ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠱᠤ᠋︶ | ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ | ᠲᠣᠪᠴᠢᠶ᠎ᠠ ᠣᠶᠢᠷ᠎ᠠ ᠳᠤ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠨᠡᠶᠢᠲᠡᠯᠡᠪᠡ᠂ | ᠡᠭᠦᠨ ᠳᠤ᠂ 2021 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠬᠥᠬᠡᠬᠤᠲᠠ᠂ ᠪᠤᠭᠤᠲᠤ᠂ ᠣᠷᠳᠣᠰ᠂ | ᠤᠯᠠᠭᠠᠨᠴᠠᠪ ᠬᠤᠲᠠ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ | ᠳᠣᠷᠣᠭᠰᠢ ᠬᠦᠨᠳᠦ ᠡᠪᠡᠳᠴᠢᠨ ᠤ ᠳᠠᠭᠠᠳᠬᠠᠯ ᠭᠡᠵᠦ ᠲᠣᠪᠴᠢᠯᠠᠨ᠎ᠠ︶ ᠤᠨ ᠲᠥᠷᠥ ᠶᠢᠨ ᠪᠣᠳᠣᠯᠭ᠎ᠠ ᠶᠢᠨ | ᠪᠠᠷᠢᠮᠵᠢᠶ᠎ᠠ ᠶᠢ ᠨᠢᠭᠡᠳᠦᠯᠳᠡᠢ ᠪᠤᠯᠭᠠᠨ᠎ᠠ ᠬᠡᠵᠦ ᠲᠤᠳᠤᠷᠬᠠᠢ ᠲᠤᠬᠳᠠᠭᠠᠵᠠᠢ᠃ | ᠣᠶᠢᠯᠠᠭᠠᠭᠰᠠᠨ ᠢᠶᠠᠷ᠂ ᠪᠠᠯᠠ ᠴᠤᠭᠯᠠᠭᠤᠯᠬᠤ ᠪᠠᠷᠢᠮᠵᠢᠶ᠎ᠠ ᠶᠢ ᠨᠢᠭᠡᠳᠦᠯᠲᠡᠶ ᠪᠣᠯᠭᠠᠬᠤ ᠲᠠᠯ᠎ᠠ ᠪᠠᠷ᠂ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠬᠤᠳᠠ ᠨᠢ ᠭᠤᠷᠪᠠᠨ ᠵᠢᠯ ᠤᠨ ᠡᠮᠦᠨ᠎ᠡ ᠬᠦᠨᠳᠦ ᠡᠪᠡᠳᠴᠢᠨ ᠤ ᠳᠠᠭᠠᠳᠬᠠᠯ ᠤᠨ | ᠪᠠᠯᠠ ᠴᠤᠭᠯᠠᠭᠤᠯᠬᠤ ᠶᠡᠷᠦᠩᠬᠡᠶ ᠲᠤᠭ᠎ᠠ᠂ ᠰᠠᠭᠤᠷᠢ ᠮᠥᠩᠭᠦᠨ ᠤ ᠵᠠᠷᠤᠯᠭ᠎ᠠ᠂ ᠰᠠᠭᠤᠷᠢ ᠮᠥᠩᠭᠦᠨ ᠤ ᠦᠯᠡᠳᠡᠪᠦᠷᠢ | ᠵᠡᠷᠭᠡ ᠪᠠᠶᠢᠳᠠᠯ ᠢ ᠦᠨᠳᠦᠰᠦᠯᠡᠨ ᠪᠠᠯᠠ ᠴᠤᠭᠯᠠᠭᠤᠯᠬᠤ ᠪᠠᠷᠢᠮᠵᠢᠶ᠎ᠠ ᠶᠢ ᠲᠣᠭᠲᠠᠭᠠᠵᠤ᠂ 2021 ᠣᠨ ᠤ ᠬᠦᠨᠳᠦ | ᠡᠪᠡᠳᠴᠢᠨ ᠤ ᠳᠠᠭᠠᠳᠬᠠᠯ ᠤᠨ ᠪᠠᠯᠠ ᠴᠤᠭᠯᠠᠭᠤᠯᠬᠤ ᠪᠠᠷᠢᠮᠵᠢᠶ᠎ᠠ ᠶᠢ ᠬᠥᠮᠦᠨ ᠪᠦᠷᠢ ᠳᠤ ᠵᠢᠯ ᠳᠤ 50 ᠲᠥᠭᠦᠷᠢᠭ | ᠪᠣᠯᠭᠠᠪᠠ᠃ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠳᠡᠢ ᠪᠤᠯᠭᠠᠬᠤ ᠲᠠᠯ᠎ᠠ ᠪᠠᠷ᠂ 2021 ᠣᠨ ᠤ | ᠬᠦᠨᠳᠦ ᠡᠪᠡᠳᠴᠢᠨ ᠤ ᠳᠠᠭᠠᠳᠬᠠᠯ ᠤᠨ ᠵᠠᠷᠤᠳᠠᠯ ᠢ ᠡᠬᠢᠯᠡᠵᠦ ᠲᠤᠰᠢᠶᠠᠬᠤ ᠪᠠᠷᠢᠮᠵᠢᠶ᠎ᠠ ᠨᠢ ᠵᠢᠯ ᠳᠤ ᠬᠤᠪᠢ ᠬᠦᠮᠦᠨ | ᠨᠡᠶᠢᠲᠡ 1.4 ᠲᠦᠮᠡᠨ ᠲᠥᠭᠦᠷᠢᠭ ᠡᠭᠦᠷᠭᠡᠯᠡᠬᠦ ᠪᠣᠯᠤᠨ᠎ᠠ︔ ᠳᠠᠭᠠᠳᠬᠠᠯ ᠳᠤ ᠣᠷᠣᠯᠴᠠᠭᠰᠠᠳ ᠤᠨ ᠡᠮᠨᠡᠯᠭᠡ ᠳᠤ | ᠰᠠᠭᠤᠭᠰᠠᠨ ᠡᠮᠴᠢᠯᠡᠭᠡᠨ ᠤ ᠵᠠᠷᠤᠳᠠᠯ ︵ᠲᠥᠷᠥ ᠶᠢᠨ ᠪᠣᠳᠣᠯᠭ᠎ᠠ ᠳᠤ ᠨᠡᠶᠢᠴᠡᠬᠦ ᠣᠨᠴᠠᠭᠠᠢ ᠡᠪᠡᠳᠴᠢᠨ ᠤᠳᠠᠭᠠᠨ | ᠴᠢᠨᠠᠷᠳᠠᠢ ᠡᠪᠡᠳᠴᠢᠨ ᠤ ᠡᠭᠦᠳᠡᠨ ᠡᠮᠨᠡᠯᠭᠡ ᠶᠢᠨ ᠵᠠᠷᠤᠳᠠᠯ ᠪᠠᠭᠲᠠᠨ᠎ᠠ︶ ᠢ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠢᠶᠠᠷ ᠲᠠᠩᠰᠠ ᠲᠠᠶᠢᠯᠤᠭᠰᠠᠨ ᠤ ᠳᠠᠷᠠᠭ᠎ᠠ᠂ ᠦᠯᠡᠳᠡᠭᠰᠡᠨ ᠬᠡᠰᠡᠭ ᠤᠨ ᠲᠣᠭᠲᠠᠭᠠᠯ ᠳᠤ ᠨᠡᠶᠢᠴᠡᠬᠦ | ᠵᠠᠷᠤᠳᠠᠯ ᠤᠨ ᠡᠬᠢᠯᠡᠵᠦ ᠲᠤᠰᠢᠶᠠᠬᠤ ᠬᠡᠮᠵᠢᠶ᠎ᠡ ᠠᠴᠠ ᠬᠡᠲᠦᠷᠡᠭᠰᠡᠨ ᠬᠡᠰᠡᠭ ᠢ ᠬᠦᠨᠳᠦ ᠡᠪᠡᠳᠴᠢᠨ ᠤ ᠳᠠᠭᠠᠳᠬᠠᠯ ᠠᠴᠠ | 60 % ᠶᠢᠨ ᠬᠠᠷᠢᠴᠠᠯ ᠢᠶᠠᠷ ᠥᠭᠭᠦᠨ᠎ᠡ︔ ᠲᠥᠷᠥ ᠶᠢᠨ ᠪᠣᠳᠣᠯᠭ᠎ᠠ ᠶᠢᠨ ᠬᠡᠪᠴᠢᠶᠡᠨ ᠲᠤᠳᠤᠷᠠᠬᠢ ᠵᠠᠷᠤᠳᠠᠯ ᠢ | 100 % ᠪᠠᠷ ᠥᠭᠬᠦ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠠᠴᠠ ᠭᠠᠳᠠᠨᠠᠬᠢ | ᠲᠣᠭᠲᠠᠭᠠᠯ ᠳᠤ ᠨᠡᠶᠢᠴᠡᠬᠦ ᠵᠠᠷᠤᠳᠠᠯ ᠢ 60 % ᠪᠠᠷ ᠥᠭᠬᠦ ᠬᠡᠪᠴᠢᠶᠡᠨ ᠳᠤ ᠣᠷᠣᠭᠤᠯᠵᠤ᠂ ᠭᠠᠷᠴᠠᠭ ᠠᠴᠠ | ᠭᠠᠳᠠᠨᠠᠬᠢ ᠬᠡᠷᠡᠭᠯᠡᠬᠦ ᠡᠮ ᠪᠠ ᠣᠨᠣᠰᠢᠯᠠᠨ ᠡᠮᠨᠡᠬᠦ ᠵᠠᠷᠤᠳᠠᠯ ᠢ ᠪᠠᠭᠲᠠᠭᠠᠨ᠎ᠠ᠂ ᠪᠠᠷᠢᠮᠵᠢᠶ᠎ᠠ ᠠᠴᠠ ᠬᠡᠲᠦᠷᠡᠭᠰᠡᠨ | ᠣᠷᠣ ᠶᠢᠨ ᠵᠠᠷᠤᠳᠠᠯ᠂ ᠲᠤᠰᠬᠠᠶ ᠮᠡᠷᠭᠡᠵᠢᠯᠲᠡᠨ ᠤ ᠵᠠᠷᠤᠳᠠᠯ᠂ ᠳᠤᠯᠠᠭᠠᠯᠠᠭ᠎ᠠ ᠶᠢᠨ ᠵᠠᠷᠤᠳᠠᠯ᠂ ᠬᠤᠭᠤᠯᠠᠨ ᠤ ᠵᠠᠷᠤᠳᠠᠯ | ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ᠂ ᠡᠪᠡᠳᠴᠢᠳᠠᠨ ᠳᠤ ᠪᠡᠷ᠎ᠡ ᠪᠤᠯᠵᠤ ᠬᠤᠨᠤᠬᠰᠠᠨ | ᠵᠠᠷᠤᠳᠠᠯ᠂ ᠣᠨᠴᠠ ᠬᠡᠷᠡᠭᠰᠡᠬᠦ ᠵᠠᠷᠤᠳᠠᠯ ᠪᠠ ᠪᠤᠰᠤᠳ ᠡᠮᠴᠢᠯᠡᠭᠡᠨ ᠤ ᠪᠤᠰᠤ ᠵᠠᠷᠤᠯᠭ᠎ᠠ ᠶᠢ ᠪᠠᠭᠲᠠᠭᠠᠬᠤ ᠥᠬᠡᠶ︔ | ᠬᠦᠨᠳᠦ ᠡᠪᠡᠳᠴᠢᠨ ᠤ ᠳᠠᠭᠠᠳᠬᠠᠯ ᠤᠨ ᠲᠤᠰᠢᠶᠠᠬᠤ ᠬᠠᠮᠤᠭ ᠥᠨᠳᠥᠷ ᠬᠢᠵᠠᠭᠠᠷ ᠲᠤᠭ᠎ᠠ ᠶᠢ ᠪᠥᠬᠦ ᠲᠠᠯ᠎ᠠ ᠪᠠᠷ | ᠬᠦᠴᠦᠨ ᠥᠬᠡᠶ ᠪᠣᠯᠭᠠᠨ᠎ᠠ︔ ᠪᠦᠬᠦᠯᠢ 18 ᠨᠠᠰᠤᠨ ᠠᠴᠠ ᠳᠣᠷᠣᠭᠰᠢᠬᠢ ᠳᠠᠭᠠᠳᠬᠠᠯ ᠳᠤ ᠣᠷᠣᠯᠴᠠᠭᠰᠠᠳ ᠪᠠ | ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠲᠠᠩᠰᠠ ᠲᠠᠶᠢᠯᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ | ᠳᠡᠭᠡᠭᠰᠢᠯᠡᠭᠦᠯᠦᠨ᠎ᠡ ᠬᠡᠪᠡ᠃ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠦᠨᠳᠦ ᠡᠪᠡᠳᠴᠢᠨ ᠤ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢᠨ ᠪᠠᠷᠢᠮᠵᠢᠶ᠎ᠠ ᠶᠢ ᠨᠢᠭᠡᠳᠦᠯᠳᠡᠢ ᠪᠤᠯᠭᠠᠬᠤ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮ | ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠰᠠᠶᠢᠳᠤᠷ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ | ᠬᠥᠬᠡᠨᠠᠭᠤᠷ᠂ ᠭᠠᠨᠰᠦ᠂ ᠨᠢᠩᠰᠢᠶᠠ᠂ ᠱᠠᠨᠳᠦ᠋ᠩ᠂ ᠾᠧᠨᠠᠨ ᠵᠡᠷᠭᠡ ᠭᠠᠵᠠᠷ ᠤᠨ ᠬᠦᠨᠳᠦ ᠡᠪᠡᠳᠴᠢᠨ ᠤ | ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠶ ᠲᠥᠯᠥᠪᠯᠡᠭᠰᠡᠨ ᠲᠤᠷᠰᠢᠯᠭ᠎ᠠ ᠶᠢ ᠲᠤᠯᠢᠯᠠᠵᠤ᠂ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢ ᠵᠣᠬᠢᠶᠠᠨ ᠪᠠᠶᠢᠭᠤᠯᠵᠤ ︽ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠠᠵᠢᠯ ᠢ | ᠰᠠᠶᠢᠲᠤᠷ ᠬᠢᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ ᠨᠣᠤᠷᠠᠭ︶︾ ᠢ ᠲᠤᠭᠤᠷᠪᠢᠵᠠᠢ᠃ 12 ᠠᠶᠢᠮᠠᠭ ᠬᠤᠲᠠ | ᠵᠢᠴᠢ ᠠᠰ ᠲᠠᠭᠠᠨ ᠲᠥᠯᠥᠪᠯᠡᠭᠡ ᠬᠢᠳᠡᠭ 2 ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ | ᠰᠠᠨᠠᠯ ᠢ ᠪᠢᠴᠢᠭ ᠢᠶᠠᠷ ᠬᠤᠷᠢᠶᠠᠬᠰᠠᠨ ᠤ ᠬᠠᠮᠲᠤ᠂ 2020 ᠣᠨ ᠤ 11 ᠰᠠᠷ᠎ᠠ ᠶᠢᠨ 10 ᠤ ᠡᠳᠦᠷ ᠠᠴᠠ 11 | ᠰᠠᠷ᠎ᠠ ᠶᠢᠨ 24 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠤ ᠪᠠᠲᠤᠯᠠᠭ᠎ᠠ ᠶᠢᠨ | ᠲᠣᠪᠴᠢᠶ᠎ᠠ ᠶᠢᠨ ᠠᠯᠪᠠᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠪᠠ︔ | 11 ᠰᠠᠷ᠎ᠠ ᠶᠢᠨ 26 ᠤ ᠡᠳᠦᠷ᠂ ᠠᠶᠢᠮᠠᠭ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠷᠢᠭᠤᠴᠠᠯᠭᠠᠲᠠᠨ ᠪᠣᠯᠤᠨ ᠬᠠᠮᠢᠶ᠎ᠠ ᠪᠥᠬᠦᠶ ᠬᠥᠮᠦᠰ ᠢ ᠴᠤᠭᠯᠠᠭᠤᠯᠤᠨ ᠤᠯᠠᠭᠠᠨᠴᠠᠪ ᠬᠤᠲᠠ ᠳᠤ | ᠳᠠᠬᠢᠨᠲᠠ ᠰᠤᠳᠤᠯᠤᠨ ᠶᠠᠷᠢᠯᠴᠠᠵᠤ᠂ ᠨᠡᠶᠢᠲᠡ 18 ᠵᠤᠷᠪᠤᠰ ᠵᠠᠰᠠᠪᠤᠷᠢ ᠣᠷᠣᠭᠤᠯᠬᠤ ᠰᠠᠨᠠᠯ ᠢ ᠬᠤᠷᠢᠶᠠᠨ ᠠᠪᠤᠭᠠᠳ | 12 ᠵᠤᠷᠪᠤᠰ ᠢ ᠨᠢ ᠬᠡᠷᠡᠭᠯᠡᠭᠰᠡᠨ ᠤ ᠬᠠᠮᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ︔ 12 ᠰᠠᠷ᠎ᠠ ᠶᠢᠨ | 10 ᠤ ᠡᠳᠦᠷ᠂ ᠣᠷᠳᠣᠰ ᠬᠤᠲᠠ ᠳᠤ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ᠂ ᠣᠯᠠᠨ ᠲᠦᠮᠡᠨ ᠤ ᠲᠥᠯᠥᠭᠡᠯᠡᠭᠴᠢ ᠵᠢᠴᠢ ᠡᠮ ᠡᠮᠨᠡᠯᠭᠡ ᠶᠢᠨ | ᠳᠠᠭᠠᠳᠬᠠᠯ ᠤᠨ ᠰᠠᠯᠠᠭ᠎ᠠ ᠮᠥᠴᠢᠷ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠴᠢᠨᠠᠬᠰᠢᠳᠠ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠪᠡ︔ 12 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮ | ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ 39 ᠳ᠋ᠤᠭᠡᠷ ᠤᠳᠠᠭ᠎ᠠ ᠶᠢᠨ ᠲᠣᠪᠴᠢᠶ᠎ᠠ ᠶᠢᠨ ᠶᠠᠪᠤᠳᠠᠯ ᠤᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃ | http://mongol.people.com.cn/15834568.html |