ᠸᠠᠺᠼᠢᠨ ᠤ ᠡᠷᠡᠭᠦᠯ ᠪᠤᠰᠤ ᠲᠤᠰᠬᠠᠯ ᠢ ᠬᠡᠷᠬᠢᠨ ᠰᠢᠯᠭᠠᠨ ᠪᠠᠶᠢᠴᠠᠭᠠᠬᠤ ᠪᠣᠶ︖ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠤᠰᠬᠠᠶ ᠮᠡᠷᠭᠡᠵᠢᠯᠲᠡᠨ ᠰᠡᠵᠢᠭ ᠢ ᠲᠠᠶᠢᠯᠬᠤ ᠬᠠᠷᠢᠭᠤᠯᠳᠠ ᠦᠭᠪᠡ
ᠨᠡᠶᠢᠲᠡᠯᠡᠭᠰᠡᠨ ᠴᠠᠭ᠄
2021/1/14
     ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠭᠡᠯᠢᠯᠡᠭᠡ ᠶᠢᠨ ᠲᠥᠯᠥᠪᠵᠢᠭᠦᠯᠭᠡ ᠶᠢᠨ ᠲᠦᠷᠦᠭᠦᠤ ᠲᠤᠰᠬᠠᠶ ᠮᠡᠷᠭᠡᠵᠢᠯᠲᠡᠨ ᠸᠠᠩ ᠬᠤᠸᠠ ᠴᠢᠩ 1 ᠰᠠᠷ᠎ᠠ ᠶᠢᠨ 3 ᠤ ᠡᠳᠦᠷ ᠬᠢᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠄ ᠳᠤᠮᠳᠠᠳᠤ ᠤᠯᠤᠰ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠨᠡᠶᠢᠲᠡᠯᠡᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠠᠵᠢᠯᠲᠠᠨ ᠢᠶᠠᠷ ᠪᠦᠷᠢᠯᠳᠦᠭᠰᠡᠨ ᠡᠩᠨᠡᠭᠡ ᠶᠢ ᠪᠠᠶᠢᠭᠤᠯᠤᠭᠰᠠᠨ ᠪᠥᠭᠡᠳ ᠡᠷᠡᠭᠦᠯ ᠪᠤᠰᠤ ᠲᠤᠰᠬᠠᠯ ᠭᠠᠷᠬᠤ ᠲᠤᠬᠠᠢ ᠡᠯᠧᠺᠳ᠋ᠷᠣᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠠᠶᠢᠭᠤᠯᠵᠤ ᠪᠠᠶᠢᠭᠠᠳ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠸᠠᠺᠼᠢᠨ ᠤ ᠲᠠᠷᠢᠯᠭ᠎ᠠ ᠶᠢᠨ ᠡᠷᠡᠭᠦᠯ ᠪᠤᠰᠤ ᠲᠤᠰᠬᠠᠯ ᠭᠠᠷᠬᠤ ᠶᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠪᠠᠷ ᠪᠤᠢ ᠭᠡᠵᠡᠶ᠃     ᠲᠡᠷᠡ ᠬᠡᠯᠡᠬᠦ ᠳᠡᠭᠡᠨ᠂ ᠡᠷᠡᠭᠦᠯ ᠪᠤᠰᠤ ᠲᠤᠰᠬᠠᠯ ᠭᠠᠷᠬᠤ᠂ ᠤᠨᠴᠠᠭᠠᠢ ᠶᠡᠭᠡ ᠲᠤᠰᠬᠠᠯ ᠭᠠᠷᠬᠤ ᠳᠤ ᠬᠦᠷᠪᠡᠯ 2 ᠴᠠᠭ ᠤᠨ ᠳᠣᠲᠣᠷ᠎ᠠ ᠮᠡᠳᠡᠭᠦᠯᠬᠦ ᠬᠡᠷᠡᠭᠲᠡᠶ᠂ ᠡᠩ ᠤᠨ ᠪᠠᠶᠢᠳᠠᠯ ᠲᠤᠤᠷ᠎ᠠ 48 ᠴᠠᠭ ᠤᠨ ᠳᠣᠲᠣᠷ᠎ᠠ ᠮᠡᠳᠡᠭᠦᠯᠬᠦ ᠬᠡᠷᠡᠭᠲᠡᠶ ᠭᠡᠵᠡᠶ᠃     ᠸᠠᠺᠼᠢᠨ ᠠᠴᠠ ᠪᠣᠯᠤᠭᠰᠠᠨ ᠡᠷᠡᠭᠦᠯ ᠪᠤᠰᠤ ᠲᠤᠰᠬᠠᠯ ᠮᠥᠨ ᠡᠰᠡᠬᠦ ᠶᠢ ᠬᠡᠷᠬᠢᠨ ᠲᠣᠭᠲᠠᠭᠠᠬᠤ ᠪᠣᠶ︖ ᠸᠠᠩ ᠬᠤᠸᠠ ᠴᠢᠩ ᠬᠡᠯᠡᠬᠦ ᠳᠡᠭᠡᠨ᠄ ᠣᠨᠣᠰᠢᠯᠠᠯᠲᠠ ᠶᠢ ᠮᠤᠵᠢ ᠬᠤᠲᠠ ᠰᠢᠶᠠᠨ ᠤ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠪᠠᠶᠢᠭᠤᠯᠤᠭᠰᠠᠨ ᠪᠠᠶᠢᠴᠠᠭᠠᠨ ᠣᠨᠣᠰᠢᠯᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠬᠢᠨ᠎ᠡ᠃ ᠰᠢᠯᠭᠠᠨ ᠲᠣᠭᠲᠠᠭᠠᠬᠤ ᠴᠢᠬᠤᠯᠠᠲᠠᠶ ᠪᠣᠯ᠂ ᠮᠣᠵᠢ ᠪᠠ ᠬᠤᠲᠠ ᠶᠢᠨ ᠲᠡᠰ ᠤᠨ ᠠᠨᠠᠭᠠᠬᠤ ᠤᠬᠠᠭᠠᠨ ᠤ ᠨᠡᠶᠢᠭᠡᠮᠯᠢᠭ ᠠᠴᠠ ᠬᠦᠢᠴᠡᠳᠭᠡᠨ᠎ᠡ ᠬᠡᠪᠡ᠃ ᠲᠡᠷᠡ᠄ ᠸᠠᠺᠼᠢᠨ ᠤ ᠡᠷᠡᠭᠦᠯ ᠪᠤᠰᠤ ᠲᠤᠰᠬᠠᠯ ᠭᠠᠷᠴᠠᠢ ᠭᠡᠵᠦ ᠰᠡᠵᠢᠭᠯᠡᠬᠦ ᠳᠤ ᠬᠦᠷᠪᠡᠯ ᠰᠢᠯᠭᠠᠨ ᠪᠠᠶᠢᠴᠠᠭᠠᠯᠳᠠ ᠶᠢ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠪᠠᠶᠢᠭᠤᠯᠤᠭᠰᠠᠨ ᠰᠢᠯᠭᠠᠨ ᠪᠠᠶᠢᠴᠠᠭᠠᠯᠳᠠ ᠶᠢᠨ ᠮᠡᠳᠡᠭᠡ ᠵᠠᠩᠭᠢ ᠶᠢᠨ ᠰᠢᠰᠲ᠋ᠧᠮ ᠢᠶᠠᠷ ᠳᠡᠮᠵᠢᠨ ᠬᠦᠢᠴᠡᠳᠭᠡᠨ᠎ᠡ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠣᠯᠤᠨ ᠡᠮ ᠲᠠᠩ ᠤᠨ ᠡᠷᠡᠭᠦᠯ ᠪᠤᠰᠤ ᠲᠤᠰᠬᠠᠯ ᠭᠠᠷᠬᠤ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠬᠦᠯᠦᠨ᠎ᠡ᠃ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠣᠯᠤᠨ ᠡᠮ ᠲᠠᠩ ᠤᠨ ᠡᠷᠡᠬᠦᠯ ᠪᠤᠰᠤ ᠲᠤᠰᠬᠠᠯ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠨᠤᠭᠤᠳ ᠴᠤ ᠰᠢᠯᠭᠠᠨ ᠪᠠᠶᠢᠴᠠᠭᠠᠬᠰᠠᠨ ᠮᠡᠳᠡᠭᠡ ᠵᠠᠩᠭᠢ ᠳᠤ ᠪᠠᠨ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠪᠠ ᠦᠨᠡᠯᠡᠯᠳᠡ ᠬᠢᠬᠦ ᠪᠣᠯᠤᠨ᠎ᠠ᠃ ᠬᠡᠷᠪᠡ ᠬᠦᠨᠳᠦ ᠶᠡᠭᠡ ᠬᠡᠷᠡᠭ ᠤᠴᠢᠷ ᠲᠤᠬᠢᠶᠠᠯᠳᠤᠬᠤ ᠳᠤ ᠬᠦᠷᠪᠡᠯ᠂ ᠴᠠᠭ ᠲᠤᠬᠠᠶ ᠳᠤᠨᠢ ᠵᠠᠳᠠᠯᠤᠯᠲᠠ ᠪᠠ ᠦᠨᠡᠯᠡᠯᠲᠡ ᠬᠢᠨ᠎ᠡ ᠬᠡᠵᠦ ᠬᠡᠯᠡᠪᠡ᠃     ᠸᠢᠷᠦ᠋ᠰ ᠤᠨ ᠣᠨᠳᠣᠤᠰᠢᠯ ᠨᠢ ᠸᠠᠺᠼᠢᠨ ᠤ ᠦᠷ᠎ᠡ ᠳ᠋ᠦᠩ ᠢ ᠨᠦᠯᠦᠬᠡᠯᠡᠨ᠎ᠡ ᠤᠤ ᠥᠬᠡᠶ ᠤᠤ︖     ᠰᠢᠨ᠎ᠡ ᠲᠢᠲᠢᠮᠯᠢᠭ ᠸᠢᠷᠦ᠋ᠰ ᠤᠨ ᠣᠨᠳᠣᠤᠰᠢᠯ ᠳᠤ᠂ ᠸᠠᠺᠼᠢᠨ ᠤ ᠲᠠᠷᠢᠯᠭ᠎ᠠ ᠬᠢᠬᠦ ᠭᠡᠷᠡᠭ ᠲᠠᠢ ᠤᠤ︖ ᠸᠠᠩ ᠬᠤᠸᠠ ᠴᠢᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠄ ᠸᠢᠷᠦ᠋ᠰ ᠦᠷᠡᠵᠢᠬᠦ ᠶᠠᠪᠤᠴᠠ ᠳᠤ ᠪᠠᠨ ᠣᠨᠳᠣᠤᠰᠢᠯ ᠡᠭᠦᠰᠳᠡᠭ ᠪᠣᠯᠪᠠᠴᠤ ᠣᠯᠠᠩᠬᠢ ᠣᠨᠳᠣᠤᠰᠢᠯ ᠨᠢ ᠸᠢᠷᠦ᠋ᠰ ᠤᠨ ᠡᠪᠡᠳᠴᠢᠨ ᠡᠭᠦᠰᠭᠡᠬᠦ ᠴᠢᠨᠠᠷ᠂ ᠰᠢᠯᠭᠠᠨ ᠪᠠᠶᠢᠴᠠᠭᠠᠬᠤ ᠲᠤᠷᠰᠢᠯᠲᠠ ᠶᠢᠨ ᠡᠮ ᠤᠨ ᠰᠡᠷᠭᠡᠭ ᠴᠢᠨᠠᠷ ᠪᠠ ᠸᠠᠺᠼᠢᠨ ᠤ ᠦᠢᠯᠡᠳᠦᠯᠳᠦ ᠴᠢᠨᠠᠷ ᠢ ᠳᠡᠮᠡᠶ ᠨᠥᠯᠥᠭᠡᠯᠡᠳᠡᠭ ᠥᠬᠡᠶ ᠬᠡᠪᠡ᠃     ᠲᠡᠷᠡ᠄ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠭ ᠤᠨ ᠰᠢᠨ᠎ᠡ ᠨᠡᠶᠢᠲᠡᠯᠡᠭᠰᠡᠨ ᠮᠡᠳᠡᠭᠡ ᠵᠠᠩᠭᠢ ᠶᠢ ᠦᠨᠳᠦᠰᠦᠯᠡᠪᠡᠯ᠂ ᠪᠥᠬᠦ ᠲᠡᠯᠡᠭᠡᠢ ᠶᠢᠨ ᠰᠢᠨ᠎ᠡ ᠲᠢᠲᠢᠮᠯᠢᠭ ᠸᠢᠷᠦ᠋ᠰ ᠤᠨ ᠣᠨᠳᠣᠤᠰᠢᠯ ᠢ ᠰᠢᠯᠭᠠᠨ ᠪᠠᠶᠢᠴᠠᠭᠠᠬᠰᠠᠨ ᠪᠠᠶᠢᠳᠠᠯ ᠠᠴᠠ ᠦᠵᠡᠪᠡᠯ᠂ ᠸᠢᠷᠦ᠋ᠰ ᠤᠨ ᠣᠨᠳᠣᠤᠰᠢᠯ ᠳᠤ ᠣᠲᠣ ᠶᠢᠨ ᠪᠠᠶᠢᠭ᠎ᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠬᠡᠷᠡᠭᠯᠡᠬᠦ ᠳᠤ ᠦᠢᠯᠡᠳᠦᠯ ᠭᠠᠷᠬᠤ ᠥᠬᠡᠶ ᠭᠡᠳᠡᠭ ᠢ ᠭᠡᠷᠡᠴᠢᠯᠡᠬᠦ ᠭᠡᠷᠡᠴᠢ ᠪᠠᠷᠢᠮᠲᠠ ᠬᠠᠷᠠᠬᠠᠨ ᠪᠠᠶᠢᠬᠤ ᠥᠬᠡᠶ ᠪᠠᠶᠢᠬᠰᠠᠭᠠᠷ ᠭᠡᠪᠡ᠃     ᠸᠠᠩ ᠬᠤᠸᠠ ᠴᠢᠩ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠨᠢ ᠸᠢᠷᠦ᠋ᠰ ᠤᠨ ᠣᠨᠳᠣᠤᠰᠢᠭᠰᠠᠨ ᠪᠠᠶᠢᠳᠠᠯ ᠢ ᠦᠷᠭᠦᠯᠵᠢᠯᠡᠨ ᠠᠩᠬᠠᠷᠴᠤ ᠪᠠᠶᠢᠬᠤ ᠬᠠᠮᠲᠤ ᠲᠡᠭᠦᠨ ᠤ ᠨᠥᠯᠥᠭᠡ ᠶᠢ ᠦᠨᠡᠯᠡᠨ ᠵᠢᠱᠢᠵᠦ ᠪᠠᠶᠢᠨ᠎ᠠ᠂ ᠡᠨᠡ ᠨᠢ ᠲᠠᠷᠠᠭᠠᠴᠢ ᠶᠢᠨ ᠸᠠᠺᠼᠢᠨ ᠢ ᠰᠤᠳᠤᠯᠤᠨ ᠭᠠᠷᠭᠠᠬᠤ ᠵᠢᠴᠢ ᠬᠡᠷᠡᠭᠯᠡᠬᠦ ᠳᠤ ᠤᠷᠢᠳᠴᠢᠯᠠᠨ ᠰᠡᠷᠡᠮᠵᠢᠯᠡᠭᠦᠯᠬᠦ ᠪᠠ ᠰᠢᠨᠵᠢᠯᠡᠬᠦ ᠤᠬᠠᠭᠠᠨᠴᠢ ᠪᠠᠷ ᠵᠠᠳᠠᠯᠤᠯᠲᠠ ᠬᠢᠬᠦ ᠦᠨᠳᠦᠰᠦᠯᠡᠯ ᠬᠠᠩᠭᠠᠬᠤ ᠪᠣᠯᠤᠨ᠎ᠠ ᠬᠡᠵᠦ ᠵᠢᠭᠠᠵᠤ ᠭᠠᠷᠭᠠᠵᠠᠢ᠃     ᠲᠡᠷᠡ᠂ ᠸᠠᠺᠼᠢᠨ ᠤ ᠲᠠᠷᠢᠯᠭ᠎ᠠ ᠬᠢᠬᠦ ᠨᠢ ᠵᠠᠭᠤᠨ ᠤ ᠵᠠᠭᠤ ᠪᠠᠷ ᠦᠢᠯᠡᠳᠦᠯ ᠭᠠᠷᠤᠨ᠎ᠠ ᠬᠡᠰᠡᠨ ᠶᠠᠪᠤᠳᠠᠯ ᠪᠢᠰᠢ᠂ ᠬᠥᠮᠦᠰ ᠤᠨ ᠡᠭᠡᠯᠢᠯᠡᠭᠡ ᠶᠢᠨ ᠬᠠᠯᠬᠠᠪᠴᠢ ᠪᠠᠶᠢᠭᠤᠯᠤᠬᠳᠠᠭᠠᠳᠤᠢ ᠪᠤᠶᠤ ᠬᠦᠮᠦᠰ ᠤᠨ ᠡᠭᠡᠯᠢᠯᠡᠭᠡ ᠶᠢᠨ ᠬᠠᠯᠬᠠᠪᠴᠢ ᠪᠦᠷᠢᠯᠳᠦᠭᠡᠳᠦᠢ ᠪᠠᠶᠢᠳᠠᠯ ᠳᠣᠤᠷ᠎ᠠ᠂ ᠸᠠᠺᠼᠢᠨ ᠤ ᠲᠠᠷᠢᠯᠭ᠎ᠠ ᠬᠢᠯ᠎ᠡ ᠴᠤ ᠬᠡᠳ ᠡᠮᠴᠢᠯᠡᠭᠡᠨ ᠤ ᠪᠤᠰᠤ ᠬᠤᠪᠢ ᠬᠥᠮᠦᠨ ᠤ ᠰᠡᠷᠭᠡᠶᠢᠯᠡᠯᠳᠡ ᠶᠢᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠂ ᠡᠭᠦᠨ ᠳᠤ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠶᠢᠭᠡᠮ ᠤᠨ ᠬᠠᠷᠢᠴᠠᠭᠠᠨ ᠤ ᠲᠤᠮᠳᠠ ᠵᠠᠶ ᠶᠢ ᠪᠠᠲᠤᠯᠠᠬᠤ ᠵᠡᠷᠭᠡ ᠪᠠᠭᠲᠠᠨ᠎ᠠ᠃ ᠢᠯᠠᠩᠭᠤᠶ᠎ᠠ ᠬᠢᠵᠢᠭ ᠡᠭᠦᠰᠬᠦ ᠦᠶ᠎ᠡ ᠳᠤ ᠳᠡᠭᠡᠷᠡᠬᠢ ᠠᠷᠭ᠎ᠠ ᠬᠡᠮᠵᠢᠶ᠎ᠡ ᠶᠢ ᠨᠠᠩ ᠴᠢᠩᠭᠠᠳᠬᠠᠬᠤ ᠴᠢᠬᠤᠯᠠᠲᠠᠶ᠂ ᠢᠩᠭᠢᠪᠡᠯ ᠰᠠᠶ᠋ᠢ ᠬᠢᠵᠢᠭ ᠳᠠᠬᠢᠨ ᠳᠡᠯᠭᠡᠷᠡᠬᠦ ᠥᠬᠡᠶ ᠪᠠᠶᠢᠬᠤ ᠶᠢ ᠪᠠᠲᠤᠯᠠᠵᠤ ᠴᠢᠳᠠᠨ᠎ᠠ ᠬᠡᠵᠦ ᠴᠢᠬᠤᠯᠠᠴᠢᠯᠠᠪᠠ᠃     ᠶᠠᠮᠠᠷ ᠬᠥᠮᠦᠰ ᠸᠠᠺᠽᠢᠨ ᠲᠠᠷᠢᠬᠤ ᠳᠤ ᠲᠣᠬᠢᠷᠠᠬᠤ ᠦᠭᠡᠢ ᠪᠣᠢ︖     ᠪᠡᠭᠡᠵᠢᠩ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠡᠳ᠋ ᠡᠷᠬᠢᠯᠡᠭᠴᠢ ᠫᠠᠩ ᠰᠢᠩ ᠡᡁᠦ᠋ᠸᠧ ᠬᠡᠯᠡᠬᠦ ᠳᠡᠭᠡᠨ᠄ ᠲᠠᠷᠢᠯᠭ᠎ᠠ ᠳᠠᠷᠢᠬᠤ ᠳᠤ ᠳᠣᠭᠢᠷᠠᠬᠤ ᠥᠬᠡᠶ ᠬᠥᠮᠦᠰ ᠲᠤ ᠵᠢᠷᠮᠦᠰᠦᠨ ᠡᠮᠡᠭᠲᠡᠶ᠂ ᠬᠥᠬᠦᠭᠦᠯ ᠬᠤᠭᠤᠴᠠᠭᠠᠨ ᠤ ᠡᠮᠡᠭᠲᠡᠶᠢᠴᠦᠳ ᠪᠠᠭᠳᠠᠬᠤ ᠪᠦᠭᠡᠳ ᠬᠠᠯᠠᠭᠤᠷᠠᠬᠤ᠂ ᠬᠠᠯᠳᠠᠪᠤᠷᠢᠯᠠᠬᠤ ᠵᠡᠷᠭᠡ ᠡᠪᠡᠳᠴᠢᠨ ᠡᠮᠭᠡᠭ ᠤᠨ ᠲᠦᠷᠭᠡᠨ ᠴᠢᠨᠠᠷᠲᠠᠶ ᠬᠤᠭᠤᠴᠠᠭᠠᠨ ᠳᠤ ᠤᠷᠤᠰᠢᠵᠤ ᠪᠠᠶᠢᠭ᠎ᠠ ᠡᠭᠡᠯᠢᠯᠡᠭᠡ ᠶᠢᠨ ᠳᠤᠲᠠᠭᠳᠠᠯ ᠲᠠᠢ ᠪᠤᠶᠤ ᠡᠭᠡᠯᠢᠯᠡᠭᠡ ᠨᠢ ᠡᠮᠬᠢ ᠵᠠᠮᠪᠠᠷᠠᠭ᠎ᠠ ᠦᠭᠡᠢ ᠪᠤᠯᠤᠬᠰᠠᠨ ᠬᠥᠮᠦᠰ ᠵᠢᠴᠢ ᠬᠦᠨᠳᠦ ᠡᠯᠢᠭᠡ ᠪᠥᠭᠡᠷᠡᠨ ᠤ ᠡᠪᠡᠳᠴᠢᠨ ᠲᠠᠢ ᠪᠠ ᠡᠮ ᠢᠶᠠᠷ ᠬᠢᠵᠠᠭᠠᠷᠯᠠᠵᠤ ᠦᠯᠦ ᠳᠡᠶᠢᠯᠬᠦ ᠴᠢᠰᠤᠨ ᠳᠠᠷᠤᠯᠲᠠ ᠥᠨᠳᠥᠷ ᠡᠪᠡᠳᠴᠢᠲᠡᠨ᠂ ᠰᠢᠬᠢᠷ ᠰᠢᠵᠢᠩ ᠡᠪᠡᠳᠴᠢᠨ ᠤ ᠳᠠᠪᠬᠤᠴᠠᠭᠰᠠᠨ ᠡᠪᠡᠳᠴᠢᠨ ᠲᠠᠢ᠂ ᠬᠤᠤᠷᠲᠤ ᠬᠠᠪᠤᠳᠠᠷ ᠲᠤ ᠨᠡᠷᠪᠡᠭᠳᠡᠭᠰᠡᠨ ᠡᠪᠡᠳᠴᠢᠲᠡᠨ ᠵᠡᠷᠭᠡ ᠬᠥᠮᠦᠰ ᠪᠠᠭᠲᠠᠨ᠎ᠠ᠃ 18 ᠨᠠᠰᠤᠨ ᠠᠴᠠ 59 ᠨᠠᠰᠤᠨ ᠤ ᠲᠠᠷᠢᠯᠭ᠎ᠠ ᠬᠢᠬᠦ ᠨᠠᠰᠤᠨ ᠤ ᠬᠡᠪᠴᠢᠶᠡᠨ ᠳᠤ ᠤᠷᠤᠬᠤ ᠥᠬᠡᠶ ᠬᠥᠮᠦᠰ ᠨᠢ ᠡᠮᠴᠢᠯᠡᠭᠡᠨ ᠤ ᠲᠤᠷᠰᠢᠯᠲᠠ ᠤᠯᠠᠮ ᠨᠢᠭᠡ ᠠᠯᠬᠤᠮ ᠬᠢᠭᠰᠡᠨ ᠲᠤᠭ᠎ᠠ ᠪᠠᠷᠢᠮᠲᠠ ᠨᠡᠶᠢᠳᠡᠯᠡᠭᠳᠡᠵᠦ᠂ ᠵᠠᠯᠭᠠᠭᠠᠳ ᠲᠠᠷᠢᠯᠭ᠎ᠠ ᠬᠢᠵᠦ ᠪᠣᠯᠬᠤ ᠡᠰᠡᠬᠦ ᠶᠢ ᠲᠤᠳᠤᠷᠬᠠᠢ ᠲᠤᠬᠳᠠᠭᠠᠬᠤ ᠶᠢ ᠬᠦᠯᠢᠶᠡᠬᠦ ᠬᠡᠷᠡᠭᠳᠡᠢ ᠬᠡᠪᠡ᠃     ᠲᠡᠷᠡ᠄ ᠰᠢᠨ᠎ᠡ ᠲᠢᠲᠢᠮᠯᠢᠭ ᠠᠭᠤᠰᠬᠢᠨ ᠡᠪᠡᠳᠴᠢᠨ ᠤ ᠸᠠᠺᠼᠢᠨ ᠢ ᠲᠠᠷᠢᠬᠤ ᠠᠴᠠ ᠡᠮᠦᠨ᠎ᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠴᠡᠭᠡᠷᠯᠡᠬᠦ ᠡᠪᠡᠳᠴᠢᠨ ᠤ ᠮᠡᠳᠡᠯᠭᠡ ᠶᠢ ᠠᠩᠬᠠᠷᠴᠤ᠂ ᠪᠣᠳᠠᠭᠠᠯᠢ ᠪᠡᠶ᠎ᠡ ᠶᠢᠨ ᠪᠡᠶ᠎ᠡ ᠮᠠᠬᠠᠪᠣᠳ ᠤᠨ ᠪᠠᠶᠢᠳᠠᠯ ᠢᠶᠠᠨ ᠣᠶᠢᠯᠠᠭᠠᠬᠤ ᠬᠡᠷᠡᠭᠲᠡᠢ᠃ ᠲᠠᠷᠢᠯᠭ᠎ᠠ ᠬᠢᠬᠦ ᠬᠥᠮᠦᠨ ᠲᠠᠷᠢᠯᠭ᠎ᠠ ᠬᠢᠬᠦ ᠳᠡᠭᠡᠨ ᠠᠮᠠᠪᠴᠢ ᠵᠡᠭᠦᠬᠦ ᠬᠡᠷᠡᠭᠲᠡᠶ᠃ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ 30 ᠮᠢᠨᠦ᠋ᠲ ᠲᠠᠷᠢᠯᠭ᠎ᠠ ᠶᠢᠨ ᠭᠠᠵᠠᠷ ᠲᠤ ᠪᠠᠨ ᠪᠠᠶᠢᠵᠤ ᠪᠠᠶᠢᠳᠠᠯ ᠢ ᠨᠢ ᠠᠵᠢᠭᠯᠠᠬᠤ ᠬᠡᠷᠡᠭᠲᠡᠶ᠂ ᠡᠪ ᠥᠬᠡᠶ ᠪᠠᠶᠢᠳᠠᠯ ᠭᠠᠷᠬᠤ ᠦᠭᠡᠢ ᠳᠤ ᠬᠦᠷᠪᠡᠯ ᠲᠠᠷᠢᠯᠭ᠎ᠠ ᠶᠢᠨ ᠭᠠᠵᠠᠷ ᠠᠴᠠ ᠶᠠᠪᠤᠵᠤ ᠪᠣᠯᠤᠨ᠎ᠠ︔ ᠬᠡᠷᠪᠡ ᠦᠷᠭᠦᠯᠵᠢᠯᠡᠨ ᠬᠠᠯᠠᠭᠤᠷᠠᠬᠤ ᠪᠠᠶᠢᠳᠠᠯ ᠭᠠᠷᠬᠤ ᠳᠤ ᠬᠦᠷᠪᠡᠯ ᠴᠠᠭ ᠲᠤᠬᠠᠢ ᠳᠤᠨᠢ ᠡᠮᠨᠡᠭᠦᠯᠬᠦ ᠶᠢᠨ ᠬᠠᠮᠲᠤ ᠲᠠᠷᠢᠯᠭ᠎ᠠ ᠬᠢᠭᠰᠡᠨ ᠨᠢᠭᠡᠴᠡ ᠳᠤ ᠪᠠᠨ ᠮᠡᠳᠡᠭᠦᠯᠬᠦ ᠬᠡᠷᠡᠭᠲᠡᠢ ᠬᠡᠵᠦ ᠴᠢᠬᠤᠯᠠᠴᠢᠯᠠᠵᠠᠢ᠃ ︵ᠳᠤᠮᠳᠠᠳᠤ ᠤᠯᠤᠰ ᠤᠨ ᠰᠣᠨᠢᠨ ᠮᠡᠳᠡᠭᠡᠨ ᠤ ᠬᠤᠷᠢᠶ᠎ᠠ ᠶᠢᠨ ᠰᠤᠷᠪᠤᠯᠵᠢᠯᠠᠭᠴᠢ ᠳ᠋ᠦ᠋ ᠶᠠᠨ︶᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号