ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠵᠢᠩ︶ ᠰᠤᠷᠪᠤᠯᠵᠢᠯᠠᠭᠴᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ | ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠡᠲᠦ ᠶᠢᠨ ᠵᠦᠪᠯᠡᠯ ︽ | ᠠᠷᠠᠳ ᠤᠨ ᠶᠠᠪᠤᠳᠠᠯ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ | ᠵᠢᠷᠭᠤᠭᠠᠨ ᠶᠠᠮᠤᠨ ᠵᠥᠪᠯᠡᠯ ᠤᠨ ︿ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ | ᠵᠣᠬᠢᠶᠠᠨ ᠪᠠᠶᠢᠭᠤᠯᠤᠯᠲᠠ ᠶᠢᠨ ᠭᠡᠷᠡᠴᠢ ᠭᠠᠷᠭᠠᠵᠤ ᠥᠭᠬᠦ ᠠᠵᠢᠯ ᠢ ᠰᠠᠶᠢᠵᠢᠷᠠᠭᠤᠯᠤᠨ ᠵᠢᠷᠤᠮᠵᠢᠭᠤᠯᠬᠤ ᠲᠤᠬᠠᠶ | ᠵᠢᠯᠣᠭᠤᠳᠬᠤ ᠰᠠᠨᠠᠯ﹀ ᠢ ᠨᠠᠷᠢᠨ ᠬᠢᠨᠠᠮᠠᠭᠠᠶ ᠲᠦ᠋ᠦᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ | ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠬᠠᠮᠳᠤᠷᠠᠨ ᠲᠠᠷᠤᠮᠠᠯᠯᠠᠨ ᠲᠠᠷᠬᠠᠭᠠᠵᠤ᠂ ᠪᠥᠬᠦ ᠣᠷᠣᠨ ᠳᠤ ︽ | ᠨᠡᠶᠢᠭᠡᠮ ᠲᠣᠭᠤᠷᠢᠭ ᠤᠨ ᠲᠡᠭᠦᠰ ᠴᠢᠳᠠᠪᠤᠷᠢᠲᠤ ᠲᠠᠮᠠᠭ᠎ᠠ︾ ᠶᠢ ᠵᠠᠰᠠᠬᠤ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ | ᠥᠷᠨᠢᠭᠦᠯᠵᠦ᠂ 3 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ ᠪᠦᠬᠦ ᠣᠷᠣᠨ ᠳᠤ ᠦᠨᠳᠦᠰᠦᠨ ᠱᠠᠲᠤᠨ ᠤ | ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠭᠡᠷᠡᠴᠢ ᠭᠠᠷᠭᠠᠵᠤ ᠥᠭᠬᠦ | ᠠᠵᠢᠯ ᠤᠨ ᠵᠢᠷᠤᠮᠵᠢᠭᠰᠠᠨ ᠳᠦᠷᠢᠮ ᠢ ᠪᠠᠶᠢᠭᠤᠯᠤᠨ᠎ᠠ ᠭᠡᠪᠡ᠃ | ︽ᠮᠡᠳᠡᠭᠳᠡᠯ︾ ᠳᠤ᠂ ︽ᠨᠡᠶᠢᠭᠡᠮ ᠲᠣᠭᠤᠷᠢᠭ ᠤᠨ ᠲᠡᠭᠦᠰ ᠴᠢᠳᠠᠪᠤᠷᠢᠲᠤ ᠲᠠᠮᠠᠭ᠎ᠠ︾ ᠶᠢᠨ ᠵᠠᠰᠠᠯᠲᠠ ᠶᠢᠨ | ᠲᠤᠰᠬᠠᠶ ᠠᠵᠢᠯᠯᠠᠭ᠎ᠠ ᠶᠢ ︽ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠤᠯᠤᠰ ᠤᠨ ᠵᠢᠯᠣᠭᠤᠳᠬᠤ ᠰᠠᠨᠠᠯ ᠳᠠᠬᠢ ︽ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠠᠴᠠ ᠭᠡᠷᠡᠴᠢ ᠭᠠᠷᠭᠠᠵᠤ ᠪᠣᠯᠬᠤ ᠥᠬᠡᠶ ᠵᠦᠢᠯᠡᠰ ᠤᠨ ᠨᠠᠷᠢᠨ | ᠲᠠᠩᠰᠠ ︵ᠨᠢᠭᠡᠳᠦᠭᠡᠷ ᠪᠦᠯᠦᠭ︶︾ ᠪᠣᠯᠤᠨ ︽ᠨᠡᠶᠢᠭᠡᠮ ᠲᠣᠭᠤᠷᠢᠭ ᠤᠨ ᠠᠵᠢᠯ ᠢ ᠰᠢᠯᠢᠳᠡᠭᠵᠢᠭᠦᠯᠦᠨ | ᠴᠣᠮᠬᠠᠳᠬᠠᠬᠤ ᠪᠠ ᠵᠢᠷᠤᠮᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ | ᠳᠤ ᠲᠣᠳᠣᠷᠬᠠᠶᠢᠯᠠᠭᠰᠠᠨ 6 ᠵᠦᠢᠯ ᠤᠨ ᠨᠠᠷᠢᠨ ᠲᠠᠩᠰᠠ ᠶᠢ ᠦᠨᠳᠦᠰᠦᠯᠡᠵᠦ᠂ ᠲᠣᠰ ᠲᠣᠰ ᠤᠨ ᠢᠶᠠᠨ ᠠᠷᠠᠳ | ᠲᠦᠮᠡᠨ ᠳᠤ ᠦᠢᠯᠡᠴᠢᠯᠡᠬᠦ ᠵᠦᠢᠯᠡᠰ ᠪᠣᠯᠤᠨ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠪᠥᠬᠦ ᠲᠠᠯ᠎ᠠ ᠪᠠᠷ | ᠡᠮᠬᠢᠯᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠢ ᠬᠠᠤᠯᠢ ᠳᠤ ᠥᠯᠥ ᠨᠡᠶᠢᠴᠡᠬᠦ᠂ ᠲᠣᠭᠲᠠᠭᠠᠯ ᠳᠤ | ᠥᠯᠥ ᠨᠡᠶᠢᠴᠡᠬᠦ᠂ ᠵᠦᠢ ᠵᠣᠬᠢᠰ ᠥᠬᠡᠶ ᠭᠡᠷᠡᠴᠢᠯᠡᠬᠦ ᠵᠦᠢᠯᠡᠰ ᠢ ᠪᠦᠬᠦᠨ ᠢ ᠬᠦᠴᠦᠨ ᠥᠬᠡᠶ ᠪᠣᠯᠭᠠᠵᠤ᠂ ᠣᠯᠠᠨ | ᠲᠦᠮᠡᠨ ᠤ ᠠᠵᠢᠯ ᠬᠡᠷᠡᠭ ᠭᠦᠢᠴᠡᠳᠬᠡᠬᠦ ᠳᠠᠷᠤᠭᠠᠰᠤ ᠶᠢ ᠬᠦᠨᠳᠦᠷᠡᠭᠦᠯᠵᠦ ᠪᠣᠯᠬᠤ ᠥᠬᠡᠶ᠃ ᠡᠭᠦᠨ ᠤ ᠬᠠᠮᠲᠤ | ᠭᠡᠷᠡᠴᠢ ᠭᠠᠷᠭᠠᠵᠤ ᠥᠭᠬᠦ ᠵᠢᠷᠤᠮ ᠳᠠᠷᠠᠭᠠᠯᠠᠯ ᠢ ᠳᠥᠭᠦᠮᠴᠢᠯᠡᠵᠦ᠂ ᠭᠦᠢᠴᠡᠳᠬᠡᠬᠦ ᠴᠠᠭ ᠤᠨ ᠬᠢᠵᠠᠭᠠᠷ ᠢ | ᠪᠣᠭᠤᠨᠢᠰᠬᠠᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠶᠢᠮᠠᠭ ᠬᠤᠲᠠ ᠪᠠᠷ ᠨᠢᠭᠡᠴᠢ ᠪᠣᠯᠭᠠᠨ | ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠭᠡᠷᠡᠴᠢ | ᠭᠠᠷᠭᠠᠵᠤ ᠥᠭᠬᠦ ᠵᠦᠢᠯᠡᠰ ᠤᠨ ᠨᠠᠷᠢᠨ ᠲᠠᠩᠰᠠ᠂ ᠦᠨᠳᠦᠰᠦᠨ ᠱᠠᠲᠤᠨ ᠤ ᠣᠯᠠᠨ ᠲᠦᠮᠡᠨᠴᠢ ᠴᠢᠨᠠᠷᠲᠠᠶ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠠᠮᠵᠢᠯᠴᠠᠨ ᠥᠷᠨᠢᠭᠦᠯᠬᠦ ᠠᠵᠢᠯ ᠤᠨ ᠡᠭᠦᠷᠭᠡ ᠶᠢᠨ ᠨᠠᠷᠢᠨ | ᠲᠠᠩᠰᠠ ᠶᠢ ᠲᠣᠭᠲᠠᠭᠠᠬᠤ ᠶᠢᠨ ᠬᠠᠮᠲᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ | ᠪᠣᠳᠣᠯᠭ᠎ᠠ ᠶᠢᠨ ᠦᠨᠳᠦᠰᠦ ᠪᠠᠷᠢᠮᠲᠠ ᠶᠢ ᠬᠠᠩᠭᠠᠨ᠎ᠠ ᠭᠡᠵᠦ ᠲᠤᠳᠤᠷᠬᠠᠢ ᠲᠤᠬᠳᠠᠭᠠᠪᠠ᠃ | ︽ᠮᠡᠳᠡᠭᠳᠡᠯ︾ ᠳᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ︽ᠨᠡᠶᠢᠭᠡᠮ ᠲᠣᠭᠤᠷᠢᠭ ᠤᠨ | ᠲᠡᠭᠦᠰ ᠴᠢᠳᠠᠪᠤᠷᠢᠲᠤ ᠲᠠᠮᠠᠭ᠎ᠠ︾ ᠶᠢ ᠵᠠᠰᠠᠬᠤ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠪᠠᠶᠢᠷᠢᠯᠠᠭᠤᠯᠵᠤ᠂ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠨᠡᠨ ᠬᠦ ᠬᠡᠷᠡᠭᠵᠢᠭᠦᠯᠦᠭᠦᠰᠢᠲᠡᠶ ᠠᠵᠢᠯ ᠤᠨ ᠲᠥᠰᠦᠯ ᠢ | ᠲᠣᠭᠲᠠᠭᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠡᠮᠬᠢ ᠵᠢᠷᠤᠮ ᠲᠠᠢ ᠠᠬᠢᠭᠤᠯᠤᠨ᠂ ᠦᠨᠳᠦᠰᠦᠨ | ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠪᠠ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠶ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ | ᠬᠢᠨᠠᠯᠲᠠ ᠲᠠᠯᠪᠢᠬᠤ ᠲᠠᠪᠴᠠᠩ ᠪᠠᠶᠢᠭᠤᠯᠵᠤ᠂ ᠬᠢᠨᠠᠯᠲᠠ ᠲᠠᠯᠪᠢᠬᠤ ᠤᠳᠠᠰᠤ ᠨᠡᠪᠲᠡᠷᠡᠭᠦᠯᠵᠦ᠂ ᠵᠠᠷᠯᠠᠨ ᠮᠡᠳᠡᠭᠳᠡᠭᠦ᠂ | ᠵᠠᠭᠤᠴᠢᠯᠠᠭᠤᠷ ᠢᠶᠠᠷ ᠢᠯᠡ ᠪᠠᠷ ᠢᠯᠡᠴᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠦᠨᠳᠦᠰᠦᠨ ᠱᠠᠲᠤᠨ ᠤ | ᠣᠯᠠᠨ ᠲᠦᠮᠡᠨᠴᠢ ᠴᠢᠨᠠᠷᠲᠠᠶ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠭᠡᠷᠡᠴᠢ ᠭᠠᠷᠭᠠᠵᠤ ᠥᠭᠬᠦ | ᠠᠵᠢᠯ ᠢ ᠰᠠᠶᠢᠵᠢᠷᠠᠭᠤᠯᠤᠨ ᠵᠢᠷᠤᠮᠵᠢᠭᠤᠯᠬᠤ ᠳᠤ ᠬᠢᠨᠠᠯᠲᠠ ᠲᠠᠯᠪᠢᠬᠤ ᠬᠡᠷᠡᠭᠲᠡᠶ ᠭᠡᠵᠦ ᠱᠠᠭᠠᠷᠳᠠᠪᠠ᠃ | http://mongol.people.com.cn/15834092.html |