ᠦᠴᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/18
      ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠬᠠᠮᠢᠶᠠᠷᠤᠯᠲᠠ ᠲᠠᠷᠬᠠᠭᠠᠭᠰᠠᠨ ︹ 2020 ︺ 21ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠦᠴᠤᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠠᠶᠢᠭᠤᠯᠭ᠎ᠠ ᠶᠢᠨ ᠠᠯᠪᠠᠨ ᠠᠰᠠᠷ ᠤᠨ ᠡᠨᠧᠷᠭᠢ ᠠᠷᠪᠢᠯᠠᠬᠤ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠡᠨᠧᠷᠭᠢ ᠠᠷᠪᠢᠯᠠᠬᠤ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠪᠥᠬᠦ ᠲᠠᠯ᠎ᠠ ᠶᠢᠨ ᠡᠨᠧᠷᠭᠢ ᠠᠷᠪᠢᠯᠠᠬᠤ ᠠᠵᠢᠯ ᠤᠨ ᠭᠦᠨᠵᠡᠭᠡᠶ ᠥᠷᠨᠢᠬᠦ ᠶᠢ ᠳᠥᠯᠭᠢᠨ ᠠᠬᠢᠭᠤᠯᠪᠠ᠃      ᠨᠢᠭᠡ ᠳᠤ ᠲᠦᠷᠢᠮ ᠢ ᠲᠣᠭᠲᠠᠭᠠᠨ᠎ᠠ᠃ ᠡᠨᠧᠷᠭᠢ ᠠᠷᠪᠢᠯᠠᠬᠤ᠂ ᠤᠰᠤ ᠠᠷᠪᠢᠯᠠᠬᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ᠂ ᠪᠣᠬᠢᠷᠲᠤᠯ ᠥᠬᠡᠶ ᠬᠡᠷᠡᠭᠯᠡᠭᠡ ᠵᠡᠷᠭᠡ ᠡᠨᠧᠷᠭᠢ ᠡᠬᠢ ᠪᠠᠶᠠᠯᠢᠭ ᠢ ᠠᠷᠪᠢᠯᠠᠬᠤ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠴᠠᠭᠠᠰᠤ ᠶᠢ ᠬᠤᠶᠠᠷ ᠲᠠᠯ᠎ᠠ ᠪᠠᠷ ᠳᠠᠷᠤᠮᠠᠯᠯᠠᠬᠤ ᠪᠠ ᠴᠠᠭᠠᠰᠤ ᠥᠬᠡᠶ ᠪᠠᠷ ᠠᠵᠢᠯᠯᠠᠬᠤ ᠶᠢ ᠬᠡᠷᠡᠭᠵᠢᠭᠦᠯᠦᠨ᠂ ᠳᠠᠬᠢᠯᠲᠠ ᠴᠠᠭᠠᠰᠤ᠂ ᠳᠠᠬᠢᠯᠲᠠ ᠬᠤᠷᠣᠭᠳᠠᠯ ᠮᠠᠲ᠋ᠧᠷᠢᠶᠠᠯ ᠵᠡᠷᠭᠡ ᠡᠷᠬᠢᠯᠳᠡᠳᠦ ᠳᠠᠬᠢᠯᠲᠠ ᠠᠯᠪᠠᠨ ᠬᠡᠷ ᠤᠨ ᠬᠡᠷᠡᠭᠰᠡᠯ ᠢ ᠬᠡᠷᠡᠭᠯᠡᠵᠦ᠂ ᠠᠯᠪᠠᠯᠠᠬᠤ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠬᠦ ᠶᠢ ᠠᠷᠪᠢᠯᠠᠨ᠎ᠠ︔      ᠬᠤᠶᠠᠷ ᠲᠤ ᠢᠳᠡᠪᠬᠢᠲᠡᠶ ᠪᠠᠷ ᠰᠠᠨᠠᠭᠠᠴᠢᠯᠠᠨ᠎ᠠ᠃ ᠰᠠᠨᠠᠭᠠᠴᠢᠯᠠᠭ᠎ᠠ ᠶᠢᠨ ᠪᠢᠴᠢᠭ ᠨᠠᠭᠠᠬᠤ ᠪᠠᠷ ᠳᠠᠮᠵᠢᠭᠤᠯᠤᠨ᠂ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠵᠠᠳᠠᠷᠠᠭᠤᠯᠵᠤ ᠥᠯᠥ ᠪᠣᠯᠬᠤ ᠰᠦᠯᠢᠶᠣᠣ ᠪᠦᠲᠦᠭᠡᠭᠳᠡᠬᠦᠨ ᠬᠡᠷᠡᠭᠯᠡᠬᠦ ᠶᠢ ᠵᠣᠭᠰᠣᠭᠠᠵᠤ᠂ ︽135︾ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠶᠠᠯᠠᠯ ᠢ ᠵᠣᠷᠢᠭᠵᠢᠭᠤᠯᠤᠨ ᠦᠢᠯᠡᠳᠦᠯᠭᠡᠵᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠯᠪᠠᠯᠠᠬᠤ ᠵᠠᠭᠪᠤᠷ ᠪᠠ ᠪᠣᠬᠢᠷᠲᠤᠯ ᠥᠬᠡᠶ ᠠᠶᠠᠯᠠᠯ ᠤᠨ ᠠᠷᠭ᠎ᠠ ᠮᠠᠶ᠋ᠢᠭ ᠢᠶᠠᠷ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠡᠮᠵᠢᠨ᠎ᠡ︔      ᠭᠤᠷᠪᠠ ᠳᠤ᠂ ᠲᠡᠮᠳᠡᠭ ᠨᠠᠭᠠᠨ᠎ᠠ᠃ ᠴᠠᠬᠢᠯᠭᠠᠨ ᠠᠷᠪᠢᠯᠠᠬᠤ᠂ ᠭᠠᠷ ᠤᠨ ᠠᠶ᠎ᠠ ᠪᠠᠷ ᠳ᠋ᠧᠩ ᠤᠨᠲᠠᠷᠠᠭᠠᠬᠤ᠂ ᠤᠰᠤ ᠶᠢ ᠠᠷᠪᠢᠯᠠᠵᠤ ᠬᠡᠷᠡᠭᠯᠡᠬᠦ᠂ ᠬᠤᠭ ᠨᠣᠪᠰᠢ ᠶᠢ ᠲᠥᠷᠥᠯ ᠬᠤᠪᠢᠶᠠᠨ ᠲᠠᠯᠪᠢᠬᠤ ᠵᠡᠷᠭᠡ ᠰᠠᠨᠠᠭᠤᠯᠤᠮᠵᠢ ᠶᠢᠨ ᠲᠡᠮᠳᠡᠭ ᠢᠶᠠᠷ ᠳᠠᠮᠵᠢᠭᠤᠯᠤᠨ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠤᠬᠠᠮᠰᠠᠷ ᠠᠴᠠ ᠪᠠᠨ ᠣᠷᠣᠯᠴᠠᠬᠤ ᠪᠠᠶᠢᠭᠤᠯᠭ᠎ᠠ ᠶᠢᠨ ᠡᠨᠧᠷᠭᠢ ᠠᠷᠪᠢᠯᠠᠬᠤ ᠠᠭᠤᠷ ᠠᠮᠢᠰᠬᠤᠯ ᠢ ᠠᠯᠬᠤᠮ ᠠᠯᠬᠤᠮ ᠢᠶᠠᠷ ᠪᠣᠶ ᠪᠣᠯᠭᠠᠨ᠎ᠠ︔      ᠲᠦᠷᠪᠡ ᠳᠤ᠂ ᠠᠵᠢᠯᠯᠠᠭ᠎ᠠ ᠥᠷᠨᠢᠭᠦᠯᠦᠨ᠎ᠡ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠨᠧᠷᠭᠢ ᠠᠷᠪᠢᠯᠠᠬᠤ ᠮᠡᠳᠡᠯᠭᠡ ᠶᠢᠨ ᠲᠠᠶᠢᠯᠤᠮᠵᠢ᠂ ᠡᠨᠧᠷᠭᠢ ᠠᠷᠪᠢᠯᠠᠬᠤ ᠤᠰᠤ ᠠᠷᠪᠢᠯᠠᠬᠤ ᠪᠣᠯᠪᠠᠰᠤᠷᠠᠭᠤᠯᠤᠯ ᠤᠨ ᠬᠤᠷᠠᠯ᠂ ᠬᠤᠭ ᠨᠣᠪᠰᠢ ᠶᠢ ᠲᠥᠷᠥᠯ ᠬᠤᠪᠢᠶᠠᠨ ᠪᠣᠯᠪᠠᠰᠤᠷᠠᠭᠤᠯᠬᠤ ᠬᠤᠷᠠᠯ ᠵᠡᠷᠭᠡ ᠤᠬᠠᠭᠤᠯᠭ᠎ᠠ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠤᠯᠭ᠎ᠠ ᠶᠢᠨ ᠠᠵᠢᠯᠲᠠᠨ ᠤ ᠡᠨᠧᠷᠭᠢ ᠠᠷᠪᠢᠯᠠᠬᠤ ᠮᠡᠳᠡᠯᠭᠡ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠪᠣᠬᠢᠷᠲᠤᠯ ᠥᠬᠡᠶ ᠡᠨᠧᠷᠭᠢ ᠠᠷᠪᠢᠯᠠᠬᠤ ᠦᠵᠡᠯ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ᠬᠤᠶᠢᠰᠢᠳᠠ ᠶᠢᠨ ᠠᠵᠢᠯ ᠤᠨ ᠳᠤᠮᠳᠠ᠂ ᠮᠠᠨ ᠤ ᠲᠣᠪᠴᠢᠶ᠎ᠠ ᠦᠷᠭᠦᠯᠵᠢᠯᠡᠨ ᠠᠵᠢᠯᠯᠠᠬᠤ ᠭᠠᠵᠠᠷ ᠤᠨ ᠡᠨᠧᠷᠭᠢ ᠶᠢᠨ ᠬᠤᠷᠣᠭᠳᠠᠯ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠥᠭᠡᠷᠡᠴᠢᠯᠡᠯᠲᠡ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠡᠨᠧᠷᠭᠢ ᠠᠷᠪᠢᠯᠠᠬᠤ ᠬᠠᠷᠠᠯᠲᠠ ᠶᠢᠨ ᠡᠭᠦᠷᠭᠡ ᠶᠢᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠨ᠎ᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号