ᠶᠢᠨ ᠴᠦᠨ ᠯᠢᠶᠠᠩ ᠳᠠᠯᠠᠨ ᠬᠠᠷ᠎ᠠ ᠠᠭᠤᠯᠠ ᠶᠢᠨ ᠬᠠᠮᠠᠭᠠᠯᠠᠯᠲᠠ ᠶᠢᠨ ᠣᠷᠣᠨ ᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠴᠠᠭᠠᠵᠠᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/9/7
     ᠲᠦᠷᠦᠭᠦᠬᠡᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠮᠠᠨ ᠤ ᠰᠢᠶᠠᠨ ᠤ ᠲᠠᠯᠠᠨ ᠬᠠᠷ᠎ᠠ ᠠᠭᠤᠯᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠦᠬᠦ ᠲᠠᠯ᠎ᠠ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠵᠢᠴᠢ ᠠᠭᠤᠷᠬᠠᠢ ᠶᠢ ᠰᠡᠷᠭᠦᠭᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ᠂ ᠰᠢᠶᠠᠨ ᠤ ᠳᠡᠳ᠋ ᠳᠠᠷᠤᠭ᠎ᠠ ᠯᠢᠦᠢ ᡁᠢ ᠭᠠᠩ ᠪᠠᠷ᠎ᠠ ᠪᠤᠯᠵᠤ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠢᠨ ᠴᠦᠨ ᠯᠢᠶᠠᠩ ᠴᠢᠬᠤᠯᠠᠴᠢᠯᠠᠭᠰᠠᠨ ᠨᠢ᠂ ᠳᠠᠯᠠᠨ ᠬᠠᠷ᠎ᠠ ᠠᠭᠤᠯᠠ ᠪᠣᠯ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠠᠷᠢᠶᠠᠯᠠᠭᠳᠠᠨ᠎ᠠ᠂ ᠮᠠᠨ ᠤ ᠤᠯᠤᠰ ᠤᠨ ᠤᠮᠠᠷᠠᠲᠤ ᠣᠷᠣᠨ ᠤ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠳᠦᠷᠭᠡᠨ ᠴᠣᠭᠴᠠᠯᠠᠵᠤ᠂ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠬᠤ ᠶᠢᠨ ᠲᠥᠯᠥᠭᠡ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠳ ᠬᠠᠮᠠᠭᠠᠯᠠᠯᠲᠠ ᠶᠢᠨ ᠣᠷᠣᠨ ᠤ ᠪᠥᠬᠦ ᠲᠠᠯ᠎ᠠ ᠪᠠᠷ ᠮᠠᠯᠵᠢᠬᠤ ᠶᠢ ᠴᠠᠭᠠᠵᠠᠯᠠᠬᠤ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠷᠢᠶ᠎ᠠ ᠣᠷᠣᠨ ᠤ ᠬᠡᠪᠴᠢᠶᠡᠨ ᠳᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠴᠠᠭᠠᠵᠠᠯᠠᠬᠤ᠂ ᠡᠯ᠎ᠡ ᠲᠥᠷᠥᠯ ᠤᠨ ᠣᠶ ᠰᠢᠭᠤᠶ ᠵᠢᠴᠢ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠢ ᠪᠦᠲᠦᠮᠵᠢᠲᠡᠶ ᠰᠡᠷᠭᠦᠭᠡᠬᠦ᠂  ᠠᠭᠤᠯᠠ ᠶᠢᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠬᠦ ᠬᠠᠷᠠᠯᠲᠠ ᠱᠠᠭᠠᠷᠳᠠᠯᠭ᠎ᠠ ᠶᠢ ᠪᠡᠶᠡᠯᠡᠭᠦᠯᠬᠦ ᠬᠡᠷᠡᠭᠲᠡᠶ ᠭᠡᠪᠡ᠃ ︵ᠰᠢᠶᠧ ᠴᠧᠨ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号