ᠠᠭᠤᠯᠨ
ᠨᠡᠶᠢᠲᠡᠯᠡᠭᠰᠡᠨ ᠴᠠᠭ᠄
2021/10/19
     ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠳᠡᠳ᠋ ᠳᠠᠷᠤᠭ᠎ᠠ ︵ᠵᠢᠩᠬᠢᠨᠢ ᠭᠠᠵᠠᠷ ᠤᠨ ᠳᠡᠰ︶ ᠠᠵᠢᠯ ᠤᠨ ᠬᠤᠪᠢᠶᠠᠷᠢᠯᠠᠯ      ᠰᠢᠶᠠᠨ ᠤ ᠳᠠᠷᠤᠭ᠎ᠠ ᠶᠢ ᠬᠠᠮᠵᠢᠨ ᠰᠣᠶᠣᠯ ᠪᠡᠶ᠎ᠡ ᠶᠢᠨ ᠲᠠᠮᠢᠷ᠂ ᠵᠢᠭᠤᠯᠴᠢᠯᠠᠯ ᠤᠨ ᠠᠵᠤ ᠠᠬᠤᠶ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨᠵᠢᠯᠡᠬᠦ ᠤᠬᠠᠭᠠᠨ ᠮᠡᠷᠭᠡᠵᠢᠯ᠂ ᠬᠥᠳᠡᠭᠡ ᠲᠣᠰᠬᠤᠨ ᠤ ᠤᠰᠤᠨ ᠠᠰᠢᠭᠯᠠᠯᠲᠠ᠂ ᠤᠢ ᠰᠢᠭᠤᠶ ᠪᠠ ᠨᠤᠲᠤᠭ ᠪᠡᠯᠴᠢᠭᠡᠷ᠂ ᠴᠡᠴᠡᠷᠯᠢᠭ ᠤᠨ ᠨᠣᠭᠤᠭᠠᠷᠠᠭᠤᠯᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠬᠠᠩᠭᠠᠨ ᠪᠣᠷᠣᠯᠠᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ  ᠪᠡᠶᠡᠯᠡᠭᠦᠯᠦᠨ᠎ᠡ᠃ ᠲᠣᠪᠴᠢ ᠨᠠᠮᠲᠠᠷ      ᠠᠭᠤᠯᠠ᠂ ᠡᠷᠡᠭᠲᠡᠢ᠂ ᠮᠣᠩᠭᠤᠯ ᠦᠨᠳᠦᠰᠦᠲᠡᠨ᠂ 1981 ᠣᠨ ᠤ 10 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠪᠠᠭᠠᠷᠢᠨ ᠪᠠᠷᠠᠭᠤᠨ ᠬᠤᠰᠢᠭᠤᠨ ᠤ ᠬᠥᠮᠦᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠭᠰᠠᠭᠠᠲᠠᠨ ᠵᠦᠢ ᠵᠢᠴᠢ ᠬᠠᠤᠯᠢ ᠶᠢᠨ ᠤᠬᠠᠭᠠᠨ ᠤ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 2004 ᠣᠨ ᠤ 7 ᠰᠠᠷ᠎ᠠ ᠳᠤ ᠠᠵᠢᠯ ᠳᠤ ᠣᠷᠣᠵᠤ᠂ 2003 ᠣᠨ ᠤ 4 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠴᠤᠸᠠᠨ ᠰᠢᠶᠠᠨ ᠤ ᠳᠡᠳ᠋ ᠳᠠᠷᠤᠭ᠎ᠠ ︵ᠵᠢᠩᠬᠢᠨᠢ ᠭᠠᠵᠠᠷ ᠤᠨ ᠳᠡᠰ︶  ᠶᠢᠨ ᠲᠤᠰᠢᠶᠠᠯ ᠳᠤ ᠪᠣᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号