2020 ᠣᠨ ᠤ 9 ᠳ᠋ᠦ᠋ᠭᠡᠷ ᠰᠠᠷ᠎ᠠ ᠶᠢᠨ 17 ᠤ ᠡᠳᠦᠷ᠂ ︽ᠥᠪᠥᠷ ᠮᠣᠩᠭᠤᠯ ᠤᠨ ᠬᠤᠷᠢᠨᠭᠡᠷ ᠰᠢᠨ᠎ᠡ | ᠲᠣᠭᠤᠷᠢᠭ ᠤᠨ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠲᠥᠷᠥ ᠶᠢᠨ ᠪᠣᠳᠣᠯᠭ᠎ᠠ | ︾ ᠬᠡᠮᠡᠨ ᠳᠥᠭᠦᠮᠴᠢᠯᠡᠨ᠎ᠡ︶ ᠶᠢ ᠬᠥᠬᠡᠬᠤᠲᠠ ᠶᠢᠨ ᠵᠠᠰᠠᠭ ᠤᠨ ᠣᠷᠳᠣᠨ ᠪᠣᠯᠣᠨ ᠥᠪᠥᠷ ᠮᠣᠩᠭᠤᠯ ᠤᠨ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠮᠲᠤᠷᠠᠨ ᠳᠠᠷᠤᠮᠠᠯᠯᠠᠨ ᠲᠠᠷᠬᠠᠭᠠᠪᠠ᠃ | ᠲᠣᠭᠲᠠᠭᠠᠭᠰᠠᠨ ᠠᠬᠤᠢ ᠪᠠᠶᠢᠳᠠᠯ | ᠲᠤᠰ ᠲᠥᠷᠥ ᠶᠢᠨ ᠪᠣᠳᠣᠯᠭ᠎ᠠ ᠪᠣᠯ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾᠂ ︽ᠥᠪᠥᠷ | ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠮᠥᠩᠭᠦᠨ ᠭᠦᠢᠯᠭᠡᠭᠡᠨ ᠤ ᠵᠢᠵᠢᠭ ᠪᠠᠯᠭᠠᠰᠤ ᠶᠢᠨ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ︾ ᠶᠢ ᠲᠣᠭᠲᠠᠭᠠᠭᠰᠠᠨ ᠤ ᠳᠠᠷᠠᠭᠠᠬᠢ᠂ | ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠲᠣᠭᠲᠠᠭᠠᠨ ᠨᠡᠶᠢᠲᠡᠯᠡᠭᠰᠡᠨ ᠪᠠᠰᠠ ᠨᠢᠭᠡ ᠴᠢᠬᠤᠯᠠ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠪᠣᠯᠣᠨ᠎ᠠ᠃ ᠲᠤᠰ ᠲᠥᠷᠥ ᠶᠢᠨ | ᠪᠣᠳᠣᠯᠭ᠎ᠠ ᠶᠢᠨ ᠨᠡᠶᠢᠲᠡᠯᠡᠭᠳᠡᠭᠰᠡᠨ ᠨᠢ᠂ ᠨᠢᠭᠡ ᠲᠠᠯ᠎ᠠ ᠪᠠᠷ ᠰᠢᠨ᠎ᠡ ᠲᠣᠭᠤᠷᠢᠭ ᠤᠨ ᠣᠳᠣ ᠶᠢᠨ ᠪᠠᠶᠢᠭ᠎ᠠ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠳᠤ | ᠠᠰᠢᠭᠲᠠᠢ ᠪᠠᠶᠢᠵᠤ᠂ ᠨᠡᠩ ᠣᠯᠠᠨ ︽ᠶᠡᠷᠦᠩᠬᠡᠢ᠂ ᠶᠡᠭᠡ᠂ ᠰᠢᠨ᠎ᠡ᠂ ᠳᠡᠭᠡᠳᠦ︾ ᠠᠵᠤ ᠠᠬᠤᠶᠢᠯᠠᠯ ᠢ ᠲᠠᠲᠠᠨ | ᠨᠤᠲᠤᠭᠰᠢᠭᠤᠯᠤᠨ ᠬᠥᠭᠵᠢᠭᠦᠯᠵᠦ᠂ ᠠᠵᠤ ᠠᠬᠤᠢ ᠶᠢᠨ ᠬᠤᠪᠢ ᠨᠡᠮᠡᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠣᠯᠣᠨ᠎ᠠ︔ | ᠨᠥᠭᠦᠭᠡ ᠲᠠᠯ᠎ᠠ ᠪᠠᠷ ᠲᠥᠪ ᠬᠤᠲᠠ ᠶᠢᠨ ᠭᠤᠣᠯ ᠬᠤᠲᠠ ᠶᠢᠨ ᠡᠷᠭᠢᠨ ᠲᠣᠭᠤᠷᠢᠨ ᠤ ᠭᠠᠵᠠᠷ ᠣᠷᠣᠨ ᠢ | ᠨᠥᠯᠥᠭᠡᠯᠡᠵᠦ ᠳᠠᠶᠢᠴᠢᠯᠠᠬᠤ ᠬᠦᠴᠦᠨ ᠢ ᠨᠡᠮᠡᠭᠳᠡᠭᠦᠯᠵᠦ᠂ ᠲᠥᠪ ᠬᠤᠲᠠ ᠪᠣᠯᠣᠨ ᠰᠢᠨ᠎ᠡ ᠲᠣᠭᠤᠷᠢᠭ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ᠃ | ᠭᠤᠣᠯ ᠠᠭᠤᠯᠭ᠎ᠠ | ᠨᠢᠭᠡ᠂ ᠳᠡᠮᠵᠢᠬᠦ ᠬᠦᠷᠢᠶ᠎ᠡ ᠬᠡᠪᠴᠢᠶ᠎ᠡ | ᠰᠢᠨ᠎ᠡ ᠲᠣᠭᠤᠷᠢᠭ ᠤᠨ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ | ᠳᠠᠩᠰᠠᠯᠠᠭᠤᠯᠤᠨ ᠪᠠᠶᠢᠭᠤᠯᠤᠭᠰᠠᠨ ᠪᠦᠭᠡᠳ ᠰᠢᠨ᠎ᠡ ᠲᠣᠭᠤᠷᠢᠭ ᠤᠨ ᠳᠣᠲᠣᠷ᠎ᠠ ᠬᠠᠤᠯᠢ ᠶᠣᠰᠣᠨ ᠤ ᠡᠵᠡᠩᠨᠡᠯᠲᠡ ᠶᠢᠨ | ᠠᠵᠢᠯᠯᠠᠭ᠎ᠠ ᠴᠢᠳᠠᠬᠤ᠂ ᠲᠡᠭᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠪᠣᠶᠤ ᠰᠠᠯᠪᠤᠷᠢ ᠪᠠᠶᠢᠭᠤᠯᠤᠮᠵᠢ ᠳᠤ | ᠪᠡᠯᠡ ᠣᠷᠣᠭᠤᠯᠤᠨ ᠬᠤᠪᠢ ᠡᠵᠡᠮᠳᠡᠬᠦ᠂ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠨᠡᠭᠡᠭᠡᠨ | ᠬᠥᠭᠵᠢᠭᠦᠯᠵᠦ ᠵᠢᠷᠤᠨ ᠲᠥᠯᠥᠪᠯᠡᠬᠦ᠂ ᠪᠣᠷᠣᠯᠠᠭᠤᠯᠤᠨ ᠳᠡᠯᠭᠡᠷᠡᠭᠦᠯᠬᠦ᠂ ᠡᠳ᠋ ᠤᠨ ᠶᠠᠪᠤᠳᠠᠯ ᠢ ᠲᠠᠰᠤᠯᠠᠨ ᠪᠣᠳᠣᠬᠤ | ᠵᠡᠷᠭᠡ ᠬᠠᠮᠢᠶᠠᠷᠤᠯᠲᠠ ᠪᠠ ᠦᠢᠯᠡᠴᠢᠯᠡᠭᠡ ᠶᠢᠨ ᠡᠭᠦᠷᠭᠡ ᠬᠠᠷᠢᠭᠤᠴᠠᠯᠭ᠎ᠠ ᠲᠠᠢ ᠠᠵᠤ ᠠᠬᠤᠶᠢᠯᠠᠯ ᠤᠨ ᠬᠠᠤᠯᠢ ᠶᠢᠨ | ᠡᠷᠬᠡᠲᠡᠨ᠃ ᠡᠭᠦᠨ ᠳᠤ᠄ | ※ ᠡᠷᠬᠡ ᠰᠦᠷᠲᠦ ᠪᠠᠶᠢᠭᠤᠯᠤᠮᠵᠢ ᠠᠴᠠ ᠨᠡᠶᠢᠲᠡᠯᠡᠭᠰᠡᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ | ᠪᠦᠯᠦᠭᠯᠡᠯ᠂ ᠬᠥᠷᠥᠩᠭᠡ ᠶᠢᠨ ᠵᠠᠬ᠎ᠠ ᠳᠤ ᠭᠠᠷᠤᠭᠰᠠᠨ ᠺᠣᠮᠫᠠᠨᠢ᠂ ᠲᠥᠪ ᠤᠨ ᠠᠵᠤ ᠠᠬᠤᠶᠢᠯᠠᠯ ᠤᠨ ᠪᠠᠶᠢᠭᠤᠯᠤᠭᠰᠠᠨ | ᠶᠡᠷᠦᠩᠬᠡᠢ ᠬᠡᠯᠲᠡᠰ ᠤᠨ ᠠᠵᠤ ᠠᠬᠤᠶᠢᠯᠠᠯ᠃ | ※ ᠡᠵᠡᠩᠨᠡᠯᠲᠡ ᠶᠢᠨ ᠣᠷᠣᠯᠭ᠎ᠠ ᠪᠠ ᠭᠠᠶᠢᠯᠢ ᠶᠢᠨ ᠬᠤᠪᠢ ᠨᠡᠮᠡᠷᠢ ᠨᠢᠭᠡ ᠬᠡᠮᠵᠢᠶᠡᠨ ᠳᠤ ᠬᠦᠷᠦᠭᠰᠡᠨ | ᠲᠣᠮᠣ ᠳ᠋ᠠᠶᠢᠲ᠋ᠠ᠂ ᠠᠮᠢᠳᠤ ᠪᠤᠳᠠᠰ ᠤᠨ ᠮᠡᠷᠭᠡᠵᠢᠯ᠂ ᠳᠡᠭᠡᠳᠦ ᠲᠡᠰ ᠤᠨ ᠲᠤᠨᠤᠭᠯᠠᠯ ᠦᠢᠯᠡᠳᠬᠦ ᠵᠡᠷᠭᠡ ᠪᠠᠶᠢᠯᠳᠤᠬᠤ | ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠶᠡᠷᠦᠩᠬᠡᠢ ᠬᠡᠯᠲᠡᠰ ᠤᠨ ᠠᠵᠤ ᠠᠬᠤᠶᠢᠯᠠᠯ ᠪᠠᠭᠲᠠᠨ᠎ᠠ᠃ | | ᠬᠤᠶᠠᠷ᠂ ᠱᠠᠩᠨᠠᠬᠤ ᠠᠭᠤᠯᠭ᠎ᠠ | ︵ᠨᠢᠭᠡ︶ ᠡᠵᠡᠩᠨᠡᠯᠲᠡ ᠶᠢᠨ ᠱᠠᠩᠨᠠᠯ | ※ ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠥᠪᠡᠷᠲᠡᠭᠡᠨ ᠪᠠᠷᠢᠭᠰᠠᠨ ᠪᠤᠶᠤ ᠬᠤᠳᠠᠯᠳᠤᠨ ᠠᠪᠤᠭᠰᠠᠨ ᠳᠤ᠂ | ᠠᠵᠤ ᠠᠬᠤᠶᠢᠯᠠᠯ ᠤᠨ ᠨᠡᠮᠡᠭᠳᠡᠯ ᠥᠷᠲᠡᠭ ᠤᠨ ᠭᠠᠶᠢᠯᠢ ᠪᠠ ᠣᠷᠣᠯᠭ᠎ᠠ ᠶᠢᠨ ᠭᠠᠶᠢᠯᠢ ᠶᠢᠨ ᠭᠠᠵᠠᠷ ᠣᠷᠣᠨ ᠤ | ᠦᠯᠡᠳᠡᠭᠡᠭᠰᠡᠨ ᠬᠡᠰᠡᠭ ᠢᠶᠠᠷ ᠱᠠᠩᠨᠠᠬᠤ ᠪᠠᠷᠢᠮᠵᠢᠶ᠎ᠠ ᠪᠣᠯᠭᠠᠵᠤ᠂ ᠡᠮᠦᠨ᠎ᠡ 3 ᠵᠢᠯ ᠳᠤ 100% ᠶᠢᠨ ᠬᠠᠷᠢᠴᠠᠯ ᠢᠶᠠᠷ᠂ | 4 ᠳ᠋ᠦ᠋ᠭᠡᠷ ᠵᠢᠯ 5 ᠳ᠋ᠤᠭᠠᠷ ᠵᠢᠯ ᠳᠤ 50% ᠶᠢᠨ ᠬᠠᠷᠢᠴᠠᠯ ᠢᠶᠠᠷ ᠱᠠᠩᠨᠠᠨ᠎ᠠ᠃ | ※ ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠲᠦᠷᠢᠶᠡᠰᠦᠯᠡᠭᠰᠡᠨ ᠳᠤ᠂ ᠠᠵᠤ ᠠᠬᠤᠶᠢᠯᠠᠯ ᠤᠨ ᠨᠡᠮᠡᠭᠳᠡᠯ | ᠥᠷᠲᠡᠭ ᠤᠨ ᠭᠠᠶᠢᠯᠢ ᠪᠠ ᠣᠷᠣᠯᠭ᠎ᠠ ᠶᠢᠨ ᠭᠠᠶᠢᠯᠢ ᠶᠢᠨ ᠭᠠᠵᠠᠷ ᠣᠷᠣᠨ ᠤ ᠦᠯᠡᠳᠡᠭᠡᠭᠰᠡᠨ ᠬᠡᠰᠡᠭ ᠢᠶᠠᠷ ᠱᠠᠩᠨᠠᠬᠤ | ᠪᠠᠷᠢᠮᠵᠢᠶ᠎ᠠ ᠪᠣᠯᠭᠠᠵᠤ᠂ ᠡᠮᠦᠨ᠎ᠡ 3 ᠵᠢᠯ ᠳᠤ 50% ᠶᠢᠨ ᠬᠠᠷᠢᠴᠠᠯ ᠢᠶᠠᠷ᠂ 4 ᠳ᠋ᠦ᠋ᠭᠡᠷ ᠵᠢᠯ 5 ᠳ᠋ᠤᠭᠠᠷ ᠵᠢᠯ ᠳᠤ | 25% ᠶᠢᠨ ᠬᠠᠷᠢᠴᠠᠯ ᠢᠶᠠᠷ ᠱᠠᠩᠨᠠᠨ᠎ᠠ᠃ | ︵ᠬᠤᠶᠠᠷ︶ ᠳᠡᠭᠡᠳᠦ ᠲᠡᠰ ᠤᠨ ᠬᠠᠮᠢᠶᠠᠷᠤᠯᠲᠠ ᠶᠢᠨ ᠠᠵᠢᠯᠲᠠᠨ ᠤ ᠱᠠᠩᠨᠠᠯ | ※ ᠠᠵᠤ ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠯᠲᠠ ᠶᠢᠨ ᠠᠵᠢᠯᠳᠠᠨ ᠳᠤ ᠵᠠᠯᠭᠠᠪᠠᠷ 5 ᠵᠢᠯ | ᠴᠢᠳᠠᠪᠤᠷᠢᠲᠠᠨ ᠤ ᠱᠠᠩᠨᠠᠯ ᠣᠯᠭᠤᠵᠤ᠂ ᠬᠤᠪᠢ ᠬᠥᠮᠥᠨ ᠤ ᠣᠷᠣᠯᠭ᠎ᠠ ᠶᠢᠨ ᠭᠠᠶᠢᠯᠢ ᠶᠢᠨ ᠭᠠᠵᠠᠷ ᠣᠷᠣᠨ ᠤ | ᠦᠯᠡᠳᠡᠭᠡᠭᠰᠡᠨ ᠬᠡᠰᠡᠭ ᠢᠶᠠᠷ ᠱᠠᠩᠨᠠᠬᠤ ᠪᠠᠷᠢᠮᠵᠢᠶ᠎ᠠ ᠪᠣᠯᠭᠠᠨ᠂ 100% ᠶᠢᠨ ᠬᠠᠷᠢᠴᠠᠯ ᠢᠶᠠᠷ ᠱᠠᠩᠨᠠᠨ᠎ᠠ᠃ | ︵ᠭᠤᠷᠪᠠ︶ ᠭᠠᠵᠠᠷ ᠬᠤᠳᠠᠯᠳᠤᠨ ᠠᠪᠤᠭᠰᠠᠨ᠂ ᠭᠡᠷ ᠪᠠᠶᠢᠰᠢᠩ ᠬᠤᠳᠠᠯᠳᠤᠨ ᠠᠪᠤᠭᠰᠠᠨ ᠪᠤᠶᠤ ᠭᠡᠷ | ᠪᠠᠶᠢᠰᠢᠩ ᠲᠦᠷᠢᠶᠡᠰᠦᠯᠡᠭᠰᠡᠨ ᠨᠥᠬᠦᠪᠦᠷᠢ | ※ ᠭᠠᠵᠠᠷ ᠬᠤᠳᠠᠯᠳᠤᠨ ᠠᠪᠴᠤ ᠥᠪᠡᠷᠲᠡᠭᠡᠨ ᠠᠯᠪᠠᠨ ᠳᠤ ᠬᠡᠷᠡᠭᠯᠡᠬᠦ ᠭᠡᠷ ᠪᠠᠶᠢᠰᠢᠩ ᠪᠠᠷᠢᠭᠰᠠᠨ ᠳᠤ᠂ | ᠭᠠᠵᠠᠷ ᠬᠡᠷᠡᠭᠯᠡᠬᠦ ᠤᠴᠢᠷ ᠢ ︽ᠨᠢᠭᠡ ᠤᠴᠢᠷ ᠢ ᠨᠢᠭᠡ ᠵᠥᠪᠯᠡᠨ᠎ᠡ︾᠃ | ※ ᠠᠯᠪᠠᠨ ᠳᠤ ᠬᠡᠷᠡᠭᠯᠡᠬᠦ ᠭᠡᠷ ᠪᠠᠶᠢᠰᠢᠩ ᠬᠤᠳᠠᠯᠳᠤᠨ ᠠᠪᠤᠭᠰᠠᠨ ᠳᠤ᠂ ᠲᠡᠭᠰᠢ ᠳᠥᠷᠪᠡᠯᠵᠢᠨ ᠮᠧᠲᠷ | ᠪᠦᠷᠢ ᠳᠤ 300 ᠲᠥᠭᠦᠷᠢᠭ ᠤᠨ ᠨᠥᠬᠦᠪᠦᠷᠢ ᠣᠯᠭᠤᠵᠤ᠂ ᠶᠡᠷᠦᠩᠬᠡᠢ ᠲᠤᠭ᠎ᠠ ᠶᠢ 100 ᠲᠦᠮᠡᠨ ᠲᠥᠭᠦᠷᠢᠭ ᠤᠨ | ᠳᠣᠲᠣᠷ᠎ᠠ ᠬᠢᠵᠠᠭᠠᠷᠯᠠᠨ᠎ᠠ᠃ | ※ ᠠᠯᠪᠠᠨ ᠳᠤ ᠬᠡᠷᠡᠭᠯᠡᠬᠦ ᠭᠡᠷ ᠪᠠᠶᠢᠰᠢᠩ ᠲᠦᠷᠢᠶᠡᠰᠦᠯᠡᠭᠰᠡᠨ ᠳᠤ᠂ 300 ᠲᠡᠭᠰᠢ ᠳᠥᠷᠪᠡᠯᠵᠢᠨ ᠮᠧᠲᠷ | ︵ᠪᠠᠭᠲᠠᠨ᠎ᠠ︶ ᠤᠨ ᠳᠣᠲᠣᠷᠠᠬᠢ ᠶᠢ ᠵᠢᠯ ᠤᠨ ᠲᠦᠷᠢᠶᠡᠰᠦᠨ ᠮᠥᠩᠭᠦ ᠶᠢ ᠡᠮᠦᠨ᠎ᠡ 3 ᠵᠢᠯ ᠳᠤ 100% ᠪᠠᠷ | ᠨᠥᠬᠦᠪᠦᠷᠢᠯᠡᠵᠦ᠂ 4 ᠳ᠋ᠦ᠋ᠭᠡᠷ ᠵᠢᠯ 5 ᠳ᠋ᠤᠭᠠᠷ ᠵᠢᠠᠯ ᠳᠤ 50% ᠪᠠᠷ ᠨᠥᠬᠦᠪᠦᠷᠢᠯᠡᠨ᠎ᠡ᠃ |