ᠥᠪᠥᠷ ᠮᠣᠩᠭᠤᠯ ᠤᠨ ᠡᠳᠦᠷ ᠤᠨ ᠰᠣᠨᠢᠨ ᠤ 1 ᠰᠠᠷ᠎ᠠ ᠶᠢᠨ 13 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠾᠦᠸᠧ ᠰᠢᠶᠤᠤ ᠴᠢᠩ︶ 1 ᠰᠠᠷ᠎ᠠ ᠶᠢᠨ 13 ᠤ ᠡᠳᠦᠷ᠂ ᠰᠤᠷᠪᠤᠯᠵᠢᠯᠠᠭᠴᠢ 2020 ᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠪᠡᠶᠡᠯᠡᠭᠦᠯᠦᠭᠰᠡᠨ ᠪᠠᠶᠢᠳᠠᠯ ᠤᠨ | ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2020 ᠣᠨ ᠳᠤ ᠮᠠᠨ ᠤ ᠣᠷᠣᠨ | ᠠᠵᠢᠯ ᠣᠯᠭᠤᠯᠲᠠ ᠶᠢ ᠠᠷᠭ᠎ᠠ ᠪᠦᠬᠦᠨ ᠢ ᠰᠦᠪᠡᠭᠴᠢᠯᠡᠨ ᠲᠣᠭᠲᠠᠪᠤᠷᠢᠵᠢᠭᠤᠯᠵᠤ ᠥᠷᠭᠡᠳᠬᠡᠡ᠂ ᠪᠥᠬᠦ ᠣᠷᠣᠨ ᠤ | ᠬᠤᠲᠠ ᠪᠠᠯᠭᠠᠰᠤᠨ ᠤ 23.22 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠵᠢᠯ ᠤᠨ ᠬᠠᠷᠠᠯᠲᠠ ᠪᠠᠨ | 105.5 % ᠪᠠᠷ ᠪᠡᠶᠡᠯᠡᠭᠦᠯᠪᠡ︔ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3. | 8 % ᠪᠠᠶᠢᠵᠤ᠂ ᠣᠨ ᠤ ᠬᠢᠵᠠᠭᠠᠷᠯᠠᠬᠤ ᠬᠠᠷᠠᠯᠲᠠ ᠠᠴᠠ 0.7 ᠵᠠᠭᠤᠨ ᠤ ᠬᠤᠪᠢ ᠶᠢᠨ ᠴᠡᠭ ᠳᠣᠤᠷ᠎ᠠ ᠪᠤᠯᠵᠤ᠂ | ᠪᠥᠬᠦ ᠣᠷᠣᠨ ᠤ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠵᠢᠱᠢᠭᠰᠡᠨ ᠠᠴᠠ ᠪᠠᠨ | ᠰᠠᠶᠢᠨ ᠪᠠᠶᠢᠨ᠎ᠠ᠃ | 2020 ᠣᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠨᠢ ᠠᠵᠢᠯ ᠣᠯᠭᠤᠯᠲᠠ ᠶᠢ | ᠤᠷᠢᠳ ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠳᠤ ᠲᠤᠯᠭᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠶᠢ ᠴᠢᠬᠤᠯᠠ ᠶᠡᠭᠡ ᠤᠯᠤᠰ | ᠲᠥᠷᠥ ᠶᠢᠨ ᠬᠠᠷᠢᠭᠤᠴᠠᠯᠭ᠎ᠠ ᠪᠠᠨ ᠪᠤᠯᠭᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠷᠤᠭᠠᠰᠤ ᠶᠢ ᠬᠦᠡᠭᠭᠡᠷᠡᠭᠦᠯᠭᠦ᠂ ᠠᠵᠢᠯ ᠤᠨ ᠪᠠᠶᠢᠷᠢ ᠶᠢ | ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠥᠷᠭᠡᠳᠬᠡᠬᠦ ᠶᠢ ᠵᠡᠷᠭᠡᠪᠡᠷ ᠡᠷᠬᠢᠮᠯᠡᠬᠦ ᠶᠢ ᠪᠠᠷᠢᠮᠳᠠᠯᠠᠵᠤ᠂ | ᠬᠢᠵᠢᠭ ᠢ ᠰᠡᠷᠭᠡᠶᠢᠯᠡᠨ ᠬᠤᠷᠢᠬᠯᠠᠬᠤ ᠬᠤᠭᠤᠴᠠᠭᠠᠨ ᠳᠠᠬᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ 20 | ᠵᠤᠷᠪᠤᠰ᠂ ᠬᠢᠵᠢᠭ ᠤᠨ ᠨᠥᠯᠥᠭᠡ ᠶᠢ ᠠᠷᠭᠠᠴᠠᠵᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ 28 ᠵᠤᠷᠪᠤᠰ ᠢᠶᠠᠷ | ᠶᠡᠷᠦᠩᠬᠡᠶᠢᠯᠡᠨ ᠵᠢᠯᠣᠭᠤᠳᠣᠭᠤᠯᠤᠬᠰᠠᠨ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠬᠤ᠂ ᠠᠵᠢᠯ | ᠠᠯᠳᠠᠯᠳᠠ ᠶᠢᠨ ᠳᠠᠭᠠᠳᠬᠠᠯ ᠢ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠭᠠᠳ ᠪᠤᠴᠠᠭᠠᠬᠤ᠂ ᠮᠠᠯᠴᠢᠨ ᠲᠠᠷᠢᠶᠠᠴᠢᠨ | ᠬᠦᠯᠦᠰᠦᠨ ᠠᠵᠢᠯ ᠬᠢᠭᠰᠡᠳ ᠢ ᠵᠣᠬᠢᠶᠠᠨ ᠪᠠᠶᠢᠭᠤᠯᠵᠤ ᠠᠵᠢᠯ ᠤᠨ ᠪᠠᠶᠢᠷᠢ ᠳᠤ ᠨᠢ ᠪᠤᠴᠠᠭᠠᠨ ᠠᠵᠢᠯ ᠰᠡᠷᠭᠦᠭᠡᠭᠦ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠵᠤ ᠠᠵᠢᠯ | ᠤᠯᠬᠤ ᠶᠢ ᠵᠤᠷᠢᠬᠵᠢᠭᠤᠯᠬᠤ ᠵᠡᠷᠭᠡ ᠪᠠᠷ ᠭᠠᠷᠳᠠᠴᠠ ᠪᠣᠯᠭᠠᠭᠰᠠᠨ ᠰᠢᠷᠢᠰ ᠲᠥᠷᠥ ᠶᠢᠨ ᠪᠣᠳᠣᠯᠭ᠎ᠠ ᠪᠢᠴᠢᠭ | ᠮᠠᠲ᠋ᠧᠷᠢᠶᠠᠯ ᠢ ᠵᠠᠯᠭᠠᠭ᠎ᠠ ᠪᠠᠷ ᠨᠡᠶᠢᠳᠡᠯᠡᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠳᠠ ᠪᠠ ᠠᠵᠢᠯ | ᠣᠯᠭᠤᠬᠤ ᠦᠢᠯᠡᠴᠢᠯᠡᠭᠡ ᠶᠢ ᠴᠢᠩᠭᠠᠳᠬᠠᠵᠤ᠂ ᠠᠵᠢᠯ ᠣᠯᠭᠤᠬᠤ ᠦᠢᠯᠡᠰ ᠪᠤᠰᠬᠠᠬᠤ ᠦᠢᠯᠡᠴᠢᠯᠡᠭᠡᠨ ᠤ ᠪᠤᠭᠤᠮᠳᠠ | ᠰᠢᠪᠳᠤᠯᠬᠤ ᠤᠯᠠᠷᠢᠯ ᠤᠨ ᠠᠵᠢᠯᠯᠠᠭ᠎ᠠ ᠶᠢ ᠥᠷᠨᠢᠭᠦᠯᠵᠦ᠂ ᠪᠥᠬᠦ ᠣᠷᠣᠨ ᠳᠤ ᠡᠯ᠎ᠡ ᠲᠥᠷᠥᠯ ᠤᠨ ᠠᠵᠢᠯᠲᠠᠨ ᠡᠯᠰᠡᠬᠦ | ᠴᠤᠭᠯᠠᠭᠠᠨ ᠢ ᠨᠡᠶᠢᠲᠡ 596 ᠲᠠᠯᠠᠪᠠᠶ ᠡᠷᠭᠢᠯᠡᠪᠡ᠃ 12 ᠰᠠᠷ᠎ᠠ ᠶᠢᠨ ᠰᠡᠭᠦᠯᠴᠢ ᠪᠣᠯᠲᠠᠯ᠎ᠠ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠡ 13.96 ᠲᠦᠮᠡᠨ ᠤᠶᠤᠳᠠᠨ ᠳᠤ ᠠᠵᠢᠯ ᠣᠯᠭᠤᠬᠤ ᠪᠤᠶᠤ ᠠᠵᠢᠯ ᠣᠯᠭᠤᠬᠤ ᠴᠢᠭᠯᠡᠯ ᠢ | ᠨᠠᠶᠢᠳᠠᠪᠤᠷᠢᠵᠢᠭᠤᠯᠵᠤ᠂ ᠣᠨ ᠤ ᠲᠥᠯᠥᠪᠯᠡᠭᠡ ᠪᠠᠨ 107 % ᠪᠠᠷ ᠪᠡᠶᠡᠯᠡᠭᠦᠯᠪᠡ᠃ ᠮᠠᠯᠵᠢᠬᠤ ᠲᠠᠷᠢᠶᠠᠯᠠᠬᠤ | ᠣᠷᠣᠨ ᠤ 248.2 ᠲᠦᠮᠡᠨ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠣᠨ ᠤ ᠬᠠᠷᠠᠯᠲᠠ | ᠡᠭᠦᠷᠭᠡ ᠶᠢᠨ 101 % ᠶᠢ ᠪᠡᠶᠡᠯᠡᠭᠦᠯᠪᠡ᠃ ᠠᠵᠢᠯ ᠤᠯᠬᠤ ᠳᠤ ᠬᠦᠴᠢᠷᠲᠡᠢ 7.38 ᠲᠦᠮᠡᠨ ᠬᠥᠮᠦᠨ ᠳᠤ ᠠᠵᠢᠯ | ᠣᠯᠭᠤᠵᠤ᠂ ᠤᠨ ᠤ ᠲᠥᠯᠥᠪᠯᠡᠭᠡ ᠪᠠᠨ 147.6 % ᠪᠠᠷ ᠪᠡᠶᠡᠯᠡᠭᠦᠯᠪᠡ︔ 10.45 ᠲᠦᠮᠡᠨ ᠠᠵᠢᠯ | ᠠᠯᠳᠠᠭᠰᠠᠳ ᠲᠤ ᠳᠠᠬᠢᠨ ᠠᠵᠢᠯ ᠣᠯᠭᠤᠵᠤ᠂ ᠤᠨ ᠤ ᠲᠥᠯᠥᠪᠯᠡᠭᠡ ᠶᠢᠨ 209 % ᠶᠢ ᠪᠡᠶᠡᠯᠡᠭᠦᠯᠪᠡ᠃ . | ᠡᠭᠦᠨ ᠤ ᠬᠠᠮᠲᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤᠴᠢ ᠴᠢᠨᠠᠷᠲᠠᠶ ᠪᠠᠷ ᠬᠠᠰᠤᠵᠤ ᠬᠡᠯᠲᠦᠷᠢᠭᠦᠯᠦᠨ | ᠬᠤᠶᠢᠰᠢᠯᠠᠭᠤᠯᠬᠤ᠂ ᠠᠵᠢᠯ ᠠᠯᠳᠠᠯᠲᠠ ᠶᠢᠨ ᠳᠠᠭᠠᠳᠬᠠᠯ ᠢ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ | ᠪᠤᠴᠠᠭᠠᠬᠤ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠪᠥᠬᠦ | ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠪᠠ᠃ ᠪᠥᠬᠦ ᠵᠢᠯ ᠳᠤ | ᠨᠠᠰᠤᠵᠢᠯ ᠤᠨ ᠠᠰᠠᠷᠠᠮᠵᠢ᠂ ᠠᠵᠢᠯ ᠠᠴᠠ ᠪᠣᠯᠤᠭᠰᠠᠨ ᠭᠡᠮᠲᠦᠯ ᠪᠠ ᠠᠵᠢᠯ ᠠᠯᠳᠠᠯᠲᠠ ᠭᠤᠷᠪᠠᠨ ᠵᠦᠢᠯ ᠤᠨ | ᠨᠡᠶᠢᠭᠡᠮ ᠤᠨ ᠳᠠᠭᠠᠳᠬᠠᠯ ᠤᠨ ᠪᠠᠶᠢᠭᠤᠯᠭ᠎ᠠ ᠨᠢᠭᠡᠴᠢ ᠶᠢᠨ ᠲᠤᠰᠢᠶᠠᠬᠤ ᠰᠦᠢᠳᠬᠡᠯ ᠢ 158.1 ᠳ᠋ᠦᠩᠰᠢᠭᠤᠷ | ᠲᠥᠭᠦᠷᠢᠭ ᠬᠠᠰᠤᠵᠤ ᠬᠡᠯᠲᠦᠷᠢᠭᠦᠯᠦᠨ᠂ 7.1 ᠲᠦᠮᠡᠨ ᠠᠵᠤ ᠠᠬᠤᠶᠢᠯᠠᠯ ᠳᠤ ᠠᠰᠢᠭ ᠬᠦᠷᠲᠡᠭᠡᠪᠡ᠃ 2. 44 | ᠲᠦᠮᠡᠨ ᠡᠷᠦᠬᠡ ᠠᠵᠤ ᠠᠬᠤᠶᠢᠯᠠᠯ ᠳᠤ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠨᠡᠶᠢᠲᠡ 18.8 | ᠳ᠋ᠦᠩᠰᠢᠭᠤᠷ ᠲᠥᠭᠦᠷᠢᠭ ᠪᠤᠴᠠᠭᠠᠨ ᠥᠭᠴᠦ᠂ 171.8 ᠲᠦᠮᠡᠨ ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ᠃ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠷᠥ ᠶᠢᠨ ᠪᠣᠳᠣᠯᠭ᠎ᠠ ᠪᠠ ᠵᠣᠬᠢᠶᠠᠨ | ᠪᠠᠶᠢᠭᠤᠯᠵᠤ ᠬᠡᠷᠡᠭᠵᠢᠭᠦᠯᠬᠦ ᠰᠢᠰᠲ᠋ᠧᠮ ᠢ ᠪᠦᠷᠢᠨᠰᠢᠭᠦᠯᠵᠦ᠂ ᠪᠣᠯᠪᠠᠰᠤᠷᠠᠭᠤᠯᠤᠯ ᠤᠨ ᠨᠥᠬᠦᠪᠥᠷᠢ ᠶᠢᠨ ᠬᠠᠮᠤᠷᠬᠤ | ᠬᠡᠪᠴᠢᠶ᠎ᠡ ᠶᠢ ᠥᠷᠭᠡᠳᠬᠡᠨ᠂ ᠰᠦᠯᠵᠢᠶᠡᠨ ᠳᠡᠭᠡᠷᠡᠬᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠤᠨ ᠲᠠᠪᠴᠠᠩ ᠢ 199 ᠨᠡᠭᠡᠭᠡᠵᠦ᠂ 81.3 ᠲᠦᠮᠡᠨ ᠬᠥᠮᠦᠨ ᠤᠳᠠᠭ᠎ᠠ ᠳᠤ ᠨᠥᠬᠦᠪᠥᠷᠢ ᠶᠢᠨ | ᠴᠢᠨᠠᠷᠲᠠᠶ ᠪᠣᠯᠪᠠᠰᠤᠷᠠᠭᠤᠯᠤᠯ ᠬᠦᠷᠲᠡᠭᠡᠵᠦ᠂ 9.98 ᠳ᠋ᠦᠩᠰᠢᠭᠤᠷ ᠲᠥᠭᠦᠷᠢᠭ ᠤᠨ ᠨᠥᠬᠦᠪᠥᠷᠢ ᠶᠢᠨ ᠪᠠᠯᠠ | ᠮᠥᠩᠭᠦ ᠶᠢ ᠰᠠᠯᠭᠠᠨ ᠥᠭᠴᠦ᠂ ᠪᠥᠬᠦ ᠵᠢᠯ ᠳᠠᠬᠢ 25 ᠲᠦᠮᠡᠨ ᠬᠥᠮᠦᠨ ᠤᠳᠠᠭ᠎ᠠ ᠶᠢᠨ ᠬᠠᠷᠠᠯᠲᠠ ᠡᠭᠦᠷᠭᠡ ᠶᠢᠨ | 325.2 % ᠢ ᠪᠡᠶᠡᠯᠡᠭᠦᠯᠪᠡ᠃ http://mongol.people.com.cn/15835250.html |