ᠠᠪᠤ ᠡᠵᠢ ᠶᠢ ᠬᠢᠷᠢ ᠲᠡᠩᠴᠡᠭᠰᠡᠨ ᠠᠪᠤ ᠡᠵᠢ ᠪᠣᠯᠭᠠᠬᠤ ᠳᠤ ᠬᠡᠨ ᠬᠦᠮᠦᠵᠢᠭᠦᠯᠬᠦ ᠪᠤᠢ︖ ᠭᠡᠷ ᠪᠦᠯᠢ ᠶᠢᠨ ᠬᠥᠮᠦᠵᠢᠯ ᠤᠨ ᠬᠠᠤᠯᠢ ᠶᠢᠨ ᠲᠥᠰᠦᠯ ᠤᠯᠠᠨ ᠲᠠᠢ ᠵᠤᠯᠭᠠᠯ᠎ᠠ
ᠨᠡᠶᠢᠲᠡᠯᠡᠭᠰᠡᠨ ᠴᠠᠭ᠄
2021/1/22
    ᠰᠢᠨᠬᠤᠸᠠ ᠬᠤᠷᠢᠶᠠᠠ ᠤ ᠪᠡᠭᠡᠵᠢᠩ ᠤᠨ 1 ᠰᠠᠷ᠎ᠠ ᠶᠢᠨ 20 ᠤ ᠡᠳᠦᠷ ᠤᠨ ᠮᠡᠳᠡᠭᠡ ︽ᠡᠴᠢᠭᠡ ᠡᠬᠡ ᠪᠣᠯᠤᠭᠰᠠᠳ ᠰᠢᠯᠭᠠᠯᠲᠠ ᠥᠩᠭᠡᠷᠡᠭᠡᠬᠦ ᠦᠭᠡᠶ ᠭᠡᠳᠡᠭ ᠴᠢᠨᠢ ᠦᠨᠡᠬᠡᠷ ᠠᠶᠤᠮᠰᠢᠭᠲᠠᠶ ᠶᠠᠪᠤᠳᠠᠯ ᠰᠢᠤ︾᠃ ᠡᠨᠡ ᠬᠦ ᠪᠠᠭ᠎ᠠ ᠰᠠᠭ᠎ᠠ ᠱᠣᠭᠯᠠᠭᠰᠠᠨ ᠦᠭᠡ ᠨᠢ ᠶᠠᠭ ᠣᠳᠣᠬᠠᠨ ᠤ ᠭᠡᠷ ᠪᠦᠯᠢ ᠶᠢᠨ ᠰᠤᠷᠭᠠᠨ ᠬᠥᠮᠦᠵᠢᠯ ᠤᠨ ᠠᠰᠠᠭᠤᠳᠠᠯ ᠢ ᠢᠯᠡᠷᠡᠭᠦᠯᠦᠭᠰᠡᠨ ᠪᠠᠶᠢᠨ᠎ᠠ᠃ ᠠᠪᠤ ᠡᠵᠢ ᠶᠢ ᠬᠢᠷᠢ ᠲᠡᠩᠴᠡᠭᠰᠡᠨ ᠠᠪᠤ ᠡᠵᠢ ᠪᠣᠯᠭᠠᠬᠤ ᠳᠤ ᠬᠡᠨ ᠬᠦᠮᠦᠵᠢᠭᠦᠯᠬᠦ ᠪᠤᠢ︖     ᠭᠡᠷ ᠪᠦᠯᠢ ᠶᠢᠨ ᠰᠤᠷᠭᠠᠨ ᠬᠥᠮᠦᠵᠢᠯ ᠳᠤ ᠬᠠᠤᠯᠢ ᠲᠤᠬᠳᠠᠭᠠᠬᠤ ᠪᠠᠷ ᠲᠠᠮᠵᠢᠨ ᠬᠤᠷᠢᠭ᠎ᠠ ᠱᠤᠭᠤᠮ ᠢ ᠲᠣᠭᠲᠠᠭᠠᠵᠤ᠂ ᠬᠠᠷᠢᠴᠠᠭ᠎ᠠ ᠶᠢ ᠲᠣᠳᠣᠷᠬᠠᠶᠢᠯᠠᠬᠤ ᠴᠢᠬᠤᠯᠠᠳᠠᠢ ᠶᠤᠮ᠃ 20 ᠤ ᠡᠳᠦᠷ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠦᠭᠰᠡᠨ ᠬᠡᠷ ᠪᠦᠯᠢ ᠶᠢᠨ ᠬᠥᠮᠦᠵᠢᠯ ᠤᠨ ᠬᠠᠤᠯᠢ ᠶᠢᠨ ᠲᠥᠰᠦᠯ ᠳᠤ᠂ ᠨᠠᠰᠤᠨ ᠳᠤ ᠥᠯᠥ ᠭᠦᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠪᠣᠯ ᠬᠡᠷ ᠪᠦᠯᠢ ᠶᠢᠨ ᠬᠥᠮᠦᠵᠢᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ ᠭᠡᠵᠦ ᠲᠣᠳᠣᠷᠬᠠᠶᠢᠯᠠᠭᠰᠠᠨ ᠪᠥᠭᠡᠳ ᠵᠠᠰᠠᠭ ᠤᠨ ᠣᠷᠳᠣᠨ᠂ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ᠂ ᠰᠤᠷᠭᠠᠭᠤᠯᠢ᠂ ᠪᠤᠰᠤᠳ ᠬᠤᠯᠪᠣᠭᠳᠠᠯ ᠪᠥᠬᠦᠶ ᠨᠡᠶᠢᠭᠡᠮ ᠨᠡᠶᠢᠲᠡ ᠶᠢᠨ ᠪᠠᠶᠢᠭᠤᠯᠤᠮᠵᠢ ᠵᠡᠷᠭᠡ ᠠᠳᠠᠯᠢ ᠪᠤᠰᠤ ᠪᠡᠶᠡᠴᠢ ᠴᠣᠭᠴᠠ ᠶᠢᠨ ᠬᠡᠷ ᠪᠦᠯᠢ ᠶᠢᠨ ᠬᠥᠮᠦᠵᠢᠯ ᠢ ᠠᠬᠢᠭᠤᠯᠬᠤ ᠲᠠᠯ᠎ᠠ ᠪᠠᠷ ᠬᠢ ᠬᠠᠷᠢᠭᠤᠴᠠᠯᠭ᠎ᠠ ᠪᠠ ᠡᠭᠦᠷᠭᠡ ᠶᠢ ᠲᠣᠭᠲᠠᠭᠠᠭᠰᠠᠨ ᠪᠠᠶᠢᠨ᠎ᠠ᠃     ᠲᠥᠰᠦᠯ ᠳᠤ᠂ ᠡᠴᠢᠭᠡ ᠡᠬᠡ ᠪᠣᠯᠤᠭᠰᠠᠳ ᠪᠤᠶᠤ ᠪᠤᠰᠤᠳ ᠬᠢᠨᠠᠨ ᠬᠠᠮᠠᠭᠠᠯᠠᠭᠴᠢᠳ ᠨᠠᠰᠤᠨ ᠳᠤ ᠥᠯᠥ ᠭᠦᠷᠦᠭᠰᠡᠳ ᠲᠤ ᠬᠡᠷ ᠪᠦᠯᠢ ᠶᠢᠨ ᠬᠥᠮᠦᠵᠢᠯ ᠬᠢᠬᠦ ᠡᠷᠬᠡ ᠪᠠ ᠡᠭᠦᠷᠭᠡ ᠲᠠᠢ᠃ ᠨᠠᠰᠤᠨ ᠳᠤ ᠦᠯᠤ ᠬᠥᠷᠦᠭᠰᠡᠳ ᠤᠨ ᠡᠴᠢᠭᠡ ᠡᠭᠡ ᠨᠢ ᠰᠠᠯᠵᠤ ᠰᠠᠭᠤᠭᠰᠠᠨ ᠪᠤᠶᠤ ᠤᠷᠤᠭ ᠰᠠᠯᠤᠭᠰᠠᠨ ᠪᠠᠶᠢᠪᠠᠯ᠂ ᠠᠯᠢ ᠨᠢᠭᠡ ᠲᠠᠯ᠎ᠠ ᠨᠢ ᠴᠦ ᠭᠡᠳ ᠭᠡᠷ ᠪᠦᠯᠢ ᠶᠢᠨ ᠬᠥᠮᠦᠵᠢᠯ ᠬᠢᠬᠦ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠡᠪᠴᠢᠬᠦ ᠪᠤᠶᠤ ᠬᠤᠶᠢᠷᠭᠤᠰᠢᠵᠤ ᠪᠣᠯᠬᠤ ᠦᠭᠡᠢ᠂ ᠭᠡᠪᠡᠴᠦ ᠠᠷᠠᠳ ᠤᠨ ᠰᠢᠭᠦᠬᠦ ᠬᠤᠷᠢᠶ᠎ᠠ ᠠᠴᠠ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ ᠭᠠᠷᠭᠠᠭᠰᠠᠨ ᠪᠤᠶᠤ ᠡᠷᠭᠢᠵᠦ ᠦᠵᠡᠬᠦ ᠶᠢ ᠨᠢ ᠵᠣᠭᠰᠣᠭᠠᠬᠤ ᠢᠶᠠᠷ ᠲᠠᠰᠤᠯᠤᠨ ᠲᠣᠭᠲᠠᠭᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃ ᠨᠠᠰᠤᠨ ᠳᠤ ᠦᠯᠦ ᠬᠦᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢᠳ ᠭᠡᠷ ᠪᠦᠯᠢ ᠶᠢᠨ ᠰᠤᠷᠭᠠᠨ ᠬᠥᠮᠦᠵᠢᠯ ᠤᠨ ᠵᠥᠪ ᠤᠢᠢᠯᠠᠭᠠᠬᠳᠠᠬᠤᠨ ᠢ ᠪᠣᠶ ᠪᠣᠯᠭᠠᠵᠤ᠂ ᠭᠡᠷ ᠪᠦᠯᠢ ᠶᠢᠨ ᠰᠤᠷᠭᠠᠨ ᠬᠥᠮᠦᠵᠢᠯ ᠤᠨ ᠮᠡᠳᠡᠯᠭᠡ ᠶᠢ ᠤᠬᠠᠮᠰᠠᠷ ᠠᠴᠠ ᠪᠠᠨ ᠰᠤᠷᠤᠯᠴᠠᠵᠤ᠂ ᠢᠯᠠᠩᠭᠤᠶ᠎ᠠ ᠵᠢᠷᠮᠦᠰᠦᠨ ᠬᠤᠭᠤᠴᠠᠭᠠᠨ ᠳᠤ ᠪᠠᠶᠢᠬᠤ ᠪᠠ ᠨᠠᠰᠤᠨ ᠳᠤ ᠦᠯᠦ ᠬᠦᠷᠦᠭᠰᠡᠳ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠪᠠᠶᠢᠭᠤᠯᠤᠮᠵᠢ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠣᠷᠣᠬᠤ ᠳᠤ ᠬᠠᠨᠳᠤᠯᠭ᠎ᠠ ᠲᠠᠢ ᠰᠤᠷᠤᠯᠴᠠᠵᠤ᠂ ᠭᠡᠷ ᠪᠦᠯᠢ ᠶᠢᠨ ᠬᠥᠮᠦᠵᠢᠯ ᠤᠨ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠨ᠂ ᠭᠡᠷ ᠪᠦᠯᠢ ᠶᠢᠨ ᠬᠥᠮᠦᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠲᠤᠳᠤᠷᠬᠠᠢ ᠲᠤᠬᠳᠠᠭᠠᠪᠠ᠃     ᠲᠥᠰᠦᠯ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠪᠥᠬᠦ ᠤᠯᠤᠰ ᠤᠨ ᠬᠡᠷ ᠪᠦᠯᠢ ᠶᠢᠨ ᠬᠥᠮᠦᠵᠢᠯ ᠤᠨ ᠵᠢᠯᠣᠭᠤᠳᠬᠤ ᠬᠥᠲᠥᠯᠪᠦᠷᠢ ᠶᠢ ᠲᠣᠭᠲᠠᠭᠠᠵᠤ᠂ ᠵᠠᠰᠠᠪᠤᠷᠢ ᠣᠷᠣᠭᠤᠯᠬᠤ ᠶᠢᠨ ᠬᠠᠮᠲᠤ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠠᠳᠠᠯᠢ ᠪᠤᠰᠤ ᠨᠠᠰᠤᠨ ᠤ ᠱᠠᠲᠤ ᠶᠢᠨ ᠭᠡᠷ ᠪᠦᠯᠢ ᠶᠢᠨ ᠬᠥᠮᠦᠵᠢᠯ ᠤᠨ ᠵᠢᠯᠣᠭᠤᠳᠬᠤ ᠤᠩᠰᠢᠬᠤ ᠪᠢᠴᠢᠭ ᠢ ᠨᠡᠶᠢᠷᠠᠭᠤᠯᠤᠨ ᠪᠢᠴᠢᠵᠦ᠂ ᠭᠡᠷ ᠪᠦᠯᠢ ᠶᠢᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠬᠠᠷᠠᠭᠠᠯᠵᠠᠬᠰᠠᠨ ᠠᠵᠢᠯ ᠤᠨ ᠵᠢᠷᠤᠮᠵᠢᠯ ᠪᠣᠯᠤᠨ ᠦᠨᠡᠯᠡᠨ ᠵᠢᠱᠢᠬᠦ ᠵᠢᠷᠤᠮᠵᠢᠯ ᠢ ᠲᠣᠭᠲᠠᠭᠠᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠵᠠᠮ ᠪᠣᠯᠤᠨ ᠠᠷᠭ᠎ᠠ ᠬᠡᠯᠪᠡᠷᠢ ᠪᠠᠷ ᠳᠠᠮᠵᠢᠭᠤᠯᠤᠨ ᠭᠡᠷ ᠪᠦᠯᠢ ᠶᠢᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠲᠥᠪ ᠪᠠᠶᠢᠭᠤᠯᠬᠤ ᠪᠤᠶᠤ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠨᠢ ᠭᠡᠷ ᠤᠨ ᠠᠬᠠᠮᠠᠳ ᠤᠨ ᠰᠤᠷᠭᠠᠭᠤᠯᠢ ᠪᠠᠶᠢᠭᠤᠯᠵᠤ᠂ ᠠᠳᠠᠯᠢ ᠪᠤᠰᠤ ᠨᠠᠰᠤᠨ ᠤ ᠱᠠᠳᠤᠨ ᠳᠠᠬᠢ ᠨᠠᠰᠤᠨ ᠳᠤ ᠬᠦᠷᠦᠭᠡᠳᠦᠢ ᠰᠤᠷᠤᠭᠴᠢᠳ ᠤᠨ ᠣᠨᠴᠠᠯᠢᠭ ᠲᠤ ᠴᠢᠭᠯᠡᠭᠦᠯᠦᠨ᠂ ᠭᠡᠷ ᠪᠦᠯᠢ ᠶᠢᠨ ᠬᠥᠮᠦᠵᠢᠯ ᠤᠨ ᠵᠢᠯᠤᠭᠤᠳᠤᠯᠭ᠎ᠠ ᠪᠠ ᠭᠡᠷ ᠪᠦᠯᠢ ᠶᠢᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠢ ᠭᠡᠵᠦ ᠲᠤᠷᠠᠳᠪᠠ᠃     ᠨᠢᠷᠠᠶ ᠨᠢᠯᠬ᠎ᠠ ᠬᠡᠤᠬᠡᠳ ᠢ ᠰᠠᠭᠠᠲᠠᠭᠤᠯᠤᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ᠂ ᠠᠩᠬᠠᠨ ᠤ ᠰᠤᠷᠭᠠᠨ ᠬᠥᠮᠦᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠣᠷᠤᠭ ᠤᠨ ᠳᠡᠩᠰᠡᠯᠡᠯᠲᠡ ᠶᠢᠨ ᠪᠠᠶᠢᠭᠤᠯᠤᠮᠵᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠡᠷᠭᠡ ᠶᠢᠨ ᠲᠤᠬᠠᠶ᠂ ᠲᠥᠰᠦᠯ ᠳᠤ ᠪᠠᠰᠠ ᠠᠳᠠᠯᠢ ᠪᠤᠰᠤ ᠪᠠᠶᠢᠳᠠᠯ ᠤᠨ ᠳᠣᠤᠷ᠎ᠠ ᠬᠤᠯᠪᠣᠭᠳᠠᠯ ᠪᠥᠬᠦᠶ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠣᠯᠭ᠎ᠠ ᠶᠢᠨ ᠦᠢᠯᠡᠴᠢᠯᠡᠭᠡ ᠬᠠᠩᠭᠠᠬᠤ ᠱᠠᠭᠠᠷᠳᠠᠯᠭ᠎ᠠ ᠳᠤᠷᠠᠳᠪᠠ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号