ᠴᠠᠭᠠᠨ ᠰᠠᠷ᠎ᠠ ᠳᠤ ᠨᠤᠲᠤᠭ ᠲᠠᠭᠠᠨ ᠬᠠᠷᠢᠬᠤ ᠬᠥᠮᠦᠰ ᠪᠥᠭᠡᠮ ᠬᠦᠴᠢᠯ ᠤᠨ ᠪᠢᠯᠢᠭ ᠴᠢᠨᠠᠷ ᠤᠨ ᠰᠢᠯᠭᠠᠨ ᠪᠠᠶᠢᠴᠠᠭᠠᠯᠲᠠ ᠶᠢᠨ ᠭᠡᠷᠡᠴᠢ ᠲᠠᠢ ᠪᠠᠶᠢᠬᠤ ᠬᠡᠷᠡᠭᠲᠡᠶ
ᠨᠡᠶᠢᠲᠡᠯᠡᠭᠰᠡᠨ ᠴᠠᠭ᠄
2021/1/22
     ᠰᠢᠨᠬᠤᠧᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 20 ᠤ ᠡᠳᠦᠷ ᠤᠨ ᠮᠡᠳᠡᠭᠡ ︵ᠰᠤᠷᠪᠤᠯᠵᠢᠯᠠᠭᠴᠢ ᠫᠧᠩ ᠶᠦᠨ ᠵᠢᠶᠠ︶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ ᠶᠢᠨ ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ ᠸᠠᠩ ᠪᠢᠨ 20 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠬᠤᠷᠢᠬᠯᠠᠬᠤ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠂ ᠨᠤᠲᠤᠭ ᠲᠠᠭᠠᠨ ᠬᠠᠷᠢᠬᠤ ᠬᠥᠮᠦᠰ 7 ᠡᠳᠦᠷ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠰᠢᠯᠭᠠᠨ ᠪᠠᠶᠢᠴᠠᠭᠠᠯᠲᠠ ᠶᠢᠨ ᠭᠡᠷᠡᠴᠢ ᠲᠠᠢ ᠪᠠᠶᠢᠪᠠᠯ ᠰᠠᠶ᠋ᠢ ᠨᠤᠲᠤᠭ ᠲᠠᠭᠠᠨ ᠬᠠᠷᠢᠵᠦ ᠪᠤᠯᠤᠨ᠎ᠠ᠃ ᠲᠤᠬᠠᠢ ᠶᠢᠨ ᠭᠠᠵᠠᠷ ᠤᠨ ᠦᠨᠳᠦᠰᠦᠨ ᠱᠠᠲᠤᠨ ᠤ ᠵᠠᠰᠠᠭ ᠤᠨ ᠣᠷᠳᠣᠨ ᠨᠢ ᠨᠤᠲᠤᠭ ᠲᠠᠭᠠᠨ ᠬᠠᠷᠢᠬᠤ ᠬᠥᠮᠦᠰ ᠲᠤ ᠲᠣᠤᠷᠴᠢᠯᠠᠭᠰᠠᠨ ᠬᠠᠮᠢᠶᠠᠷᠤᠯᠲᠠ ᠬᠢᠵᠦ᠂ ᠲᠤᠰᠠᠭᠠᠷᠯᠠᠬᠤ ᠲᠠᠯᠠᠪᠤᠷ ᠭᠠᠵᠠᠷ ᠪᠠ ᠰᠢᠯᠭᠠᠨ ᠪᠠᠶᠢᠴᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ ᠬᠡᠪᠡ᠃     ︽ᠣᠶᠢᠷ᠎ᠠ ᠶᠢᠨ ᠬᠤᠭᠤᠴᠠᠭᠠᠨ ᠳᠤ ᠣᠯᠠᠨ ᠭᠠᠵᠠᠷ ᠲᠤ ᠴᠤᠭᠯᠠᠷᠠᠯ ᠤᠨ ᠴᠢᠨᠠᠷᠲᠠᠶ ᠬᠢᠵᠢᠭ ᠲᠡᠯᠭᠡᠷᠡᠬᠦ ᠪᠠᠶᠢᠳᠠᠯ ᠢᠯᠡᠷᠡᠵᠦ᠂ ᠣᠯᠠᠩᠬᠢ ᠨᠢ ᠬᠥᠳᠡᠭᠡ ᠲᠣᠰᠬᠤᠨ ᠳᠤ ᠭᠠᠷᠴᠤ ᠪᠠᠶᠢᠨ᠎ᠠ︾ ᠬᠡᠵᠦ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠮᠢ ᠹᠧᠩ ᠬᠡᠯᠡᠭᠰᠡᠨ ᠢᠶᠠᠨ ᠵᠠᠯᠭᠠᠭᠠᠳ᠂ ᠴᠠᠭᠠᠨ ᠰᠠᠷ᠎ᠠ ᠣᠶᠢᠷᠠᠲᠤᠵᠤ᠂ ᠬᠥᠮᠦᠨ ᠬᠠᠷ᠎ᠠ ᠶᠢᠨ ᠶᠠᠪᠤᠯᠴᠠᠭ᠎ᠠ ᠤᠯᠠᠰᠢᠷᠠᠬᠤ ᠶᠢ ᠳᠠᠭᠠᠯᠳᠤᠨ᠂ ᠬᠢᠵᠢᠭ ᠬᠠᠯᠳᠠᠪᠤᠷᠢᠯᠠᠬᠤ ᠠᠶᠤᠯ ᠲᠦᠭᠰᠢᠭᠦᠷᠢ ᠤᠯᠠᠮ ᠢᠶᠠᠷ ᠨᠡᠮᠡᠭᠳᠡᠭᠦ ᠲᠤᠯᠠ ᠰᠡᠷᠭᠡᠶᠢᠯᠡᠨ ᠬᠤᠷᠢᠬᠯᠠᠬᠤ ᠡᠭᠦᠷᠭᠡ ᠮᠥᠨ ᠬᠦ ᠪᠡᠷᠬᠡ ᠬᠠᠲᠠᠭᠤᠵᠢᠯᠲᠠᠶ ᠮᠦᠷᠳᠡᠭᠡᠨ ᠬᠦᠨᠳᠦ ᠨᠦᠰᠡᠷ ᠪᠠᠶᠢᠨ᠎ᠠ ᠬᠡᠵᠡᠢ᠃     ᠣᠶᠢᠷ᠎ᠠ ᠶᠢᠨ ᠬᠤᠭᠤᠴᠠᠭᠠᠨ ᠤ ᠴᠤᠭᠯᠠᠷᠠᠯ ᠤᠨ ᠴᠢᠨᠠᠷᠲᠠᠶ ᠬᠢᠵᠢᠭ ᠲᠡᠯᠭᠡᠷᠡᠵᠦ ᠪᠠᠶᠢᠬᠤ ᠪᠠᠶᠢᠳᠠᠯ ᠢ ᠡᠮᠬᠢᠯᠡᠨ ᠵᠠᠳᠠᠯᠬᠤ ᠪᠠᠷ ᠳᠡᠮᠵᠢᠭᠠᠳ᠂ ᠣᠳᠣᠬᠠᠨ ᠤ ᠬᠢᠵᠢᠭ ᠤᠨ ᠪᠠᠶᠢᠳᠠᠯ ᠨᠢ ᠳᠣᠤᠷᠠᠬᠢ ᠮᠡᠲᠦ ᠣᠨᠴᠠᠯᠢᠭ ᠲᠠᠢ᠄ ᠣᠯᠠᠩᠬᠢ ᠨᠢ ᠬᠢᠯᠢ ᠶᠢᠨ ᠭᠠᠳᠠᠨ᠎ᠠ ᠠᠴᠠ ᠬᠥᠮᠦᠰ ᠤᠷᠤᠵᠤ ᠢᠷᠡᠵᠦ ᠪᠠᠶᠢᠬᠤ ᠪᠤᠶᠤ ᠪᠣᠬᠢᠷᠲᠤᠭᠰᠠᠨ ᠬᠦᠢᠳᠡᠨ ᠬᠡᠯᠬᠢᠶᠡᠲᠦ ᠡᠳ᠋ ᠪᠣᠳᠠᠰ ᠢ ᠭᠠᠳᠠᠭᠠᠳᠤ ᠠᠴᠠ ᠤᠷᠤᠭᠤᠯᠵᠤ ᠪᠠᠶᠢᠬᠤ ᠠᠴᠠ ᠪᠤᠯᠵᠤ ᠲᠡᠯᠭᠡᠷᠡᠵᠦ ᠪᠠᠶᠢᠨ᠎ᠠ︔ ᠬᠦᠳᠡᠭᠡ ᠨᠤᠳᠤᠭ ᠲᠤ ᠲᠡᠯᠭᠡᠷᠡᠵᠦ ᠪᠠᠶᠢᠨ᠎ᠠ᠂ ᠵᠢᠱᠢᠶᠡᠯᠡᠪᠡᠯ ᠾᠧᠪᠸᠢ ᠮᠤᠵᠢ ᠶᠢᠨ ᠱᠢ ᠵᠢᠶᠠ ᠵᠦ᠋ᠧᠠᠩ᠂ ᠬᠠᠷᠠᠮᠥ᠋ᠷᠡᠨ ᠮᠤᠵᠢ ᠶᠢᠨ ᠰᠦᠶ ᠬᠤᠸᠠ ᠵᠡᠷᠭᠡ ᠭᠠᠵᠠᠷ ᠤᠨ ᠬᠢᠵᠢᠭ ᠨᠢ ᠴᠦᠮ ᠬᠦᠳᠡᠭᠡ ᠨᠤᠳᠤᠭ ᠲᠤ  ᠲᠡᠯᠭᠡᠷᠡᠵᠡᠢ︔ ᠡᠨᠡ ᠤᠳᠠᠭ᠎ᠠ ᠶᠢᠨ ᠬᠢᠵᠢᠭ ᠤᠨ ᠲᠠᠷᠬᠠᠨ ᠳᠡᠯᠭᠡᠷᠡᠭᠰᠡᠨ ᠬᠡᠪᠴᠢᠶ᠎ᠡ ᠨᠡᠯᠢᠶᠡᠳ ᠥᠷᠭᠡᠨ᠂ ᠲᠠᠷᠬᠠᠨ ᠳᠡᠯᠭᠡᠷᠡᠬᠦ ᠬᠤᠷᠳᠤᠴᠠ ᠨᠢ ᠨᠡᠯᠢᠶᠡᠳ ᠲᠦᠷᠭᠡᠨ ᠪᠠᠶᠢᠨ᠎ᠠ ᠬᠡᠵᠦ ᠸᠠᠩ ᠪᠢᠨ ᠬᠡᠯᠡᠪᠡ᠃     ︽ᠡᠪᠦᠯ ᠬᠠᠪᠤᠷ ᠤᠨ ᠤᠯᠠᠷᠢᠯ ᠤᠨ ᠬᠥᠳᠡᠭᠡ ᠲᠣᠰᠬᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠳᠤ᠂ ᠡᠷᠲᠡ ᠰᠡᠷᠭᠡᠶᠢᠯᠡᠬᠦ᠂ ᠡᠷᠲᠡ ᠤᠯᠵᠤ ᠮᠡᠳᠡᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ ᠂ ᠪᠠᠲᠤᠯᠠᠭ᠎ᠠ ᠶᠢ ᠴᠢᠩᠭᠠᠳᠬᠠᠬᠤ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠶ ᠳᠤᠷᠠᠳᠤᠨ ᠭᠠᠷᠭᠠᠪᠠ᠃ ᠡᠭᠦᠨ ᠳᠤ᠂ ᠨᠤᠲᠤᠭ ᠲᠠᠭᠠᠨ ᠬᠠᠷᠢᠬᠤ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠵᠤ᠂ ᠨᠤᠲᠤᠭ ᠲᠠᠭᠠᠨ ᠬᠠᠷᠢᠬᠤ ᠬᠥᠮᠦᠰ 7 ᠡᠳᠦᠷ ᠤᠨ ᠳᠣᠲᠣᠷᠠᠬᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠦᠷ᠎ᠡ ᠳ᠋ᠦᠩ ᠲᠠᠢ ᠬᠡᠷᠡᠴᠢ ᠪᠠᠨ ᠠᠪᠴᠤ ᠨᠤᠲᠤᠭ ᠲᠠᠭᠠᠨ ᠬᠠᠷᠢᠬᠤ ᠬᠡᠷᠡᠭᠲᠡᠶ᠂ ᠨᠤᠲᠤᠭ ᠲᠠᠭᠠᠨ ᠬᠠᠷᠢᠬᠰᠠᠨ ᠤ ᠳᠠᠷᠠᠭ᠎ᠠ 14 ᠡᠳᠦᠷ ᠬᠡᠷ ᠲᠡᠭᠡᠨ ᠰᠠᠭᠤᠵᠤ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠬᠢᠯᠭᠡᠨ᠎ᠡ᠂ ᠡᠨᠡ ᠬᠤᠭᠤᠴᠠᠭᠠᠨ ᠳᠤ ᠴᠤᠭᠯᠠᠷᠠᠬᠤ ᠥᠬᠡᠶ᠂ ᠨᠠᠰᠢ ᠴᠠᠰᠢ ᠶᠠᠪᠤᠬᠤ ᠥᠬᠡᠶ᠂ 7 ᠡᠳᠦᠷ ᠲᠤ ᠨᠢᠭᠡ ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠯᠭᠡᠨ᠎ᠡ᠃ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠵᠠᠰᠠᠭ ᠵᠠᠬᠢᠷᠭᠠᠨ ᠤ ᠲᠣᠰᠬᠤᠨ ︵ᠰᠠᠭᠤᠭᠠᠯᠢ ᠠᠷᠠᠳ ᠤᠨ ᠵᠥᠪᠯᠡᠯ︶ ᠨᠤᠭᠤᠳ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠨᠤᠲᠤᠭ ᠲᠠᠭᠠᠨ ᠬᠠᠷᠢᠬᠰᠠᠨ ᠬᠥᠮᠦᠰ ᠲᠤ ᠲᠣᠤᠷᠴᠢᠯᠠᠭᠰᠠᠨ ᠬᠠᠮᠢᠶᠠᠷᠤᠯᠲᠠ ᠬᠢᠵᠦ᠂ ᠳᠠᠩᠰᠠᠯᠠᠨ ᠲᠡᠮᠳᠡᠭᠯᠡᠵᠦ ᠳᠡᠪᠲᠡᠷᠯᠡᠬᠦ᠂ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠳᠠ ᠬᠢᠬᠦ ᠪᠠ ᠬᠡᠪ ᠤᠨ ᠪᠤᠰᠤ ᠪᠠᠶᠢᠳᠠᠯ ᠢ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ ᠬᠡᠵᠦ ᠲᠤᠷᠠᠳᠴᠠᠢ᠃http://mongol.people.com.cn/15835803.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号