ᠶᠠᠳᠠᠭᠤ ᠶᠢ ᠲᠡᠳᠬᠦᠬᠦ ᠪᠦᠲᠦᠭᠡᠭᠳᠡᠬᠦᠨ ᠰᠢᠨ᠎ᠡ ᠶᠢᠨ ᠪᠠᠷᠠᠭ᠎ᠠ ᠶᠢᠨ ᠵᠠᠬ᠎ᠠ ᠳᠡᠯᠭᠡᠭᠦᠷ ᠲᠤ ᠪᠣᠷᠣᠯᠠᠭᠤᠯᠤᠭ᠎ᠠ ᠰᠠᠶᠢᠲᠠᠢ ᠪᠠᠶᠢᠨ᠎ᠠ
ᠨᠡᠶᠢᠲᠡᠯᠡᠭᠰᠡᠨ ᠴᠠᠭ᠄
2021/1/25
     ᠬᠥᠬᠡᠭᠡ ᠰᠠᠷ᠎ᠠ ᠳᠤ ᠣᠷᠣᠵᠤ᠂ ᠬᠤᠲᠠ ᠶᠢᠨ ᠢᠷᠭᠡᠳ ᠰᠢᠨ᠎ᠡ ᠶᠢᠨ ᠪᠠᠷᠠᠭ᠎ᠠ ᠪᠠᠨ ᠡᠬᠢᠯᠡᠨ ᠲᠥᠬᠦᠭᠡᠷᠴᠦ᠂ ᠥᠪᠥᠷ ᠮᠣᠩᠭᠤᠯ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠴᠤ ᠳᠡᠯᠭᠡᠨ ᠪᠣᠷᠣᠯᠠᠭᠤᠯᠬᠤ ᠦᠢᠯᠡᠴᠢᠯᠡᠭᠡ ᠶᠢᠨ ᠲᠥᠪ ᠲᠤ᠂ ︽ᠨᠤᠲᠤᠭ ᠤᠨ ᠥᠨᠥᠷ ᠠᠮᠲᠠ ᠲᠠᠢ︾ ᠶᠠᠳᠠᠭᠤ ᠶᠢ ᠲᠡᠳᠬᠦᠬᠦ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠰᠢᠨ᠎ᠡ ᠶᠢᠨ ᠪᠠᠷᠠᠭ᠎ᠠ ᠶᠢᠨ ᠵᠠᠬ᠎ᠠ ᠳᠡᠯᠭᠡᠭᠦᠷ ᠲᠤ ᠪᠣᠷᠣᠯᠠᠭᠤᠯᠤᠭ᠎ᠠ ᠰᠠᠶᠢᠲᠠᠢ ᠪᠠᠶᠢᠵᠤ᠂ ᠣᠯᠠᠨ ᠤ ᠠᠩᠬᠠᠷᠤᠯ ᠢ ᠲᠠᠲᠠᠵᠤ ᠪᠠᠶᠢᠪᠠ᠃        ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠴᠤ ᠳᠡᠯᠭᠡᠨ ᠪᠣᠷᠣᠯᠠᠭᠤᠯᠬᠤ ᠦᠢᠯᠡᠴᠢᠯᠡᠭᠡ ᠶᠢᠨ ᠲᠥᠪ ᠣᠳᠣ ᠪᠣᠯᠬᠤ ᠳᠤ ᠨᠢᠭᠡᠨᠲᠡ ᠪᠦᠬᠦ ᠣᠷᠣᠨ ᠤ 195 ᠶᠠᠳᠠᠭᠤ ᠶᠢ ᠲᠡᠳᠬᠦᠬᠦ ᠪᠠᠷᠠᠭ᠎ᠠ ᠬᠠᠩᠭᠠᠬᠤ ᠬᠤᠳᠠᠯᠳᠤᠭᠠᠴᠢᠨ ᠲᠠᠢ ᠬᠠᠷᠢᠯᠴᠠᠭ᠎ᠠ ᠪᠠᠶᠢᠭᠤᠯᠵᠤ᠂ 125 ᠶᠠᠳᠠᠭᠤ ᠶᠢ ᠲᠡᠳᠬᠦᠬᠦ ᠪᠦᠲᠦᠭᠡᠭᠳᠡᠬᠦᠨ ᠢ ᠪᠣᠷᠣᠯᠠᠭᠤᠯᠬᠤ ᠠᠵᠤ ᠠᠬᠤᠶᠢᠯᠠᠯ ᠣᠷᠣᠵᠤ ᠨᠤᠲᠤᠭᠰᠢᠨ᠂ ᠶᠠᠳᠠᠭᠤ ᠶᠢ ᠲᠡᠳᠬᠦᠬᠦ ᠪᠦᠲᠦᠭᠡᠭᠳᠡᠬᠦᠨ 12 ᠠᠶᠢᠮᠠᠭ ᠬᠤᠲᠠ ᠶᠢᠨ ᠪᠤᠳᠠᠭ᠎ᠠ᠂ ᠭᠤᠯᠢᠷ᠂ ᠲᠣᠰᠣ᠂ ᠮᠢᠬ᠎ᠠ᠂ ᠡᠯᠳᠡᠪ ᠠᠮᠤ᠂ ᠭᠠᠷ ᠤᠷᠠᠯᠠᠯ ᠵᠡᠷᠭᠡ 1000 ᠭᠠᠷᠤᠢ ᠵᠦᠢᠯ ᠢ ᠪᠠᠭᠲᠠᠭᠠᠪᠠ᠃ ᠲᠤᠰ ᠲᠥᠪ ᠨᠢ 2020 ᠣᠨ ᠤ 5 ᠳ᠋ᠤᠭᠠᠷ ᠰᠠᠷ᠎ᠠ ᠶᠢᠨ 31 ᠤ ᠡᠳᠦᠷ ᠫᠠᠶᠢᠰᠠ ᠪᠠᠨ ᠰᠡᠬᠦᠭᠰᠡᠨ ᠠᠴᠠ ᠨᠠᠭᠠᠰᠢ᠂ ᠪᠣᠷᠣᠯᠠᠭᠤᠯᠤᠭᠰᠠᠨ ᠶᠠᠳᠠᠭᠤ ᠶᠢ ᠲᠡᠳᠬᠦᠬᠦ ᠪᠦᠲᠦᠭᠡᠭᠳᠡᠬᠦᠨ ᠨᠢ 2000 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃ ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ᠃
 
ᠢᠷᠡᠯᠲᠡ᠄ ᠬᠦᠬᠡᠬᠤᠲᠠ ᠶᠢᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号