︽ᠬᠥᠬᠡᠬᠤᠲᠠ ᠶᠢᠨ ᠬᠤᠲᠠ ᠬᠥᠳᠡᠭᠡ ᠶᠢᠨ ᠢᠳᠡᠬᠦ ᠤᠰᠤᠨ ᠤ ᠠᠶᠤᠯᠭᠦᠢ ᠶᠢᠨ ᠲᠥᠰᠥᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/9/9
     ᠨᠢᠭᠡ᠂ ᠲᠣᠭᠲᠠᠭᠠᠭᠰᠠᠨ ᠠᠬᠤᠢ ᠪᠠᠶᠢᠳᠠᠯ ᠵᠢᠴᠢ ᠦᠨᠳᠦᠰᠦᠯᠡᠯ      ᠢᠳᠡᠬᠦ ᠤᠰᠤᠨ ᠤ ᠠᠶᠤᠯᠭᠦᠢ ᠶᠢᠨ ᠣᠷᠴᠢᠨ ᠲᠣᠭᠤᠷᠢᠨ ᠢ ᠦᠨᠡᠨᠬᠦ ᠳᠡᠭᠡᠭᠰᠢᠯᠡᠭᠦᠯᠵᠦ᠂ ᠢᠳᠡᠬᠦ ᠤᠰᠤᠨ ᠤ ᠠᠶᠤᠯᠭᠦᠢ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ︽ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠭᠤᠣᠯ ᠰᠡᠳᠦᠪᠲᠦ ᠬᠥᠮᠥᠵᠢᠯ ᠢ ᠯᠠᠪᠳᠠᠭᠤᠨ ᠪᠠᠲᠤᠲᠠᠢ ᠥᠷᠨᠢᠭᠦᠯᠦᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠠᠯᠪᠠᠨ ᠭᠡᠷ ᠤᠨ ᠮᠡᠳᠡᠭᠳᠡᠯ︾ ︵ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠠᠯᠪᠠᠨ ᠭᠡᠷ  ﹇2019﹈ 61 ᠳ᠋ᠦ᠋ᠭᠡᠷ ᠲᠣᠭᠠᠲᠤ︶  ᠳᠠᠬᠢ ᠭᠤᠣᠯᠳᠠᠯᠭ᠎ᠠ ᠲᠠᠢ ᠠᠵᠢᠯ ᠵᠢᠴᠢ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ ᠶᠣᠰᠣᠭᠠᠷ᠂ ︽ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2020 ᠣᠨ ᠤ 18 ᠳ᠋ᠤᠭᠠᠷ ᠤᠳᠠᠭ᠎ᠠ ᠶᠢᠨ ᠬᠤᠷᠠᠯ ᠤᠨ ᠲᠣᠪᠴᠢ ᠠᠭᠤᠯᠭ᠎ᠠ︾ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠤᠰᠤᠨ ᠳᠤ ᠬᠤᠯᠪᠣᠭᠳᠠᠬᠤ ᠡᠭᠦᠷᠭᠡ ᠲᠤᠰᠢᠶᠠᠯ ᠶᠣᠰᠣᠭᠠᠷ᠂ ︽ᠬᠤᠲᠠ ᠶᠢᠨ ᠤᠰᠤ ᠬᠠᠩᠭᠠᠬᠤ ᠳᠦᠷᠢᠮ︾᠂ ︽ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠤᠰᠤᠨ ᠤ ᠰᠦᠢᠳᠬᠡᠯ ᠢ ᠬᠤᠷᠢᠶᠠᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠢ ᠤᠰᠤᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠠᠯᠪᠠᠨ ᠲᠠᠷᠢᠶᠠᠯᠠᠩ ᠤᠰᠤ ﹇2019﹈ 210 ᠳ᠋ᠤᠭᠠᠷ ᠲᠣᠭᠠᠲᠤ︶᠂ ︽ᠬᠥᠬᠡᠬᠤᠲᠠ ᠶᠢᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠤᠰᠬᠠᠢ ᠰᠢᠪᠲᠤᠯᠤᠯᠲᠠ ᠶᠢᠨ ᠠᠵᠢᠯᠯᠠᠭ᠎ᠠ ᠶᠢᠨ ᠲᠥᠰᠥᠯ ︵2018 - 2020 ᠣᠨ︶︾ ᠵᠡᠷᠭᠡ ᠬᠠᠤᠯᠢ ᠴᠠᠭᠠᠵᠠ᠂ ᠬᠠᠤᠯᠢ ᠳᠦᠷᠢᠮ ᠵᠢᠴᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠰ ᠲᠥᠰᠥᠯ ᠢ ᠲᠣᠭᠲᠠᠭᠠᠪᠠ᠃      ᠬᠤᠶᠠᠷ᠂ ᠲᠤᠭᠤᠷᠪᠢᠭᠰᠠᠨ ᠶᠠᠪᠤᠴᠠ      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠢᠳᠡᠬᠦ ᠤᠰᠤᠨ ᠤ ᠠᠶᠤᠯᠭᠦᠢ ᠶᠢ ᠪᠠᠲᠤᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠯᠡᠬᠦ ᠶᠢᠨ ᠲᠥᠯᠥᠭᠡ᠂ 2019 ᠣᠨ ᠤ ᠵᠢᠯ ᠤᠨ ᠡᠴᠦᠰ ᠲᠤ ︽ᠢᠳᠡᠬᠦ ᠤᠰᠤᠨ ᠤ ᠠᠶᠤᠯᠭᠦᠢ ᠶᠢᠨ ᠲᠥᠰᠥᠯ︾ ︵ᠰᠠᠨᠠᠯ ᠬᠤᠷᠢᠶᠠᠬᠤ ᠨᠣᠣᠷᠠᠭ︶ ᠢ ᠨᠠᠶᠢᠷᠠᠭᠤᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠥᠷᠭᠡᠨ ᠢᠶᠠᠷ ᠬᠤᠷᠢᠶᠠᠵᠤ᠂ ᠥᠭᠡᠷᠡᠴᠢᠯᠡᠨ ᠲᠡᠭᠦᠯᠳᠡᠷᠵᠢᠭᠦᠯᠦᠭᠰᠡᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠲᠤᠰᠢᠶᠠᠨ ᠳᠠᠷᠤᠮᠠᠯᠯᠠᠨ ᠲᠠᠷᠬᠠᠭᠠᠪᠠ᠃      ᠭᠤᠷᠪᠠ᠂ ᠠᠵᠢᠯ ᠤᠨ ᠬᠠᠷᠠᠯᠲᠠ     2020 ᠣᠨ ᠤ ᠵᠢᠯ ᠤᠨ ᠡᠴᠦᠰ ᠪᠣᠯᠬᠤ ᠳᠤ᠂ ᠤᠰᠤᠨ ᠤ ᠰᠤᠷᠪᠤᠯᠵᠢ ᠭᠠᠵᠠᠷ ᠤᠨ ᠤᠰᠤᠨ ᠤ ᠴᠢᠨᠠᠷ ᠢ ᠤᠯᠤᠰ ᠤᠨ ᠪᠠᠷᠢᠮᠵᠢᠶ᠎ᠠ ᠳᠤ ᠬᠦᠷᠭᠡᠵᠦ᠂ ᠬᠠᠩᠭᠠᠬᠤ ᠤᠰᠤᠨ ᠤ ᠴᠢᠨᠠᠷ ᠢ ᠤᠯᠤᠰ ᠤᠨ ᠠᠮᠢᠳᠤᠷᠠᠯ ᠤᠨ ᠢᠳᠡᠬᠦ ᠤᠰᠤᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠬᠦᠷᠭᠡᠵᠦ᠂ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ ᠶᠢ 97% ᠳᠤ ᠬᠦᠷᠭᠡᠨ᠎ᠡ᠃ ᠬᠤᠲᠠ ᠪᠠᠯᠭᠠᠰᠤ ᠶᠢᠨ ᠤᠰᠤ ᠬᠠᠩᠭᠠᠬᠤ ᠶᠢ ︽ᠤᠰᠤᠨ ᠤ ᠳᠠᠷᠤᠴᠠ ᠲᠣᠭᠲᠠᠭᠤᠨ᠂ ᠤᠰᠤᠨ ᠤ ᠬᠡᠮᠵᠢᠶ᠎ᠡ ᠭᠦᠢᠴᠡᠳ᠂ ᠤᠰᠤᠨ ᠤ ᠴᠢᠨᠠᠷ ᠰᠢᠯᠢᠳᠡᠭ︾ ᠲᠤ ᠬᠦᠷᠭᠡᠵᠦ᠂ ᠢᠳᠡᠬᠦ ᠤᠰᠤᠨ ᠤ ᠠᠶᠤᠯᠭᠦᠢ ᠶᠢ ᠪᠠᠲᠤᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠣᠯᠠᠨ ᠲᠦᠮᠡᠨ ᠳᠤ ᠠᠶᠤᠯᠭᠦᠢ ᠤᠰᠤ᠂ ᠴᠡᠪᠡᠷ ᠤᠰᠤ᠂ ᠰᠠᠨᠠᠭ᠎ᠠ ᠠᠮᠤᠷ ᠤᠰᠤ ᠢᠳᠡᠭᠦᠯᠦᠨ᠎ᠡ᠃      ᠳᠥᠷᠪᠡ᠂ ᠭᠤᠣᠯ ᠠᠭᠤᠯᠭ᠎ᠠ      ︵ᠨᠢᠭᠡ︶ ᠬᠤᠲᠠ ᠬᠥᠳᠡᠭᠡ ᠶᠢᠨ ᠤᠰᠤ ᠬᠠᠩᠭᠠᠬᠤ ᠪᠠᠷᠢᠯᠭ᠎ᠠ ᠶᠢ ᠥᠭᠡᠷᠡᠴᠢᠯᠡᠬᠦ ᠪᠠ ᠪᠦᠲᠦᠭᠡᠨ ᠪᠠᠶᠢᠭᠤᠯᠬᠤ ᠶᠢ ᠶᠡᠬᠡᠪᠡᠷ ᠠᠬᠢᠭᠤᠯᠤᠨ᠎ᠠ᠃ 1. ᠬᠤᠲᠠ ᠶᠢᠨ ᠲᠣᠭᠤᠷᠢᠭ ᠤᠨ ᠬᠠᠭᠤᠴᠢᠨ ᠬᠤᠷᠢᠶᠠᠯᠠᠯ ᠤᠨ ᠤᠰᠤ ᠬᠠᠩᠭᠠᠬᠤ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠪᠠ ᠤᠰᠤ ᠬᠠᠩᠭᠠᠯᠲᠠ ᠶᠢᠨ ᠬᠤᠶᠠᠳᠠᠭᠢ ᠤᠳᠠᠭ᠎ᠠ ᠶᠢᠨ ᠳᠠᠷᠤᠴᠠ ᠨᠡᠮᠡᠬᠦ ᠪᠠᠷᠢᠯᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ︔ 2. ︽ᠬᠤᠲᠠ ᠶᠢᠨ ᠲᠥᠪᠯᠡᠷᠡᠭᠦᠯᠦᠨ ᠤᠰᠤ ᠬᠠᠩᠭᠠᠬᠤ ᠭᠠᠵᠠᠷ ᠳᠣᠣᠷᠠᠬᠢ ᠤᠰᠤᠨ ᠤ ᠰᠤᠷᠪᠤᠯᠵᠢ ᠭᠠᠵᠠᠷ ᠤᠨ ᠬᠤᠳᠳᠤᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠥᠰᠥᠯ︾ ᠢ ᠲᠣᠭᠲᠠᠭᠠᠨ᠎ᠠ︔ 3. ᠬᠠᠷᠠᠴᠢᠨ ᠤᠰᠤᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ 4. ᠬᠥᠬᠡᠬᠤᠲᠠ ᠠᠴᠠ ᠴᠢᠭᠤᠯᠤᠯᠲᠤ ᠬᠠᠭᠠᠯᠭ᠎ᠠ ᠬᠥᠷᠬᠦ ᠠᠶᠠᠨᠴᠢᠳ ᠤᠨ ᠲᠤᠰᠬᠠᠶ ᠱᠤᠭᠤᠮ ᠤᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤᠷᠤᠨ ᠤ ᠤᠰᠤᠨ ᠤ ᠰᠤᠷᠪᠤᠯᠵᠢ ᠶᠢᠨ ᠬᠤᠳᠳᠤᠭ ᠢ ᠪᠢᠲᠡᠭᠦᠮᠵᠢᠯᠡᠨ ᠤᠰᠤᠨ ᠤ ᠰᠤᠷᠪᠤᠯᠵᠢ ᠶᠢ ᠰᠣᠯᠢᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ 5. ᠮᠧᠩ ᠵᠢᠢ ᠯᠢ ᠤᠰᠤᠨ ᠤ ᠦᠢᠯᠡᠳᠪᠦᠷᠢ ᠶᠢᠨ ᠤᠰᠤᠨ ᠤ ᠰᠤᠷᠪᠤᠯᠵᠢ ᠶᠢᠨ ᠰᠢᠪᠲᠦᠷᠲᠦ ᠠᠽᠣᠲ ᠤᠨ ᠪᠠᠷᠢᠮᠵᠢᠶ᠎ᠠ ᠠᠴᠠ ᠬᠡᠲᠦᠷᠡᠭᠰᠡᠨ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ᠎ᠡ︔ 6. ᠠᠷᠰᠧᠨ᠂ ᠹᠯᠣᠷ ᠵᠡᠷᠭᠡ ᠤᠰᠤᠨ ᠤ ᠶᠠᠰᠤ ᠴᠢᠨᠠᠷ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠢ ᠰᠡᠷᠭᠡᠶᠢᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠤᠨ᠎ᠠ︔ 7. ᠬᠥᠳᠡᠭᠡ ᠲᠣᠰᠬᠤᠨ ᠤ ᠢᠳᠡᠬᠦ ᠤᠰᠤᠨ ᠤ ᠠᠶᠤᠯᠭᠦᠶ ᠶᠢᠨ ᠢᠨᠵᠧᠨᠧᠷᠢᠩ ᠢ ᠪᠠᠬᠢᠵᠢᠭᠦᠯᠦᠨ ᠳᠡᠭᠡᠭᠰᠢᠯᠡᠭᠦᠯᠬᠦ ᠶᠢ ᠴᠢᠩᠭᠠᠳᠬᠠᠨ᠎ᠠ᠃       ︵ᠬᠤᠶᠠᠷ︶ ᠬᠤᠲᠠ ᠪᠠᠯᠭᠠᠰᠤ ᠶᠢᠨ ᠤᠰᠤ ᠬᠠᠩᠭᠠᠬᠤ ᠠᠶᠤᠯᠭᠦᠢ ᠶᠢᠨ ᠤᠷᠲᠤ ᠬᠤᠭᠤᠴᠠᠭᠠᠨ ᠤ ᠪᠦᠲᠦᠮᠵᠢᠲᠦ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ 1. ᠬᠤᠶᠠᠳᠠᠭᠢ ᠤᠳᠠᠭ᠎ᠠ ᠶᠢᠨ ᠤᠰᠤ ᠬᠠᠩᠭᠠᠬᠤ ᠲᠥᠬᠦᠭᠡᠷᠦᠮᠵᠢ ᠶᠢ ᠠᠷᠠᠴᠢᠯᠠᠬᠤ ᠤᠷᠲᠤ ᠬᠤᠭᠤᠴᠠᠭᠠᠨ ᠤ ᠪᠦᠲᠦᠮᠵᠢᠲᠦ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ 2. ᠰᠠᠭᠤᠭᠠᠯᠢ ᠠᠷᠠᠳ ᠤᠨ ᠪᠣᠰᠤ ᠤᠰᠤ ᠬᠡᠷᠡᠭᠯᠡᠬᠦ ᠡᠷᠦᠬᠡ ᠶᠢᠨ ᠢᠳᠡᠬᠦ ᠤᠰᠤᠨ ᠤ ᠠᠶᠤᠯᠭᠦᠢ ᠶᠢᠨ ᠪᠠᠶᠢᠴᠠᠭᠠᠯᠲᠠ ᠵᠢᠴᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ 3. ᠳᠠᠷᠤᠢ ᠬᠢᠵᠦ ᠳᠠᠷᠤᠢ ᠬᠤᠳᠠᠯᠳᠤᠬᠤ ᠤᠰᠤ᠂ ᠤᠰᠤ ᠬᠦᠷᠭᠡᠬᠦ ᠲᠡᠷᠭᠡ ᠰᠠᠪᠠ ᠲᠠᠢ ᠰᠢᠭᠤᠳ ᠢᠳᠡᠬᠦ ᠤᠰᠤ ᠶᠢ ᠡᠵᠡᠩᠨᠡᠵᠦ ᠪᠠᠶᠢᠭ᠎ᠠ ᠨᠢᠭᠡᠴᠡ ᠳᠤ ᠵᠢᠷᠤᠮᠵᠢᠭᠰᠠᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ 4. ᠬᠥᠳᠡᠭᠡ ᠲᠣᠰᠬᠤᠨ ᠤ ᠬᠠᠩᠭᠠᠬᠤ ᠤᠰᠤᠨ ᠤ ᠰᠦᠢᠳᠬᠡᠯ ᠬᠤᠷᠢᠶᠠᠬᠤ ᠲᠣᠭᠲᠠᠭᠠᠯ ᠢ ᠲᠡᠭᠦᠯᠳᠡᠷᠵᠢᠭᠦᠯᠦᠨ᠎ᠡ᠃       ︵ᠭᠤᠷᠪᠠ︶ ᠬᠤᠲᠠ ᠬᠥᠳᠡᠭᠡ ᠶᠢᠨ ᠢᠳᠡᠬᠦ ᠤᠰᠤᠨ ᠤ ᠰᠤᠷᠪᠤᠯᠵᠢ ᠭᠠᠵᠠᠷ ᠢ ᠬᠠᠮᠠᠭᠠᠯᠠᠬᠤ ᠪᠠ ᠵᠠᠰᠠᠬᠤ ᠬᠦᠴᠦᠯᠡᠴᠡ ᠶᠢ ᠴᠢᠩᠭᠠᠳᠬᠠᠨ᠎ᠠ᠃ 1. ᠢᠳᠡᠬᠦ ᠤᠰᠤᠨ ᠤ ᠰᠤᠷᠪᠤᠯᠵᠢ ᠭᠠᠵᠠᠷ ᠤᠨ ᠬᠠᠮᠠᠭᠠᠯᠠᠯᠲᠠ ᠶᠢᠨ ᠣᠷᠣᠨ ᠪᠤᠶᠤ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠬᠠᠤᠯᠢ ᠳᠦᠷᠢᠮ ᠶᠣᠰᠣᠭᠠᠷ ᠲᠣᠭᠲᠠᠭᠠᠵᠤ᠂ ᠤᠰᠤᠨ ᠤ ᠰᠤᠷᠪᠤᠯᠵᠢ ᠭᠠᠵᠠᠷ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ 2. ᠢᠳᠡᠬᠦ ᠤᠰᠤᠨ ᠤ ᠰᠤᠷᠪᠤᠯᠵᠢ ᠭᠠᠵᠠᠷ ᠤᠨ ᠣᠷᠴᠢᠨ ᠲᠣᠭᠤᠷᠢᠨ ᠢ ᠬᠢᠨᠠᠨ ᠬᠠᠮᠢᠶᠠᠷᠬᠤ ᠶᠢ ᠴᠢᠩᠭᠠᠳᠬᠠᠨ᠎ᠠ︔ 3. ᠤᠰᠤᠨ ᠤ ᠰᠤᠷᠪᠤᠯᠵᠢ ᠭᠠᠵᠠᠷ ᠤᠨ ᠤᠰᠤᠨ ᠤ ᠴᠢᠨᠠᠷ ᠢ ᠬᠢᠨᠠᠨ ᠬᠡᠮᠵᠢᠬᠦ ᠶᠢ ᠴᠢᠩᠭᠠᠳᠬᠠᠨ᠎ᠠ᠃        ︵ᠳᠥᠷᠪᠡ︶ ᠬᠤᠲᠠ ᠬᠥᠳᠡᠭᠡ ᠶᠢᠨ ᠬᠠᠩᠭᠠᠬᠤ ᠤᠰᠤᠨ ᠤ ᠴᠢᠨᠠᠷ ᠤᠨ ᠠᠶᠤᠯᠭᠦᠢ ᠶᠢ ᠦᠨᠡᠨᠬᠦ ᠪᠠᠲᠤᠯᠠᠨ᠎ᠠ ᠃ 1. ᠡᠳᠦᠷ ᠳᠣᠲᠣᠮ ᠤᠨ ᠬᠡᠮᠵᠢᠯᠲᠡ ᠪᠠᠶᠢᠴᠠᠭᠠᠯᠲᠠ ᠪᠠ ᠲᠣᠭᠲᠠᠭᠰᠠᠨ ᠬᠤᠭᠤᠴᠠᠭ᠎ᠠ ᠪᠠᠷ ᠰᠤᠭᠤᠯᠤᠨ ᠪᠠᠶᠢᠴᠠᠭᠠᠬᠤ ᠶᠢ ᠴᠢᠩᠭᠠᠳᠬᠠᠨ᠎ᠠ︔ 2. ᠬᠠᠩᠭᠠᠬᠤ ᠤᠰᠤᠨ ᠤ ᠴᠢᠨᠠᠷ ᠢ ᠳᠡᠭᠡᠭᠰᠢ ᠮᠡᠳᠡᠭᠦᠯᠬᠦ ᠪᠠ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠦᠨ᠎ᠡ᠃       ︵ᠲᠠᠪᠤ︶ ᠬᠤᠲᠠ ᠬᠥᠳᠡᠭᠡ ᠶᠢᠨ ᠤᠰᠤ ᠬᠠᠩᠭᠠᠬᠤ ᠶᠢ ᠬᠠᠮᠢᠶᠠᠷᠤᠨ ᠬᠠᠮᠠᠭᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ 1. ᠬᠤᠲᠠ ᠬᠥᠳᠡᠭᠡ ᠶᠢᠨ ᠤᠰᠤ ᠬᠠᠩᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ︔  2. ᠬᠤᠲᠠ ᠪᠠᠯᠭᠠᠰᠤ ᠶᠢᠨ ᠤᠰᠤ ᠬᠠᠩᠭᠠᠬᠤ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ︔ 3. ᠬᠤᠲᠠ ᠪᠠᠯᠭᠠᠰᠤ ᠪᠠ ᠬᠥᠳᠡᠭᠡ ᠲᠣᠰᠬᠤᠨ ᠤ ᠤᠰᠤ ᠬᠠᠩᠭᠠᠯᠲᠠ ᠶᠢᠨ ᠭᠡᠨᠡᠳᠲᠡ ᠶᠢᠨ ᠬᠡᠷᠡᠭ ᠢ ᠪᠠᠴᠢᠮ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠎ᠡ᠃      ᠳᠥᠷᠪᠡ᠂ ᠪᠠᠲᠤᠯᠠᠬᠤ ᠠᠷᠭ᠎ᠠ ᠬᠡᠮᠵᠢᠶ᠎ᠡ      ︵ᠨᠢᠭᠡ︶ ᠬᠠᠷᠢᠭᠤᠴᠠᠯᠭ᠎ᠠ ᠡᠭᠦᠷᠭᠡ ᠬᠤᠪᠢᠶᠠᠷᠢᠯᠠᠯ ᠢ ᠲᠣᠳᠣᠷᠬᠠᠶᠢᠯᠠᠨ᠎ᠠ᠃      ︵ᠬᠤᠶᠠᠷ︶ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠨ᠎ᠠ᠃      ︵ᠭᠤᠷᠪᠠ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃      ︵ᠳᠥᠷᠪᠡ︶ ᠤᠬᠠᠭᠤᠯᠤᠨ ᠵᠢᠯᠣᠭᠤᠳᠬᠤ ᠶᠢ ᠴᠢᠩᠭᠠᠳᠬᠠᠨ᠎ᠠ᠃      ︵ᠲᠠᠪᠤ︶ ᠰᠢᠮᠳᠠᠭᠤᠯᠤᠨ ᠪᠠᠶᠢᠴᠠᠭᠠᠵᠤ ᠦᠨᠡᠯᠡᠨ ᠰᠢᠯᠭᠠᠬᠤ ᠶᠢ ᠴᠢᠩᠭᠠᠳᠬᠠᠨ᠎ᠠ᠃      ᠲᠠᠪᠤ᠂ ᠬᠤᠯᠪᠣᠭᠳᠠᠬᠤ ᠭᠤᠣᠯ ᠬᠦᠷᠢᠶ᠎ᠡ ᠬᠡᠪᠴᠢᠶ᠎ᠡ      ᠬᠤᠲᠠ ᠶᠢᠨ ᠳᠥᠷᠪᠡᠨ ᠲᠣᠭᠤᠷᠢᠭ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ ᠂ ᠴᠢᠩ ᠱᠦᠢ ᠾᠧ ᠰᠢᠶᠠᠨ᠂ ᠦᠴᠤᠸᠠᠨ ᠰᠢᠶᠠᠨ
 
ᠢᠷᠡᠯᠲᠡ᠄ ᠤᠰᠤᠨ ᠤ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号