ᠥᠪᠥᠷ ᠮᠣᠩᠭᠤᠯ ᠤᠨ ᠷᠠᠳᠢᠣ᠋ ᠲᠧᠯᠸᠢᠰ ᠤᠨ ᠪᠦᠷᠬᠦᠴᠡ 99.53 % ᠳᠤ ᠬᠦᠷᠴᠦ᠂ ︽ᠡᠷᠦᠬᠡ ᠪᠦᠭᠦᠨ ᠳᠤ ᠨᠡᠪᠲᠡᠷᠡᠭᠦᠯᠬᠦ︾ ᠪᠠ ︽ᠲᠣᠰᠬᠤᠨ ᠪᠦᠭᠦᠨ ᠳᠤ ᠨᠡᠪᠲᠡᠷᠡᠭᠦᠯᠭᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/1/4
     ᠠᠷᠠᠳ ᠤᠨ ᠰᠦᠯᠵᠢᠶ᠎ᠡ ᠶᠢᠨ ᠬᠥᠬᠡᠬᠤᠲᠠ ᠶᠢᠨ 12 ᠰᠠᠷ᠎ᠠ ᠶᠢᠨ 29 ᠤ ᠡᠳᠦᠷ ᠤᠨ ᠮᠡᠳᠡᠭᠡ ︵ᠴᠧᠨ ᠯᠢ ᠭᠧᠩ ᠳᠠᠳᠤᠯᠭ᠎ᠠ ᠶᠢᠨ ᠰᠣᠷᠣᠭᠴᠢ ᠾᠧ ᠢᠦᠢ︶ 12 ᠰᠠᠷ᠎ᠠ ᠶᠢᠨ 29 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠷᠠᠯᠳᠤᠭᠤᠯᠤᠭᠰᠠᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠥᠪᠥᠷ ᠮᠣᠩᠭᠤᠯ ᠤᠨ ᠣᠯᠠᠨ ᠨᠡᠶᠢᠲᠡ ᠶᠢᠨ ᠰᠣᠶᠣᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ︽ᠣᠶᠤᠨᠳᠤ ᠷᠠᠳᠢᠣ᠋ ᠲᠧᠯᠸᠢᠰ︾ ᠤᠨ ᠪᠥᠲᠥᠭᠡᠨ ᠪᠠᠶᠢᠭᠤᠯᠤᠯᠲᠠ ᠶᠢ ᠬᠢᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠥᠨᠴᠥᠭ ᠪᠤᠯᠤᠩ ᠦᠯᠡᠳᠡᠭᠡᠯ ᠥᠬᠡᠶ ᠪᠥᠷᠬᠦᠭᠦᠯᠬᠦ᠂ ᠴᠢᠨᠠᠷ ᠰᠠᠶᠢᠲᠠᠶ ᠦᠢᠯᠡᠴᠢᠯᠡᠬᠦ᠂ ᠪᠥᠬᠦ ᠲᠠᠯ᠎ᠠ ᠪᠠᠷ ᠬᠡᠷᠡᠭᠯᠡᠬᠦ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠪᠥᠬᠦ ᠣᠷᠣᠨ ᠤ ᠷᠠᠳᠢᠣ᠋ ᠲᠧᠯᠸᠢᠰ ᠤᠨ ᠶᠡᠷᠦᠩᠬᠡᠶᠢᠯᠡᠭᠰᠡᠨ ᠬᠥᠮᠦᠨ ᠠᠮᠠ ᠶᠢᠨ ᠪᠦᠷᠬᠦᠴᠡ 99 . 53 % ᠳᠤ ᠬᠦᠷᠴᠦ᠂ ︽ᠡᠷᠦᠬᠡ ᠪᠦᠭᠦᠨ ᠳᠤ ᠨᠡᠪᠲᠡᠷᠡᠭᠦᠯᠬᠦ︾ ᠪᠠ ︽ᠲᠣᠰᠬᠤᠨ ᠪᠦᠭᠦᠨ ᠳᠤ ᠨᠡᠪᠲᠡᠷᠡᠭᠦᠯᠬᠦ︾ ᠶᠢ ᠦᠨᠡᠨ ᠬᠦ ᠪᠡᠶᠡᠯᠡᠭᠦᠯᠪᠡ᠃       ︽ᠥᠪᠥᠷ ᠮᠣᠩᠭᠤᠯ ᠤᠨ ︿ᠣᠶᠤᠨᠳᠤ ᠷᠠᠳᠢᠣ᠋ ᠲᠧᠯᠸᠢᠰ﹀ ᠤᠨ ᠪᠥᠲᠥᠭᠡᠨ ᠪᠠᠶᠢᠭᠤᠯᠤᠯᠲᠠ ᠶᠢᠨ ᠡᠭᠦᠰᠦᠯᠲᠡ ᠪᠠ ᠲᠤᠰᠤᠯᠲᠠ ᠪᠣᠯ ᠥᠪᠡᠷᠲᠡᠭᠡᠨ ᠵᠠᠰᠠᠬᠤ ᠣᠷᠣᠨ ᠤ ᠠᠵᠢᠯ ᠤᠨ ᠶᠡᠭᠡ ᠲᠠᠯ᠎ᠠ ᠳᠤ ᠦᠢᠯᠡᠴᠢᠯᠡᠵᠦ᠂ ᠥᠷᠭᠡᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠳᠡᠳ᠋ ᠳᠠᠷᠤᠭ᠎ᠠ ᠰᠦᠨ ᠭᠦᠸᠧ ᠮᠢᠩ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠳᠠᠭᠠᠨ᠂ ᠥᠪᠥᠷ ᠮᠣᠩᠭᠤᠯ ᠤᠨ ᠭᠠᠵᠠᠷ ᠠᠭᠤᠳᠠᠮ ᠬᠥᠮᠦᠨ ᠴᠥᠭᠡᠨ ᠪᠣᠯᠬᠤᠷ ᠡᠷᠬᠡᠪᠰᠢ ᠤᠲᠠᠰᠤ ᠲᠠᠢ᠂ ᠤᠲᠠᠰᠤ ᠥᠬᠡᠶ᠂ ᠰᠢᠭᠤᠳ ᠨᠡᠪᠲᠡᠷᠡᠭᠦᠯᠬᠦ ᠳᠠᠭᠠᠭᠤᠯᠢ ᠣᠲᠣ ᠵᠡᠷᠭᠡ ᠷᠠᠳᠢᠣ᠋ ᠲᠧᠯᠸᠢᠰ ᠤᠨ ᠡᠬᠢ ᠪᠠᠶᠠᠯᠢᠭ ᠢ ᠨᠢᠭᠡᠳᠦᠯᠲᠡᠶ ᠲᠦᠯᠦᠪᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠵᠤ ᠂ ᠡᠷᠦᠬᠡ ᠬᠡᠷ ᠤᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠪᠡᠯ ᠰᠠᠶ᠋ᠢ ᠠᠳᠠᠯᠢ ᠪᠤᠰᠤ ᠨᠥᠬᠦᠴᠡᠯ ᠲᠤᠤᠷᠠᠭᠢ ᠣᠯᠠᠨ ᠲᠦᠮᠡᠨ ᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ ᠴᠢᠳᠠᠨ᠎ᠠ ᠭᠡᠪᠡ᠃      ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠨᠢ ᠪᠥᠬᠦ ᠤᠯᠤᠰ ᠲᠤ ︽ᠣᠶᠤᠨᠳᠤ ᠷᠠᠳᠢᠣ᠋ ᠲᠧᠯᠸᠢᠰ︾ ᠤᠨ ᠲᠣᠤᠷ ᠰᠦᠯᠵᠢᠶ᠎ᠡ ᠶᠢᠨ ᠦᠢᠯᠡᠴᠢᠯᠡᠭᠡ ᠶᠢ ᠲᠣᠰᠬᠤᠨ ᠪᠠ ᠡᠷᠦᠬᠡ ᠳᠤ ᠣᠷᠣᠭᠤᠯᠬᠤ ᠢᠨᠵᠧᠨᠧᠷᠢᠩ ᠢ ᠲᠦᠷᠦᠭᠦᠯᠡᠨ ᠬᠡᠷᠡᠭᠵᠢᠭᠦᠯᠵᠦ᠂ ᠷᠠᠳᠢᠣ᠋ ᠲᠧᠯᠸᠢᠰ ᠤᠨ ᠭᠡᠷᠡᠯᠯᠢᠭ ᠰᠢᠷᠬᠡᠭ ᠤᠨ ᠲᠣᠤᠷ ᠰᠦᠯᠵᠢᠶ᠎ᠡ ᠶᠢ 11 ᠲᠦᠮᠡᠨ ᠺᠢᠯᠣᠮᠧᠳ᠋ᠷ ᠪᠠᠶᠢᠭᠤᠯᠵᠤ᠂ ᠬᠥᠳᠡᠭᠡ ᠲᠣᠰᠬᠤᠨ ᠤ ᠷᠠᠳᠢᠣ᠋ ᠲᠧᠯᠸᠢᠰ ᠤᠨ ᠲᠣᠤᠷ ᠰᠦᠯᠵᠢᠶ᠎ᠡ ᠶᠢᠨ ᠬᠡᠷᠡᠭᠯᠡᠭᠴᠢᠳ ᠢ 55 . 24 ᠲᠦᠮᠡᠨ ᠡᠷᠦᠬᠡ ᠬᠥᠭᠵᠢᠭᠦᠯᠪᠡ︔ ︽ᠡᠷᠦᠬᠡ ᠪᠦᠭᠦᠨ ᠳᠤ ᠨᠡᠪᠲᠡᠷᠡᠭᠦᠯᠬᠦ︾ ᠢᠨᠵᠧᠨᠧᠷᠢᠩ ᠢ ᠪᠦᠬᠦ ᠤᠯᠤᠰ ᠠᠴᠠ 3 ᠵᠢᠯ ᠤᠷᠢᠳᠴᠢᠯᠠᠨ ᠪᠡᠶᠡᠯᠡᠭᠦᠯᠵᠦ᠂ ᠷᠠᠳᠢᠣ᠋ ᠲᠧᠯᠸᠢᠰ ᠢ ︽ᠡᠷᠦᠬᠡ ᠪᠦᠭᠦᠨ ᠳᠤ ᠨᠡᠪᠲᠡᠷᠡᠭᠦᠯᠬᠦ︾ ᠶᠢ 285 ᠲᠦᠮᠡᠨ ᠡᠷᠦᠬᠡ ᠳᠤ ᠪᠠᠶᠢᠭᠤᠯᠪᠠ︔ ᠪᠦᠬᠦ ᠤᠯᠤᠰ ᠲᠤ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ︽ᠲᠣᠰᠬᠤᠨ ᠪᠦᠷᠢ ᠳᠤ ᠲᠤᠤᠭᠠᠷᠭᠠᠬᠤ︾ ᠢᠨᠵᠧᠨᠧᠷᠢᠩ ᠢ ᠤᠷᠢᠳᠴᠢᠯᠠᠨ ᠪᠦᠬᠦ ᠮᠤᠵᠢ ᠪᠠᠷ ᠠᠬᠢᠭᠤᠯᠵᠤ᠂ ᠨᠡᠪᠲᠡᠷᠡᠭᠦᠯᠭᠡ ᠶᠢᠨ ᠡᠵᠡᠮᠳᠡᠯ ᠤᠨ ᠲᠠᠪᠴᠠᠩ ᠢ 106᠂ ᠨᠡᠪᠲᠡᠷᠡᠭᠦᠯᠭᠡ ᠶᠢᠨ ᠦᠵᠦᠭᠦᠷ ᠢ 12742 ᠢ ᠪᠠᠶᠢᠭᠤᠯᠵᠤ᠂ ᠬᠢᠵᠢᠭ ᠢ ᠰᠡᠷᠭᠡᠶᠢᠯᠡᠨ ᠬᠤᠷᠢᠬᠯᠠᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠳᠤ ᠴᠢᠬᠤᠯᠠ ᠦᠢᠯᠡᠳᠦᠯ ᠦᠵᠡᠭᠦᠯᠪᠡ᠃      ᠮᠠᠯᠵᠢᠬᠤ ᠣᠷᠣᠨ ᠤ ᠷᠠᠳᠢᠣ᠋ ᠲᠧᠯᠸᠢᠰ ᠤᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠬᠦ ᠶᠢᠨ ᠲᠤᠰᠠᠳᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠮᠠᠯᠵᠢᠬᠤ ᠣᠷᠣᠨ ᠤ ︽ᠤᠶᠤᠨᠲᠤ ᠷᠠᠳᠢᠣ᠋ ᠲᠧᠯᠸᠢᠰ︾ ᠤᠨ ᠥᠷᠭᠡᠨ ᠪᠦᠰᠡᠲᠦ ᠰᠦᠯᠵᠢᠶ᠎ᠡ ᠶᠢ ᠪᠦᠷᠬᠦᠭᠦᠯᠬᠦ ᠪᠠ ᠦᠢᠯᠡᠴᠢᠯᠡᠬᠦ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠪᠡ᠃ ᠪᠠᠷᠢᠯᠭ᠎ᠠ ᠳᠠᠭᠤᠰᠤᠭᠰᠠᠨ ᠤ ᠳᠠᠷᠠᠭ᠎ᠠ᠂ 33 ᠮᠠᠯᠵᠢᠬᠤ ᠬᠤᠰᠢᠭᠤ ᠰᠢᠶᠠᠨ ᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠶᠡᠭᠡ ᠪᠠᠷ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠭᠦᠨ ᠳᠠᠬᠢ 12 . 4 ᠲᠦᠮᠡᠨ ᠲᠠᠷᠠᠬᠠᠶ ᠮᠠᠯᠵᠢᠬᠤ ᠡᠷᠦᠬᠡ 20 M ᠠᠴᠠ ᠳᠣᠤᠷ᠎ᠠ ᠥᠬᠡᠶ ᠷᠠᠳᠢᠣ᠋ ᠲᠧᠯᠸᠢᠰ ᠤᠨ ᠥᠷᠭᠡᠨ ᠪᠦᠰᠡ ᠶᠢᠨ ᠦᠢᠯᠡᠴᠢᠯᠡᠭᠡ ᠶᠢ ᠭᠥᠷᠳᠡᠵᠦ᠂ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠦᠨᠡᠨ ᠬᠦ ᠪᠡᠶᠡᠯᠡᠭᠦᠯᠭᠦ ᠪᠤᠯᠤᠨ᠎ᠠ᠃ http://mongol.people.com.cn/15834093.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号