᠶᠢ | ᠨᠢᠭᠡ ᠴᠤᠭᠴᠠᠵᠢᠭᠤᠯᠤᠨ ᠲᠠᠩᠰᠠᠯᠠᠨ ᠦᠨᠡᠮᠯᠡᠯ ᠣᠯᠭᠤᠬᠤ ᠶᠢ ᠲᠦᠷᠭᠡᠪᠴᠢᠯᠡᠨ ᠠᠬᠢᠭᠤᠯᠵᠤ᠂ ᠬᠠᠮᠲᠤ ᠶᠢᠨ ᠡᠳ᠋ | ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠯᠠᠭᠠᠨ ᠢ ᠦᠨᠡᠨ ᠬᠦ ᠴᠢᠩᠭᠠᠳᠬᠠᠵᠤ᠂ ᠲᠠᠷᠢᠶᠠᠴᠢᠳ ᠤᠨ ᠡᠳ᠋ | ᠬᠦᠷᠦᠩᠭᠡ ᠶᠢᠨ ᠴᠢᠨᠠᠷᠲᠠᠶ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ | ︵ᠬᠤᠶᠠᠷ︶ ᠦᠢᠯᠡᠴᠢᠯᠡᠭᠡ ᠪᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢ ᠪᠣᠶ ᠪᠣᠯᠭᠠᠨ᠎ᠠ᠃ ᠦᠢᠯᠡᠴᠢᠯᠡᠭᠡᠨ ᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ︽ᠬᠥᠮᠦᠨ ᠪᠦᠬᠦᠨ ᠴᠥᠮ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠬᠥᠮᠦᠨ ᠪᠦᠬᠦᠨ ᠬᠦᠴᠦᠨ | ᠴᠢᠳᠠᠯ ᠢᠶᠠᠨ ᠡᠷᠭᠦᠬᠦ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠦᠢᠯᠡᠴᠢᠯᠡᠭᠡᠨ ᠤ ᠴᠣᠩᠬᠤ ᠪᠠᠷ | ᠭᠤᠤᠯᠳᠠᠯᠭ᠎ᠠ ᠪᠣᠯᠭᠠᠨ᠂ ᠣᠯᠠᠨ ᠲᠦᠮᠡᠨ ᠳᠤ ᠬᠠᠨᠳᠤᠭᠤᠯᠤᠨ᠂ ᠠᠵᠤ ᠠᠬᠤᠶᠢᠯᠠᠯ ᠳᠤ ᠬᠠᠨᠳᠤᠭᠤᠯᠵᠤ᠂ ︽ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠰᠤᠷᠲᠠᠯ ᠢ ᠰᠢᠯᠢᠳᠡᠭᠵᠢᠭᠦᠯᠬᠦ ᠪᠠᠶᠢᠭᠤᠯᠤᠯᠲᠠ ᠶᠢᠨ ᠣᠨ︾ ᠤ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠠᠩ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠬᠠᠲᠠᠭᠤ | ᠣᠷᠴᠢᠨ ᠲᠣᠭᠤᠷᠢᠨ ᠪᠠ ᠵᠥᠭᠡᠯᠡᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠨ᠎ᠠ᠃ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠬᠤᠪᠢᠷᠠᠭᠤᠯᠤᠨ᠂ ︽ᠰᠢᠯ ᠡᠭᠦᠳᠡ︾ ᠶᠢ ᠡᠪᠳᠡᠵᠦ᠂ ︽ᠡᠷᠭᠢᠯᠳᠦᠭᠡ ᠡᠭᠦᠳᠡ︾ ᠶᠢ | ᠨᠤᠷᠠᠭᠠᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠦᠨ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠳᠣᠲᠣᠨᠣ᠂ ᠴᠡᠪᠡᠷ︾ ᠰᠢᠨ᠎ᠡ ᠮᠠᠶ᠋ᠢᠭ ᠤᠨ ᠵᠠᠰᠠᠭ ᠤᠨ | ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠠᠵᠤ ᠠᠬᠤᠶᠢᠯᠠᠯ ᠤᠨ ᠬᠦᠴᠢᠷ | ᠵᠣᠪᠠᠭᠤᠷᠢ ᠶᠢ ᠰᠢᠢᠳᠪᠦᠷᠢᠯᠡᠨ ᠪᠣᠳᠠᠲᠠᠶ ᠠᠵᠢᠯ ᠬᠢᠵᠦ᠂ ᠭᠠᠳᠠᠨ᠎ᠠ ᠠᠴᠠ ᠢᠷᠡᠭᠰᠡᠨ ᠠᠵᠤ ᠠᠬᠤᠶᠢᠯᠠᠯ ᠤᠨ | ᠰᠠᠭᠤᠷᠢᠰᠢᠨ ᠰᠠᠭᠤᠷᠢᠰᠢᠬᠤ ᠶᠢ ᠪᠠᠲᠤᠯᠠᠵᠤ᠂ ᠲᠤᠰ ᠭᠠᠵᠠᠷ ᠣᠷᠣᠨ ᠤ ᠪᠠᠨ ᠠᠵᠤ ᠠᠬᠤᠶᠢᠯᠠᠯ ᠤᠨ ᠬᠥᠭᠵᠢᠨ | ᠪᠤᠵᠠᠭᠠᠢᠢᠷᠠᠬᠤ ᠶᠢ ᠲᠡᠳᠬᠦᠨ ᠲᠡᠮᠵᠢᠨ᠎ᠠ᠃ | ︵ᠭᠤᠷᠪᠠ︶ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ | ᠲᠡᠳᠬᠦᠨ ᠪᠤᠵᠠᠭᠠᠶᠢᠷᠠᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ | ᠵᠣᠷᠢᠭᠵᠢᠭᠤᠯᠤᠨ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ︽ᠥᠪᠡᠷ ᠤᠨ ᠬᠥᠮᠦᠨ︾ ︽ᠬᠡᠷ ᠤᠨ ᠬᠥᠮᠦᠨ︾ ᠪᠣᠯᠵᠣ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠦᠨᠳᠦᠳᠬᠡᠨ᠂ ᠠᠵᠤ ᠠᠬᠤᠶᠢᠯᠠᠯᠲᠠᠨ ᠢ ᠬᠦᠨᠳᠦᠳᠬᠡᠵᠦ᠂ ᠲᠥᠷᠥᠯ | ᠵᠦᠢᠯ ᠢ ᠨᠠᠶᠢᠳᠠᠪᠤᠷᠢᠵᠢᠭᠤᠯᠬᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠠᠮᠠᠯᠠᠯᠲᠠ ᠪᠠᠨ ᠪᠡᠶᠡᠯᠡᠭᠦᠯᠬᠦ ᠵᠡᠷᠭᠡ | ᠠᠵᠤ ᠠᠬᠤᠶᠢᠯᠠᠯ ᠤᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠠᠰᠠᠭᠤᠳᠠᠯ ᠢ ᠦᠨᠡᠨᠬᠦ ᠰᠠᠶᠢᠲᠤᠷ | ᠰᠢᠢᠳᠪᠦᠷᠢᠯᠡᠨ᠎ᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠤᠨ᠎ᠠ᠃ | ᠰᠢᠶᠠᠨ ᠤ ᠱᠠᠲᠤᠨ ᠤ ᠤᠳᠤᠷᠢᠳᠤᠯᠭ᠎ᠠ ᠶᠢᠨ ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠬᠠᠷᠢᠯᠴᠠᠵᠤ ᠬᠠᠪᠰᠤᠷᠤᠨ | ᠲᠡᠳᠬᠦᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠪᠢ ᠬᠢᠶ᠎ᠡ᠂ ᠳᠠᠷᠦ᠋ᠢᠬᠠᠨ ᠭᠦᠢᠴᠡᠳᠬᠡᠬᠦ︾ ᠶᠢ | ᠬᠡᠷᠡᠭᠵᠢᠭᠦᠯᠦᠨ᠂ ᠠᠮᠠᠯᠠᠯᠲᠠ ᠶᠢ ᠴᠢᠬᠤᠯᠠᠴᠢᠯᠠᠨ ᠦᠨᠡᠨᠴᠢ ᠢᠲᠡᠭᠡᠮᠵᠢᠲᠡᠶ ᠪᠠᠶᠢᠬᠤ ᠶᠢ ᠡᠷᠬᠢᠮᠯᠡᠵᠦ᠂ | ᠦᠢᠯᠡᠴᠢᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠮᠥᠩᠭᠦᠨ ᠭᠦᠢᠯᠭᠡᠭᠡᠨ ᠢᠶᠠᠷ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠡᠮᠵᠢᠬᠦ ᠭᠤᠤᠯ ᠰᠢᠪᠲᠤᠯᠤᠯᠲᠠ ᠶᠢᠨ | ᠴᠢᠭᠯᠡᠯ ᠢ ᠲᠣᠭᠲᠠᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ᠂ | ᠪᠠᠯᠠ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠲᠦᠷᠪᠡ᠂ ᠲᠣᠭᠲᠠᠯ ᠬᠦᠴᠦᠨ ᠢᠶᠠᠨ ᠪᠠᠲᠤᠯᠠᠵᠤ ᠰᠠᠭᠤᠷᠢ ᠶᠢ ᠪᠠᠲᠤᠳᠬᠠᠨ᠂ ᠰᠢᠪᠲᠤᠯᠤᠯᠲᠠ ᠶᠢ ᠡᠷᠢᠯᠬᠢᠯᠡᠵᠦ | ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ | ︵ᠨᠢᠭᠡ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠠᠬᠢᠭᠤᠯᠤᠨ᠎ᠠ᠃ ᠰᠢ ᠶᠢᠨ ᠫᠢᠩ ᠤᠨ | ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠲᠤᠤᠱᠯᠠᠭᠤᠯᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠡᠭᠡ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠬᠢᠨ ᠬᠠᠮᠠᠭᠠᠯᠠᠵᠤ᠂ ᠠᠮᠢ | ᠠᠬᠤᠢ ᠶᠢᠨ ᠪᠠᠶᠢᠭᠤᠯᠤᠯᠲᠠ ᠶᠢᠨ ᠡᠷᠴᠢᠮ ᠢ ᠴᠢᠨᠠᠭᠰᠢᠳᠠ ᠴᠢᠩᠭᠠᠷᠠᠭᠤᠯᠤᠨ᠎ᠠ᠃ 5840 ᠲᠦᠮᠡᠨ ᠲᠥᠭᠦᠷᠢᠭ ᠤᠨ | ᠪᠠᠯᠠ ᠣᠷᠣᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠣᠶ ᠶᠢᠨ | ᠬᠠᠯᠬᠠᠪᠴᠢ ᠣᠶ ᠪᠠᠷ ᠭᠤᠤᠯᠳᠠᠯᠭ᠎ᠠ ᠪᠣᠯᠭᠠᠨ᠂ ᠴᠢᠬᠤᠯᠠ ᠶᠡᠭᠡ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ | ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠣᠶᠢᠵᠢᠭᠤᠯᠤᠭᠰᠠᠨ ᠲᠠᠯᠠᠪᠠᠶ 13.6 ᠲᠦᠮᠡᠨ ᠮᠥ ᠬᠦᠷᠴᠡᠶ︔ 4.5 | ᠲᠦᠮᠡᠨ ᠮᠥ ᠬᠦᠨᠳᠦ ᠬᠡᠮᠵᠢᠶᠡᠨ ᠤ ᠮᠠᠭᠤᠵᠢᠷᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠵᠠᠰᠠᠬᠤ ᠪᠠᠷ ᠢᠳᠡᠪᠬᠢᠲᠡᠶ | ᠴᠢᠷᠮᠠᠶᠢᠪᠠ︔ 2018 ᠣᠨ᠂ 2019 ᠣᠨ ᠤ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠨᠥᠬᠦᠵᠦ ᠳᠠᠷᠢᠬᠤ | ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠦᠨ᠎ᠡ᠃ 4050 ᠲᠦᠮᠡᠨ ᠲᠥᠭᠦᠷᠢᠭ ᠤᠨ ᠪᠠᠯᠠ ᠣᠷᠣᠭᠤᠯᠵᠤ᠂ 80 | ᠲᠡᠭᠰᠢ ᠳᠥᠷᠪᠡᠯᠵᠢᠨ ᠺᠢᠯᠣᠮᠧᠲᠷ ᠤᠨ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ | ᠪᠠᠯᠭᠠᠰᠤᠨ ᠤ ᠳᠣᠲᠣᠷᠠᠬᠢ ᠨᠣᠭᠤᠭᠠᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠲᠣᠭᠤᠷᠢᠭ ᠤᠨ | ᠴᠡᠴᠡᠷᠯᠢᠭ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠪᠠ ᠵᠠᠮ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ | ᠰᠢᠨ᠎ᠡ ᠪᠠᠷ ᠬᠡᠷᠡᠭᠵᠢᠭᠦᠯᠦᠨ᠎ᠡ᠃ | ︵ᠬᠤᠶᠠᠷ︶ ︽ᠬᠥᠬᠡᠮᠳᠦᠭ ᠠᠭᠤᠯᠠ ᠶᠢ ᠨᠣᠭᠤᠭᠠᠷᠠᠭᠤᠯᠵᠤ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ | ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠣᠭᠲᠠᠭᠤᠨ ᠢᠶᠠᠷ ᠬᠡᠷᠡᠭᠵᠢᠭᠦᠯᠵᠦ᠂ | ᠯᠠᠪᠳᠠᠭᠤᠨ ᠢᠶᠠᠷ ᠠᠬᠢᠭᠤᠯᠤᠨ᠎ᠠ᠃ ︽ᠬᠤᠶᠠᠷ ᠠᠭᠤᠯᠠ︾ ᠶᠢᠨ ᠣᠨᠣᠯ ᠢ ᠡᠷᠡᠰ ᠦᠢᠯᠡᠳᠦᠯᠭᠡᠵᠢᠭᠦᠯᠵᠦ᠂ ︽ᠨᠢᠭᠡ | ᠵᠢᠯ ᠳᠤ ᠰᠠᠭᠤᠷᠢ ᠲᠠᠯᠪᠢᠵᠤ᠂ ᠲᠠᠪᠤᠨ ᠵᠢᠯ ᠳᠤ ᠦᠷ᠎ᠡ ᠪᠦᠲᠦᠮᠵᠢ ᠣᠯᠵᠤ᠂ ᠲᠤᠯᠤᠭᠠᠨ ᠵᠢᠯ ᠳᠤ ᠥᠯᠢᠭᠡᠷ | ᠳᠠᠭᠤᠷᠢᠶᠠᠯ ᠪᠣᠯᠬᠤ︾ ᠱᠠᠭᠠᠷᠳᠠᠯᠭ᠎ᠠ ᠶᠣᠰᠣᠭᠠᠷ᠂ ᠳᠠᠯᠠᠨ ᠬᠠᠷ᠎ᠠ ᠠᠭᠤᠯᠠ ᠶᠢᠨ ᠠᠷᠤ ᠬᠥᠲᠥᠯ ᠤᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠰᠡᠷᠭᠦᠭᠡᠯᠲᠡ ᠪᠠᠷ ᠭᠤᠤᠯᠳᠠᠯᠭ᠎ᠠ ᠪᠣᠯᠭᠠᠨ᠂ ᠪᠣᠳᠠᠲᠠᠶ | ᠬᠡᠷᠡᠭᠵᠢᠭᠦᠯᠬᠦ ᠲᠥᠰᠦᠯ ᠪᠠ ᠣᠨ ᠤ ᠠᠬᠢᠭᠤᠯᠬᠤ ᠲᠥᠯᠥᠪᠯᠡᠭᠡ ᠶᠢ ᠲᠣᠭᠲᠠᠭᠠᠵᠤ᠂ ᠤᠯᠤᠰ ᠤᠨ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠰᠢᠭᠯᠡᠨ᠂ ᠣᠶᠢᠵᠢᠭᠤᠯᠵᠤ ᠨᠣᠭᠤᠭᠠᠷᠠᠭᠤᠯᠬᠤ ᠪᠠᠯᠠ | ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠠᠯᠬᠤᠴᠠ ᠶᠢ ᠲᠦᠷᠭᠡᠳᠬᠡᠨ᠎ᠡ᠃ ︽ᠳᠤᠷᠠᠰᠬᠠᠯ ᠤᠨ ᠣᠢ︾ ᠮᠣᠳᠣ ᠳᠠᠷᠢᠵᠤ ᠣᠶᠢᠵᠢᠭᠤᠯᠬᠤ ᠠᠵᠢᠯᠯᠠᠭ᠎ᠠ ᠶᠢᠨ | ᠲᠥᠰᠦᠯ ᠢ ᠲᠣᠭᠲᠠᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠶᠢᠵᠢᠭᠤᠯᠵᠤ ᠨᠣᠭᠤᠭᠠᠷᠠᠭᠤᠯᠬᠤ ᠳᠤ | ᠣᠷᠣᠯᠴᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠶ᠃ ᠳᠤᠮᠳᠠᠳᠤ | ᠤᠯᠤᠰ ᠤᠨ ᠨᠣᠭᠤᠭᠠᠷᠠᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ ᠯᠦᠭᠡ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ 900 ᠲᠦᠮᠡᠨ ᠲᠥᠭᠦᠷᠢᠭ ᠤᠨ ᠪᠠᠯᠠ ᠣᠷᠣᠭᠤᠯᠤᠨ ᠰᠢᠷᠭᠤᠯᠵᠢ ᠶᠢᠨ ᠣᠶ ᠰᠢᠭᠤᠶ ᠶᠢᠨ ᠲᠥᠷᠥᠯ | ᠵᠦᠢᠯ ᠢ ᠪᠡᠶᠡᠯᠡᠭᠦᠯᠵᠦ᠂ 200 ᠲᠦᠮᠡᠨ ᠴᠢᠴᠠᠷᠭᠠᠨ᠎ᠠ ᠳᠠᠷᠢᠨ᠎ᠠ᠃ ᠲᠦᠩ ᠶᠦᠩ ᠮᠡᠷᠭᠡᠵᠢᠯ ᠤᠨ ᠪᠦᠯᠦᠭᠯᠡᠯ᠂ | ᠮᠧᠩ ᠺᠦᠨ ᠺᠣᠮᠫᠠᠨᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳ᠋ᠧ ᠱᠧᠩ ᠭᠧᠤ ᠰᠢᠶᠠᠩ ᠤᠨ 1.5 | ᠲᠦᠮᠡᠨ ᠮᠥ ᠣᠶᠢᠵᠢᠭᠤᠯᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ︽ᠬᠥᠬᠡᠮᠳᠦᠭ ᠠᠭᠤᠯᠠ ᠶᠢ | ᠨᠣᠭᠤᠭᠠᠷᠠᠭᠤᠯᠵᠤ᠂ ᠤᠮᠠᠷᠠᠲᠤ ᠬᠢᠯᠢ ᠶᠢ ᠰᠠᠬᠢᠨ ᠬᠠᠮᠠᠭᠠᠯᠠᠬᠤ︾ ᠠᠵᠢᠯᠯᠠᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠷᠣᠨ ᠤ ᠲᠥᠪ ᠤᠨ ᠬᠤᠶᠢᠲᠤ ᠬᠡᠰᠡᠭ ᠤᠨ | ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ︵ᠭᠤᠷᠪᠠ︶ ᠬᠠᠮᠢᠶᠠᠷᠴᠤ ᠬᠠᠮᠠᠭᠠᠯᠠᠬᠤ ᠶᠢ ᠴᠢᠩᠭᠠᠷᠠᠭᠤᠯᠵᠤ᠂ ᠠᠮᠢ ᠠᠬᠤᠶ ᠶᠢᠨ ᠰᠢᠰᠲ᠋ᠧᠮ ᠤᠨ | ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠦᠴᠤᠸᠠᠨ ᠤ ᠬᠠᠷᠢᠶ᠎ᠠ ᠣᠷᠣᠨ ᠤ ᠭᠤᠤᠯ ᠣᠷᠣᠨ᠂ ᠵᠠᠪᠰᠠᠷ ᠤᠨ ᠣᠷᠣᠨ ᠤ ᠠᠮᠢ ᠠᠬᠤᠶ ᠶᠢᠨ ᠠᠷᠠᠳ ᠢ | ᠨᠡᠭᠦᠯᠭᠡᠬᠦ ᠲᠥᠯᠥᠪᠵᠢᠭᠦᠯᠭᠡ ᠶᠢ ᠲᠣᠭᠲᠠᠭᠠᠵᠤ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ 5 ᠵᠠᠰᠠᠭ ᠵᠠᠬᠢᠷᠭᠠᠨ ᠤ | ᠲᠣᠰᠬᠤᠨ᠂ 24 ᠠᠶᠢᠯ ᠲᠣᠰᠬᠤᠨ ᠤ ᠠᠮᠢ ᠠᠬᠤᠶ ᠶᠢᠨ ᠠᠷᠠᠳ ᠢ ᠨᠡᠭᠦᠯᠭᠡᠬᠦ ᠶᠢ ᠠᠬᠢᠭᠤᠯᠤᠨ᠎ᠠ᠃ ᠪᠠᠷᠠᠭᠤᠨ | ᠬᠤᠶᠢᠲᠤ ᠣᠷᠣᠨ ᠤ ᠰᠠᠯᠬᠢᠨ ᠳᠤ ᠡᠯᠡᠭᠳᠡᠵᠦ ᠡᠯᠡᠰᠦᠷᠬᠡᠭᠵᠢᠭᠰᠡᠨ ᠣᠷᠣᠨ ᠤ ︽ᠪᠠᠭᠠᠰᠬᠠᠨ ᠰᠢᠯᠵᠢᠭᠦᠯᠬᠦ᠂ | ᠲᠥᠪᠯᠡᠷᠡᠭᠦᠯᠦᠨ ᠬᠥᠭᠵᠢᠭᠦᠯᠬᠦ︾ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠮᠢ ᠠᠬᠤᠶ ᠶᠢ ᠰᠡᠷᠭᠦᠭᠡᠬᠦ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ︽ᠬᠤᠶᠠᠷ ᠢ ᠰᠡᠷᠭᠡᠶᠢᠯᠡᠵᠦ | ᠨᠢᠭᠡ ᠶᠢ ᠴᠠᠭᠠᠵᠠᠯᠠᠬᠤ︾ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠪᠡᠯᠡᠳᠬᠡᠯ ᠲᠥᠰᠦᠯ ᠢ ᠴᠢᠩᠭ᠎ᠠ ᠬᠡᠷᠡᠭᠵᠢᠭᠦᠯᠦᠨ᠂ ᠵᠡᠭᠦᠨ ᠳᠤᠮᠳᠠ ᠪᠠᠷᠠᠭᠤᠨ ᠭᠤᠷᠪᠠᠨ ᠣᠷᠣᠨ | ᠪᠦᠰᠡ ᠶᠢ ᠬᠤᠪᠢᠶᠠᠷᠢᠯᠠᠵᠤ᠂ ᠭᠠᠯ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠢᠨᠠᠨ ᠬᠡᠮᠵᠢᠬᠦ | ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ︔ ᠬᠠᠮᠠᠭᠠᠯᠠᠯᠲᠠ ᠶᠢᠨ ᠣᠷᠣᠨ ᠤ ᠪᠡᠯᠴᠢᠭᠡᠷᠯᠡᠭᠦᠯᠬᠦ ᠶᠢ | ᠪᠥᠬᠦ ᠲᠠᠯ᠎ᠠ ᠪᠠᠷ ᠴᠠᠭᠠᠵᠠᠯᠠᠬᠤ ᠠᠵᠢᠯ ᠤᠨ ᠲᠥᠰᠦᠯ ᠢ ᠲᠣᠭᠲᠠᠭᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠨᠠᠩ | ᠴᠢᠩᠭ᠎ᠠ ᠠᠷᠭ᠎ᠠ ᠬᠡᠮᠵᠢᠶ᠎ᠡ ᠶᠢ ᠠᠪᠴᠤ᠂ ᠠᠮᠢ ᠠᠬᠤᠶ ᠶᠢᠨ ᠠᠷᠠᠳ ᠢ ᠨᠡᠭᠦᠯᠭᠡᠬᠦ᠂ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ᠂ ᠲᠡᠵᠢᠭᠡᠨ ᠦᠷᠡᠵᠢᠭᠦᠯᠬᠦ ᠲᠥᠷᠥᠯ ᠵᠦᠢᠯ ᠪᠠ | ᠦᠢᠯᠡᠳᠪᠦᠷᠢᠯᠡᠯ ᠤᠨ ᠪᠡᠯᠡᠳᠬᠡᠮᠵᠢ ᠶᠢ ᠳᠠᠭᠢᠵᠤ ᠦᠯᠡᠳᠡᠭᠡᠬᠦ ᠥᠬᠡᠶ᠂ ᠰᠢᠨ᠎ᠡ ᠪᠠᠷ ᠪᠠᠶᠢᠭᠤᠯᠵᠤ᠂ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ ᠬᠠᠮᠠᠭᠠᠯᠠᠨ᠎ᠠ᠃ | ᠲᠠᠪᠤ᠂ ᠰᠠᠭᠤᠷᠢ ᠶᠢ ᠪᠠᠲᠤᠳᠬᠠᠨ ᠴᠢᠳᠠᠮᠵᠢ ᠶᠢ ᠴᠢᠩᠭᠠᠳᠬᠠᠵᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ | ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠡᠭᠡ ᠪᠠᠶᠢᠷᠢᠰᠢᠯ ᠢ ᠦᠷᠭᠦᠯᠵᠢᠯᠡᠨ ᠴᠣᠭᠴᠠᠯᠠᠨ᠎ᠠ | ︵ᠨᠢᠭᠡ︶ ᠴᠢᠨᠠᠷ ᠴᠢᠨᠰᠠᠭ᠎ᠠ ᠶᠢ ᠴᠣᠭᠴᠠᠯᠠᠵᠤ᠂ ᠬᠤᠲᠠ ᠶᠢᠨ ᠬᠥᠭᠵᠢᠯᠲᠡ ᠶᠢᠨ ᠲᠠᠲᠠᠬᠤ ᠬᠦᠴᠦᠨ ᠢ | ᠳᠡᠭᠡᠭᠰᠢᠯᠡᠭᠦᠯᠦᠨ᠎ᠡ᠃ ᠣᠷᠣᠨ ᠤ ᠲᠥᠪ ᠤᠨ ︽ᠳᠠᠭᠠᠭᠤᠯᠢ ᠬᠤᠲᠠ︾ ᠶᠢᠨ ᠬᠥᠭᠵᠢᠯᠲᠡ ᠶᠢᠨ ᠪᠠᠶᠢᠷᠢ | ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠬᠤᠲᠠ ᠪᠠᠯᠭᠠᠰᠤ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠤᠲᠠ | ᠪᠠᠯᠭᠠᠰᠤ ᠶᠢᠨ ᠦᠨᠦᠷ ᠠᠮᠲᠠ ᠶᠢ ᠳᠡᠭᠡᠭᠰᠢᠯᠡᠭᠦᠯᠦᠨ᠂ ᠴᠡᠴᠡᠷᠯᠢᠭᠵᠢᠭᠦᠯᠦᠨ ᠨᠣᠭᠤᠭᠠᠷᠠᠭᠤᠯᠬᠤ᠂ ᠠᠮᠢ ᠠᠬᠤᠶ ᠶᠢᠨ | ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ 380 ᠲᠦᠮᠡᠨ ᠲᠥᠭᠦᠷᠢᠭ ᠤᠨ ᠪᠡᠯᠡ ᠣᠷᠣᠭᠤᠯᠵᠤ᠂ | ᠬᠤᠳᠠᠯᠳᠤᠭᠠᠨ ᠤ ᠵᠠᠮ ᠤᠨ ᠡᠮᠦᠨᠡᠬᠢ ᠬᠤᠲᠠ ᠶᠢᠨ ᠶᠠᠪᠤᠳᠠᠯ ᠤᠨ ᠵᠠᠮ ᠤᠨ ᠪᠦᠲᠦᠭᠡᠨ ᠪᠠᠢᠭᠤᠯᠤᠯᠲᠠ ᠶᠢ | ᠪᠡᠶᠡᠯᠡᠭᠦᠯᠦᠨ᠎ᠡ᠃ ᠳᠡᠭᠡᠳᠦ ᠱᠠᠲᠤᠨ ᠤ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠵᠡᠭᠦᠨ ᠭᠠᠳᠠᠷ | ᠲᠣᠭᠤᠷᠢᠭᠤᠯ ᠵᠠᠮ᠂ ᠯᠠᠯᠤ ᠶᠢᠨ ᠰᠦᠮ᠎ᠡ ᠶᠢᠨ ᠬᠤᠶᠢᠲᠤ ᠭᠤᠳᠤᠮᠵᠢ᠂ ᠫᠢᠩ ᠠᠨ ᠪᠠᠷᠠᠭᠤᠨ ᠵᠡᠭᠡᠯᠢ ᠵᠡᠷᠭᠡ 3 | ᠵᠤᠷᠪᠤᠰ ᠬᠤᠲᠠ ᠶᠢᠨ ᠶᠠᠪᠤᠳᠠᠯ ᠤᠨ ᠵᠠᠮ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠦᠨ᠎ᠡ᠃ ᠰᠢᠨ᠎ᠡ ᠪᠠᠷ | ᠪᠠᠶᠢᠭᠤᠯᠵᠤ ᠪᠣᠯᠬᠤ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠠᠴᠠ ᠡᠮᠦᠨ᠎ᠡ ᠠᠭᠤᠯᠠᠨ ᠤ | ᠴᠡᠴᠡᠷᠯᠢᠭ ᠬᠦᠷᠲᠡᠯᠡᠬᠢ ᠳᠤᠮᠳᠠᠬᠢ ᠤᠰᠤ ᠶᠢ ᠡᠭᠡᠭᠦᠯᠦᠨ ᠬᠤᠷᠢᠶᠠᠵᠤ ᠠᠰᠢᠭᠯᠠᠬᠤ ᠬᠤᠭᠤᠯᠠᠶ ᠶᠢᠨ ᠲᠣᠤᠷ ᠤᠨ | ᠢᠨᠵᠧᠨᠧᠷᠢᠩ ᠢ ᠪᠠᠶᠢᠭᠤᠯᠬᠤ ᠪᠠᠷ ᠴᠢᠷᠮᠠᠶᠢᠨ᠎ᠠ᠃ 5 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ | ᠢᠨᠵᠧᠨᠧᠷᠢᠩ ᠢ ᠪᠠᠯᠠ ᠣᠷᠣᠭᠤᠯᠤᠨ ᠬᠡᠷᠡᠭᠵᠢᠭᠦᠯᠬᠦ ᠪᠠᠷ ᠴᠢᠷᠮᠠᠶᠢᠨ᠎ᠠ᠃ ᠬᠤᠲᠠ ᠪᠠᠯᠭᠠᠰᠤ ᠶᠢᠨ ᠤᠰᠤ ᠬᠠᠩᠭᠠᠬᠤ | ᠵᠢᠴᠢ ᠪᠣᠬᠢᠷ ᠤᠰᠤ ᠰᠢᠢᠳᠪᠦᠷᠢᠯᠡᠬᠦ ᠶᠢ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠢᠳᠡᠪᠬᠢᠲᠡᠶ ᠪᠠᠷ ᠬᠠᠶᠢᠨ | ᠰᠦᠪᠡᠭᠴᠢᠯᠡᠨ᠎ᠡ᠃ ᠠᠳᠠᠯ ᠠᠬᠤᠶ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠦᠨ᠎ᠡ᠃ ᠣᠷᠤᠨ ᠤ | ᠲᠥᠪ ᠬᠤᠲᠠ ᠶᠢᠨ ︽ᠭᠤᠷᠪᠠᠨ ᠬᠤᠲᠠ ᠶᠢ ᠬᠠᠮᠲᠤ ᠳᠤᠨᠢ ᠴᠣᠭᠴᠠᠯᠠᠬᠤ︾ ᠶᠢᠨ ᠲᠣᠭᠤᠷᠢᠨ ᠳᠤ᠂ | ᠲᠣᠤᠷᠵᠢᠭᠤᠯᠤᠭᠰᠠᠨ᠂ ᠨᠠᠷᠢᠯᠢᠬᠵᠢᠭᠤᠯᠤᠭᠰᠠᠨ᠂ ᠪᠠᠶᠢᠩᠭᠤᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ | ᠦᠷᠭᠦᠯᠵᠢᠯᠡᠨ ᠬᠡᠷᠡᠭᠵᠢᠭᠦᠯᠵᠦ᠂ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ᠂ ᠣᠷᠣᠰᠢᠨ ᠰᠠᠭᠤᠬᠤ ᠳᠤ | ᠲᠣᠬᠢᠷᠠᠮᠵᠢᠲᠠᠶ ᠵᠢᠭᠠᠯᠲᠠ ᠲᠤᠭ᠎ᠠ ᠪᠠ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵ᠬᠤᠶᠠᠷ︶ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢ ᠨᠢᠭᠡᠳᠦᠯᠲᠡᠶ ᠲᠥᠯᠥᠪᠯᠡᠨ ᠰᠦᠪᠡᠭᠴᠢᠯᠡᠵᠦ ᠪᠥᠲᠥᠭᠡᠨ ᠪᠠᠶᠢᠭᠤᠯᠤᠨ᠎ᠠ᠃ ᠲᠥᠪ ᠤᠨ ᠬᠥᠳᠡᠭᠡ | ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠦᠴᠤᠸᠠᠨ ᠰᠢᠶᠠᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ︾ ᠶᠣᠰᠣᠭᠠᠷ᠂ | ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠨᠢᠭᠡ ᠴᠤᠬᠴᠠᠵᠢᠭᠤᠯᠤᠨ | ᠬᠥᠭᠵᠢᠭᠦᠯᠬᠦ ᠰᠢᠨ᠎ᠡ ᠬᠥᠳᠡᠯᠭᠡᠬᠦ ᠬᠦᠴᠦᠨ ᠢ ᠳᠠᠰᠤᠷᠠᠯᠳᠠ ᠦᠬᠡᠢ ᠳᠡᠭᠡᠭᠰᠢᠯᠡᠭᠦᠯᠦᠨ᠎ᠡ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠲᠠᠢ ᠤᠶᠠᠯᠳᠤᠭᠤᠯᠤᠨ᠂ ︽ᠭᠤᠷᠪᠠᠨ | ᠣᠷᠣᠨ ᠤ ᠬᠤᠪᠢᠶᠠᠷᠢᠯᠠᠯ︾ ᠶᠣᠰᠣᠭᠠᠷ᠂ ︽ᠳᠥᠷᠪᠡᠨ ᠠᠵᠤ ᠦᠢᠯᠡᠰ ᠤᠨ ᠬᠡᠯᠬᠢᠶ᠎ᠡ︾᠂ ᠰᠣᠶᠣᠯ ᠤᠨ ᠵᠢᠭᠤᠯᠴᠢᠯᠠᠯ | ᠂ ᠠᠮᠢ ᠠᠬᠤᠶ ᠶᠢᠨ ᠨᠡᠭᠦᠳᠡᠯ ᠠᠷᠠᠳ ᠤᠨ ᠲᠣᠭᠤᠷᠢᠨ ᠳᠤ᠂ ᠣᠲᠣ ᠦᠶ᠎ᠡ ᠶᠢᠨ ᠠᠵᠤ ᠦᠢᠯᠡᠰ ᠤᠨ | ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠠᠵᠤ | ᠦᠢᠯᠡᠰ ᠤᠨ ᠬᠡᠪᠴᠢᠶᠡᠵᠢᠭᠰᠡᠨ᠂ ᠡᠷᠴᠢᠮᠵᠢᠭᠰᠡᠨ ᠬᠥᠭᠵᠢᠯᠲᠡ ᠶᠢ ᠳᠠᠶᠢᠴᠢᠯᠠᠨ᠎ᠠ᠃ ᠣᠢ ᠰᠢᠭᠤᠶ ᠶᠢᠨ ᠲᠣᠰᠬᠤᠨ | ᠪᠠᠯᠭᠠᠰᠤ ᠶᠢᠨ ᠪᠥᠳᠥᠭᠡᠨ ᠪᠠᠶᠢᠭᠤᠯᠤᠯᠲᠠ ᠶᠢ ᠬᠦᠴᠦᠯᠡᠨ ᠰᠠᠶᠢᠲᠤᠷ ᠠᠳᠬᠤᠨ᠎ᠠ᠃ ᠬᠥᠳᠡᠭᠡ ᠲᠣᠰᠬᠤᠨ ᠤ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ | ᠰᠠᠶᠢᠲᠤᠷ ᠬᠡᠷᠡᠭᠵᠢᠭᠦᠯᠵᠦ᠂ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ ᠠᠬᠢᠭᠤᠯᠵᠤ᠂ | ᠪᠠᠭᠠᠰᠤᠨ ᠪᠣᠬᠢᠷᠲᠤᠯ ᠢ ᠲᠥᠪᠯᠡᠷᠡᠭᠦᠯᠦᠨ ᠰᠢᠢᠳᠪᠦᠷᠢᠯᠡᠬᠦ ᠪᠡᠯᠡᠳᠬᠡᠮᠵᠢ ᠶᠢ ᠰᠠᠶᠢᠲᠤᠷ ᠠᠵᠢᠯᠯᠠᠭᠤᠯᠵᠤ᠂ ᠮᠠᠯ | ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠶᠢ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠲᠤ | ᠲᠦᠰᠢᠭᠯᠡᠨ ᠡᠰᠢ ᠰᠦᠷᠡᠯ ᠢ ᠤᠯᠠᠷᠢᠭᠤᠯᠤᠨ ᠠᠰᠢᠭᠯᠠᠬᠤ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠠᠳᠠᠭᠠᠶ | ᠰᠢᠲᠠᠭᠠᠬᠤ ᠶᠢ ᠴᠠᠭᠠᠵᠠᠯᠠᠨ᠎ᠠ᠃ ᠠᠶᠢᠯ ᠲᠣᠰᠬᠤᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯᠯᠠᠭ᠎ᠠ ᠶᠢ ᠰᠠᠶᠢᠲᠤᠷ | ᠵᠣᠬᠢᠶᠠᠨ ᠪᠠᠶᠢᠭᠤᠯᠵᠤ᠂ ᠲᠣᠰᠬᠤᠨ ᠤ ᠠᠷᠠᠳ ᠤᠨ ᠭᠡᠷ ᠣᠷᠣᠨ ᠢᠶᠠᠨ ᠭᠤᠶᠣᠯᠠᠬᠤ ᠤᠬᠠᠮᠰᠠᠷ ᠢ ᠳᠡᠭᠡᠭᠰᠢᠯᠡᠭᠦᠯᠵᠦ᠂ | ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ | ︵ᠭᠤᠷᠪᠠ︶ ᠭᠤᠣᠯᠳᠠᠯᠭ᠎ᠠ ᠶᠢ ᠠᠳᠬᠤᠵᠤ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ | ᠲᠠᠰᠤᠷᠠᠯᠳᠠ ᠦᠭᠡᠢ ᠰᠠᠶᠢᠵᠢᠷᠠᠭᠤᠯᠤᠨ᠎ᠠ᠃ ᠤᠯᠤᠰ ᠤᠨ ᠵᠠᠮ ᠤᠨ 209 ᠤᠨ ᠬᠥᠬᠡᠬᠤᠲᠠ ᠠᠴᠠ ᠦᠴᠦᠸᠠᠨ ᠬᠥᠷᠬᠦ | ᠬᠡᠰᠡᠭ ᠤᠨ ᠪᠥᠬᠦ ᠱᠤᠭᠤᠮ ᠤᠨ ᠠᠵᠢᠯᠯᠠᠭᠠᠨ ᠢ ᠢᠳᠡᠪᠬᠢᠲᠡᠶ ᠪᠠᠷ ᠵᠣᠬᠢᠴᠠᠭᠤᠯᠵᠤ᠂ ᠮᠤᠵᠢ ᠶᠢᠨ ᠵᠠᠮ ᠤᠨ 311 ᠤᠨ | ᠭᠠᠵᠠᠷ ᠲᠠᠲᠠᠪᠤᠷᠢᠯᠠᠬᠤ᠂ ᠨᠤᠷᠠᠭᠠᠵᠤ ᠨᠡᠭᠦᠯᠭᠡᠬᠦ ᠵᠡᠷᠭᠡ ᠪᠠᠲᠤᠯᠠᠭ᠎ᠠ ᠶᠢᠨ ᠠᠵᠢᠯ ᠢ ᠬᠠᠮᠵᠢᠯᠴᠠᠨ ᠰᠠᠶᠢᠲᠤᠷ ᠬᠢᠵᠦ᠂ | ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠨ᠎ᠠ᠃ 3430 ᠲᠦᠮᠡᠨ | ᠲᠥᠭᠦᠷᠢᠭ ᠤᠨ ᠪᠠᠯᠠ ᠣᠷᠣᠭᠤᠯᠵᠤ᠂ 3 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ | ᠪᠠᠶᠢᠭᠤᠯᠤᠨ᠎ᠠ᠃ ᠤᠰᠤᠨ ᠴᠥᠭᠦᠷᠥᠮ ᠤᠨ ᠬᠠᠮᠤᠭ ᠤᠨ ᠲᠣᠮᠣ ᠠᠶᠤᠯ ᠢ ᠠᠷᠢᠯᠭᠠᠨ ᠪᠠᠬᠢᠯᠡᠬᠦ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︽ᠭᠤᠷᠪᠠᠨ ᠣᠷᠣᠨ ᠭᠤᠷᠪᠠᠨ ᠱᠤᠭᠤᠮ︾ ᠤᠨ ᠶᠣᠰᠣᠭᠠᠷ᠂ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠠᠬᠢᠭᠤᠯᠤᠨ᠎ᠠ᠃ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ | ᠬᠤᠯᠪᠣᠭᠳᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠢ ᠨᠡᠭᠦᠯᠭᠡᠭᠰᠡᠨ 6263 ᠮᠥ ᠭᠠᠵᠠᠷ | ᠰᠢᠷᠣᠶ ᠶᠢ ᠳᠠᠬᠢᠨ ᠬᠠᠭᠠᠯᠪᠤᠷᠢᠯᠠᠬᠤ ᠶᠢ ᠪᠡᠶᠡᠯᠡᠭᠦᠯᠦᠨ᠎ᠡ᠃ ᠨᠢᠭᠡᠳᠦᠮᠡᠯ ᠬᠤᠯᠪᠤᠭ᠎ᠠ᠂ ᠰᠢᠯᠵᠢᠮᠡᠯ ᠬᠤᠯᠪᠣᠭ᠎ᠠ᠂ | ᠴᠠᠬᠢᠯᠭᠠᠨ ᠬᠤᠯᠪᠣᠭ᠎ᠠ ᠶᠢᠨ ᠲᠣᠤᠷ ᠰᠦᠯᠵᠢᠶ᠎ᠡ ᠶᠢᠨ ᠪᠠᠯᠠᠶ ᠣᠷᠣᠨ ᠳᠤ ᠰᠢᠭᠤᠳ ᠨᠡᠪᠲᠡᠷᠡᠭᠦᠯᠬᠦ ᠥᠷᠲᠡᠭᠡ | ᠪᠠᠶᠢᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠳᠣᠬᠢᠶ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ 1.9 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠤᠯᠠᠭᠠᠨᠪᠤᠯᠠᠭ ᠤᠨ 220KV ᠬᠦᠴᠦᠳᠡᠯ ᠥᠭᠡᠷᠡᠴᠢᠯᠡᠬᠦ | ᠥᠷᠲᠡᠭᠡ ᠶᠢ ᠠᠵᠢᠯ ᠡᠬᠢᠯᠡᠭᠦᠯᠦᠨ ᠪᠠᠶᠢᠭᠤᠯᠵᠤ᠂ ᠴᠠᠬᠢᠯᠭᠠᠨ ᠲᠦᠭᠡᠭᠡᠬᠦ ᠲᠣᠤᠷ ᠤᠨ ᠪᠥᠲᠥᠭᠡᠨ ᠪᠠᠶᠢᠭᠤᠯᠤᠯᠲᠠ ᠶᠢᠨ | ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ | ᠪᠠᠲᠤᠯᠠᠭ᠎ᠠ ᠬᠠᠩᠭᠠᠨ᠎ᠠ᠃ | ︵ᠳᠥᠷᠪᠡ︶ ᠨᠡᠶᠢᠭᠡᠮ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠶᠡᠷᠦᠩᠬᠡᠶᠢᠯᠡᠨ ᠵᠠᠰᠠᠵᠤ᠂ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠬᠢᠵᠢᠭᠦᠯᠬᠦ ᠳᠤ ᠰᠠᠭᠤᠷᠢᠯᠠᠵᠤ᠂ ︽ᠬᠠᠤᠯᠢᠵᠢᠯ ᠤᠨ ᠦᠴᠤᠸᠠᠨ︾ ᠤ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ᠰᠦᠷᠳᠡᠭᠦᠯᠦᠯ ᠢ ᠡᠰᠡᠷᠭᠦᠴᠡᠬᠦ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠵᠦ ᠡᠭᠦᠳᠦᠨ | ᠪᠠᠶᠢᠭᠤᠯᠬᠤ ᠠᠵᠢᠯ ᠢ ᠡᠬᠢᠯᠡᠭᠦᠯᠦᠨ᠎ᠡ᠃ ᠲᠥᠪ ᠬᠤᠷᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠤᠰᠬᠠᠢ ᠲᠡᠮᠡᠴᠡᠯ ᠤᠨ ᠭᠤᠷᠪᠠᠨ ᠵᠢᠯ ᠤᠨ ᠬᠠᠷᠠᠯᠲᠠ ᠶᠢ ᠪᠠᠷᠢᠮᠵᠢᠶᠠᠯᠠᠬᠤ᠂ ︽ᠠᠷᠪᠠᠨ ᠵᠠᠭᠤ ᠮᠢᠩᠭᠠᠨ ᠲᠦᠮᠡ︾ | ᠠᠵᠢᠯᠯᠠᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠠᠵᠢᠯ ᠲᠦᠷᠦᠯ ᠤᠨ ᠲᠤᠰᠬᠠᠢ ᠴᠡᠭᠴᠡᠯᠡᠨ ᠵᠠᠰᠠᠯᠲᠠ︾ ᠪᠠ ︽ | ᠨᠡᠬᠡᠮᠵᠢᠯᠡᠨ ᠪᠠᠷᠢᠪᠴᠢᠯᠠᠬᠤ ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠡᠳ᠋ ᠮᠥᠩᠭᠦᠨ ᠳᠤ | ᠴᠣᠬᠢᠯᠲᠠ ᠥᠭᠴᠦ ᠂ ᠬᠠᠮᠠᠭᠠᠯᠠᠭᠴᠢ ᠳᠤ ᠴᠣᠬᠢᠯᠲᠠ ᠥᠭᠬᠦ︾᠂ ᠪᠣᠭᠤᠮᠲᠠ ᠰᠢᠪᠲᠤᠯᠬᠤ ᠲᠤᠮᠤ ᠬᠡᠷᠡᠭ ᠴᠢᠬᠤᠯᠠ | ᠬᠡᠷᠡᠭ ᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠤᠨ ᠪᠠᠶᠢᠩᠭᠤᠵᠢᠯᠲᠠ ᠶᠢ | ᠠᠬᠢᠭᠤᠯᠤᠨ᠎ᠠ᠃ ᠨᠠᠮ ᠵᠠᠰᠠᠭ ᠤᠨ ᠪᠠᠶᠢᠭᠤᠯᠭ᠎ᠠ᠂ ᠭᠤᠤᠯᠳᠠᠯᠭ᠎ᠠ ᠲᠠᠢ ᠠᠵᠢᠯ ᠲᠥᠷᠥᠯ᠂ ᠣᠷᠣᠨ ᠰᠠᠭᠤᠴᠠ ᠶᠢᠨ | ᠵᠢᠵᠢᠭ ᠲᠣᠭᠤᠷᠢᠭ ᠤᠨ ᠬᠠᠷᠠᠭᠠᠨ ᠳᠠᠪᠲᠠᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠢᠯᠣᠭᠤᠳᠬᠤ | ᠲᠥᠪ ᠤᠨ ᠲᠠᠪᠴᠠᠩ ᠳᠤ ᠠᠯᠬᠤᠮ ᠠᠯᠬᠤᠮ ᠢᠶᠠᠷ ᠵᠠᠯᠭᠠᠨ ᠣᠷᠣᠭᠤᠯᠵᠤ᠂ ᠰᠢᠶᠠᠨ ᠤ ᠬᠡᠪᠴᠢᠶᠡᠨ ᠤ ᠬᠢᠨᠠᠨ | ᠡᠵᠡᠮᠳᠡᠬᠦ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ᠃ ︽ᠹᠧᠩ ᠴᠢᠶᠣᠤ ᠶᠢᠨ ᠲᠤᠷᠰᠢᠯᠭ᠎ᠠ︾ ᠶᠢ | ᠪᠠᠳᠠᠷᠠᠭᠤᠯᠤᠨ᠂ ᠭᠤᠷᠪᠠᠨ ᠱᠠᠲᠤᠨ ᠤ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠦᠢᠯᠡᠴᠢᠯᠡᠭᠡᠨ ᠤ ᠲᠥᠪ ᠤᠨ | ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ | ᠱᠠᠭᠠᠷᠳᠠᠯᠭ᠎ᠠ ᠶᠢ ᠲᠣᠬᠢᠲᠠᠶ ᠰᠢᠢᠳᠪᠦᠷᠢᠯᠡᠵᠦ᠂ ᠬᠠᠤᠯᠢ ᠪᠤᠰᠤ ᠪᠠᠷ ᠰᠤᠷᠪᠤᠯᠵᠢᠯᠠᠬᠤ ᠠᠵᠢᠯᠯᠠᠭ᠎ᠠ ᠳᠤ ᠬᠠᠤᠯᠢ | ᠶᠣᠰᠣᠭᠠᠷ ᠴᠣᠬᠢᠯᠲᠠ ᠥᠭᠭᠦᠨ᠎ᠡ᠃ ᠦᠨᠳᠦᠰᠦᠲᠡᠨ ᠤ ᠪᠦᠯᠬᠦᠮᠳᠡᠯ ᠪᠠ ᠱᠠᠰᠢᠨ ᠰᠤᠷᠲᠠᠬᠤᠨ ᠤ ᠲᠦᠷᠦ ᠶᠢᠨ | ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ | ᠬᠠᠤᠯᠢ ᠶᠣᠰᠣᠭᠠᠷ ᠴᠢᠩᠭᠠᠳᠬᠠᠵᠤ᠂ ᠯᠠᠯᠤ ᠶᠢᠨ ᠲᠡᠯᠡᠷᠡᠯᠲᠡ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ | ᠰᠠᠶᠢᠲᠤᠷ ᠬᠢᠨ᠎ᠠ᠃ ᠠᠶᠤᠯᠭᠦᠶ ᠦᠢᠯᠡᠳᠪᠦᠷᠢᠯᠡᠯ ᠤᠨ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ | ᠪᠠᠶᠢᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ ᠦᠢᠯᠡᠳᠪᠦᠷᠢᠯᠡᠯ ᠤᠨ ᠨᠡᠯᠢᠶᠡᠳ ᠶᠡᠭᠡ ᠠᠴᠠ ᠳᠡᠭᠡᠭᠰᠢᠬᠢ | ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ ᠵᠦᠢᠯ ᠳᠤ ᠰᠠᠨᠠᠭ᠎ᠠ ᠠᠮᠤᠷ ᠪᠠᠶᠢᠯᠭᠠᠬᠤ | ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠢ | ᠮᠥᠷᠳᠡᠨ ᠤᠬᠤᠴᠢᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠷᠠᠳ ᠣᠯᠠᠨ ᠤ ︽ᠢᠳᠡᠭᠡᠨ ᠤᠮᠳᠠᠭᠠᠨ︾ ᠤ | ᠠᠮᠤᠷ ᠲᠦᠪᠰᠢᠨ ᠢ ᠨᠠᠷᠢᠨ ᠨᠢᠮᠪᠠᠶ ᠰᠠᠬᠢᠨ ᠬᠠᠮᠠᠭᠠᠯᠠᠨ᠎ᠠ᠃ | ᠵᠢᠷᠭᠤᠭ᠎ᠠ᠂ ᠠᠷᠠᠳ ᠤᠨ ᠦᠨᠳᠦᠰᠦ ᠶᠢ ᠬᠦᠴᠦᠷᠬᠡᠭᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠶᠢ ᠪᠠᠲᠤᠯᠠᠬᠤ ᠶᠢ ᠲᠤᠪᠤᠶᠢᠯᠭᠠᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ | ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ | ︵ᠨᠢᠭᠡ︶ ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ | ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠡ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤ ᠦᠵᠡᠭᠦᠯᠬᠦ ᠰᠤᠷᠭᠠᠨ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ | ᠭᠦᠨᠵᠡᠭᠡᠢ ᠡᠵᠡᠮᠳᠡᠵᠦ᠂ ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠥᠭᠵᠢᠭᠦᠯᠬᠦ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠢᠳᠡᠭ ᠪᠥᠭᠡᠳ | ᠲᠡᠩᠴᠡᠭᠦᠷᠢᠲᠡᠢ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠵᠤ᠂ ᠪᠠᠭ᠎ᠠ ᠰᠤᠷᠭᠠᠭᠤᠯᠢ ᠶᠢᠨ ᠰᠢᠯᠢᠳᠡᠭ | ᠨᠤᠷᠮ᠎ᠠ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠦᠩᠬᠡᠢ ᠰᠠᠯᠠᠭ᠎ᠠ ᠶᠢᠨ ᠰᠢᠯᠢᠳᠡᠭ ᠨᠤᠷᠮ᠎ᠠ ᠶᠢ ᠵᠢᠯ | ᠳᠠᠷᠠᠭᠠᠯᠠᠨ ᠳᠡᠭᠡᠭᠰᠢᠯᠡᠭᠦᠯᠬᠦ ᠶᠢ ᠪᠠᠲᠤᠯᠠᠨ᠎ᠠ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ 23 | ᠪᠠᠭᠰᠢ ᠡᠯᠰᠡᠵᠦ᠂ 35 ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠡᠯᠰᠡᠵᠦ᠂ 5 ᠨᠡᠷᠡᠰ ᠴᠢᠳᠠᠪᠤᠷᠢᠲᠠᠨ ᠢ | ᠣᠷᠣᠭᠤᠯᠤᠨ ᠠᠪᠴᠢᠷᠠᠵᠤ᠂ ᠪᠠᠭᠰᠢ ᠶᠢᠨ ᠣᠯᠭᠤᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠩᠬᠢ ᠶᠢᠨ | ᠡᠷᠬᠢᠯᠡᠭᠴᠢ ᠶᠢᠨ ᠨᠥᠬᠦᠪᠥᠷᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠭᠰᠢ ᠶᠢᠨ ᠳᠠᠷᠤᠭᠠᠰᠤ ᠶᠢ | ᠬᠥᠩᠭᠡᠷᠡᠭᠦᠯᠵᠦ᠂ ︽ᠲᠦᠷᠪᠡ ᠶᠢ ᠪᠦᠷᠢᠳᠦᠭᠦᠯᠦᠭᠰᠡᠨ ᠰᠠᠶᠢᠨ ᠪᠠᠭᠰᠢ︾ ᠶᠢᠨ ᠰᠢᠯᠭᠠᠷᠠᠭᠰᠠᠨ ᠪᠠᠭᠰᠢ ᠶᠢᠨ | ᠡᠩᠨᠡᠭᠡ ᠶᠢ ᠪᠠᠶᠢᠭᠤᠯᠤᠨ᠎ᠠ᠃ ᠢᠳᠡᠪᠬᠢᠲᠡᠶ ᠪᠠᠷ ᠪᠡᠯᠡ ᠮᠥᠩᠭᠦ ᠣᠯᠵᠤ᠂ ᠴᠢ ᠳ᠋ᠢ ᠬᠡᠦᠬᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠵᠤ᠂ ᠠᠷᠠᠳ ᠤᠨ ᠪᠠᠭ᠎ᠠ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠢ | ᠥᠭᠡᠷᠡᠴᠢᠯᠡᠨ ᠪᠠᠶᠢᠭᠤᠯᠵᠤ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠢ | ᠥᠷᠭᠡᠳᠬᠡᠨ ᠪᠠᠶᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠡᠦᠬᠡᠳ ᠤᠨ ᠴᠡᠴᠡᠷᠯᠢᠭ ᠲᠤ | ᠣᠷᠣᠬᠤ ᠪᠦᠬᠦ ᠨᠤᠷᠮ᠎ᠠ ᠶᠢ 92% ᠠᠴᠠ ᠳᠡᠭᠡᠭᠰᠢ ᠳᠤ ᠬᠦᠷᠦᠭᠦᠯᠦᠨ᠎ᠡ᠃ 9 ᠰᠤᠷᠭᠠᠭᠤᠯᠢ ᠶᠢᠨ ᠮᠡᠳᠡᠭᠡ | ᠵᠠᠩᠭᠢᠵᠢᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠦ᠂ ᠮᠧᠨ ᠳᠧᠦ ᠭᠸᠤ ᠲᠣᠭᠤᠷᠢᠭ ᠯᠤᠭ᠎ᠠ ᠶᠢᠨ ︽ | ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠲᠠᠪᠴᠠᠩ ᠢ ᠪᠠᠶᠢᠭᠤᠯᠤᠨ᠎ᠠ᠃ | ︵ᠬᠤᠶᠠᠷ︶ ᠦᠢᠯᠡᠴᠢᠯᠡᠭᠡ ᠪᠠᠨ ᠴᠢᠩᠭᠠᠷᠠᠭᠤᠯᠵᠤ᠂ ᠡᠮᠴᠢᠯᠡᠭᠡ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ | ᠬᠦᠴᠦᠯᠡᠨ ᠳᠡᠭᠡᠭᠰᠢᠯᠡᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠣᠲᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ | ᠰᠢᠰᠲ᠋ᠧᠮᠵᠢ ᠶᠢ ᠪᠦᠷᠢᠨᠰᠢᠬᠦᠯᠦᠨ᠂ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠡᠮ ᠡᠮᠨᠡᠯᠭᠡ ᠶᠢᠨ | ᠥᠭᠡᠷᠡᠴᠢᠯᠡᠯᠲᠡ ᠶᠢ ᠠᠬᠢᠭᠤᠯᠵᠤ᠂ ᠤᠯᠤᠰ ᠤᠨ ᠦᠨᠳᠦᠰᠦᠨ ᠡᠮ ᠤᠨ ᠵᠦᠢᠯ ᠤᠨ ᠲᠦᠷᠢᠮ ᠢ ᠨᠠᠶᠢᠳᠠᠪᠤᠷᠢᠵᠢᠭᠤᠯᠤᠨ | ᠂ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠪᠠ ᠡᠮᠴᠢᠯᠡᠭᠡᠨ ᠤ ᠦᠢᠯᠡ ᠠᠵᠢᠯᠯᠠᠭ᠎ᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠣ᠂ ᠮᠣᠩᠭᠤᠯ ᠬᠢᠲᠠᠳ ᠡᠮ ᠡᠮᠨᠡᠯᠭᠡ ᠶᠢᠨ ᠬᠥᠭᠵᠢᠯᠲᠡ ᠶᠢ ᠳᠡᠮᠵᠢᠵᠦ᠂ ᠬᠢᠲᠠᠳ | ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠳᠡᠰ ᠤᠨ ᠬᠥᠬᠡ ᠲᠠᠰ ᠤᠨ ᠦᠨᠡᠯᠡᠨ ᠲᠣᠭᠲᠠᠭᠠᠯᠲᠠ ᠶᠢ ᠪᠡᠶᠡᠯᠡᠭᠦᠯᠵᠦ᠂ | 187 ᠲᠦᠮᠡᠨ ᠲᠥᠭᠦᠷᠢᠭ ᠤᠨ ᠪᠠᠯᠠ ᠣᠷᠣᠭᠤᠯᠵᠤ ᠴᠢᠰᠤ ᠨᠡᠪᠴᠢᠭᠦᠯᠦᠨ ᠢᠯᠭᠠᠷᠠᠭᠤᠯᠬᠤ ᠲᠠᠰᠤᠭ ᠤᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠰᠢᠶᠠᠨ ᠰᠢᠶᠠᠩ ᠲᠣᠰᠬᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠢᠭᠡ | ᠴᠤᠭᠴᠠᠵᠢᠭᠤᠯᠬᠤ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠶᠠᠩ ᠪᠠᠯᠭᠠᠰᠤ ᠶᠢᠨ ᠪᠠᠷᠢᠮᠵᠢᠶᠠᠵᠢᠭᠤᠯᠤᠭᠰᠠᠨ | ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠲᠠᠰᠤᠭ ᠤᠨ ᠪᠥᠲᠥᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ | ᠬᠥᠮᠦᠵᠢᠭᠦᠯᠬᠦ ᠶᠢ ᠴᠢᠩᠭᠠᠷᠠᠭᠤᠯᠤᠨ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠵᠠᠭᠪᠤᠷ ᠢᠶᠠᠷ | ᠳᠠᠮᠵᠢᠭᠤᠯᠤᠨ᠂ ᠣᠷᠣᠨ ᠤ ᠱᠠᠲᠤᠨ ᠤ᠂ ᠬᠤᠲᠠ ᠶᠢᠨ ᠱᠠᠲᠤᠨ ᠤ ᠪᠠ ᠮᠧᠨ ᠳᠧᠦ ᠭᠧᠤ ᠲᠣᠭᠤᠷᠢᠭ ᠤᠨ | ᠡᠮᠴᠢᠯᠡᠭᠡᠨ ᠤ ᠪᠠᠶᠢᠭᠤᠯᠤᠮᠵᠢ ᠯᠤᠭ᠎ᠠ ᠭᠦᠨᠵᠡᠭᠡᠶ ᠬᠠᠮᠲᠤᠷᠠᠯᠴᠠᠵᠤ᠂ ᠠᠯᠤᠰ ᠠᠴᠠ ᠬᠠᠮᠲᠤᠷᠠᠨ ᠣᠨᠣᠰᠢᠯᠠᠬᠤ ᠶᠢ | ᠥᠷᠨᠢᠭᠦᠯᠦᠨ᠎ᠡ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠳᠤᠯᠠᠭᠠᠯᠠᠭ᠎ᠠ ᠶᠢᠨ | ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ | ᠦᠷᠭᠦᠯᠵᠢᠯᠡᠨ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | ︵ᠭᠤᠷᠪᠠ︶ ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠴᠡᠴᠡᠭᠯᠡᠨ ᠬᠥᠭᠵᠢᠬᠦ ᠶᠢ ᠪᠥᠬᠦ ᠲᠠᠯ᠎ᠠ ᠪᠠᠷ | ᠠᠬᠢᠭᠤᠯᠤᠨ᠎ᠠ᠃ ᠣᠷᠣᠨ ᠪᠦᠰᠡ ᠶᠢᠨ ᠰᠣᠶᠣᠯ ᠤᠨ ᠲᠠᠯᠳᠠ ᠬᠦᠴᠦᠨ ᠢ ᠭᠦᠢᠴᠡᠳ ᠠᠭᠤᠳᠠᠯᠯᠠᠨ᠂ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠠᠶᠠᠯᠢᠭ ᠰᠠᠶᠢᠬᠠᠨ ᠰᠣᠶᠣᠯ | ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠦᠨ᠎ᠡ᠃ ᠨᠣᠮ ᠤᠨ ᠰᠠᠩ᠂ ᠰᠣᠶᠣᠯ ᠤᠨ ᠣᠷᠳᠣᠨ᠂ ᠲᠠᠯᠠᠨ ᠬᠠᠷ᠎ᠠ | ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠤ ᠰᠠᠭᠤᠷᠢᠨ ᠭᠠᠵᠠᠷ ᠤᠨ ᠦᠵᠡᠰᠬᠦᠯᠡᠩ ᠤᠨ ᠣᠷᠳᠣᠨ ᠪᠠ ᠰᠢᠶᠠᠩ | ᠪᠠᠯᠭᠠᠰᠤᠨ ᠤ ᠰᠣᠶᠣᠯ ᠤᠨ ᠦᠷᠳᠡᠭᠡ ᠶᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠨ᠎ᠡ᠃ ᠰᠣᠶᠣᠯ ᠪᠡᠶ᠎ᠡ ᠶᠢᠨ | ᠲᠠᠮᠢᠷ ᠤᠨ ᠲᠥᠪ ᠤᠨ ᠲᠦᠷᠦᠯ ᠵᠦᠢᠯ ᠢ ᠴᠢᠷᠮᠠᠶᠢᠨ ᠪᠥᠲᠦᠭᠡᠨ ᠪᠠᠶᠢᠭᠤᠯᠤᠨ᠎ᠠ᠃ ᠰᠣᠶᠣᠯ ᠤᠨ ᠲᠣᠭᠯᠠᠯᠲᠠ ᠶᠢ | ᠵᠣᠬᠢᠶᠠᠨ ᠪᠠᠶᠢᠭᠤᠯᠵᠤ᠂ ᠨᠣᠮ ᠪᠢᠴᠢᠭ ᠢ ᠬᠥᠳᠡᠭᠡ ᠬᠦᠷᠭᠡᠵᠦ᠂ ᠤᠯᠠᠭᠠᠨᠮᠥ᠋ᠴᠢᠷ ᠠᠴᠠ 110 ᠲᠠᠯᠠᠪᠤᠷ ᠰᠢ | ᠬᠦᠷᠭᠡᠵᠦ᠂ ᠨᠤᠲᠤᠭ ᠤᠨ ᠵᠢᠵᠢᠭ ᠵᠦᠴᠦᠭᠡ ᠶᠢᠨ ᠪᠦᠯᠬᠦᠮ ᠠᠴᠠ ᠠᠷᠠᠳ ᠲᠤ ᠠᠰᠢᠭ ᠬᠦᠷᠲᠡᠭᠡᠬᠦ 100 ᠲᠠᠯᠠᠪᠤᠷ | ᠲᠣᠭᠯᠠᠯᠲᠠ ᠭᠠᠷᠭᠠᠨ᠎ᠠ᠃ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ | ᠭᠠᠵᠠᠷ ᠯᠤᠭ᠎ᠠ ᠢᠳᠡᠪᠬᠢᠲᠡᠶ ᠪᠠᠷ ᠬᠠᠮᠲᠤᠷᠠᠯᠴᠠᠵᠤ᠂ ᠦᠴᠤᠸᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠳ᠋ᠦᠩ | ᠾᠧ ᠭᠤᠤᠯ ᠢ ᠲᠣᠭᠤᠷᠢᠭᠰᠠᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠲᠥᠷᠥᠯ ᠵᠦᠢᠯ ᠢ ᠴᠢᠷᠮᠠᠶᠢᠨ | ᠪᠠᠶᠢᠭᠤᠯᠵᠤ᠂ ᠣᠯᠠᠨ ᠬᠡᠯᠪᠡᠷᠢ ᠮᠠᠶ᠋ᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠡᠷᠭᠢᠯᠡᠨ᠎ᠡ᠃ | | ︵ᠳᠥᠷᠪᠡ︶ ᠬᠥᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯ ᠤᠨ ᠴᠢᠨᠠᠷ᠂ ᠰᠠᠭᠤᠷᠢ ᠴᠢᠨᠠᠷ᠂ | ᠦᠨᠳᠦᠰᠦᠨ ᠵᠦᠢᠯ ᠢ ᠪᠠᠲᠤᠯᠠᠬᠤ ᠴᠢᠨᠠᠷ ᠢ ᠴᠢᠬᠤᠯᠠᠴᠢᠯᠠᠵᠤ᠂ ᠵᠠᠩᠭᠢᠯᠠᠭ᠎ᠠ ᠶᠢᠨ ᠴᠠᠭ᠂ ᠬᠦᠴᠢᠷᠳᠡᠯᠲᠡᠶ ᠬᠥᠮᠦᠰ ᠤᠨ | ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠨ᠎ᠠ᠃ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠠᠵᠢᠯ ᠣᠯᠭᠤᠯᠲᠠ ᠶᠢ ᠥᠷᠭᠡᠳᠬᠡᠵᠦ᠂ ᠨᠤᠲᠤᠭ ᠲᠠᠭᠠᠨ ᠪᠤᠴᠠᠭᠰᠠᠨ ᠵᠠᠯᠠᠭᠤᠴᠤᠳ᠂ ᠬᠥᠯᠥᠰᠥᠨ ᠠᠵᠢᠯᠴᠢᠨ᠂ | ᠤᠶᠤᠲᠠᠳ ᠪᠠ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠶᠢ ᠲᠦᠯᠬᠢᠨ ᠠᠬᠢᠭᠤᠯᠵᠤ᠂ ᠨᠢᠭᠡ ᠴᠦ ᠠᠵᠢᠯ ᠣᠯᠤᠭᠰᠠᠨ ᠦᠭᠡᠢ ᠭᠡᠷ ᠪᠦᠯᠢ ᠶᠢ ᠬᠥᠳᠡᠯᠦᠩᠭᠦᠶ ᠪᠠᠷ | ᠴᠡᠪᠡᠷᠯᠡᠬᠦ ᠶᠢ ᠦᠨᠡᠨ ᠬᠦ ᠪᠠᠲᠤᠯᠠᠨ᠎ᠠ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ | ᠠᠷᠠᠳ ᠤᠨ ᠠᠮᠢᠳᠤᠷᠠᠯ ᠤᠨ ᠲᠥᠯᠥᠪᠯᠡᠭᠡ ᠵᠡᠷᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ | ᠱᠠᠲᠤᠨ ᠳᠤ ᠦᠢᠯᠡᠴᠢᠯᠡᠬᠦ ᠲᠥᠷᠥᠯ ᠵᠦᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠦᠨ᠎ᠡ᠃ ᠬᠤᠳᠠ ᠬᠥᠳᠡᠭᠡ ᠶᠢᠨ | ᠰᠠᠭᠤᠭᠠᠯᠢ ᠠᠷᠠᠳ ᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ | ᠳᠠᠭᠠᠳᠬᠠᠯ ᠤᠨ ᠪᠦᠷᠬᠦᠴᠡ ᠶᠢ ᠥᠷᠭᠡᠳᠬᠡᠨ᠎ᠡ᠃ ᠬᠤᠲᠠ ᠶᠢᠨ ᠱᠠᠲᠤᠨ ᠤ ᠰᠠᠯᠠᠭ᠎ᠠ ᠮᠥᠴᠢᠷ ᠢ ᠢᠳᠡᠪᠬᠢᠲᠡᠶ ᠪᠠᠷ | ᠵᠣᠬᠢᠴᠠᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠮᠥᠩᠭᠦ ᠶᠢᠨ ᠬᠤᠲᠠ ᠰᠢᠶᠠᠨ ᠤ ᠢᠵᠢᠯᠢᠰᠢᠬᠦ ᠬᠠᠷᠢᠴᠠᠯ ᠳᠤ | ᠲᠣᠬᠢᠷᠠᠭᠤᠯᠤᠯᠲᠠ ᠬᠢᠨ᠎ᠠ᠃ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠢᠭᠡᠳ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠭᠦᠯᠬᠦ᠂ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠲᠡᠳᠬᠦᠬᠦ | ᠶᠣᠰᠣᠲᠠᠶ ᠶᠢ ᠨᠢ ᠴᠥᠮ ᠲᠡᠳᠬᠦᠬᠦ ᠬᠡᠷᠡᠭᠲᠡᠶ᠃ ︽ᠨᠢᠭᠡ ᠨᠠᠰᠤᠲᠠᠨ ᠨᠢᠭᠡ ᠪᠠᠭ᠎ᠠ ᠬᠡᠦᠬᠡᠳ︾ ᠤᠨ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠵᠤ᠂ ᠨᠡᠶᠢᠭᠡᠮ ᠤᠨ ᠬᠦᠴᠦᠨ ᠤ ᠨᠡᠶᠢᠳᠡᠮ ᠠᠰᠢᠭ ᠬᠦᠷᠲᠡᠭᠡᠬᠦ ᠨᠠᠶᠢᠳᠠᠨ | ᠬᠥᠮᠦᠵᠢᠭᠦᠯᠬᠦ ᠦᠢᠯᠡᠴᠢᠯᠡᠭᠡ ᠥᠷᠨᠢᠭᠦᠯᠬᠦ ᠶᠢ ᠲᠡᠮᠵᠢᠵᠤ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ | ᠠᠰᠠᠷᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠰᠢ ᠭᠤᠸᠠᠨ ᠵᠢᠩ᠂ ᠰᠢᠨ ᠰᠢ ᠵᠢᠶᠧ᠂ ᠸᠧᠨ | ᠬᠤᠸᠠ ᠨᠡᠶᠢᠭᠡᠮ ᠲᠣᠭᠤᠷᠢᠭ ᠵᠡᠷᠭᠡ 3 ᠭᠠᠵᠠᠷ ᠤᠨ ᠡᠳᠦᠷ ᠤᠨ ᠠᠰᠠᠷᠠᠨ ᠬᠠᠷᠠᠭᠠᠯᠵᠠᠬᠤ ᠲᠥᠪ ᠢ ᠰᠢᠨ᠎ᠡ ᠪᠠᠷ | ᠪᠠᠶᠢᠭᠤᠯᠤᠨ᠎ᠠ᠃ ᠬᠤᠶᠠᠷ ᠢ ᠬᠦᠷᠢᠶᠡᠯᠡᠵᠦ ᠠᠰᠠᠷᠠᠨ ᠬᠠᠷᠠᠭᠠᠯᠵᠠᠵᠤ ᠲᠥᠪᠬᠢᠨᠡᠭᠦᠯᠬᠦ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠳᠡᠭᠡᠳᠦ ᠱᠠᠲᠤᠨ ᠤ ᠪᠠᠯᠠ ᠮᠥᠩᠭᠦ ᠶᠢ ᠢᠳᠡᠪᠬᠢᠯᠡᠨ ᠣᠯᠵᠤ ᠢᠷᠠᠭᠤ ᠠᠯᠳᠠᠷ ᠤᠨ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠡᠯ᠎ᠡ ᠲᠦᠷᠦᠯ ᠤᠨ ᠵᠦᠢᠯᠡᠰ ᠤᠨ ᠠᠵᠢᠯ | ᠡᠬᠢᠯᠡᠭᠦᠯᠬᠦ ᠬᠢᠨᠠᠨ ᠵᠥᠪᠰᠢᠶᠡᠷᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠪᠦᠳᠦᠭᠡᠨ | ᠪᠠᠶᠢᠭᠤᠯᠤᠯᠲᠠ ᠶᠢᠨ ᠬᠦᠷᠢᠶᠡᠨ ᠳᠠᠬᠢ ︽ᠲᠦᠷᠪᠡᠨ ᠲᠦᠷᠢᠮ ᠬᠤᠶᠠᠷ ᠮᠥᠩᠭᠦ︾ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ | ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠶ | ᠰᠠᠶᠢᠲᠤᠷ ᠬᠢᠨ᠎ᠡ᠃ | ᠳᠣᠯᠤᠭ᠎ᠠ᠂ ᠬᠡᠪ ᠪᠣᠯᠪᠠᠰᠤᠷᠠᠯ ᠢᠶᠠᠨ ᠴᠢᠩᠭᠠᠳᠬᠠᠵᠤ᠂ ᠰᠤᠷᠲᠠᠯ ᠢᠶᠠᠨ ᠬᠤᠪᠢᠷᠠᠭᠤᠯᠬᠤ ᠶᠢ ᠣᠷᠳᠣ | ᠬᠤᠭᠤᠴᠠᠭ᠎ᠠ ᠪᠠᠷ ᠪᠠᠷᠢᠮᠲᠠᠯᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠨ᠎ᠠ | ︵ᠨᠢᠭᠡ︶ ᠤᠯᠤᠰ ᠲᠦᠷᠦ ᠶᠢᠨ ᠪᠠᠲᠤ ᠬᠦᠴᠦᠨ ᠢ ᠪᠠᠲᠤᠯᠠᠵᠤ᠂ ᠲᠤᠭ ᠲᠡᠮᠳᠡᠭ ᠲᠣᠳᠣᠷᠬᠠᠢ ᠤᠯᠤᠰ | ᠲᠦᠷᠦ ᠶᠢᠨ ᠤᠳᠤᠷᠢᠳᠤᠮᠵᠢ ᠶᠢ ᠪᠠᠲᠤ ᠪᠤᠢ ᠪᠣᠯᠭᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ | ᠲᠡᠷᠢᠭᠦᠨ ᠪᠠᠶᠢᠷᠢᠨ ᠳᠤ ᠲᠠᠯᠪᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ | ᠣᠶᠢᠯᠠᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠶ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠲᠥᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠨ᠂ ︽ᠲᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠥᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ | ᠬᠤᠶᠠᠷ ᠬᠠᠯᠬᠠᠪᠴᠢ︾ ᠶᠢᠨ ᠪᠥᠳᠥᠭᠡᠨ ᠪᠠᠶᠢᠭᠤᠯᠤᠭᠴᠢ᠂ ︽ᠬᠤᠶᠠᠷ ᠠᠭᠤᠯᠠ ᠶᠢᠨ ᠤᠨᠤᠯ︾ ᠤᠨ | ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠨ᠎ᠠ᠃ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ︽ᠤᠬ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ | ᠵᠦᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠢ ᠢᠮᠠᠭᠲᠠ ᠵᠠᠰᠠᠭ ᠤᠨ ᠣᠷᠳᠣᠨ ᠤ | ᠠᠵᠢᠯ ᠤᠨ ᠡᠯ᠎ᠡ ᠬᠦᠷᠢᠶ᠎ᠡ ᠴᠠᠷᠠᠭ᠎ᠠ᠂ ᠪᠦᠬᠦ ᠶᠠᠪᠤᠴᠠ ᠳᠤ ᠲᠤᠤᠱᠯᠠᠭᠤᠯᠵᠤ᠂ ᠤᠬᠠᠮᠰᠠᠷ ᠠᠴᠠ ᠪᠠᠨ ᠤᠯᠤᠰ | ᠲᠦᠷᠦ ᠶᠢᠨ ᠲᠠᠯ᠎ᠠ ᠠᠴᠠ ᠶᠡᠭᠡ ᠲᠠᠯ᠎ᠠ ᠶᠢ ᠡᠵᠡᠮᠳᠡᠵᠦ᠂ ᠠᠰᠠᠭᠤᠳᠠᠯ ᠳᠤ ᠬᠠᠨᠳᠤᠵᠤ᠂ ᠤᠯᠤᠰ ᠲᠦᠷᠦ ᠶᠢᠨ | ᠲᠠᠯ᠎ᠠ ᠠᠴᠠ ᠠᠵᠢᠯ ᠦᠢᠯᠡᠰ ᠢᠶᠠᠨ ᠲᠥᠯᠥᠪᠵᠢᠭᠦᠯᠵᠦ᠂ ᠠᠵᠢᠯ ᠢᠶᠠᠨ ᠠᠬᠢᠭᠤᠯᠵᠤ᠂ ᠨᠠᠮ ᠳᠠᠭᠠᠨ ᠬᠠᠷᠢᠴᠠᠯᠠᠰᠢ | ᠦᠭᠡᠢ ᠦᠨᠡᠨᠴᠢ ᠰᠢᠳᠤᠷᠭᠤ ᠪᠠᠶᠢᠬᠤ ᠶᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ᠂ ᠤᠯᠤᠰ | ᠲᠦᠷᠦ ᠶᠢᠨ ᠲᠣᠭᠲᠠᠯ ᠬᠦᠴᠦᠨ ᠢᠶᠠᠨ ᠪᠠᠲᠤᠯᠠᠬᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠬᠤ | ᠤᠬᠠᠮᠰᠠᠷᠲᠤ ᠠᠵᠢᠯᠯᠠᠭ᠎ᠠ ᠳᠡᠭᠡᠷ᠎ᠡ ᠢᠯᠡᠷᠡᠭᠦᠯᠦᠨ᠎ᠡ᠃ | ︵ᠬᠤᠶᠠᠷ︶ ᠠᠷᠠᠳ ᠤᠨ ᠲᠥᠯᠥᠭᠡ ᠪᠠᠶᠢᠬᠤ ᠬᠠᠶᠢᠷ᠎ᠠ ᠰᠡᠳᠬᠢᠯᠭᠡ ᠶᠢ ᠪᠠᠲᠤᠳᠬᠠᠵᠤ᠂ ᠠᠷᠠᠳ ᠲᠦᠮᠡᠨ ᠢᠶᠠᠷ | ᠭᠤᠤᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠦᠢᠯᠡᠳᠦᠯᠭᠡᠵᠢᠭᠦᠯᠦᠨ᠎ᠡ᠃ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠯ ᠤᠨ ᠬᠠᠷᠠᠯᠲᠠ ᠪᠣᠯᠬᠤ ᠶᠢ ᠪᠠᠲᠤ | ᠴᠡᠭᠡᠵᠢᠯᠡᠵᠦ᠂ ᠨᠡᠩ ᠢᠯᠡᠭᠦᠦ ᠦᠢᠯᠡᠰ ᠪᠦᠲᠦᠭᠡᠬᠦ ᠠᠷᠭ᠎ᠠ ᠬᠡᠮᠵᠢ᠊ ᠡᠶ᠎ᠡ ᠪᠠᠷ ᠪᠦᠬᠦ ᠰᠡᠳᠬᠢᠯ ᠪᠦᠬᠦ ᠵᠣᠷᠢᠭ ᠢᠶᠠᠷ ᠢᠶᠠᠨ | ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠵᠦ᠂ ︽ᠠᠮᠢ ᠠᠬᠤᠢ ᠪᠠᠷ | ᠰᠢᠶᠠᠨ ᠢ ᠪᠠᠶᠢᠭᠤᠯᠵᠤ᠂ ᠪᠣᠬᠢᠷᠲᠤᠯ ᠦᠭᠡᠢ ᠪᠠᠷ ᠰᠢᠶᠠᠨ ᠢ ᠬᠦᠴᠦᠷᠬᠡᠭᠵᠢᠭᠦᠯᠬᠦ︾ ᠠᠬᠢᠴᠠ ᠶᠢ ᠠᠬᠢᠭᠤᠯᠬᠤ | ᠶᠠᠪᠤᠴᠠ ᠳᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠵᠤ᠂ ᠬᠡᠷᠡᠭᠴᠡᠭᠡ ᠶᠢ ᠠᠷᠠᠳ ᠠᠴᠠ ᠠᠰᠠᠭᠤᠵᠤ᠂ | ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠵᠤ᠂ ᠢᠮᠠᠭᠲᠠ ᠤᠯᠠᠨ ᠲᠦᠮᠡᠨ ᠤ ᠬᠠᠨᠤᠮᠵᠢᠲᠠᠢ ᠪᠠᠶᠢᠬᠤ ᠶᠢ | ᠵᠠᠰᠠᠭ ᠤᠨ ᠣᠷᠳᠣᠨ ᠤ ᠠᠵᠢᠯ ᠢ ᠰᠢᠯᠭᠠᠨ ᠪᠠᠶᠢᠴᠠᠭᠠᠬᠤ ᠪᠠᠷᠢᠮᠵᠢᠶ᠎ᠠ ᠪᠣᠯᠭᠠᠬᠤ ᠬᠡᠷᠡᠭᠲᠡᠢ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠵᠥᠪᠯᠡᠯᠭᠡ ᠶᠢ ᠨᠠᠷᠢᠨ ᠬᠢᠨᠠᠮᠠᠭᠠᠶ ᠰᠢᠢᠳᠪᠦᠷᠢᠯᠡᠵᠦ᠂ ᠦᠷ᠎ᠡ ᠪᠦᠲᠦᠮᠵᠢ ᠶᠢ ᠨᠢ ᠴᠢᠩᠭ᠎ᠠ ᠮᠥᠷᠳᠡᠨ ᠪᠠᠶᠢᠴᠠᠭᠠᠨ᠎ᠠ᠃ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢ ᠶᠢ ᠢᠯᠡ ᠪᠣᠯᠭᠠᠬᠤ ᠶᠢ ᠶᠡᠬᠡᠪᠡᠷ ᠲᠦᠯᠬᠢᠨ ᠠᠬᠢᠭᠤᠯᠵᠤ᠂ | ᠰᠢᠢᠳᠪᠦᠷᠢᠲᠦ ᠪᠤᠳᠤᠯᠭ᠎ᠠ ᠶᠢᠨ ᠢᠯᠡ ᠲᠣᠳᠣ ᠶᠢᠨ ᠬᠡᠮᠵᠢᠶ᠎ᠡ ᠪᠠ ᠤᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ | ᠨᠡᠮᠡᠭᠳᠡᠭᠦᠯᠦᠨ᠎ᠡ᠃ | ︵ᠭᠤᠷᠪᠠ︶ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠡᠷᠬᠡ ᠪᠠᠨ ᠬᠡᠷᠡᠭᠯᠡᠵᠦ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠎ᠡ᠃ | ᠦᠨᠳᠦᠰᠦᠨ ᠬᠠᠤᠯᠢ ᠬᠠᠤᠯᠢ ᠴᠠᠭᠠᠵᠠ ᠶᠢᠨ ᠡᠷᠬᠡ ᠰᠦᠷ ᠤᠨ ᠤᠬᠠᠮᠰᠠᠷ᠂ ᠬᠠᠤᠯᠢ ᠶᠣᠰᠣᠭᠠᠷ ᠵᠠᠰᠠᠭ ᠶᠠᠪᠤᠭᠤᠯᠬᠤ | ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ | ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠤ | ᠰᠢᠰᠲ᠋ᠧᠮ ᠤᠨ ᠺᠠᠳ᠋ᠷ ᠤᠨ ᠡᠩᠨᠡᠭᠡ ᠶᠢ ︽ᠬᠤᠪᠢᠰᠬᠠᠯᠵᠢᠭᠤᠯᠬᠤ᠂ ᠵᠠᠯᠠᠭᠤᠵᠢᠭᠤᠯᠬᠤ᠂ ᠮᠡᠳᠡᠯᠭᠡᠵᠢᠭᠦᠯᠬᠦ᠂ | ᠲᠤᠰᠬᠠᠶᠢᠵᠢᠭᠤᠯᠬᠤ︾ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠱᠠᠲᠤᠯᠵᠢᠨ ᠡᠩᠨᠡᠭᠡ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠴᠢᠬᠤᠯᠠᠴᠢᠯᠠᠨ᠎ᠠ᠃ ︽ᠭᠤᠷᠪᠠᠨ ᠴᠢᠬᠤᠯᠠ ᠨᠢᠭᠡ | ᠶᠡᠭᠡ︾ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ | ᠨᠤᠲᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠤᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ | ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠲᠦᠷᠢᠮ ᠤᠨ ᠬᠢᠨᠠᠨ | ᠪᠠᠶᠢᠴᠠᠭᠠᠯᠲᠠ ᠬᠢᠬᠦ ᠶᠢ ᠬᠡᠷᠡᠭᠵᠢᠭᠦᠯᠵᠦ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠠᠤᠯᠢ ᠴᠠᠭᠠᠵᠠ ᠬᠠᠤᠯᠢ | ᠲᠣᠭᠲᠠᠭᠠᠯ ᠢ ᠵᠢᠷᠤᠮᠯᠠᠬᠤ ᠶᠢ ᠦᠨᠡᠨ ᠬᠦ ᠪᠠᠲᠤᠯᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠯᠡᠷᠡᠭᠦᠯᠵᠦ | ᠂ ᠲᠥᠪ ᠭᠤᠣᠯᠴᠢ ᠰᠢᠳᠤᠷᠭᠤ ᠶᠣᠰᠣ ᠶᠢ ᠢᠯᠡᠷᠡᠭᠦᠯᠦᠨ᠎ᠡ᠃ ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠵᠤ᠂ | ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠶᠢ | ᠬᠦᠨᠳᠦᠳᠬᠡᠬᠦ᠂ ᠬᠠᠤᠯᠢ ᠶᠢ ᠰᠠᠬᠢᠬᠤ᠂ ᠬᠠᠤᠯᠢ ᠶᠢ ᠰᠤᠷᠤᠯᠴᠠᠬᠤ᠂ ᠬᠠᠤᠯᠢ ᠶᠢ ᠬᠡᠷᠡᠭᠯᠡᠬᠦ ᠶᠠᠪᠤᠳᠠᠯ ᠢ ᠤᠬᠠᠮᠰᠠᠷᠲᠤ | ᠠᠵᠢᠯᠯᠠᠭ᠎ᠠ ᠪᠣᠯᠭᠠᠨ᠎ᠠ᠃ | ︵ᠲᠦᠷᠪᠡ︶ ᠠᠷᠢᠭᠤᠨ ᠴᠢᠬᠡᠴᠢ ᠶᠢᠨ ᠮᠥᠨ ᠴᠢᠨᠠᠷ ᠢ ᠬᠢᠴᠢᠶᠡᠩᠭᠦ᠋ᠢᠯᠡᠨ ᠰᠠᠬᠢᠵᠤ᠂ ᠨᠠᠮ ᠤᠨ ᠰᠤᠷᠲᠠᠯ ᠤᠨ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠨ᠎ᠠ᠃ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ | ᠬᠤᠶᠠᠷ ᠬᠠᠷᠢᠭᠤᠴᠠᠯᠭ᠎ᠠ︾ ᠶᠢ ᠦᠨᠡᠨ ᠬᠦ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ | ᠲᠡᠮᠡᠴᠡᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠦᠷᠦᠭᠦᠯᠡᠨ ᠬᠡᠷᠡᠭᠵᠢᠭᠦᠯᠵᠦ᠂ ︽ᠲᠦᠷᠪᠡᠨ ᠰᠤᠷᠲᠠᠯ︾ ᠢ | ᠵᠠᠯᠠᠷᠠᠭᠤᠯᠬᠤ ᠪᠠᠷ ᠴᠥᠬᠦᠷᠡᠰᠢ ᠦᠭᠡᠢ ᠴᠢᠷᠮᠠᠶᠢᠨ᠎ᠠ᠃ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ | ᠴᠢᠩᠳᠠᠯᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠨ᠎ᠠ᠃ ᠠᠵᠢᠯ ᠤᠨ | ᠰᠤᠷᠲᠠᠯ ᠢᠶᠠᠨ ᠲᠠᠰᠤᠷᠠᠯᠲᠠ ᠥᠬᠡᠶ ᠬᠤᠪᠢᠷᠠᠭᠤᠯᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ | ᠺᠠᠳ᠋ᠷᠴᠤᠳ ᠤᠨ ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠥᠷᠥ ᠬᠡᠪ ᠲᠦᠷᠢᠮ ᠲᠠᠢ | ᠪᠠᠶᠢᠬᠤ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠢᠲᠡᠭᠡᠯ ᠪᠠ ᠳᠡᠮᠵᠢᠯᠭᠡ ᠶᠢ ᠣᠯᠤᠨ᠎ᠠ᠃ | ᠲᠥᠯᠥᠭᠡᠯᠡᠭᠴᠢᠳ ᠡ︕ ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠵᠠᠰᠠᠭ ᠤᠨ ᠶᠠᠪᠤᠳᠠᠯ ᠤᠨ ᠬᠠᠨᠳᠤᠰᠢ | ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ | ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠬ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ | ᠤᠯᠬᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ | ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕ | |