ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠲᠡᠯᠭᠡᠷᠡᠬᠦᠯᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ︽ᠺᠠᠷᠲ ᠤᠨ ᠴᠠᠭ ᠦᠶ᠎ᠡ︾ ᠠᠴᠠ ᠪᠠᠨ ︽ᠺᠣᠳ᠋ ᠤᠨ ᠴᠠᠭ ᠦᠶ᠎ᠡ︾ ᠳᠠᠰᠢ ᠰᠢᠯᠵᠢᠬᠦ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/1/4
     ᠥᠪᠥᠷ ᠮᠣᠩᠭᠤᠯ ᠤᠨ ᠡᠳᠦᠷ ᠤᠨ ᠰᠣᠨᠢᠨ ᠤ 12 ᠰᠠᠷ᠎ᠠ ᠶᠢᠨ 30 ᠤ ᠡᠳᠦᠷ ᠤᠨ ᠮᠡᠳᠡᠭᠡ ︵ᠰᠤᠷᠪᠤᠯᠵᠢᠯᠠᠭᠴᠢ ᠡᡁᠧᠦᠸᠧ ᠰᠢᠶᠤᠤ ᠴᠢᠩ︶ ᠣᠶᠢᠷ᠎ᠠ ᠳᠤ᠂ ᠮᠠᠨ ᠤ ᠣᠷᠣᠨ ᠪᠥᠬᠦ ᠣᠷᠣᠨ ᠤ ᠬᠡᠪᠴᠢᠶᠡᠨ ᠳᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠳᠡᠯᠭᠡᠷᠡᠭᠦᠯᠵᠦ ᠡᠬᠢᠯᠡᠪᠡ᠃ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠪᠣᠳᠠᠲᠤ ᠴᠣᠭᠴᠠ ᠶᠢᠨ ᠺᠠᠷᠲ ᠢ ᠣᠷᠣᠯᠠᠨ ᠳᠠᠭᠠᠳᠬᠠᠯ ᠳᠤ ᠣᠷᠣᠯᠴᠠᠭᠰᠠᠳ ᠤᠨ ᠪᠡᠶ᠎ᠡ ᠶᠢᠨ ᠭᠠᠷᠤᠯ ᠢ ᠢᠯᠭᠠᠨ ᠲᠠᠨᠢᠵᠤ ᠴᠢᠳᠠᠬᠤ ᠪᠠᠷ ᠪᠠᠷᠠᠬᠤ ᠥᠬᠡᠶ ᠪᠠᠰᠠ ᠺᠣᠳ᠋ ᠰᠢᠷᠪᠢᠵᠦ ᠡᠮ ᠬᠤᠳᠠᠯᠳᠤᠨ ᠠᠪᠬᠤ᠂ ᠡᠮᠨᠡᠭᠦᠯᠦᠭᠰᠡᠨ ᠵᠠᠷᠤᠳᠠᠯ ᠢ ᠲᠡᠰᠦᠯᠦᠨ ᠪᠤᠳᠤᠬᠤ ᠵᠡᠷᠭᠡ ᠰᠢᠯᠵᠢᠮᠡᠯ ᠲᠣᠭᠠᠴᠠᠭ᠎ᠠ ᠬᠢᠬᠦ ᠴᠢᠳᠠᠮᠵᠢ ᠶᠢ ᠪᠡᠶᠡᠯᠡᠭᠦᠯᠵᠦ ᠴᠢᠳᠠᠨ᠎ᠠ᠂ ᠡᠨᠡ ᠨᠢ ᠮᠠᠨ ᠤ ᠣᠷᠣᠨ ᠤ ᠡᠮ ᠡᠮᠨᠡᠯᠭᠡ ᠶᠢᠨ ᠳᠠᠭᠠᠳᠬᠠᠯ ︽ᠺᠠᠷᠲ ᠤᠨ ᠴᠠᠭ ᠦᠶ᠎ᠡ︾ ᠠᠴᠠ   ᠪᠠᠨ ︽ᠺᠣᠳ᠋ ᠤᠨ ᠴᠠᠭ ᠦᠶ᠎ᠡ︾ ᠳᠠᠰᠢ  ᠰᠢᠯᠵᠢᠭᠰᠡᠨ ᠢ ᠬᠠᠷᠠᠭᠤᠯᠵᠤ ᠪᠠᠶᠢᠨ᠎ᠠ᠃       ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠪᠣᠯ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠂ ᠪᠥᠬᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠴᠣᠷ ᠤᠨ ᠭᠠᠭᠴᠠ ᠪᠡᠶ᠎ᠡ ᠶᠢᠨ ᠭᠡᠷᠡᠴᠢ ᠪᠠᠷᠢᠮᠲᠠ ᠮᠥᠨ᠃ ᠤᠯᠤᠰ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ 2020 ᠣᠨ ᠤ 3 ᠳ᠋ᠤᠭᠠᠷ ᠰᠠᠷ᠎ᠠ ᠳᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠪᠠᠶᠢᠭᠤᠯᠤᠯᠲᠠ ᠶᠢ ᠡᠬᠢᠯᠡᠭᠦᠯᠵᠦ᠂ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ APP ᠶᠢᠨ ᠲᠠᠰ ᠳᠠᠷᠠᠭᠠᠯᠠᠯ ᠢ ᠨᠡᠭᠡᠭᠡᠨ ᠬᠥᠭᠵᠢᠭᠦᠯᠵᠦ᠂ ᠡᠯᠧᠺᠲᠷᠣᠨ ᠭᠡᠷᠡᠴᠢ ᠪᠠᠷᠢᠮᠲᠠ ᠪᠠ ᠰᠢᠯᠵᠢᠮᠡᠯ ᠲᠣᠭᠠᠴᠠᠭ᠎ᠠ ᠶᠢᠨ ᠲᠤᠷᠰᠢᠯᠲᠠ ᠶᠢ ᠪᠡᠶᠡᠯᠡᠭᠦᠯᠪᠡ᠃ ᠣᠳᠣᠬᠠᠨ ᠳᠤ ᠡᠨᠡ ᠬᠦ ᠠᠵᠢᠯ ᠨᠢ ᠳᠡᠯᠭᠡᠷᠡᠭᠦᠯᠬᠦ ᠱᠠᠲᠤᠨ ᠳᠤ ᠤᠷᠤᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠠᠪᠤᠭᠤᠯᠵᠤ ᠪᠠᠶᠢᠨ᠎ᠠ᠃ ᠲᠠᠷᠠᠭᠠᠴᠢ ᠶᠢᠨ ᠱᠠᠲᠤᠨ ᠳᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠲᠦᠷᠦᠭᠦᠤ ᠪᠦᠯᠦᠭ ᠤᠨ 31 ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ ᠤᠨ ᠰᠢᠯᠵᠢᠮᠡᠯ ᠳᠥᠯᠥᠯᠲᠡ ᠳᠤ ᠬᠡᠷᠡᠭᠯᠡᠬᠦ ᠶᠢ ᠪᠡᠶᠡᠯᠡᠭᠦᠯᠬᠦ ᠶᠢᠨ ᠬᠠᠮᠲᠤ ᠮᠥᠩᠭᠦᠨ ᠬᠦᠢᠯᠭᠡᠭᠡᠨ ᠤ ᠪᠠᠶᠢᠭᠤᠯᠤᠮᠵᠢ ᠲᠠᠢ   ᠵᠠᠯᠭᠠᠭᠤᠯᠵᠤ ᠨᠡᠪᠲᠡᠷᠡᠭᠦᠯᠬᠦ ᠪᠠᠷ ᠳᠠᠮᠵᠢᠭᠤᠯᠤᠨ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠰᠢᠭᠤᠳ ᠲᠡᠰᠦᠯᠦᠨ ᠪᠤᠳᠤᠬᠤ ᠶᠢ ᠪᠡᠶᠡᠯᠡᠭᠦᠯᠵᠦ᠂ ︽ᠨᠢᠭᠡ ᠳ᠋ᠤᠭᠠᠷ ᠨᠢ ᠭᠠᠷ ᠲᠤ ᠪᠠᠶᠢᠪᠠᠯ ᠡᠮ ᠡᠮᠨᠡᠯᠭᠡ ᠶᠢᠨ ᠳᠠᠭᠠᠳᠬᠠᠯ ᠳᠤ ᠵᠣᠪᠠᠭ᠋ᠤ ᠥᠬᠡᠶ︾  ᠪᠤᠯᠬᠤ ᠶᠢ ᠦᠨᠡᠨ ᠬᠦ ᠪᠡᠶᠡᠯᠡᠭᠦᠯᠵᠦ᠂ ᠳᠠᠭᠠᠳᠬᠠᠯ ᠳᠤ ᠣᠷᠣᠯᠴᠠᠭᠰᠠᠳ ᠲᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠥᠨᠳᠥᠷ ᠪᠦᠲᠦᠮᠵᠢᠲᠡᠶ᠂ ᠲᠥᠬᠦᠮ ᠪᠥᠭᠡᠳ ᠲᠦᠷᠭᠡᠨ ᠪᠠᠶᠢᠬᠤ  ᠦᠷ᠎ᠡ ᠠᠰᠢᠭ ᠢ ᠡᠳ᠋ᠯᠡᠭᠦᠯᠦᠨ᠎ᠡ᠃      ᠡᠭᠦᠨ ᠤ ᠬᠠᠮᠲᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠨᠢ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠲᠥᠬᠦᠮ ᠦᠵᠡᠭᠦᠯᠬᠦ ᠪᠠᠷ ᠪᠠᠷᠠᠬᠤ ᠥᠬᠡᠶ ᠪᠠᠰᠠ ᠡᠮ ᠡᠮᠨᠡᠯᠭᠡ ᠶᠢᠨ ᠳᠠᠭᠠᠳᠬᠠᠯ ᠤᠨ ᠵᠠᠰᠠᠯᠲᠠ ᠶᠢ ᠴᠢᠩᠭᠠᠳᠬᠠᠬᠤ ᠴᠢᠬᠤᠯᠠ ᠠᠷᠭ᠎ᠠ ᠪᠠᠷᠢᠯ ᠪᠣᠯᠤᠨ᠎ᠠ᠃ ᠡᠯᠧᠺᠲᠷᠣᠨ ᠭᠡᠷᠡᠴᠢ ᠪᠠᠷᠢᠮᠲᠠ ᠳᠤ ᠨᠢᠭᠡ ᠬᠥᠮᠦᠨ ᠳᠤ ᠨᠢᠭᠡ ᠨᠣᠮᠧᠷ ᠨᠣᠭᠳᠠᠭᠤᠯᠵᠤ᠂ ᠬᠡᠷᠡᠭᠯᠡᠬᠦ ᠳᠡᠭᠡᠨ ︽ᠺᠣᠳ᠋ ᠰᠢᠷᠪᠢᠬᠦ︾ ︽ᠵᠢᠰᠦ ᠪᠠᠨ ᠲᠠᠨᠢᠭᠤᠯᠬᠤ︾ ᠪᠠᠷ ᠳᠠᠮᠵᠢᠭᠤᠯᠤᠨ ᠳᠠᠭᠠᠳᠬᠠᠯ ᠳᠤ ᠣᠷᠣᠯᠴᠠᠭᠰᠠᠳ ᠤᠨ ᠪᠡᠶ᠎ᠡ ᠶᠢᠨ ᠭᠠᠷᠤᠯ ᠢ ᠢᠯᠭᠠᠨ ᠲᠠᠨᠢᠵᠤ᠂ ᠬᠤᠳᠠᠯ ᠬᠠᠭᠤᠷᠮᠠᠭ ᠢᠶᠠᠷ ᠡᠮᠨᠡᠯᠭᠡ ᠳᠤ ᠰᠠᠭᠤᠬᠤ᠂ ᠬᠥᠮᠦᠨ ᠤ ᠨᠡᠷ᠎ᠡ ᠪᠠᠷ ᠡᠮᠨᠡᠭᠦᠯᠬᠦ ᠵᠡᠷᠭᠡ ᠳᠠᠭᠠᠳᠬᠠᠯ ᠢ ᠮᠡᠬᠡᠯᠡᠨ ᠠᠪᠬᠤ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠬᠯᠠᠬᠤ ᠪᠤᠯᠤᠨ᠎ᠠ᠂  ᠡᠨᠡ ᠨᠢ ᠡᠮ ᠡᠮᠨᠡᠯᠭᠡ ᠶᠢᠨ ᠳᠠᠭᠠᠳᠬᠠᠯ ᠤᠨ ᠵᠠᠰᠠᠯᠲᠠ ᠶᠢᠨ ᠣᠳᠣᠬᠢᠴᠢᠯᠠᠯᠲᠠ᠂ ᠰᠢᠨᠵᠢᠯᠡᠬᠦ ᠤᠬᠠᠭᠠᠨᠴᠢᠯᠠᠯᠲᠠ᠂ ᠨᠠᠷᠢᠯᠢᠬᠵᠢᠭᠤᠯᠤᠯᠳᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃http://mongol.people.com.cn/15834231.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号