ᠦᠴᠤᠸᠠᠨ ᠰᠢᠶᠠᠨ 2020 ᠣᠨ ᠤ ᠠᠯᠪᠠᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2020/9/18
     ᠮᠠᠨ ᠤ ᠰᠢᠶᠠᠨ ᠤ ᠠᠯᠪᠠᠲᠠᠨ ᠤ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ‌‍ᠴᠢᠩᠭᠠᠳᠬᠠᠵᠤ᠂ ᠠᠯᠪᠠᠲᠠᠨ ᠤ ᠤᠯᠤᠰ ᠲᠥᠷᠥ ᠣᠨᠤᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠦᠵᠡᠯ ᠤᠬᠠᠮᠰᠠᠷ ᠢ ᠴᠢᠩᠭᠠᠳᠬᠠᠬᠤ ᠶᠢᠨ ᠲᠥᠯᠦᠭᠡ᠂ ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠠᠮᠲᠤᠷᠠᠨ ᠡᠷᠬᠢᠯᠡᠭᠰᠡᠨ ᠪᠦᠬᠦ ᠰᠢᠶᠠᠨ ᠤ ᠠᠯᠪᠠᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠯ ᠤᠨ ᠠᠩᠭᠢ ᠴᠢᠩ ᠱᠠᠨ ᠠᠭᠤᠳᠠᠮ ᠲᠠᠯᠠᠪᠠᠢ ᠳᠤ ᠡᠷᠬᠢᠯᠡᠵᠦ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠪᠠ ᠠᠯᠪᠠᠲᠠᠨ ᠤ ᠬᠠᠤᠯᠢ ᠪᠠᠷ ᠯᠠᠪᠯᠠᠯᠲᠠ ᠪᠤᠯᠭᠠᠨ ᠬᠠᠮᠢᠶᠠᠷᠬᠤ ᠨᠢᠭᠡᠴᠡ ᠶᠢᠨ ᠠᠯᠪᠠᠲᠠᠨ 200 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃     ᠪᠣᠯᠪᠠᠰᠤᠷᠠᠯ ᠤᠨ ᠭᠤᠤᠯᠳᠠᠯᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ  ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠰᠢ ᠶᠢᠨ ᠫᠢᠩ ᠤᠨ ᠲᠥᠷᠥ ᠶᠢ ᠵᠠᠰᠠᠵᠤ ᠵᠠᠰᠠᠭ ᠢ ᠡᠷᠬᠢᠯᠡᠬᠦ ᠲᠤᠬᠠᠶ ᠶᠠᠷᠢᠭᠰᠠᠨ ᠨᠢ︾ ᠭᠡᠬᠦ ᠨᠣᠮ ᠤᠨ ᠭᠤᠷᠪᠠᠳᠤᠭᠠᠷ ᠪᠣᠳᠢ᠂ ᠨᠠᠮ ᠤᠨ ᠲᠡᠤᠬᠡ ᠰᠢᠨ᠎ᠡ ᠳᠤᠮᠳᠠᠳᠤ ᠤᠯᠤᠰ ᠤᠨ ᠲᠡᠤᠬᠡ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠂ ᠠᠯᠪᠠᠲᠠᠨ ᠤ ᠬᠠᠤᠯᠢ ᠵᠢᠴᠢ ᠢᠵᠢ ᠪᠥᠷᠢᠳᠦᠭᠰᠡᠨ ᠲᠣᠭᠲᠠᠭᠠᠯ ᠵᠡᠷᠭᠡ ᠠᠭᠤᠯᠭ᠎ᠠ ᠪᠠᠷ ᠭᠤᠤᠯᠯᠠᠭᠤᠯᠤᠨ ᠥᠷᠨᠢᠭᠦᠯᠪᠡ      ᠲᠤᠰ ᠤᠳᠠᠭᠠᠨ ᠤ ᠪᠣᠯᠪᠠᠰᠤᠷᠠᠯ ᠨᠢ ᠲᠣᠭᠤᠷᠢᠭ ᠬᠤᠲᠠ ᠶᠢᠨ ᠬᠤᠶᠠᠷ ᠱᠠᠲᠤᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠠᠯᠪᠠᠲᠠᠨ ᠤ ᠨᠢᠭᠡᠳᠦᠭᠡᠷ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠢ ᠤᠷᠢᠵᠤ ᠬᠢᠴᠢᠶᠡᠯ ᠣᠷᠤᠭᠤᠯᠵᠠᠢ᠃ ᠭᠤᠶᠢᠳᠠ ᠰᠠᠶᠢᠬᠠᠨ ᠶᠠᠷᠢᠶ᠎ᠠ ᠢᠯᠡᠳᠬᠡᠯ ᠨᠢ ᠪᠣᠯᠪᠠᠰᠤᠷᠠᠯ ᠳᠤ ᠣᠷᠤᠯᠴᠠᠭᠰᠠᠨ ᠺᠠᠳ᠋ᠷᠴᠤᠳ ᠤᠨ ᠬᠠᠮᠲᠤ ᠶᠢᠨ ᠰᠠᠶᠢᠨ ᠦᠨᠡᠯᠡᠯᠲᠡ ᠶᠢ ᠣᠯᠵᠤ᠂ ᠥᠷᠭᠡᠨ ᠣᠯᠠᠨ ᠺᠠᠳ᠋ᠷᠴᠤᠳ ᠴᠤ ᠣᠨᠣᠯ ᠢ ᠪᠣᠳᠠᠲᠠᠶ ᠲᠠᠢ ᠤᠶᠠᠯᠳᠤᠭᠤᠯᠬᠤ ᠰᠤᠷᠤᠯᠴᠠᠬᠤ ᠰᠤᠷᠲᠠᠯ ᠢ ᠪᠠᠳᠠᠷᠠᠭᠤᠯᠵᠤ᠂ ᠣᠨᠣᠯ ᠰᠤᠷᠤᠯᠴᠠᠬᠤ ᠪᠣᠯᠤᠨ ᠴᠢᠳᠠᠪᠤᠷᠢ ᠪᠠᠨ ᠳᠡᠭᠡᠭᠰᠢᠯᠡᠭᠦᠯᠬᠦ ᠶᠢ  ᠤᠶᠠᠯᠳᠤᠭᠤᠯᠵᠤ᠂ ᠣᠶᠤᠨ ᠴᠢᠳᠠᠯ ᠢᠶᠠᠨ ᠲᠥᠪᠯᠡᠷᠡᠭᠦᠯᠦᠨ᠂ ᠬᠢᠨᠠᠮᠠᠭᠠᠶ ᠰᠣᠨᠣᠰᠴᠤ᠂ ᠰᠠᠶᠢᠨ ᠦᠷ᠎ᠡ ᠪᠦᠲᠦᠮᠵᠢ ᠣᠯᠵᠠᠶ᠃      ᠰᠢᠨ᠎ᠡ ᠪᠠᠶᠢᠳᠠᠯ ᠰᠢᠨ᠎ᠡ ᠡᠭᠦᠷᠭᠡ ᠶᠢᠨ ᠲᠤᠯᠭᠠᠮ᠎ᠠ ᠬᠡᠷᠡᠭᠴᠡᠭᠡ ᠳᠤ ᠨᠠᠩ ᠰᠠᠶᠢᠨ ᠵᠣᠬᠢᠴᠠᠭᠤᠯᠬᠤ ᠶᠢᠨ ᠲᠥᠯᠥᠭᠡ᠂ ᠮᠠᠨ ᠤ ᠰᠢᠶᠠᠨ ᠨᠢ ᠠᠯᠪᠠᠲᠠᠨ ᠤ ᠬᠥᠮᠦᠵᠢᠯ ᠪᠣᠯᠪᠠᠰᠤᠷᠠᠯ ᠤᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠲᠥᠷᠥᠯ ᠬᠤᠪᠢᠶᠠᠨ ᠪᠦᠯᠦᠭ ᠬᠤᠪᠢᠶᠠᠨ ᠪᠣᠯᠪᠠᠰᠤᠷᠠᠯ ᠥᠷᠨᠢᠭᠦᠯᠵᠦ᠂ ᠦᠵᠡᠯ ᠰᠠᠨᠠᠭᠠᠨ ᠤ ᠪᠣᠯᠪᠠᠰᠤᠷᠠᠯ᠂ ᠤᠯᠤᠰ ᠲᠥᠷᠥ ᠶᠢᠨ ᠪᠣᠯᠪᠠᠰᠤᠷᠠᠯ᠂ ᠦᠢᠯᠡᠳᠦᠯᠭᠡ ᠶᠢᠨ ᠪᠣᠯᠪᠠᠰᠤᠷᠠᠯ᠂ ᠲᠤᠰᠬᠠᠢ ᠮᠡᠷᠭᠡᠵᠢᠯ ᠤᠨ ᠪᠣᠯᠪᠠᠰᠤᠷᠠᠯ ᠵᠡᠷᠭᠡ ᠳᠥᠷᠪᠡᠨ ᠲᠠᠯ᠎ᠠ ᠠᠴᠠ ᠭᠠᠷᠳᠠᠵᠤ᠂ ᠤᠯᠤᠰ ᠲᠥᠷᠥ ᠪᠣᠯᠤᠨ ᠲᠤᠬᠠᠶᠢᠯᠠᠭᠰᠠᠨ ᠠᠵᠢᠯ᠂ ᠣᠨᠣᠯ ᠪᠣᠯᠤᠨ ᠦᠢᠯᠡᠳᠦᠯᠭᠡ ᠶᠢ ᠤᠶᠠᠯᠳᠤᠭᠤᠯᠤᠭᠰᠠᠨ ᠬᠥᠮᠦᠵᠢᠯ ᠢᠶᠠᠷ ᠳᠠᠮᠵᠢᠭᠤᠯᠤᠨ᠂ ᠤᠷᠲᠤ ᠬᠤᠭᠤᠴᠠᠭ᠎ᠠ ᠪᠠᠷ ᠪᠣᠯᠪᠠᠰᠤᠷᠠᠬᠤ᠂ ᠳᠠᠪᠲᠠᠨ  ᠪᠣᠯᠪᠠᠰᠤᠷᠠᠬᠤ᠂ ᠪᠤᠯᠪᠠᠰᠤᠷᠠᠬᠤ ᠪᠠ ᠶᠡᠷᠦᠩᠬᠡᠶᠢᠯᠡᠭᠰᠡᠨ ᠬᠥᠮᠦᠵᠢᠯ ᠪᠤᠯᠪᠠᠰᠤᠷᠠᠯ ᠢᠶᠠᠷ ᠳᠠᠮᠵᠢᠨ᠂ ᠢᠲᠡᠭᠡᠯ ᠵᠣᠷᠢᠭ ᠪᠠᠲᠤ᠂ ᠠᠷᠠᠳ ᠲᠦᠮᠡᠨ ᠳᠤ ᠦᠢᠯᠡᠴᠢᠯᠡᠬᠦ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠣᠳᠠᠲᠠᠢ ᠶᠢ ᠡᠷᠬᠢᠮᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠲᠥᠪ ᠭᠤᠣᠯᠴᠢ ᠠᠷᠢᠭᠤᠨ ᠴᠢᠬᠡᠴᠢ ᠠᠯᠪᠠᠲᠠᠨ ᠤ ᠡᠩᠨᠡᠭᠡ ᠶᠢ ᠴᠢᠷᠮᠠᠶᠢᠨ ᠪᠠᠶᠢᠭᠤᠯᠤᠨ᠎ᠠ᠃ ︵ᠯᠢᠦᠶ ᠫᠢᠩ ᠫᠢᠩ    ᠰᠢᠶᠧ ᠴᠧᠨ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号