ᠨᠢᠭᠡ᠂ ︽ᠠᠷᠭ᠎ᠠ︾ ᠶᠢ ᠲᠣᠭᠲᠠᠭᠠᠭᠰᠠᠨ ᠭᠤᠣᠯ ᠦᠨᠳᠦᠰᠦᠯᠡᠯ | 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ | ᠤᠲᠠᠰᠤ ᠶᠢᠨ ᠳᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠬᠠᠯᠠᠮᠰᠢᠯ ᠤᠲᠠᠰᠤᠨ ᠤ ᠬᠠᠮᠢᠶᠠᠷᠤᠯᠲᠠ ᠠᠵᠢᠯᠯᠠᠭᠠᠨ ᠢ | ᠵᠢᠷᠤᠮᠵᠢᠭᠤᠯᠬᠤ ᠶᠢᠨ ᠲᠦᠯᠦᠭᠡ᠂ ︽ᠣᠷᠣᠨ ᠨᠤᠲᠤᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠳᠦᠭᠦᠮ ᠦᠵᠡᠭᠦᠯᠬᠦ ᠬᠠᠯᠠᠮᠰᠢᠯ ᠤᠲᠠᠰᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠲᠦᠷᠦ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ︹ | 2020 ︺53 ᠳ᠋ᠤᠭᠠᠷ ᠲᠣᠭᠠᠲᠤ︶᠂ ︽︿ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠯᠢᠳᠡᠭᠵᠢᠭᠦᠯᠬᠦ ᠠᠵᠢᠯ ᠢ | ᠲᠦᠷᠭᠡᠳᠬᠡᠨ ᠠᠬᠢᠭᠤᠯᠬᠤ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠮᠭᠭᠢᠮ ᠤᠨ ᠮᠡᠳᠡᠭᠳᠡᠯ︾ ︵ᠥᠪᠥᠷ ᠵᠠᠰᠠᠭ | ᠠᠯᠪᠠᠨ ᠲᠠᠷᠬᠠᠭᠠᠭᠰᠠᠨ︹ 2021 ︺25 ᠳ᠋ᠤᠭᠠᠷ ᠲᠣᠭᠠᠲᠤ︶ ᠪᠠ ︽︿ᠬᠥᠬᠡᠬᠤᠲᠠ ᠶᠢᠨ ᠠᠷᠠᠳ ᠲᠤ | ᠦᠢᠯᠡᠴᠢᠯᠡᠬᠦ ᠬᠠᠯᠠᠮᠰᠢᠯ ᠤᠲᠠᠰᠤᠨ ᠤ ᠲᠠᠪᠴᠠᠩ ᠢ ᠪᠠᠶᠢᠭᠤᠯᠵᠤ ︿ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ | ᠰᠢᠢᠳᠪᠦᠷᠢᠯᠡᠬᠦ﹀ ᠶᠢ ᠳᠥᠯᠭᠢᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠠᠯᠪᠠᠨ ᠬᠡᠷ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠥᠬᠡᠬᠤᠲᠠ ᠨᠠᠮ ᠠᠯᠪᠠᠨ | ᠮᠡᠳᠡᠭᠳᠡᠯ︹ 2020 ︺9 ᠳ᠋ᠤᠭᠡᠷ ᠲᠣᠭᠠᠲᠤ︶ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠲᠡᠷᠢᠭᠦᠨ ᠤ ᠭᠠᠵᠠᠷ ᠣᠷᠣᠨ ᠤ ᠬᠤᠲᠠ ᠶᠢᠨ ᠠᠷᠠᠳ ᠤᠨ ᠦᠢᠯᠡᠴᠢᠯᠡᠭᠡᠨ | ᠬᠠᠯᠠᠮᠰᠢᠯ ᠤᠲᠠᠰᠤᠨ ᠤ ᠬᠤᠯᠪᠣᠭᠳᠠᠯ ᠪᠦᠬᠦᠢ ᠳᠦᠷᠢᠮ ᠢᠶᠠᠷ ᠲᠣᠯᠢ ᠪᠣᠯᠭᠠᠭᠰᠠᠨ ᠰᠠᠭᠤᠷᠢᠨ ᠳᠡᠭᠡᠷ᠎ᠡ᠂ ᠮᠠᠨ ᠤ | ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠲᠤᠰ ︽ᠠᠷᠭ᠎ᠠ ︵ᠲᠥᠰᠦᠯ︶︾ ᠶᠢ ᠲᠤᠭᠤᠷᠪᠢᠪᠠ᠃ | ᠬᠤᠶᠠᠷ᠂ ︽ᠠᠷᠭ᠎ᠠ︾ ᠶᠢᠨ ᠭᠤᠣᠯ ᠠᠭᠤᠯᠭ᠎ᠠ | ︽ᠠᠷᠭ᠎ᠠ︾ ᠶᠢ ᠶᠡᠷᠦᠩᠬᠡᠶ ᠲᠦᠷᠢᠮ᠂ ᠭᠥᠯᠢᠶᠡᠨ ᠠᠪᠴᠤ ᠰᠢᠢᠳᠪᠦᠷᠢᠯᠡᠬᠦ᠂ ᠬᠦᠢᠴᠡᠳᠭᠡᠬᠦ ᠪᠠ | ᠬᠠᠷᠢᠭᠤᠯᠲᠠ ᠥᠭᠬᠦ᠂ ᠰᠢᠮᠳᠠᠭᠤᠯᠤᠨ ᠰᠢᠢᠳᠪᠦᠷᠢᠯᠡᠭᠦᠯᠬᠦ᠂ ᠬᠢᠨᠠᠨ ᠰᠢᠯᠭᠠᠵᠤ ᠦᠨᠡᠯᠡᠬᠦ ᠪᠠ ᠬᠠᠷᠢᠭᠤᠴᠠᠯᠭ᠎ᠠ | ᠨᠡᠬᠡᠮᠵᠢᠯᠡᠬᠦ᠂ ᠮᠡᠳᠡᠯᠭᠡ ᠶᠢᠨ ᠬᠥᠮᠥᠷᠭᠡ᠂ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠬᠠᠮᠢᠶᠠᠷᠤᠯᠲᠠ ᠪᠠ ᠬᠡᠷᠡᠭᠯᠡᠯᠲᠡ | ᠭᠡᠵᠦ ᠬᠤᠪᠢᠶᠠᠪᠠ᠂ ᠳᠠᠭᠠᠯᠳᠤᠭᠤᠯᠤᠭᠰᠠᠨ ᠲᠦᠷᠢᠮ ᠳᠤ ᠨᠡᠶᠢᠲᠡ ᠨᠠᠢᠮᠠᠨ ᠪᠦᠯᠦᠭ ᠭᠤᠴᠢᠨ ᠲᠤᠯᠤᠭᠠᠨ ᠵᠦᠢᠯ ᠪᠣᠶ᠃ | | ︵ᠨᠢᠭᠡ︶ ᠶᠡᠷᠦᠩᠬᠡᠶ ᠲᠦᠷᠢᠮ᠃ ᠭᠤᠤᠯᠳᠠᠭᠤ ᠲᠣᠰ ᠠᠷᠭ᠎ᠠ ᠶᠢ ᠲᠣᠭᠲᠠᠭᠠᠬᠤ ᠶᠢᠨ ᠦᠨᠳᠦᠰᠦᠯᠡᠯ ᠪᠠ | ᠵᠢᠯᠣᠭᠤᠳᠤᠨ ᠳᠣᠭᠢᠷᠠᠭᠤᠯᠬᠤ ᠲᠥᠪ ᠵᠢᠴᠢ ᠡᠯ᠎ᠡ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠨᠢᠭᠡᠴᠡ ᠶᠢᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ | ︵ᠬᠤᠶᠠᠷ︶ ᠬᠦᠯᠢᠶᠡᠨ ᠠᠪᠴᠤ ᠰᠢᠢᠳᠪᠦᠷᠢᠯᠡᠬᠦ ᠃ ᠡᠭᠦᠨ ᠳᠤ ᠭᠤᠤᠯᠳᠠᠭᠤ ᠬᠠᠮᠠᠯᠰᠢᠯ ᠤᠲᠠᠰᠤᠨ ᠤ | ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ᠂ ᠬᠦᠷᠢᠶ᠎ᠡ ᠬᠡᠪᠴᠢᠶ᠎ᠡ ᠪᠠ ᠥᠯᠥ ᠭᠥᠯᠢᠶᠡᠨ ᠠᠪᠴᠤ ᠰᠢᠢᠳᠪᠦᠷᠢᠯᠡᠬᠦ | ᠵᠦᠢᠯᠡᠰ ᠢ ᠲᠣᠳᠣᠷᠬᠠᠶᠢᠯᠠᠪᠠ᠃ | ︵ᠭᠤᠷᠪᠠ︶ ᠬᠦᠢᠴᠡᠳᠭᠡᠬᠦ ᠪᠠ ᠬᠠᠷᠢᠭᠤᠯᠲᠠ ᠥᠭᠬᠦ᠃ ᠡᠭᠦᠨ ᠳᠤ ᠭᠤᠤᠯᠳᠠᠭᠤ ᠡᠯ᠎ᠡ ᠲᠥᠷᠥᠯ ᠤᠨ | ᠭᠤᠮᠣᠳᠠᠯ ᠲᠣᠭᠠᠴᠢᠬᠤ ᠠᠵᠢᠯ ᠤᠨ ᠬᠠᠭᠤᠳᠠᠰᠤ ᠶᠢ ᠭᠦᠢᠴᠡᠳᠭᠡᠬᠦ ᠴᠠᠭ ᠤᠨ ᠬᠢᠵᠠᠭᠠᠷ ᠤᠨ ᠱᠠᠭᠠᠷᠳᠠᠯᠭ᠎ᠠ ᠵᠢᠴᠢ | ᠠᠵᠢᠯ ᠤᠨ ᠬᠠᠭᠤᠳᠠᠰᠤ ᠶᠢ ᠬᠦᠢᠴᠡᠳᠭᠡᠬᠦ ᠦᠨᠳᠦᠰᠦᠨ ᠵᠠᠷᠴᠢᠮ ᠪᠠ ᠭᠤᠤᠯ ᠪᠣᠯᠬᠤ ᠠᠵᠢᠯ ᠤᠨ ᠲᠣᠭᠲᠠᠴᠠ ᠶᠢ | ᠲᠣᠳᠣᠷᠬᠠᠶᠢᠯᠠᠪᠠ᠃ | ︵ᠳᠥᠷᠪᠡ︶ ᠰᠢᠮᠳᠠᠭᠤᠯᠤᠨ ᠰᠢᠢᠳᠪᠦᠷᠢᠯᠡᠭᠦᠯᠬᠦ᠃ ᠡᠭᠦᠨ ᠳᠤ ᠭᠤᠣᠯᠳᠠᠭᠤ ᠰᠢᠮᠳᠠᠭᠤᠯᠤᠨ | ᠰᠢᠢᠳᠪᠦᠷᠢᠯᠡᠭᠦᠯᠬᠦ ᠠᠭᠤᠯᠭ᠎ᠠ ᠪᠠ ᠰᠢᠮᠳᠠᠭᠤᠯᠤᠨ ᠰᠢᠢᠳᠪᠦᠷᠢᠯᠡᠭᠦᠯᠬᠦ ᠠᠷᠭ᠎ᠠ ᠮᠠᠶ᠋ᠢᠭ ᠢ ᠲᠣᠳᠣᠷᠬᠠᠶ ᠲᠣᠭᠲᠠᠭᠠᠵᠠᠶ᠃ | ︵ᠲᠠᠪᠤ︶ ᠬᠢᠨᠠᠨ ᠰᠢᠯᠭᠠᠵᠤ ᠦᠨᠡᠯᠡᠬᠦ᠃ ᠡᠭᠦᠨ ᠳᠤ ᠭᠤᠣᠯᠳᠠᠭᠤ ︽ᠭᠤᠷᠪᠠᠨ ᠨᠤᠷᠮ᠎ᠠ︾ ᠶᠢᠨ ᠰᠢᠯᠭᠠᠨ | ᠦᠨᠡᠯᠡᠬᠦ ᠠᠷᠭ᠎ᠠ ᠪᠠ ᠰᠢᠯᠭᠠᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠲᠣᠳᠣᠷᠬᠠᠶᠢᠯᠠᠪᠠ᠃ | ︵ᠵᠢᠷᠭᠤᠭ᠎ᠠ︶ ᠮᠡᠳᠡᠯᠭᠡ ᠶᠢᠨ ᠬᠥᠮᠥᠷᠭᠡ᠃ ᠭᠤᠤᠯᠳᠠᠭᠤ ᠬᠠᠯᠠᠮᠰᠢᠯ ᠤᠲᠠᠰᠤᠨ ᠤ ᠮᠡᠳᠡᠯᠭᠡ ᠶᠢᠨ | ᠬᠥᠮᠥᠷᠭᠡ ᠶᠢ ᠪᠠᠶᠢᠭᠤᠯᠤᠨ ᠬᠠᠮᠢᠶᠠᠷᠬᠤ᠂ ᠰᠢᠨᠡᠳᠬᠡᠨ ᠬᠠᠮᠠᠭᠠᠯᠠᠬᠤ ᠪᠠ ᠭᠤᠤᠯ ᠠᠭᠤᠯᠭ᠎ᠠ ᠶᠢ ᠲᠣᠳᠣᠷᠬᠠᠶᠢᠯᠠᠭᠰᠠᠨ | ᠪᠠᠶᠢᠨ᠎ᠠ᠃ | ︵ᠳᠣᠯᠤᠭ᠎ᠠ︶ ᠲᠤᠭ᠎ᠠ ᠪᠠᠷᠢᠮᠲᠠ ᠶᠢ ᠵᠠᠳᠠᠯᠤᠨ ᠬᠠᠮᠢᠶᠠᠷᠬᠤ ᠪᠠ ᠬᠡᠷᠡᠭᠯᠡᠬᠦ᠃ ᠭᠤᠤᠯᠳᠠᠭᠤ ᠬᠤᠲᠠ ᠶᠢᠨ | ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠰᠢᠢᠳᠪᠦᠷᠢᠯᠡᠬᠦ ᠵᠢᠯᠣᠭᠤᠳᠤᠨ ᠲᠣᠬᠢᠷᠠᠭᠤᠯᠬᠤ ᠲᠥᠪ ᠬᠠᠯᠠᠮᠰᠢᠯ | ᠤᠲᠠᠰᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠬᠤᠯᠤᠭᠰᠠᠨ ᠤ ᠬᠤᠪᠢ ᠳᠤ᠂ ᠬᠠᠯᠠᠮᠰᠢᠯ ᠤᠲᠠᠰᠤᠨ ᠤ | ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠳᠤ ᠣᠯᠠᠨ ᠵᠦᠢᠯ ᠤᠨ ᠬᠡᠯᠪᠡᠷᠢ ᠶᠢᠨ ᠵᠠᠳᠠᠯᠤᠯᠲᠠ᠂ ᠬᠠᠮᠢᠶᠠᠷᠤᠯᠲᠠ | ᠪᠠ ᠬᠡᠷᠡᠭᠯᠡᠯᠲᠡ ᠬᠢᠬᠦ ᠶᠢ ᠲᠣᠳᠣᠷᠬᠠᠶᠢᠯᠠᠭᠰᠠᠨ ᠪᠠᠶᠢᠨ᠎ᠠ᠃ | ︵ᠨᠠᠢᠮᠠ︶ ᠳᠠᠭᠠᠯᠳᠤᠭᠤᠯᠤᠭᠰᠠᠨ ᠲᠥᠷᠢᠮ᠃ ᠭᠤᠣᠯᠳᠠᠭᠤ ᠬᠠᠯᠠᠮᠰᠢᠯ ᠤᠲᠠᠰᠤ ᠶᠢᠨ ᠠᠵᠢᠯ ᠤᠨ ᠲᠣᠭᠤᠷᠢᠨ | ᠪᠠᠶᠢᠴᠠᠭᠠᠯᠲᠠ᠂ ᠤᠳᠤᠷᠢᠳᠤᠯᠭ᠎ᠠ ᠶᠢᠨ ᠬᠠᠯᠠᠮᠰᠢᠯ ᠤᠲᠠᠰᠤ ᠶᠢ ᠬᠦᠯᠢᠶᠡᠨ ᠠᠪᠴᠤ ᠰᠣᠨᠣᠰᠬᠤ᠂ ᠺᠠᠳ᠋ᠷ ᠢ ᠲᠤᠰᠢᠶᠠᠯ | ᠡᠭᠦᠷᠭᠡᠯᠡᠭᠦᠯᠦᠨ ᠪᠣᠯᠪᠠᠰᠤᠷᠠᠭᠤᠯᠬᠤ ᠪᠠ ᠠᠵᠢᠯ ᠤᠨ ᠬᠦᠮᠦᠵᠢᠯ ᠪᠣᠯᠪᠠᠰᠤᠷᠠᠭᠤᠯᠤᠯ ᠢ ᠲᠣᠳᠣᠷᠬᠠᠶᠢᠯᠠᠪᠠ᠃ | | | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ | ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠲᠥᠪ | |