ᠰᠢᠨᠬᠤᠸᠠ ᠬᠤᠷᠢᠶᠠᠠ ᠤ ᠪᠡᠭᠡᠵᠢᠩ ᠤᠨ 1 ᠰᠠᠷ᠎ᠠ ᠶᠢᠨ 20 ᠤ ᠡᠳᠦᠷ ᠤᠨ ᠮᠡᠳᠡᠭᠡ ︽ᠡᠴᠢᠭᠡ ᠡᠬᠡ | ᠪᠣᠯᠤᠭᠰᠠᠳ ᠰᠢᠯᠭᠠᠯᠲᠠ ᠥᠩᠭᠡᠷᠡᠭᠡᠬᠦ ᠦᠭᠡᠶ ᠭᠡᠳᠡᠭ ᠴᠢᠨᠢ ᠦᠨᠡᠬᠡᠷ ᠠᠶᠤᠮᠰᠢᠭᠲᠠᠶ ᠶᠠᠪᠤᠳᠠᠯ ᠰᠢᠤ︾᠃ ᠡᠨᠡ ᠬᠦ | ᠪᠠᠭ᠎ᠠ ᠰᠠᠭ᠎ᠠ ᠱᠣᠭᠯᠠᠭᠰᠠᠨ ᠦᠭᠡ ᠨᠢ ᠶᠠᠭ ᠣᠳᠣᠬᠠᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠠᠰᠠᠭᠤᠳᠠᠯ ᠢ | ᠢᠯᠡᠷᠡᠭᠦᠯᠦᠭᠰᠡᠨ ᠪᠠᠶᠢᠨ᠎ᠠ᠃ ᠠᠪᠤ ᠡᠵᠢ ᠶᠢ ᠬᠢᠷᠢ ᠲᠡᠩᠴᠡᠭᠰᠡᠨ ᠠᠪᠤ ᠡᠵᠢ ᠪᠣᠯᠭᠠᠬᠤ ᠳᠤ ᠬᠡᠨ ᠬᠦᠮᠦᠵᠢᠭᠦᠯᠬᠦ ᠪᠤᠢ︖ | | ᠭᠡᠷ ᠪᠦᠯᠢ ᠶᠢᠨ ᠰᠤᠷᠭᠠᠨ ᠬᠥᠮᠦᠵᠢᠯ ᠳᠤ ᠬᠠᠤᠯᠢ ᠲᠤᠬᠳᠠᠭᠠᠬᠤ ᠪᠠᠷ ᠲᠠᠮᠵᠢᠨ ᠬᠤᠷᠢᠭ᠎ᠠ ᠱᠤᠭᠤᠮ ᠢ | ᠲᠣᠭᠲᠠᠭᠠᠵᠤ᠂ ᠬᠠᠷᠢᠴᠠᠭ᠎ᠠ ᠶᠢ ᠲᠣᠳᠣᠷᠬᠠᠶᠢᠯᠠᠬᠤ ᠴᠢᠬᠤᠯᠠᠳᠠᠢ ᠶᠤᠮ᠃ 20 ᠤ ᠡᠳᠦᠷ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠬᠢᠨᠠᠨ | ᠶᠠᠷᠢᠯᠴᠠᠭᠤᠯᠬᠤ ᠪᠠᠷ ᠳᠡᠪᠰᠢᠭᠦᠯᠦᠭᠰᠡᠨ ᠬᠡᠷ ᠪᠦᠯᠢ ᠶᠢᠨ ᠬᠥᠮᠦᠵᠢᠯ ᠤᠨ ᠬᠠᠤᠯᠢ ᠶᠢᠨ ᠲᠥᠰᠦᠯ ᠳᠤ᠂ ᠨᠠᠰᠤᠨ ᠳᠤ | ᠥᠯᠥ ᠭᠦᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠪᠣᠯ ᠬᠡᠷ ᠪᠦᠯᠢ ᠶᠢᠨ ᠬᠥᠮᠦᠵᠢᠯ ᠤᠨ | ᠨᠢᠭᠡᠳᠦᠭᠡᠷ ᠬᠠᠷᠢᠭᠤᠴᠠᠯᠭᠠᠲᠠᠨ ᠮᠥᠨ ᠭᠡᠵᠦ ᠲᠣᠳᠣᠷᠬᠠᠶᠢᠯᠠᠭᠰᠠᠨ ᠪᠥᠭᠡᠳ ᠵᠠᠰᠠᠭ ᠤᠨ ᠣᠷᠳᠣᠨ᠂ ᠲᠣᠰᠬᠤᠨ ︵ | ᠰᠠᠭᠤᠭᠠᠯᠢ︶ ᠤ ᠠᠷᠠᠳ ᠤᠨ ᠵᠥᠪᠯᠡᠯ᠂ ᠰᠤᠷᠭᠠᠭᠤᠯᠢ᠂ ᠪᠤᠰᠤᠳ ᠬᠤᠯᠪᠣᠭᠳᠠᠯ ᠪᠥᠬᠦᠶ ᠨᠡᠶᠢᠭᠡᠮ ᠨᠡᠶᠢᠲᠡ ᠶᠢᠨ | ᠪᠠᠶᠢᠭᠤᠯᠤᠮᠵᠢ ᠵᠡᠷᠭᠡ ᠠᠳᠠᠯᠢ ᠪᠤᠰᠤ ᠪᠡᠶᠡᠴᠢ ᠴᠣᠭᠴᠠ ᠶᠢᠨ ᠬᠡᠷ ᠪᠦᠯᠢ ᠶᠢᠨ ᠬᠥᠮᠦᠵᠢᠯ ᠢ ᠠᠬᠢᠭᠤᠯᠬᠤ | ᠲᠠᠯ᠎ᠠ ᠪᠠᠷ ᠬᠢ ᠬᠠᠷᠢᠭᠤᠴᠠᠯᠭ᠎ᠠ ᠪᠠ ᠡᠭᠦᠷᠭᠡ ᠶᠢ ᠲᠣᠭᠲᠠᠭᠠᠭᠰᠠᠨ ᠪᠠᠶᠢᠨ᠎ᠠ᠃ | ᠲᠥᠰᠦᠯ ᠳᠤ᠂ ᠡᠴᠢᠭᠡ ᠡᠬᠡ ᠪᠣᠯᠤᠭᠰᠠᠳ ᠪᠤᠶᠤ ᠪᠤᠰᠤᠳ ᠬᠢᠨᠠᠨ ᠬᠠᠮᠠᠭᠠᠯᠠᠭᠴᠢᠳ ᠨᠠᠰᠤᠨ ᠳᠤ ᠥᠯᠥ | ᠭᠦᠷᠦᠭᠰᠡᠳ ᠲᠤ ᠬᠡᠷ ᠪᠦᠯᠢ ᠶᠢᠨ ᠬᠥᠮᠦᠵᠢᠯ ᠬᠢᠬᠦ ᠡᠷᠬᠡ ᠪᠠ ᠡᠭᠦᠷᠭᠡ ᠲᠠᠢ᠃ ᠨᠠᠰᠤᠨ ᠳᠤ ᠦᠯᠤ ᠬᠥᠷᠦᠭᠰᠡᠳ ᠤᠨ | ᠡᠴᠢᠭᠡ ᠡᠭᠡ ᠨᠢ ᠰᠠᠯᠵᠤ ᠰᠠᠭᠤᠭᠰᠠᠨ ᠪᠤᠶᠤ ᠤᠷᠤᠭ ᠰᠠᠯᠤᠭᠰᠠᠨ ᠪᠠᠶᠢᠪᠠᠯ᠂ ᠠᠯᠢ ᠨᠢᠭᠡ ᠲᠠᠯ᠎ᠠ ᠨᠢ ᠴᠦ ᠭᠡᠳ ᠭᠡᠷ | ᠪᠦᠯᠢ ᠶᠢᠨ ᠬᠥᠮᠦᠵᠢᠯ ᠬᠢᠬᠦ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠪᠴᠢᠬᠦ ᠪᠤᠶᠤ ᠬᠤᠶᠢᠷᠭᠤᠰᠢᠵᠤ ᠪᠣᠯᠬᠤ | ᠦᠭᠡᠢ᠂ ᠭᠡᠪᠡᠴᠦ ᠠᠷᠠᠳ ᠤᠨ ᠰᠢᠭᠦᠬᠦ ᠬᠤᠷᠢᠶ᠎ᠠ ᠠᠴᠠ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ | ᠭᠠᠷᠭᠠᠭᠰᠠᠨ ᠪᠤᠶᠤ ᠡᠷᠭᠢᠵᠦ ᠦᠵᠡᠬᠦ ᠶᠢ ᠨᠢ ᠵᠣᠭᠰᠣᠭᠠᠬᠤ ᠢᠶᠠᠷ ᠲᠠᠰᠤᠯᠤᠨ ᠲᠣᠭᠲᠠᠭᠠᠭᠰᠠᠨ ᠪᠠᠶᠢᠪᠠᠯ ᠡᠭᠦᠨ ᠳᠤ | ᠪᠠᠭᠲᠠᠬᠤ ᠦᠭᠡᠢ᠃ ᠨᠠᠰᠤᠨ ᠳᠤ ᠦᠯᠦ ᠬᠦᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢᠳ | ᠭᠡᠷ ᠪᠦᠯᠢ ᠶᠢᠨ ᠰᠤᠷᠭᠠᠨ ᠬᠥᠮᠦᠵᠢᠯ ᠤᠨ ᠵᠥᠪ ᠤᠢᠢᠯᠠᠭᠠᠬᠳᠠᠬᠤᠨ ᠢ ᠪᠣᠶ ᠪᠣᠯᠭᠠᠵᠤ᠂ ᠭᠡᠷ ᠪᠦᠯᠢ ᠶᠢᠨ ᠰᠤᠷᠭᠠᠨ | ᠬᠥᠮᠦᠵᠢᠯ ᠤᠨ ᠮᠡᠳᠡᠯᠭᠡ ᠶᠢ ᠤᠬᠠᠮᠰᠠᠷ ᠠᠴᠠ ᠪᠠᠨ ᠰᠤᠷᠤᠯᠴᠠᠵᠤ᠂ ᠢᠯᠠᠩᠭᠤᠶ᠎ᠠ ᠵᠢᠷᠮᠦᠰᠦᠨ ᠬᠤᠭᠤᠴᠠᠭᠠᠨ ᠳᠤ | ᠪᠠᠶᠢᠬᠤ ᠪᠠ ᠨᠠᠰᠤᠨ ᠳᠤ ᠦᠯᠦ ᠬᠦᠷᠦᠭᠰᠡᠳ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ | ᠪᠠᠶᠢᠭᠤᠯᠤᠮᠵᠢ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠴᠢᠬᠤᠯᠠ ᠵᠠᠩᠭᠢᠯᠠᠭ᠎ᠠ ᠶᠢᠨ | ᠴᠡᠭ ᠲᠤ ᠣᠷᠣᠬᠤ ᠳᠤ ᠬᠠᠨᠳᠤᠯᠭ᠎ᠠ ᠲᠠᠢ ᠰᠤᠷᠤᠯᠴᠠᠵᠤ᠂ ᠭᠡᠷ ᠪᠦᠯᠢ ᠶᠢᠨ ᠬᠥᠮᠦᠵᠢᠯ ᠤᠨ ᠰᠢᠨᠵᠢᠯᠡᠬᠦ ᠤᠬᠠᠭᠠᠨᠴᠢ | ᠠᠷᠭ᠎ᠠ ᠶᠢ ᠡᠵᠡᠮᠰᠢᠨ᠂ ᠭᠡᠷ ᠪᠦᠯᠢ ᠶᠢᠨ ᠬᠥᠮᠦᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ | ᠲᠤᠳᠤᠷᠬᠠᠢ ᠲᠤᠬᠳᠠᠭᠠᠪᠠ᠃ | ᠲᠥᠰᠦᠯ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠵᠤ ᠪᠠᠶᠢᠭᠠᠳ ᠪᠥᠬᠦ ᠤᠯᠤᠰ ᠤᠨ ᠬᠡᠷ ᠪᠦᠯᠢ ᠶᠢᠨ ᠬᠥᠮᠦᠵᠢᠯ ᠤᠨ ᠵᠢᠯᠣᠭᠤᠳᠬᠤ ᠬᠥᠲᠥᠯᠪᠦᠷᠢ ᠶᠢ | ᠲᠣᠭᠲᠠᠭᠠᠵᠤ᠂ ᠵᠠᠰᠠᠪᠤᠷᠢ ᠣᠷᠣᠭᠤᠯᠬᠤ ᠶᠢᠨ ᠬᠠᠮᠲᠤ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠠᠳᠠᠯᠢ ᠪᠤᠰᠤ ᠨᠠᠰᠤᠨ ᠤ | ᠱᠠᠲᠤ ᠶᠢᠨ ᠭᠡᠷ ᠪᠦᠯᠢ ᠶᠢᠨ ᠬᠥᠮᠦᠵᠢᠯ ᠤᠨ ᠵᠢᠯᠣᠭᠤᠳᠬᠤ ᠤᠩᠰᠢᠬᠤ ᠪᠢᠴᠢᠭ ᠢ ᠨᠡᠶᠢᠷᠠᠭᠤᠯᠤᠨ ᠪᠢᠴᠢᠵᠦ᠂ ᠭᠡᠷ | ᠪᠦᠯᠢ ᠶᠢᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠬᠠᠷᠠᠭᠠᠯᠵᠠᠬᠰᠠᠨ ᠠᠵᠢᠯ ᠤᠨ ᠵᠢᠷᠤᠮᠵᠢᠯ ᠪᠣᠯᠤᠨ ᠦᠨᠡᠯᠡᠨ | ᠵᠢᠱᠢᠬᠦ ᠵᠢᠷᠤᠮᠵᠢᠯ ᠢ ᠲᠣᠭᠲᠠᠭᠠᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠵᠠᠮ | ᠪᠣᠯᠤᠨ ᠠᠷᠭ᠎ᠠ ᠬᠡᠯᠪᠡᠷᠢ ᠪᠠᠷ ᠳᠠᠮᠵᠢᠭᠤᠯᠤᠨ ᠭᠡᠷ ᠪᠦᠯᠢ ᠶᠢᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠲᠥᠪ | ᠪᠠᠶᠢᠭᠤᠯᠬᠤ ᠪᠤᠶᠤ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠨᠢ ᠭᠡᠷ ᠤᠨ ᠠᠬᠠᠮᠠᠳ ᠤᠨ ᠰᠤᠷᠭᠠᠭᠤᠯᠢ ᠪᠠᠶᠢᠭᠤᠯᠵᠤ᠂ ᠠᠳᠠᠯᠢ ᠪᠤᠰᠤ ᠨᠠᠰᠤᠨ ᠤ | ᠱᠠᠳᠤᠨ ᠳᠠᠬᠢ ᠨᠠᠰᠤᠨ ᠳᠤ ᠬᠦᠷᠦᠭᠡᠳᠦᠢ ᠰᠤᠷᠤᠭᠴᠢᠳ ᠤᠨ ᠣᠨᠴᠠᠯᠢᠭ ᠲᠤ ᠴᠢᠭᠯᠡᠭᠦᠯᠦᠨ᠂ ᠭᠡᠷ ᠪᠦᠯᠢ ᠶᠢᠨ | ᠬᠥᠮᠦᠵᠢᠯ ᠤᠨ ᠵᠢᠯᠤᠭᠤᠳᠤᠯᠭ᠎ᠠ ᠪᠠ ᠭᠡᠷ ᠪᠦᠯᠢ ᠶᠢᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠢ ᠭᠡᠵᠦ ᠲᠤᠷᠠᠳᠪᠠ᠃ | ᠨᠢᠷᠠᠶ ᠨᠢᠯᠬ᠎ᠠ ᠬᠡᠤᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ᠂ ᠠᠩᠬᠠᠨ ᠤ | ᠰᠤᠷᠭᠠᠨ ᠬᠥᠮᠦᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠣᠷᠤᠭ ᠤᠨ ᠳᠡᠩᠰᠡᠯᠡᠯᠲᠡ ᠶᠢᠨ ᠪᠠᠶᠢᠭᠤᠯᠤᠮᠵᠢ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠡᠷᠭᠡ ᠶᠢᠨ ᠲᠤᠬᠠᠶ᠂ ᠲᠥᠰᠦᠯ ᠳᠤ ᠪᠠᠰᠠ ᠠᠳᠠᠯᠢ ᠪᠤᠰᠤ | ᠪᠠᠶᠢᠳᠠᠯ ᠤᠨ ᠳᠣᠤᠷ᠎ᠠ ᠬᠤᠯᠪᠣᠭᠳᠠᠯ ᠪᠥᠬᠦᠶ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠣᠯᠭ᠎ᠠ ᠶᠢᠨ | ᠦᠢᠯᠡᠴᠢᠯᠡᠭᠡ ᠬᠠᠩᠭᠠᠬᠤ ᠱᠠᠭᠠᠷᠳᠠᠯᠭ᠎ᠠ ᠳᠤᠷᠠᠳᠪᠠ᠃ |