ᠦᠴᠤᠸᠠᠨ ᠰᠢᠶᠠᠨ ᠤ ᠬᠤᠲᠠ ᠶᠢ ᠲᠣᠭᠤᠷᠢᠭᠰᠠᠨ ᠤᠰᠤᠨ ᠰᠢᠰᠲ᠋ᠧᠮ ᠤᠨ ᠬᠤᠷᠠᠭᠰᠠᠨ ᠪᠣᠬᠢᠷᠳᠤᠯ ᠢ ᠠᠷᠢᠯᠭᠠᠨ ᠪᠣᠬᠢᠷᠲᠤᠯ ᠢ ᠰᠡᠷᠭᠡᠶᠢᠯᠡᠬᠦ ᠵᠢᠴᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠤᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2021/10/20
    ᠦᠴᠤᠸᠠᠨ ᠰᠢᠶᠠᠨ ᠤ ᠬᠤᠲᠠ ᠶᠢ ᠲᠣᠭᠤᠷᠢᠭᠰᠠᠨ ᠤᠰᠤᠨ ᠰᠢᠰᠲ᠋ᠧᠮ ᠤᠨ ᠬᠤᠷᠠᠭᠰᠠᠨ ᠪᠣᠬᠢᠷᠳᠤᠯ ᠢ ᠠᠷᠢᠯᠭᠠᠨ ᠪᠣᠬᠢᠷᠲᠤᠯ ᠢ ᠰᠡᠷᠭᠡᠶᠢᠯᠡᠬᠦ ᠵᠢᠴᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠤᠨ ᠬᠡᠷᠡᠭᠵᠢᠭᠦᠯᠬᠦ ᠲᠥᠰᠦᠯ ᠢ ᠦᠴᠤᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ︵ᠦᠴᠦᠸᠠᠨ ᠲᠠᠷᠬᠠᠭᠠᠭᠰᠠᠨ ︹ 2021︺ 94 ᠳ᠋ᠦ᠋ᠭᠡᠷ ᠲᠣᠭᠠᠲᠤ︶ ᠶᠢᠨ ᠪᠢᠴᠢᠭ ᠢᠶᠠᠷ ᠴᠤᠬᠤᠯᠠᠪᠤᠷᠢᠯᠠᠨ ᠬᠠᠷᠢᠭᠤᠯᠤᠭᠰᠠᠨ ᠤ ᠳ᠋ᠦᠩ ᠳᠤ᠂ ᠬᠢᠨᠠᠨ ᠲᠣᠭᠲᠠᠭᠠᠭᠰᠠᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 720.43 ᠲᠦᠮᠡᠨ ᠲᠥᠭᠦᠷᠢᠭ ᠲᠤ ᠬᠥᠷᠪᠡ᠃      ᠨᠢᠭᠡ᠂ ᠲᠥᠷᠥᠯ ᠵᠦᠢᠯ ᠤᠨ ᠭᠤᠤᠯ ᠪᠣᠯᠬᠤ ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠄      ︵1︶ ᠤᠰᠤ ᠬᠠᠳᠠᠭᠠᠯᠠᠵᠤ ᠡᠯᠡᠰᠦ ᠬᠠᠰᠢᠬᠤ ᠴᠥᠭᠦᠷᠥᠮ ᠤᠨ ᠣᠷᠣᠨ ᠤ ᠴᠥᠭᠦᠷᠥᠮ ᠤᠨ ᠢᠷᠣᠭᠠᠷ ᠲᠤ ᠴᠡᠪᠡᠷᠯᠡᠭᠰᠡᠨ ᠲᠠᠯᠠᠪᠠᠶ ᠨᠢ 7.8 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠳᠤᠮᠳᠠᠴᠢ ᠴᠡᠪᠡᠷᠯᠡᠭᠰᠡᠨ ᠵᠤᠵᠠᠭᠠᠨ ᠤ ᠬᠡᠮᠵᠢᠶ᠎ᠡ ᠨᠢ 1.5 m᠂ ᠴᠡᠪᠡᠷᠯᠡᠭᠰᠡᠨ ᠶᠡᠷᠦᠩᠬᠡᠶ ᠬᠡᠮᠵᠢᠶ᠎ᠡ ᠨᠢ 12.88 ᠲᠦᠮᠡᠨ m ᠪᠣᠯᠤᠨ᠎ᠠ︔ ᠴᠥᠭᠦᠷᠥᠮ ᠤᠨ ᠣᠷᠣᠨ ᠤ ᠳᠡᠭᠡᠳᠦ ᠤᠷᠤᠰᠬᠠᠯ ᠳᠤ ᠡᠯᠡᠰᠦ ᠲᠤᠩᠬᠤ ᠨᠠᠭᠤᠷ ᠢ 1 ᠰᠢᠨ᠎ᠡ ᠪᠠᠷ ᠪᠠᠶᠢᠭᠤᠯᠵᠤ᠂ ᠡᠯᠡᠰᠦ ᠲᠤᠩᠬᠤ ᠬᠡᠪᠴᠢᠶ᠎ᠡ ᠶᠢ 3.22 ᠲᠦᠮᠡᠨ m ᠪᠠᠶᠢᠯᠭᠠᠨ᠎ᠠ᠃      ︵2︶ ᠬᠥᠨᠳᠡᠯᠡᠨ ᠭᠤᠤᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠨ ᠤᠰᠤ ᠬᠠᠳᠠᠭᠠᠯᠠᠵᠤ ᠡᠯᠡᠰᠦ ᠬᠠᠰᠢᠬᠤ ᠭᠤᠤᠯ ᠬᠠᠰᠢᠯᠭ᠎ᠠ ᠶᠢᠨ ᠳᠣᠤᠷᠠᠳᠤ ᠤᠷᠤᠰᠬᠠᠯ ᠠᠴᠠ 3 ᠳ᠋ᠤᠭᠠᠷ ᠨᠣᠮᠧᠷᠲᠤ ᠭᠤᠮ ᠬᠠᠰᠢᠯᠭ᠎ᠠ ᠶᠢᠨ ᠬᠡᠰᠡᠭ ᠲᠤ ᠬᠤᠭ ᠨᠣᠪᠰᠢ ᠵᠢᠴᠢ ᠯᠠᠭ ᠰᠢᠪᠠᠷ ᠢ ᠴᠡᠪᠡᠷᠯᠡᠨ ᠲᠡᠭᠡᠭᠡᠪᠦᠷᠢᠯᠡᠵᠦ᠂ ᠯᠠᠶᠢᠳᠠᠭᠰᠠᠨ ᠶᠡᠷᠦᠩᠬᠡᠶ ᠬᠡᠮᠵᠢᠶ᠎ᠡ ᠨᠢ 4.04 ᠲᠦᠮᠡᠨ m ᠪᠠᠶᠢᠬᠤ ᠶᠢᠨ ᠬᠠᠮᠲᠤ᠂ ᠢᠨᠵᠧᠨᠧᠷᠢᠩ ᠤᠨ ᠵᠠᠰᠠᠯᠲᠠ ᠶᠢᠨ ᠬᠡᠪᠴᠢᠶᠡᠨ ᠳᠠᠬᠢ ᠡᠪᠳᠡᠷᠡᠵᠦ ᠰᠦᠢᠳᠦᠭᠰᠡᠨ ᠬᠦᠨᠳᠦ ᠨᠣᠴᠢᠲᠠᠶ ᠪᠠᠷᠢᠯᠭ᠎ᠠ ᠶᠢ ᠰᠡᠯᠪᠢᠨ ᠵᠠᠰᠠᠵᠤ ᠥᠭᠡᠷᠡᠴᠢᠯᠡᠨ᠎ᠡ᠃      ︵3︶ ᠰᠢᠶᠤᠤ ᠨᠠᠨ ᠾᠧ ᠭᠤᠤᠯ ᠤᠨ ᠬᠡᠰᠡᠭ ᠤᠨ ᠭᠤᠤᠯ ᠤᠨ ᠵᠠᠮ ᠢ ᠵᠠᠰᠠᠬᠤ ᠢᠨᠵᠧᠨᠧᠷᠢᠩ ᠤᠨ 2 ᠳ᠋ᠤᠭᠠᠷ ᠨᠣᠮᠧᠷᠲᠤ ᠵᠣᠬᠢᠶᠠᠮᠠᠯ ᠨᠠᠭᠤᠷ ᠠᠴᠠ 12 ᠳ᠋ᠤᠭᠠᠷ ᠨᠣᠮᠧᠷᠲᠤ ᠭᠤᠮ ᠬᠠᠰᠢᠯᠭ᠎ᠠ ᠶᠢᠨ ᠬᠡᠰᠡᠭ ᠤᠨ ᠭᠤᠤᠯ ᠤᠨ ᠵᠠᠮ ᠳᠤ ᠬᠤᠷᠠᠭᠰᠠᠨ ᠢ ᠴᠡᠪᠡᠷᠯᠡᠵᠦ᠂ ᠶᠡᠷᠦᠩᠬᠡᠶ ᠬᠤᠷᠠᠭᠰᠠᠨ ᠤ ᠬᠡᠮᠵᠢᠶ᠎ᠡ ᠨᠢ 0.25 ᠲᠦᠮᠡᠨ m ᠪᠠᠶᠢᠵᠤ᠂ 12 ᠳ᠋ᠤᠭᠠᠷ ᠨᠣᠮᠧᠷᠲᠤ ᠭᠤᠮ ᠬᠠᠰᠢᠯᠭ᠎ᠠ ᠶᠢᠨ ᠳᠣᠤᠷᠠᠳᠤ ᠤᠷᠤᠰᠬᠠᠯ ᠤᠨ 0.7 km ᠭᠤᠤᠯ ᠤᠨ ᠬᠡᠰᠡᠭ ᠤᠨ ᠲᠠᠷᠠᠬᠠᠶ ᠪᠤᠲᠠᠷᠬᠠᠶ ᠲᠤᠷᠤᠭ ᠮᠣᠳᠣ ᠶᠢ ᠴᠡᠪᠡᠷᠯᠡᠵᠦ᠂ ᠭᠤᠤᠯ ᠤᠨ ᠵᠠᠮ ᠤᠨ ᠳᠣᠲᠣᠷᠠᠬᠢ 85 ᠰᠠᠭᠤᠷᠢ ᠬᠤᠯᠢᠮᠠᠭ ᠮᠣᠳᠣ ᠶᠢ ᠣᠭᠲᠣᠯᠵᠤ ᠬᠠᠶᠠᠨ᠎ᠠ᠃      ᠬᠤᠶᠠᠷ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠭᠰᠡᠨ ᠪᠠᠶᠢᠳᠠᠯ᠄      ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠠᠵᠢᠯ ᠢ 2021 ᠣᠨ ᠤ 9 ᠰᠠᠷ᠎ᠠ ᠶᠢᠨ 21 ᠤ ᠡᠳᠦᠷ ᠨᠢᠭᠡᠨᠲᠡ ᠳᠠᠭᠤᠰᠬᠠᠪᠠ᠂ ᠳᠠᠭᠠᠭᠠᠴᠢᠯᠠᠯᠲᠠ ᠣᠯᠤᠭᠰᠠᠨ ᠨᠢᠭᠡᠴᠡ ᠨᠢ᠄ ᠶᠢᠨ ᠸᠧᠶ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ︔ ᠲᠥᠷᠥᠯ ᠵᠦᠢᠯ ᠢ ᠥᠪᠥᠷ ᠮᠣᠩᠭᠤᠯ ᠤᠨ ᠲᠢᠶᠠᠨ ᠮᠧᠶ ᠠᠮᠢ ᠠᠬᠤᠶ ᠶᠢᠨ ᠢᠨᠵᠧᠨᠧᠷᠢᠩ ᠤᠨ ᠬᠢᠨᠠᠨ ᠬᠠᠮᠢᠶᠠᠷᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠪᠠᠷᠢᠯᠭ᠎ᠠ ᠶᠢᠨ ᠠᠵᠢᠯ ᠢ ᠬᠢᠨᠠᠨ ᠬᠠᠮᠢᠶᠠᠷᠤᠭᠤᠯᠤᠨ᠎ᠠ᠃ ᠪᠠᠷᠢᠯᠭ᠎ᠠ ᠶᠢᠨ ᠠᠵᠢᠯ ᠢ 2021 ᠣᠨ ᠤ 10 ᠰᠠᠷ᠎ᠠ ᠶᠢᠨ ᠡᠬᠢ ᠪᠠᠷ ᠡᠬᠢᠯᠡᠭᠦᠯᠵᠦ᠂ 2021 ᠣᠨ ᠤ 12 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃                              ᠦᠴᠤᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ                                 2021 ᠣᠨ ᠤ 10 ᠰᠠᠷ᠎ᠠ ᠶᠢᠨ 8   ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号