ᠶᠢᠨ ᠴᠦᠨ ᠯᠢᠶᠠᠩ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠠᠩᠬᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/21
     1 ᠰᠠᠷ᠎ᠠ ᠶᠢᠨ 15   ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ  ᠤ ᠰᠢᠶᠠᠨ ᠤ ᠳᠠᠷᠤᠭ᠎ᠠ ᠶᠢᠨ ᠴᠦᠨ ᠯᠢᠶᠠᠩ ᠦᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠠᠩᠬᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ᠂ ᠬᠤ᠋ ᠴᠦᠨ ᠬᠤᠸᠠ ᠨᠥᠬᠦᠷ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯᠳᠤᠭᠠᠨ ᠳᠡᠭᠡᠷ᠎ᠡ ᠬᠡᠯᠡᠭᠰᠡᠨ ᠦᠭᠡ ᠶᠢᠨ ᠵᠣᠷᠢᠭ ᠰᠠᠨᠠᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠲᠤᠬᠠᠶ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠢ ᠤᠯᠠᠮᠵᠢᠯᠠᠨ ᠰᠤᠷᠤᠯᠴᠠᠪᠠ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠂ 《 ᠨᠠᠮ ᠤᠨ ᠬᠤᠷᠢᠶ᠎ᠠ ( ᠨᠠᠮ ᠤᠨ ᠤᠳᠤᠷᠢᠳᠬᠤ ᠳᠤᠭᠤᠶᠢᠯᠠᠩ ) ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ( ᠲᠤᠷᠰᠢᠨ ᠬᠡᠷᠡᠭᠵᠢᠭᠦᠯᠬᠦ ) 》 ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ ᠢ ᠤᠯᠠᠮᠵᠢᠯᠠᠨ ᠰᠤᠷᠤᠯᠴᠠᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ( ᠤᠳᠤᠷᠢᠳᠬᠤ ᠪᠠᠭ ᠤᠨ ᠪᠦᠷᠢᠯᠳᠦᠬᠦᠨ ) ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ  ᠶᠢ ᠰᠣᠨᠣᠰᠪᠠ᠂ ᠬᠡᠰᠡᠭ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠶᠢᠨ ᠴᠦᠨ ᠯᠢᠶᠠᠩ ᠵᠢᠭᠠᠵᠤ ᠭᠠᠷᠭᠠᠭᠰᠠᠨ ᠨᠢ᠂ ᠡᠯ᠎ᠡ ᠪᠦᠷᠢᠯᠳᠦᠬᠦᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠶᠢᠯᠠᠭᠠᠯᠲᠠ ᠲᠠᠨᠢᠯᠲᠠ ᠪᠠᠨ ᠭᠦᠨᠵᠡᠭᠡᠶᠢᠷᠡᠭᠦᠯᠵᠦ᠂ ᠭᠦᠨᠵᠡᠭᠡᠶ ᠵᠠᠳᠠᠯᠤᠯᠲᠠ ᠬᠢᠵᠦ᠂ ᠨᠠᠷᠢᠨ ᠨᠢᠮᠪᠠᠶ ᠴᠡᠭᠴᠡᠯᠡᠨ ᠰᠠᠶᠢᠵᠢᠷᠠᠭᠤᠯᠵᠤ᠂ 《 ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ 》 ᠶᠢ ᠨᠠᠷᠢᠨ ᠬᠢᠨᠠᠮᠠᠭᠠᠶ ᠭᠦᠶᠴᠡᠳᠬᠡᠵᠦ᠂ ᠬᠤᠪᠢᠳᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠷᠮᠠᠶᠢᠨ ᠨᠠᠶᠢᠳᠠᠪᠤᠷᠢᠵᠢᠭᠤᠯᠵᠤ᠂ ᠬᠠᠮᠢᠶᠠᠷᠬᠤ ᠶᠣᠰᠣᠲᠠᠶ ᠶᠢ ᠨᠢ ᠰᠠᠶᠢᠲᠤᠷ ᠬᠠᠮᠢᠶᠠᠷᠴᠤ᠂ ᠱᠠᠲᠤ ᠳᠠᠷᠠᠭᠠᠯᠠᠨ ᠳᠠᠷᠤᠯᠲᠠ ᠶᠢ ᠳᠠᠮᠵᠢᠭᠤᠯᠵᠤ᠂ ᠱᠠᠲᠤ ᠱᠠᠲᠤ ᠪᠠᠷ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠬᠠᠮᠢᠶ᠎ᠠ ᠪᠥᠬᠦᠶ ᠠᠵᠢᠯ ᠡᠭᠦᠷᠭᠡ ᠶᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ ᠭᠡᠪᠡ᠃       ᠶᠢᠨ ᠴᠦᠨ ᠯᠢᠶᠠᠩ‌ᠵᠢᠭᠠᠵᠤ ᠭᠠᠷᠭᠠᠭᠰᠠᠨ ᠨᠢ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ( ᠨᠠᠮ ᠤᠨ ᠡᠭᠦᠷ ) ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ᠂ ᠨᠠᠮ ᠢ ᠬᠠᠮᠢᠶᠠᠷᠬᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠳᠦᠰᠦᠨ ᠱᠠᠲᠤᠨ  ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠶ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠶᠢᠨ ᠵᠣᠬᠢᠶᠠᠨ ᠪᠠᠶᠢᠭᠤᠯᠬᠤ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠂ ᠦᠢᠯᠡᠴᠢᠯᠡᠭᠡᠨ ᠤ ᠲᠣᠭᠲᠠᠴᠠ  ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠢᠳᠡ ᠡᠨᠡ ᠤᠳᠠᠭ᠎ᠠ ᠶᠢᠨ ᠲᠤᠰᠢᠶᠠᠯ ᠤᠨ ᠮᠡᠳᠡᠭᠦᠯᠦᠯᠲᠡ ᠪᠠᠷ ᠠᠵᠠ ᠲᠣᠬᠢᠶᠠᠯ ᠪᠣᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠶᠴᠡᠳᠬᠡᠬᠦ ᠶᠢ ᠦᠨᠡᠨ ᠬᠦ ᠪᠡᠶᠡᠯᠡᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠠᠬᠢᠭᠤᠯᠵᠤ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ  ᠶᠢ ᠰᠠᠶᠢᠲᠤᠷ ᠡᠬᠢᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠤᠭᠲᠤᠬᠤ ᠳᠤ ᠪᠠᠲᠤ ᠪᠠᠬᠢ ᠦᠨᠳᠦᠰᠦᠨ ᠱᠠᠲᠤᠨ ᠤ ᠰᠠᠭᠤᠷᠢ ᠶᠢ ᠲᠠᠯᠪᠢᠬᠤ ᠬᠡᠷᠡᠭᠲᠡᠶ ᠭᠡᠪᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号