ᠶᠠᠩ ᠶᠦᠩ ᠭᠠᠩ
ᠨᠡᠶᠢᠲᠡᠯᠡᠭᠰᠡᠨ ᠴᠠᠭ᠄
2021/10/19
     ᠦᠴᠤᠸᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠰᠢᠶᠠᠨ ᠤ ᠳᠡᠳ᠋ ᠳᠠᠷᠤᠭ᠎ᠠ ᠠᠵᠢᠯ ᠤᠨ ᠬᠤᠪᠢᠶᠠᠷᠢᠯᠠᠯ      ᠰᠢᠶᠠᠨ ᠤ ᠳᠠᠷᠤᠭ᠎ᠠ ᠶᠢ ᠬᠠᠮᠵᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠪᠠᠶᠢᠭᠤᠯᠤᠯᠲᠠ ᠵᠢᠴᠢ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠶᠡᠷᠦᠩᠬᠡᠶᠢᠯᠡᠭᠰᠡᠨ ᠠᠵᠤ ᠠᠬᠤᠶ ᠶᠢᠨ ᠬᠠᠮᠢᠶᠠᠷᠤᠯᠲᠠ᠂ ᠡᠳ᠋ ᠤᠨ ᠵᠠᠰᠠᠭ᠂ ᠮᠥᠩᠭᠦᠨ ᠭᠦᠢᠯᠭᠡᠭᠡ᠂ ᠭᠠᠶᠢᠯᠢ ᠲᠠᠲᠠᠪᠤᠷᠢ ᠶᠢᠨ ᠲᠠᠲᠠᠪᠤᠷᠢᠯᠠᠯᠲᠠ ᠬᠠᠮᠢᠶᠠᠷᠤᠯᠲᠠ᠂ ᠲᠤᠭ᠎ᠠ ᠪᠦᠷᠢᠳᠬᠡᠯ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠭᠠᠵᠠᠷ ᠰᠢᠷᠣᠶ ᠶᠢ ᠲᠠᠲᠠᠪᠤᠷᠢᠯᠠᠬᠤ᠂ ᠠᠶᠤᠯᠭᠦᠶ ᠦᠢᠯᠡᠳᠪᠦᠷᠢᠯᠡᠯ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠂ ᠬᠢᠨᠠᠨ ᠪᠤᠳᠤᠯᠳᠠ᠂ ᠭᠠᠯ ᠤᠨᠲᠠᠷᠠᠭᠠᠬᠤ᠂ ᠬᠤᠳᠠ ᠪᠠᠯᠭᠠᠰᠤᠨ ᠤ ᠤᠰᠤ ᠬᠠᠩᠭᠠᠬᠤ ᠤᠰᠤ ᠵᠠᠯᠠᠬᠤ ᠵᠢᠴᠢ ᠬᠤᠳᠠ ᠪᠠᠯᠭᠠᠰᠤᠨ ᠤ ᠦᠶᠡᠷ ᠢ ᠰᠡᠷᠭᠡᠶᠢᠯᠡᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃ ᠲᠣᠪᠴᠢ ᠨᠠᠮᠲᠠᠷ      ᠶᠠᠩ ᠶᠦᠩ ᠭᠠᠩ᠂ ᠡᠷᠡᠭᠲᠡᠢ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠲᠦᠮᠡᠳ ᠵᠡᠭᠦᠨ ᠬᠤᠰᠢᠭᠤᠨ ᠤ ᠬᠥᠮᠦᠨ᠂ 1975 ᠣᠨ ᠤ 10 ᠰᠠᠷ᠎ᠠ ᠳᠤ ᠲᠦᠷᠦᠵᠠᠢ᠂ 1994 ᠣᠨ ᠤ 9 ᠰᠠᠷ᠎ᠠ ᠳᠤ ᠠᠵᠢᠯ ᠳᠤ ᠣᠷᠣᠵᠤ᠂ 1999 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠴᠡᠢ᠃ ᠤᠳᠤ ᠦᠴᠤᠸᠠᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠤᠢ᠃      
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号